ᠠᠯᠠᠱᠠ ᠵᠡᠭᠦᠨ ᠬᠤᠰᠢᠭᠤ ︽ᠶᠢᠰᠦᠨ ᠲᠠᠯᠠᠪᠤᠷ︾ ᠪᠠ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/29
                        ︽ᠶᠢᠰᠦᠨ ᠲᠠᠯᠠᠪᠤᠷ︾ ᠪᠠ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠥᠬᠦ ᠲᠠᠯ᠎ᠠ ᠪᠠᠷ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠠᠯᠠᠱᠠ ᠵᠡᠭᠦᠨ ᠬᠤᠰᠢᠭᠤᠨ ᠳᠤ 40 ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ︽ᠶᠢᠰᠦᠨ ᠵᠢᠵᠢᠭ ᠲᠠᠯᠠᠪᠤᠷ︾ ᠪᠠ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃
            ᠡᠨᠡ ᠤᠳᠠᠭᠠᠨ ᠤ ᠠᠵᠢᠯᠯᠠᠭ᠎ᠠ ᠳᠤ᠂ ᠪᠠᠶᠢᠴᠠᠭᠠᠬᠤ ᠳᠤᠭᠤᠶᠢᠯᠠᠩ ᠨᠢ ᠭᠤᠤᠯᠳᠠᠭᠤ ᠬᠠᠷᠢᠶ᠎ᠠ ᠣᠷᠣᠨ ᠤ ᠳᠣᠲᠣᠷᠠᠬᠢ ᠪᠠᠷᠠᠭ᠎ᠠ ᠬᠤᠳᠠᠯᠳᠤᠨ ᠠᠪᠬᠤ ᠲᠠᠯᠠᠪᠤᠷ ᠭᠠᠵᠠᠷ᠂ ᠢᠳᠡᠭᠡᠨ ᠤᠮᠳᠠᠭᠠᠨ ᠤ ᠲᠠᠯᠠᠪᠤᠷ ᠭᠠᠵᠠᠷ᠂ ᠪᠠᠭᠤᠳᠠᠯ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ︽ᠶᠢᠰᠦᠨ ᠲᠠᠯᠠᠪᠤᠷ︾ ᠪᠠ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠵᠢᠴᠢ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠡᠵᠡᠩᠨᠡᠯᠲᠡ ᠶᠢᠨ ᠲᠠᠯᠠᠪᠤᠷ ᠭᠠᠵᠠᠷ ᠲᠤ ᠪᠠᠶᠢᠴᠠᠭᠠᠯᠲᠠ ᠬᠢᠵᠦ᠂ ᠠᠮᠤᠷ ᠲᠦᠪᠰᠢᠨ ᠭᠠᠷᠬᠤ ᠡᠭᠦᠳᠡ ᠶᠢ ᠣᠨᠢᠰᠤᠯᠠᠭᠰᠠᠨ ᠪᠤᠶᠤ ᠭᠠᠯ ᠢ ᠤᠨᠲᠠᠷᠠᠭᠠᠬᠤ ᠵᠠᠮ ᠢ ᠪᠥᠭᠯᠡᠭᠰᠡᠨ᠂ ᠡᠵᠡᠯᠡᠨ ᠬᠡᠷᠡᠭᠯᠡᠭᠰᠡᠨ᠂ ᠭᠠᠯ ᠢ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠯᠭᠠᠭᠰᠠᠨ ᠥᠬᠡᠶ᠂ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠶ ᠬᠡᠷᠡᠭᠯᠡᠭᠰᠡᠨ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠪᠡ᠃                  
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号