ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾
ᠨᠡᠶᠢᠲᠡᠯᠡᠭᠰᠡᠨ ᠴᠠᠭ᠄
2024/3/29
                  ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ      ᠡᠳ᠋ ᠤᠨ ᠵᠠᠰᠠᠭ ᠤᠨ ᠶᠠᠮᠤᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠤᠷᠭᠠᠨ ﹇2022﹈ 136 ᠳ᠋ᠤᠭᠠᠷ ᠲᠣᠭᠠᠲᠤ      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠠᠰ ᠲᠠᠭᠠᠨ ᠲᠥᠯᠥᠪᠯᠡᠭᠡ ᠭᠦᠢᠴᠡᠳᠬᠡᠬᠦ ᠬᠤᠳᠠ ᠶᠢᠨ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠡᠯ᠎ᠡ ᠬᠠᠮᠢᠶᠠᠷᠤᠯᠲᠠ ᠶᠢᠨ ᠠᠵᠤ ᠠᠬᠤᠶᠢᠯᠠᠯ ᠳᠤ᠄            ᠠᠶᠤᠯᠭᠦᠶ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠣᠷᠣᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠢᠳᠡ 2012 ᠣᠨ ᠳᠤ ᠳᠠᠷᠤᠮᠠᠯᠯᠠᠨ ᠲᠠᠷᠬᠠᠭᠠᠭᠰᠠᠨ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠎ ᠳᠤ ᠵᠠᠰᠠᠪᠤᠷᠢ ᠣᠷᠣᠭᠤᠯᠵᠤ᠂ ᠤᠳᠤ ᠳᠠᠷᠤᠮᠠᠯᠯᠠᠨ ᠲᠠᠷᠬᠠᠭᠠᠪᠠ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠠᠭᠠᠯᠳᠤᠭᠤᠯᠤᠯ᠄ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ      ᠡᠳ᠋ ᠤᠨ ᠵᠠᠰᠠᠭ ᠤᠨ ᠶᠠᠮᠤᠨ             2022 ᠣᠨ ᠤ 11 ᠰᠠᠷ᠎ᠠ ᠶᠢᠨ 21            ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠶᠢ ᠬᠠᠮᠢᠶᠠᠷᠬᠤ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠲᠦᠷᠢᠮ      ᠨᠢᠭᠡᠳᠦᠭᠡᠷ ᠵᠦᠢᠯ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠬᠠᠮᠢᠶᠠᠷᠤᠯᠲᠠ  ᠶᠢ ᠴᠢᠩᠭᠠᠳᠬᠠᠬᠤ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢᠨ ᠤᠷᠲᠤ ᠠᠵᠤ ᠠᠬᠤᠶᠢᠯᠠᠯ᠂ ᠠᠵᠢᠯᠲᠠᠨ ᠠᠵᠢᠯᠴᠢᠨ ᠵᠢᠴᠢ ᠨᠡᠶᠢᠭᠡᠮ ᠨᠡᠶᠢᠲᠡ ᠶᠢᠨ ᠠᠰᠢᠭ ᠲᠤᠰᠠ  ᠶᠢ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ︽ᠠᠶᠦᠯᠭᠦᠢ ᠦᠢᠯᠡᠳᠪᠦᠷᠢᠯᠡᠯ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ  ᠶᠢ ᠳᠥᠯᠭᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠠᠶᠦᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ ﹇2004﹈ 2 ᠳ᠋ᠤᠭᠠᠷ ᠲᠣᠭᠠᠲᠤ︶᠂ ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ ﹇2010﹈ 23 ᠳ᠋ᠤᠭᠠᠷ ᠲᠣᠭᠠᠲᠤ︶ ᠵᠡᠷᠭᠡ  ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠰᠢᠭᠤᠳ ᠨᠡᠭᠦᠷᠡᠰᠦᠨ ᠤ ᠦᠢᠯᠡᠳᠪᠦᠷᠢᠯᠡᠯ ᠳᠤ ᠬᠡᠷᠡᠭᠯᠡᠨ᠎ᠡ᠂ ᠨᠡᠭᠦᠷᠡᠰᠦᠨ  ᠤ ᠪᠤᠰᠤ ᠠᠭᠤᠷᠬᠠᠶ ᠶᠢ ᠨᠡᠭᠡᠭᠡᠨ ᠮᠠᠯᠲᠠᠬᠤ᠂ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠮᠠᠯᠲᠠᠬᠤ᠂ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠭᠦᠢᠴᠡᠳᠬᠡᠬᠦ᠂ ᠠᠶᠤᠯ ᠲᠠᠢ ᠡᠳ᠋ ᠦᠢᠯᠡᠳᠪᠦᠷᠢᠯᠡᠬᠦ ᠪᠠ ᠬᠠᠳᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠸᠠᠷ ᠫᠤᠤᠵᠢᠩ ᠦᠢᠯᠡᠳᠪᠦᠷᠢᠯᠡᠬᠦ᠂ ᠠᠷᠠᠳ  ᠤᠨ ᠬᠡᠷᠡᠭᠯᠡᠭᠡᠨ  ᠤ ᠳᠡᠯᠪᠡᠷᠡᠬᠦ ᠡᠳ᠋ ᠦᠢᠯᠡᠳᠪᠦᠷᠢᠯᠡᠬᠦ᠂ ᠲᠡᠮᠦᠷᠯᠢᠭ ᠪᠣᠯᠪᠠᠰᠤᠷᠠᠭᠤᠯᠬᠤ᠂ ᠮᠠᠰᠢᠨ ᠮᠧᠬᠠᠨᠢᠭ ᠦᠢᠯᠡᠳᠬᠦ᠂ ᠵᠡᠪᠰᠡᠭ ᠲᠣᠨᠣᠭᠯᠠᠯ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ︵ᠠᠷᠠᠳ  ᠤᠨ ᠬᠡᠷᠡᠭᠯᠡᠭᠡᠨ  ᠤ ᠠᠭᠠᠷ  ᠤᠨ ᠲᠡᠭᠡᠭᠡᠪᠦᠷᠢ ᠵᠢᠴᠢ ᠴᠥᠮ᠎ᠡ ᠶᠢᠨ ᠲᠦᠯᠡᠰᠢ ᠪᠠᠭᠲᠠᠨ᠎ᠠ︶᠂ ᠴᠠᠬᠢᠯᠭᠠᠨ ᠬᠦᠴᠦᠨ ᠦᠢᠯᠡᠳᠪᠦᠷᠢᠯᠡᠬᠦ ᠪᠠ ᠬᠠᠩᠭᠠᠬᠤ ᠠᠵᠤ ᠠᠬᠤᠶᠢᠯᠠᠯ ᠵᠢᠴᠢ ᠪᠤᠰᠤᠳ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ᠠᠵᠤ ᠠᠬᠤᠶᠢᠯᠠᠯ ᠭᠡᠵᠦ ᠶᠡᠷᠦᠩᠬᠡᠶᠢᠯᠡᠨ ᠨᠡᠷᠡᠯᠡᠨ᠎ᠡ︶᠃      ᠭᠤᠷᠪᠠᠳᠤᠭᠠᠷ ᠵᠦᠢᠯ ᠲᠤᠰ ᠠᠷᠭ᠎ᠠ  ᠳᠤ ᠬᠡᠯᠡᠵᠦ ᠪᠠᠶᠢᠭ᠎ᠠ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ ᠭᠡᠳᠡᠭ ᠨᠢ ᠠᠵᠤ ᠠᠬᠤᠶᠢᠯᠠᠯ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠭᠠᠷᠭᠠᠨ ᠠᠪᠴᠤ᠂ ᠥᠪᠡᠷ  ᠤᠨ ᠥᠷᠳᠡᠭ ︵ᠵᠠᠷᠤᠳᠠᠯ︶ ᠎ ᠤᠨ ᠳᠣᠲᠣᠷ᠎ᠠ ᠠᠴᠠ ᠵᠠᠷᠤᠯᠭ᠎ᠠ ᠪᠠᠨ ᠵᠢᠭᠰᠠᠭᠠᠵᠤ᠂ ᠠᠵᠤ ᠠᠬᠤᠶᠢᠯᠠᠯ ᠪᠤᠶᠤ ᠲᠥᠷᠥᠯ ᠵᠦᠢᠯ  ᠤᠨ ᠠᠶᠤᠯᠭᠦᠶ ᠦᠢᠯᠡᠳᠪᠦᠷᠢᠯᠡᠯ  ᠤᠨ ᠨᠥᠬᠦᠴᠡᠯ  ᠢ ᠲᠡᠭᠦᠯᠳᠡᠷᠵᠢᠭᠦᠯᠬᠦ ᠪᠠ ᠬᠠᠯᠠᠨ ᠰᠠᠶᠢᠵᠢᠷᠠᠭᠤᠯᠬᠤ  ᠳᠤ ᠲᠤᠰᠬᠠᠶ ᠬᠡᠷᠡᠭᠯᠡᠬᠦ ᠪᠡᠯᠡ ᠮᠥᠩᠭᠦ ᠶᠢ ᠵᠢᠭᠠᠵᠤ ᠪᠤᠢ᠃      ᠳᠥᠷᠪᠡᠳᠦᠭᠡᠷ ᠵᠦᠢᠯ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠤᠨ ᠬᠠᠮᠢᠶᠠᠷᠤᠯᠲᠠ  ᠳᠤ ᠳᠠᠷᠠᠭᠠᠬᠢ ᠵᠠᠷᠴᠢᠮ  ᠢ ᠵᠢᠷᠤᠮᠯᠠᠨ᠎ᠠ᠄       ︵ᠨᠢᠭᠡ︶ ᠲᠥᠯᠥᠪᠯᠡᠭᠡᠨ ᠤ ᠲᠠᠯ᠎ᠠ ᠪᠠᠷ ᠲᠦᠷᠢᠮ ᠲᠠᠢ ᠪᠠᠶᠢᠬᠤ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠣᠷᠣᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠤᠭ᠎ᠠ ᠶᠣᠰᠣᠭᠠᠷ ᠭᠠᠷᠭᠠᠨ ᠠᠪᠤᠨ᠎ᠠ       ︵ᠬᠤᠶᠠᠷ︶ ᠵᠠᠷᠤᠯᠭ᠎ᠠ ᠨᠢ ᠪᠠᠷᠢᠮᠲᠠ ᠲᠠᠢ ᠪᠠᠶᠢᠬᠤ᠃ ᠠᠵᠤ ᠠᠬᠤᠶᠢᠯᠠᠯ ᠤᠳ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠣᠭᠲᠠᠭᠠᠯ ᠳᠤ ᠨᠡᠶᠢᠴᠡᠭᠰᠡᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠪᠣᠳᠠᠲᠠᠶ ᠪᠠᠷ ᠵᠠᠷᠤᠨ᠎ᠠ᠃       ︵ᠭᠤᠷᠪᠠ︶ ᠬᠠᠮᠢᠶᠠᠷᠤᠯᠲᠠ ᠨᠢ ᠡᠮᠬᠢ ᠵᠢᠷᠤᠮ ᠲᠠᠢ ᠪᠠᠶᠢᠬᠤ᠃ ᠠᠵᠤ ᠠᠬᠤᠶᠢᠯᠠᠯ ᠤᠨ ᠲᠤᠰᠬᠠᠶ ᠵᠦᠶᠯ ᠢᠶᠠᠷ ᠲᠣᠭᠠᠴᠠᠭ᠎ᠠ ᠭᠦᠢᠴᠡᠳᠬᠡᠬᠦ ᠪᠠ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠴᠤᠭᠯᠠᠭᠤᠯᠵᠤ᠂ ᠠᠶᠤᠯ ᠥᠬᠡᠶ ᠦᠶᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠣᠷᠣᠭᠤᠯᠤᠯᠲᠠ ᠶᠢ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠥᠬᠡᠶ᠃       ︵ᠲᠥᠷᠪᠡ︶ ᠬᠢᠨᠠᠯᠲᠠ ᠨᠢ ᠬᠦᠴᠦᠨ ᠲᠠᠢ ᠪᠠᠶᠢᠬᠤ᠃ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ ᠎ ᠤᠨ ᠵᠠᠷᠤᠳᠠᠯ  ᠢ ᠭᠠᠷᠭᠠᠨ ᠠᠪᠬᠤ ᠪᠠ ᠬᠡᠷᠡᠭᠯᠡᠬᠦ  ᠶᠢᠨ ᠳᠣᠲᠣᠭᠠᠳᠤ ᠭᠠᠳᠠᠭᠠᠳᠤ  ᠳᠤ ᠬᠢᠨᠠᠯᠲᠠ ᠲᠠᠯᠪᠢᠬᠤ ᠲᠣᠭᠲᠠᠴᠠ  ᠶᠢ ᠪᠠᠶᠢᠭᠤᠯᠤᠨ ᠪᠥᠷᠢᠨᠰᠢᠬᠦᠯᠵᠤ᠂ ᠮᠡᠳᠡᠭᠡ ᠵᠠᠩᠭᠢ ᠨᠡᠶᠢᠲᠡᠯᠡᠬᠦ ᠪᠠ ᠨᠡᠶᠢᠭᠡᠮ  ᠤᠨ ᠬᠠᠷᠢᠭᠤᠴᠠᠯᠭ᠎ᠠ ᠎ ᠶᠢᠨ ᠮᠡᠳᠡᠭᠦᠯᠦᠯᠲᠡ  ᠶᠢ ᠲᠣᠭᠲᠠᠭᠠᠯ ᠶᠣᠰᠣᠭᠠᠷ ᠥᠷᠨᠢᠭᠦᠯᠬᠦ ᠬᠡᠷᠡᠭᠲᠡᠶ᠃      ᠲᠠᠪᠤᠳᠤᠭᠠᠷ ᠵᠦᠢᠯ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠠᠵᠤ ᠠᠬᠤᠶᠢᠯᠠᠯ ᠠᠴᠠ ᠳᠠᠷᠠᠭᠠᠬᠢ ᠬᠡᠪᠴᠢᠶᠡᠨ ᠳᠠᠬᠢ ᠵᠠᠷᠤᠯᠭ᠎ᠠ ᠳᠤ ᠬᠡᠷᠡᠭᠯᠡᠵᠦ ᠪᠣᠯᠤᠨ᠎ᠠ᠄       ︵ᠨᠢᠭᠡ︶ ᠬᠤᠳᠠᠯᠳᠤᠨ ᠠᠪᠬᠤ ᠪᠠ ᠪᠠᠶᠢᠭᠤᠯᠬᠤ᠂ ᠰᠡᠷᠭᠦᠭᠡᠨ ᠵᠠᠰᠠᠪᠤᠷᠢᠯᠠᠬᠤ᠂ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠪᠠᠶᠢᠴᠠᠭᠠᠨ ᠲᠣᠭᠲᠠᠭᠠᠵᠤ ᠬᠠᠷᠭᠤᠭᠤᠯᠬᠤ᠂ ᠠᠵᠢᠯᠯᠠᠭᠠᠨ ᠢ ᠬᠠᠮᠠᠭᠠᠯᠠᠬᠤ ᠶᠢᠨ ᠠᠶᠤᠯᠭᠦᠶ ᠶᠢᠨ ᠬᠠᠮᠠᠭᠠᠯᠠᠯᠲᠠ ᠪᠣᠯᠤᠨ ᠠᠶᠤᠯ ᠠᠴᠠ ᠪᠠᠴᠢᠮ ᠵᠠᠶᠢᠯᠠᠬᠤ ᠪᠡᠯᠡᠳᠬᠡᠮᠵᠢ᠂ ᠪᠡᠯᠡᠳᠬᠡᠮᠵᠢ ᠶᠢ ᠬᠤᠳᠠᠯᠳᠤᠨ ᠠᠪᠬᠤ ᠵᠠᠷᠤᠯᠭ᠎ᠠ [ ︽ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠭᠦᠶ ᠶᠢᠨ ᠪᠡᠯᠡᠳᠬᠡᠮᠵᠢ ᠶᠢ ᠡᠷᠬᠡᠪᠰᠢ ᠭᠤᠣᠯ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠵᠤ᠂ ᠵᠡᠷᠭᠡ ᠳᠤᠨᠢ ᠦᠢᠯᠡᠳᠪᠦᠷᠢᠯᠡᠯ ᠪᠣᠯᠤᠨ ᠬᠡᠷᠡᠭᠯᠡᠯᠲᠡ ᠳᠤ ᠣᠷᠣᠭᠤᠯᠬᠤ︾ ︵ᠳᠣᠷᠣᠭᠰᠢ ︽ᠭᠤᠷᠪᠠ ᠶᠢ ᠵᠡᠷᠭᠡ ᠳᠤᠨᠢ ᠭᠦᠢᠴᠡᠳᠬᠡᠬᠦ ︾ ᠭᠡᠵᠦ ᠲᠣᠪᠴᠢᠯᠠᠨ᠎ᠠ︶᠎ ᠶᠢᠨ ᠲᠣᠭᠲᠠᠭᠠᠯ ᠶᠣᠰᠣᠭᠠᠷ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ᠂ ᠪᠡᠯᠡᠳᠬᠡᠮᠵᠢ ᠶᠢ ᠪᠠᠭᠲᠠᠭᠠᠬᠤ ᠥᠭᠡᠢ]᠃       ︵ᠬᠤᠶᠠᠷ︶ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ᠂ ᠵᠥᠭᠡᠯᠡᠨ ᠲᠤᠨᠤᠭ᠂ ᠰᠦᠯᠵᠢᠶᠡᠨ ᠤ ᠠᠮᠤᠷ ᠲᠦᠪᠰᠢᠨ᠂ ᠮᠡᠷᠭᠡᠵᠢᠯ ᠤᠨ ᠵᠠᠷᠤᠯᠭ᠎ᠠ ᠶᠢ ᠬᠤᠳᠠᠯᠳᠤᠨ ᠠᠪᠬᠤ᠂ ᠨᠡᠭᠡᠭᠡᠨ ᠠᠰᠢᠭᠯᠠᠬᠤ᠂ ᠳᠡᠯᠭᠡᠷᠡᠭᠦᠯᠦᠨ ᠬᠡᠷᠡᠭᠯᠡᠬᠦ᠂ ᠰᠢᠨᠡᠳᠬᠡᠨ ᠲᠡᠰ ᠳᠡᠪᠰᠢᠭᠦᠯᠬᠦ᠂ ᠠᠵᠢᠯᠯᠠᠭᠤᠯᠤᠨ ᠬᠠᠮᠠᠭᠠᠯᠠᠬᠤ︔       ︵ᠭᠤᠷᠪᠠ︶ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠤᠨᠤᠭ ᠲᠥᠬᠦᠭᠡᠷᠦᠮᠵᠢ ᠶᠢ ᠲᠣᠬᠢᠷᠠᠭᠤᠯᠬᠤ᠂ ᠰᠢᠨᠡᠳᠬᠡᠬᠦ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ︔       ︵ᠲᠥᠷᠪᠡ︶ ᠠᠵᠤ ᠠᠬᠤᠶᠢᠯᠠᠯ  ᠤᠨ ᠪᠠᠴᠢᠮ ᠪᠠᠶᠢᠳᠠᠯ  ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡᠨ  ᠤ ᠪᠠᠶᠢᠭᠤᠯᠤᠯᠲᠠ ︵ᠪᠠᠴᠢᠮ ᠪᠠᠶᠢᠳᠠᠯ  ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢ ᠪᠥᠳᠥᠭᠡᠨ ᠪᠠᠶᠢᠭᠤᠯᠬᠤ  ᠳᠤ ᠬᠡᠷᠡᠭᠰᠡᠬᠦ ᠪᠠᠴᠢᠮ ᠪᠠᠶᠢᠳᠠᠯ  ᠢ ᠠᠷᠭᠠᠴᠠᠬᠤ ᠶᠢᠨ ᠠᠪᠤᠷᠠᠨ ᠲᠤᠰᠠᠯᠠᠬᠤ ᠡᠳ᠋ ᠪᠠᠷᠠᠭ᠎ᠠ ᠨᠥᠭᠡᠴᠡᠯᠡᠬᠦ᠂ ᠠᠵᠢᠯᠳᠠᠨ  ᠤ ᠪᠣᠯᠪᠠᠰᠤᠷᠠᠭᠤᠯᠤᠯ ᠵᠡᠷᠭᠡ ᠲᠠᠯ᠎ᠠ ᠶᠢ ᠪᠠᠭᠲᠠᠭᠠᠨ᠎ᠠ︶᠂ ᠠᠶᠤᠯᠭᠦᠶ ᠦᠢᠯᠡᠳᠪᠦᠷᠢᠯᠡᠯ  ᠤᠨ ᠤᠬᠠᠭᠤᠯᠭ᠎ᠠ ᠬᠥᠮᠦᠵᠢᠯ  ᠤᠨ ᠪᠣᠯᠪᠠᠰᠤᠷᠠᠭᠤᠯᠤᠯ᠂ ᠠᠵᠢᠯᠯᠠᠵᠤ ᠪᠠᠶᠢᠭ᠎ᠠ ᠬᠥᠮᠦᠰ  ᠤᠨ ᠣᠯᠵᠤ ᠮᠡᠳᠡᠭᠰᠡᠨ  ᠤ ᠡ᠊ᠨᠳᠡᠯ  ᠤᠨ ᠪᠣᠯᠵᠣᠰᠢ ᠦᠭᠡᠢ ᠠᠶᠤᠯ ᠡᠷᠡᠰᠳᠡᠯ  ᠢ ᠱᠠᠩᠨᠠᠬᠤ ᠵᠠᠷᠤᠯᠭ᠎ᠠ᠃       ︵ᠲᠠᠪᠤ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ᠂ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠬᠠᠤᠯᠢ ᠪᠠᠷ ᠲᠣᠭᠲᠠᠭᠠᠭᠰᠠᠨ ᠳᠠᠭᠠᠳᠬᠠᠯ ᠤᠨ ᠵᠠᠷᠤᠯᠭ᠎ᠠ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ  ᠢ ᠪᠠᠶᠢᠴᠠᠭᠠᠵᠤ ᠪᠠᠶᠢᠴᠠᠭᠠᠨ ᠬᠡᠮᠵᠢᠬᠦ᠂ ᠦᠨᠡᠯᠡᠨ ᠵᠢᠱᠢᠵᠦ ᠦᠨᠡᠯᠡᠬᠦ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠎ ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠬᠢᠨᠠᠨ ᠲᠣᠭᠲᠠᠭᠠᠬᠤ᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠤᠨ ᠪᠥᠳᠥᠭᠡᠨ ᠪᠠᠶᠢᠭᠤᠯᠬᠤ᠂ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ ᠪᠠ ᠵᠠᠰᠠᠪᠤᠷᠢ ᠣᠷᠣᠭᠤᠯᠬᠤ᠂ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ ᠶᠢᠨ ᠵᠠᠷᠤᠯᠭ᠎ᠠ᠃       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠬᠤᠶᠠᠳᠤᠭᠠᠷ ᠪᠦᠯᠦᠭ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠬᠤ ᠪᠠ ᠬᠡᠷᠡᠭᠯᠡᠬᠦ      ᠨᠢᠭᠡᠳᠦᠭᠡᠷ ᠬᠡᠰᠡᠭ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ      ᠵᠢᠷᠭᠤᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠭᠡᠳᠡᠭ ᠨᠢ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠮᠠᠯᠲᠠᠬᠤ ᠠᠵᠢᠯ ᠤᠨ ᠬᠤᠯᠪᠣᠭᠳᠠᠯ ᠪᠦᠬᠦᠢ ᠠᠵᠢᠯᠯᠠᠭ᠎ᠠ ᠶᠢ ᠵᠢᠭᠠᠵᠤ ᠪᠠᠶᠢᠨ᠎ᠠ᠃      ᠬᠠᠮᠲᠤᠷᠠᠨ ᠲᠤᠷᠰᠢᠨ ᠠᠵᠢᠯᠯᠠᠭᠤᠯᠬᠤ ᠶᠢ ᠵᠥᠪᠰᠢᠶᠡᠷᠡᠭᠰᠡᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠨᠡᠭᠦᠷᠡᠰᠦᠨ ᠠᠭᠤᠷᠬᠠᠶ ᠳᠤ ᠲᠤᠰ ᠬᠡᠰᠡᠭ ᠤᠨ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠨ᠎ᠡ᠃      ᠳᠣᠯᠣᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠳ ᠲᠤᠰ ᠰᠠᠷ᠎ᠠ ᠶᠢᠨ ᠨᠡᠭᠡᠭᠡᠨ ᠮᠠᠯᠲᠠᠭᠰᠠᠨ ᠨᠡᠭᠦᠷᠡᠰᠦᠨ ᠤ ᠭᠠᠷᠤᠯᠲᠠ ᠶᠢᠨ ᠬᠡᠮᠵᠢᠶ᠎ᠡ ᠪᠠᠨ ᠦᠨᠳᠦᠰᠦᠯᠡᠨ᠂ ᠰᠠᠷ᠎ᠠ ᠶᠢᠨ ᠡᠴᠦᠰ ᠲᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠨ᠎ᠠ᠃ ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄       ︵ᠨᠢᠭᠡ︶ ᠨᠡᠭᠦᠷᠡᠰᠦ ︵ᠴᠢᠯᠠᠭᠤᠯᠢᠭ︶ ᠬᠢᠭᠡᠳ ᠭᠠᠰ ︵ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ ᠎ ᠨᠢ ᠠᠭᠤᠷᠬᠠᠶ ᠶᠢᠨ ᠬᠤᠳᠳᠤᠭ ᠢ ᠲᠤᠪᠤᠶᠢᠯᠭᠠᠵᠤ᠂ ᠭᠠᠵᠠᠷ ᠤᠨ ᠳᠠᠷᠤᠯᠲᠠᠲᠤ ᠠᠭᠤᠷᠬᠠᠶ ᠶᠢᠨ ᠬᠤᠳᠳᠤᠭ ᠤᠨ ᠲᠣᠨ ᠨᠡᠭᠦᠷᠡᠰᠦ ᠶᠢ 50 ᠲᠥᠭᠦᠷᠢᠭ ᠢᠶᠠᠷ ᠳᠠᠭᠠᠷᠢᠨ᠎ᠠ᠃       ︵ᠬᠤᠶᠠᠷ︶ ᠭᠠᠰ ᠶᠡᠬᠡᠲᠡᠶ ᠠᠭᠤᠷᠬᠠᠶ᠂ ᠤᠰᠤᠨ  ᠤ ᠭᠠᠵᠠᠷ ᠰᠢᠨᠵᠢᠯᠡᠭᠡᠨ  ᠤ ᠲᠥᠷᠥᠯ ᠵᠦᠢᠯ ᠨᠢ ᠪᠤᠳᠤᠯᠢᠶᠠᠨᠲᠠᠶ᠂ ᠲᠦᠢᠯ  ᠤᠨ ᠪᠤᠳᠤᠯᠢᠶᠠᠨ ᠲᠠᠢ ᠠᠭᠤᠷᠬᠠᠶ᠂ ᠥᠪᠡᠰᠦᠪᠡᠨ ᠠᠮᠠᠷᠬᠠᠨ ᠰᠢᠲᠠᠬᠤ ᠨᠡᠭᠦᠷᠡᠰᠦᠨ ᠳᠠᠪᠬᠤᠷᠭ᠎ᠠ  ᠶᠢᠨ ᠠᠭᠤᠷᠬᠠᠶ  ᠶᠢᠨ ᠬᠤᠳᠳᠤᠭ  ᠤᠨ ᠲᠣᠨ ᠨᠡᠭᠦᠷᠡᠰᠦ 30 ᠲᠥᠭᠦᠷᠢᠭ᠃       ︵ᠭᠤᠷᠪᠠ︶ ᠪᠤᠰᠤᠳ ᠬᠤᠳᠳᠤᠭ ᠤᠨ ᠦᠢᠯᠡᠳᠪᠦᠷᠢ ᠠᠭᠤᠷᠬᠠᠶ ᠶᠢᠨ ᠲᠣᠨ ᠨᠡᠭᠦᠷᠡᠰᠦ 15 ᠲᠥᠭᠦᠷᠢᠭ︔       ︵ᠲᠦᠷᠪᠡ︶ ᠵᠠᠳᠠᠭᠠᠶ ᠠᠭᠤᠷᠬᠠᠶ ᠳᠤ ᠲᠣᠨ ᠨᠡᠭᠦᠷᠡᠰᠦ 5 ᠲᠥᠭᠦᠷᠢᠭ᠃      ᠠᠭᠤᠷᠬᠠᠶ ᠶᠢᠨ ᠬᠤᠳᠳᠤᠭ ᠤᠨ ᠭᠠᠰ ᠤᠨ ᠲᠠᠰ ᠤᠨ ᠬᠤᠪᠢᠶᠠᠷᠢᠯᠠᠯ ᠳᠤ ︽ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠲᠦᠷᠢᠮ ᠲᠣᠭᠲᠠᠭᠠᠯ︾ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 8 ᠳ᠋ᠤᠭᠠᠷ ᠲᠣᠭᠠᠲᠤ︶ ᠪᠠ ︽ᠨᠡᠭᠦᠷᠡᠰᠦᠨ ᠠᠭᠤᠷᠬᠠᠶ ᠶᠢᠨ ᠭᠠᠰ ᠤᠨ ᠲᠠᠰ ᠤᠨ ᠬᠢᠨᠠᠨ ᠲᠣᠭᠲᠠᠭᠠᠯᠲᠠ ᠶᠢᠨ ᠠᠷᠭ᠎ᠠ︾ ︵ᠨᠡᠭᠦᠷᠡᠰᠦᠨ ᠤ ᠠᠮᠤᠷ ᠲᠦᠪᠰᠢᠨ ᠤ ᠬᠢᠨᠠᠯᠲᠠ ᠲᠠᠯᠪᠢᠬᠤ ᠮᠡᠷᠭᠡᠵᠢᠯ ᠤᠨ ᠤᠭᠰᠠᠷᠠᠯᠲᠠ ﹇2018﹈ 9 ᠳ᠋ᠦ᠋ᠭᠡᠷ ᠲᠣᠭᠠᠲᠤ︶ ᠎ ᠶᠢᠨ ᠲᠣᠭᠲᠠᠭᠠᠯ ᠢ ᠬᠡᠷᠡᠭᠵᠢᠭᠦᠯᠦᠨ᠎ᠡ︔ ᠠᠭᠤᠷᠬᠠᠶ ᠶᠢᠨ ᠬᠤᠳᠳᠤᠭ ᠤᠨ ᠭᠠᠵᠠᠷ ᠤᠨ ᠳᠠᠷᠤᠯᠲᠠ ᠶᠢ ᠳᠠᠭᠠᠷᠢᠬᠤ ᠶᠢ ᠮᠠᠭᠠᠳᠯᠠᠨ ᠲᠣᠭᠲᠠᠭᠠᠬᠤ ᠳᠤ ︽ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠲᠦᠷᠢᠮ ᠲᠣᠭᠲᠠᠭᠠᠯ︾ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 8 ᠳ᠋ᠤᠭᠠᠷ ᠲᠣᠭᠠᠲᠤ︶ ᠪᠠ ︽ᠨᠡᠭᠦᠷᠡᠰᠦᠨ ᠠᠭᠤᠷᠬᠠᠶ ᠶᠢᠨ ᠭᠠᠵᠠᠷ ᠤᠨ ᠳᠠᠷᠤᠯᠲᠠ ᠶᠢ ᠳᠠᠭᠠᠷᠢᠬᠤ ᠶᠢ ᠰᠡᠷᠭᠡᠶᠢᠯᠡᠨ ᠵᠠᠰᠠᠬᠤ ᠨᠠᠷᠢᠨ ᠲᠦᠷᠢᠮ︾ ︵ᠨᠡᠭᠦᠷᠡᠰᠦᠨ ᠤ ᠠᠶᠤᠯ ᠥᠬᠡᠶ ᠶᠢᠨ ᠬᠢᠨᠠᠯᠲᠠ ᠲᠠᠯᠪᠢᠬᠤ ᠮᠡᠷᠭᠡᠵᠢᠯ ᠤᠨ ᠤᠭᠰᠠᠷᠠᠯᠲᠠ ﹇2018﹈ 8 ᠳ᠋ᠤᠭᠠᠷ ᠲᠣᠭᠠᠲᠤ︶ ᠎ ᠤᠨ ᠲᠣᠭᠲᠠᠭᠠᠯ ᠢ ᠬᠡᠷᠡᠭᠵᠢᠭᠦᠯᠦᠨ᠎ᠡ︔ ᠠᠭᠤᠷᠬᠠᠶ ᠶᠢᠨ ᠬᠤᠳᠳᠤᠭ ᠤᠨ ᠤᠰᠤᠨ ᠤ ᠭᠠᠵᠠᠷ ᠰᠢᠨᠵᠢᠯᠡᠭᠡᠨ ᠤ ᠲᠥᠷᠥᠯ ᠵᠦᠶᠯ ᠤᠨ ᠬᠤᠪᠢᠶᠠᠷᠢᠯᠠᠯ ᠳᠤ ︽ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠲᠦᠷᠢᠮ ᠲᠣᠭᠲᠠᠭᠠᠯ︾ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 8 ᠳ᠋ᠤᠭᠠᠷ ᠲᠣᠭᠠᠲᠤ︶ ᠪᠠ ︽ᠨᠡᠭᠦᠷᠡᠰᠦᠨ ᠠᠭᠤᠷᠬᠠᠶ ᠶᠢᠨ ᠤᠰᠤ ᠶᠢ ᠰᠡᠷᠭᠡᠶᠢᠯᠡᠨ ᠵᠠᠰᠠᠬᠤ ᠨᠠᠷᠢᠨ ᠲᠦᠷᠢᠮ︾ ︵ᠨᠡᠭᠦᠷᠡᠰᠦᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ﹇2018﹈ 14 ᠳ᠋ᠦ᠋ᠭᠡᠷ ᠲᠣᠭᠠᠲᠤ︶ ᠎ ᠤᠨ ᠲᠣᠭᠲᠠᠭᠠᠯ ᠢ ᠬᠡᠷᠡᠭᠵᠢᠭᠦᠯᠦᠨ᠎ᠡ᠃      ᠤᠯᠠᠨ ᠵᠦᠢᠯ ᠤᠨ ᠭᠠᠶ ᠭᠠᠮᠰᠢᠭ ᠵᠡᠷᠭᠡᠪᠡᠷ ᠣᠷᠣᠰᠢᠵᠤ ᠪᠠᠶᠢᠭ᠎ᠠ ᠠᠭᠤᠷᠬᠠᠶ ᠶᠢᠨ ᠬᠤᠳᠳᠤᠭ ᠠᠴᠠ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠥᠨᠳᠥᠷ       ᠨᠠᠢᠮᠠᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ       ︵ᠨᠢᠭᠡ︶ ᠨᠡᠭᠦᠷᠡᠰᠦ ᠬᠢᠭᠡᠳ ᠭᠠᠰ ᠤᠨ ᠲᠣᠪᠤᠶᠢᠮ᠎ᠠ ᠵᠢᠴᠢ ᠥᠨᠳᠥᠷ ᠭᠠᠰ ᠤᠨ ᠠᠭᠤᠷᠬᠠᠶ ᠶᠢᠨ ᠬᠤᠳᠳᠤᠭ ᠤᠨ ᠶᠡᠷᠦᠩᠬᠡᠶᠢᠯᠡᠭᠰᠡᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠠᠷᠤᠯᠭ᠎ᠠ᠂ ᠡᠭᠦᠨ ᠳᠤ ᠭᠠᠰ ᠤᠨ ᠣᠷᠣᠨ ᠪᠦᠰᠡ ᠶᠢ ᠤᠷᠢᠳᠴᠢᠯᠠᠨ ᠲᠠᠲᠠᠬᠤ᠂ ᠬᠠᠮᠠᠭᠠᠯᠠᠯᠲᠠ ᠶᠢᠨ ᠳᠠᠪᠬᠤᠷᠭ᠎ᠠ ᠶᠢ ᠨᠡᠭᠡᠭᠡᠨ ᠮᠠᠯᠲᠠᠬᠤ ᠣᠷᠣᠨ ᠪᠦᠰᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠠᠷᠭ᠎ᠠ ᠬᠡᠮᠵᠢᠶ᠎ᠡ᠂ ᠲᠤᠪᠤᠶᠢᠮ᠎ᠠ ᠣᠷᠣᠨ ᠪᠦᠰᠡ ᠪᠠ ᠬᠡᠰᠡᠭ ᠲᠠᠯ᠎ᠠ ᠶᠢᠨ ᠵᠢᠱᠢᠯᠲᠡ ᠶᠢ ᠥᠷᠨᠢᠭᠦᠯᠬᠦ᠂ ᠬᠡᠰᠡᠭ ᠲᠠᠯ᠎ᠠ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠥᠬᠦᠪᠥᠷᠢᠯᠡᠬᠦ ᠵᠡᠷᠭᠡ ᠬᠤᠶᠠᠷ ︽ᠲᠦᠷᠪᠡ ᠶᠢ ᠨᠢᠭᠡ ᠴᠤᠭᠴᠠᠵᠢᠭᠤᠯᠬᠤ︾ ᠭᠡᠨᠡᠳᠲᠡ ᠶᠢᠨ ᠬᠡᠷᠡᠭ ᠢ ᠰᠡᠷᠭᠡᠶᠢᠯᠡᠬᠦ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠵᠢᠴᠢ ᠭᠡᠨᠡᠳᠲᠡ ᠶᠢᠨ ᠬᠡᠷᠡᠭ ᠢ ᠰᠡᠷᠭᠡᠶᠢᠯᠡᠬᠦ ᠲᠥᠬᠦᠭᠡᠷᠦᠮᠵᠢ ᠪᠠ ᠲᠥᠬᠦᠭᠡᠷᠦᠮᠵᠢ ᠶᠢ ᠰᠡᠷᠭᠦᠭᠡᠨ ᠵᠠᠰᠠᠪᠤᠷᠢᠯᠠᠬᠤ᠂ ᠲᠤᠪᠤᠶᠢᠮ᠎ᠠ ᠰᠡᠷᠭᠡᠶᠢᠯᠡᠨ ᠵᠠᠰᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠵᠡᠷᠭᠡ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠭᠠᠵᠠᠷ  ᠤᠨ ᠳᠠᠷᠤᠯᠲᠠᠲᠤ ᠠᠭᠤᠷᠬᠠᠶ ᠶᠢᠨ ᠬᠤᠳᠳᠤᠭ ᠲᠤ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠠᠷᠤᠯᠭ᠎ᠠ᠂ ᠡᠭᠦᠨ  ᠳᠤ ᠭᠠᠵᠠᠷ  ᠤᠨ ᠳᠠᠷᠤᠯᠲᠠᠲᠤ ᠠᠭᠤᠷᠬᠠᠶ ᠶᠢᠨ ᠬᠤᠳᠳᠤᠭ ᠲᠤ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠵᠠᠰᠠᠬᠤ᠂ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ᠂ ᠠᠶᠤᠯᠭᠦᠶ ᠶᠢ ᠰᠡᠷᠭᠡᠶᠢᠯᠡᠨ ᠬᠠᠮᠠᠭᠠᠯᠠᠬᠤ ᠵᠡᠷᠭᠡ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠂ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠲᠥᠬᠦᠭᠡᠷᠦᠮᠵᠢ ᠪᠣᠯᠤᠨ ᠪᠡᠯᠡᠳᠬᠡᠮᠵᠢ ᠶᠢ ᠰᠡᠷᠭᠦᠭᠡᠨ ᠵᠠᠰᠠᠪᠤᠷᠢᠯᠠᠬᠤ᠂ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠲᠤᠷᠰᠢᠯᠲᠠ ᠶᠢᠨ ᠲᠠᠰᠤᠭ ᠪᠠᠶᠢᠭᠤᠯᠬᠤ ᠵᠡᠷᠭᠡ ᠵᠠᠷᠤᠯᠭ᠎ᠠ ᠶᠢ ᠪᠠᠭᠲᠠᠭᠠᠨ᠎ᠠ᠃       ︵ᠭᠤᠷᠪᠠ︶ ᠨᠡᠭᠦᠷᠡᠰᠦᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠥᠭᠡᠷᠡᠴᠢᠯᠡᠯᠲᠡ ᠪᠠ ᠬᠦᠨᠳᠦ ᠶᠡᠭᠡ ᠡ᠊ᠨᠳᠡᠯ ᠤᠨ ᠪᠣᠯᠵᠣᠰᠢ ᠦᠭᠡᠢ ᠠᠶᠤᠯ ᠡᠷᠡᠰᠳᠡᠯ ᠢ ᠵᠠᠰᠠᠬᠤ ᠵᠠᠷᠤᠯᠭ᠎ᠠ᠂ ᠡᠭᠦᠨ ᠳᠤ ᠰᠠᠯᠬᠢ ᠨᠡᠪᠲᠡᠷᠡᠭᠦᠯᠬᠦ᠂ ᠭᠠᠰ ᠢ ᠰᠡᠷᠭᠡᠶᠢᠯᠡᠬᠦ᠂ ᠨᠡᠭᠦᠷᠡᠰᠦᠨ ᠲᠣᠭᠤᠰᠣ ᠶᠢ ᠰᠡᠷᠭᠡᠶᠢᠯᠡᠬᠦ᠂ ᠭᠠᠯ ᠤᠨᠲᠠᠷᠠᠭᠠᠬᠤ ᠶᠢ ᠰᠡᠷᠭᠡᠶᠢᠯᠡᠬᠦ᠂ ᠤᠰᠤ᠂ ᠳᠡᠭᠡᠪᠦᠷ ᠢ ᠰᠡᠷᠭᠡᠶᠢᠯᠡᠨ ᠵᠠᠰᠠᠬᠤ᠂ ᠴᠠᠬᠢᠯᠭᠠᠨ ᠬᠠᠩᠭᠠᠬᠤ᠂ ᠲᠡᠭᠡᠭᠡᠪᠦᠷᠢᠯᠡᠬᠦ ᠵᠡᠷᠭᠡ ᠰᠢᠰᠲ᠋ᠧᠮ ᠤᠨ ᠲᠥᠬᠦᠭᠡᠷᠦᠮᠵᠢ ᠶᠢ ᠥᠭᠡᠷᠡᠴᠢᠯᠡᠬᠦ ᠪᠠ ᠭᠠᠮᠰᠢᠭ ᠢ ᠵᠠᠰᠠᠬᠤ ᠢᠨᠵᠧᠨᠧᠷᠢᠩ᠂ ᠨᠡᠭᠦᠷᠡᠰᠦᠨ ᠠᠭᠤᠷᠬᠠᠶ ᠶᠢᠨ ᠮᠧᠬᠠᠨᠢᠭᠵᠢᠭᠤᠯᠤᠯᠲᠠ ᠶᠢᠨ ᠥᠭᠡᠷᠡᠴᠢᠯᠡᠯᠲᠡ᠂ ᠤᠶᠤᠨᠴᠢᠯᠠᠯᠳᠠ ᠶᠢᠨ ᠪᠦᠳᠦᠭᠡᠨ ᠪᠠᠶᠢᠭᠤᠯᠤᠯᠲᠠ ᠭᠦᠢᠴᠡᠳᠬᠡᠬᠦ᠂ ᠠᠭᠤᠷᠬᠠᠶ ᠶᠢᠨ ᠳᠠᠷᠤᠯᠲᠠ᠂ ᠢᠯᠴᠢ ᠶᠢᠨ ᠬᠥᠨᠥᠭᠡᠯ᠂ ᠵᠠᠳᠠᠭᠠᠶ ᠨᠡᠭᠦᠷᠡᠰᠦᠨ ᠠᠭᠤᠷᠬᠠᠶ ᠶᠢᠨ ᠬᠠᠵᠠᠭᠤ ᠶᠢᠨ ᠬᠠᠵᠠᠭᠤ ᠶᠢᠨ ᠵᠠᠰᠠᠯᠲᠠ ᠶᠢ ᠬᠡᠷᠡᠭᠵᠢᠭᠦᠯᠬᠦ ᠵᠡᠷᠭᠡ ᠵᠠᠷᠤᠯᠭ᠎ᠠ︔       ︵ᠲᠥᠷᠪᠡ︶ ᠨᠡᠭᠦᠷᠡᠰᠦᠨ ᠠᠭᠤᠷᠬᠠᠶ ᠶᠢᠨ ᠬᠤᠳᠳᠤᠭ ᠳᠠᠷᠠᠭᠠᠬᠢ ᠬᠢᠨᠠᠨ ᠬᠡᠮᠵᠢᠵᠦ ᠬᠢᠨᠠᠨ ᠡᠵᠡᠮᠳᠡᠬᠦ᠂ ᠠᠵᠢᠯᠳᠠᠨ  ᠤ ᠣᠷᠣᠨ ᠪᠠᠶᠢᠷᠢ ᠶᠢ ᠬᠢᠨᠠᠨ ᠬᠡᠮᠵᠢᠬᠦ᠂ ᠠᠶᠤᠯ ᠠᠴᠠ ᠪᠠᠴᠢᠮ ᠵᠠᠶᠢᠯᠠᠬᠤ᠂ ᠰᠠᠯᠬᠢ ᠶᠢ ᠳᠠᠷᠤᠵᠤ ᠥᠪᠡᠷ ᠢ ᠪᠠᠨ ᠠᠪᠤᠷᠠᠬᠤ᠂ ᠤᠰᠤ ᠬᠠᠩᠭᠠᠵᠤ ᠠᠪᠤᠷᠠᠬᠤ ᠪᠠ ᠴᠢᠮᠡᠭᠡ ᠬᠤᠯᠪᠣᠭ᠎ᠠ ᠬᠠᠷᠢᠯᠴᠠᠬᠤ ᠵᠡᠷᠭᠡ ᠠᠶᠤᠯᠭᠦᠶ ᠶᠢᠨ ᠠᠶᠤᠯ ᠠᠴᠠ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠵᠠᠷᠤᠯᠭ᠎ᠠ ᠶᠢ ᠲᠡᠭᠦᠯᠳᠡᠷᠵᠢᠭᠦᠯᠬᠦ᠃ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ᠂ ᠪᠡᠯᠡᠳᠬᠡᠮᠵᠢ ᠶᠢᠨ ᠲᠣᠬᠢᠷᠠᠭᠤᠯᠤᠯᠲᠠ ᠪᠠ ᠬᠠᠮᠠᠭᠠᠯᠠᠨ ᠠᠷᠠᠴᠢᠯᠠᠬᠤ ᠵᠠᠷᠤᠯᠭ᠎ᠠ᠂ ᠠᠳᠡᠯ ᠠᠴᠠ ᠠᠮᠢ ᠵᠢᠭᠤᠲᠠᠬᠤ ᠪᠠ ᠠᠶᠤᠯ ᠎ ᠠᠴᠠ ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔       ︵ᠲᠠᠪᠤ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠤᠯᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠨᠠᠢᠮᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠨᠡᠭᠦᠷᠡᠰᠦᠨ ᠠᠭᠤᠷᠬᠠᠶ ᠶᠢᠨ ᠤᠶᠤᠯᠢᠭ ᠲᠣᠨᠣᠭᠯᠠᠯ ᠵᠢᠴᠢ ᠨᠡᠭᠦᠷᠡᠰᠦᠨ ᠠᠭᠤᠷᠬᠠᠶ ᠶᠢᠨ ᠮᠠᠰᠢᠨ ᠬᠥᠮᠦᠨ ᠵᠡᠷᠭᠡ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠠᠷᠪᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠬᠤᠶᠠᠳᠤᠭᠠᠷ ᠬᠡᠰᠡᠭ ᠨᠡᠭᠦᠷᠡᠰᠦᠨ ᠤ ᠪᠤᠰᠤ ᠠᠭᠤᠷᠬᠠᠶ ᠶᠢᠨ ᠠᠭᠤᠯᠠ ᠨᠡᠭᠡᠭᠡᠨ ᠮᠠᠯᠲᠠᠬᠤ ᠠᠵᠤ ᠠᠬᠤᠶᠢᠯᠠᠯ      ᠶᠢᠰᠦᠳᠦᠭᠡᠷ ᠵᠦᠢᠯ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢ ᠨᠡᠭᠡᠭᠡᠨ ᠮᠠᠯᠲᠠᠬᠤ ᠭᠡᠳᠡᠭ ᠪᠣᠯ ᠲᠡᠮᠦᠷᠯᠢᠭ ᠤᠨ ᠠᠭᠤᠷᠬᠠᠶ᠂ ᠲᠡᠮᠦᠷᠯᠢᠭ ᠪᠤᠰᠤ ᠠᠭᠤᠷᠬᠠᠶ ᠵᠢᠴᠢ ᠪᠤᠰᠤᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠠᠵᠢᠯ ᠪᠠ ᠦᠢᠯᠡᠳᠪᠦᠷᠢᠯᠡᠬᠦ᠂ ᠬᠦᠳᠡᠷ ᠰᠢᠯᠢᠬᠦ᠂ ᠪᠢᠲᠡᠭᠦᠦ ᠨᠦᠭᠡ ᠵᠢᠴᠢ ᠦᠯᠡᠳᠡᠭᠳᠡᠯ ᠬᠦᠳᠡᠷ ᠤᠨ ᠬᠥᠮᠥᠷᠭᠡ ᠶᠢ ᠠᠵᠢᠯᠯᠠᠭᠤᠯᠬᠤ᠂ ᠲᠠᠬᠢᠨ ᠮᠠᠯᠲᠠᠬᠤ᠂ ᠬᠥᠮᠥᠷᠭᠡ ᠶᠢ ᠬᠠᠭᠠᠬᠤ ᠵᠡᠷᠭᠡ ᠬᠤᠯᠪᠣᠭᠳᠠᠯ ᠪᠦᠬᠦᠢ ᠠᠵᠢᠯᠯᠠᠭ᠎ᠠ ᠶᠢ ᠵᠢᠭᠠᠵᠤ ᠪᠠᠶᠢᠨ᠎ᠠ᠃      ᠠᠷᠪᠠᠳᠤᠭᠠᠷ ᠵᠦᠢᠯ ᠨᠡᠭᠦᠷᠡᠰᠦᠨ  ᠤ ᠪᠤᠰᠤ ᠠᠭᠤᠷᠬᠠᠶ ᠶᠢᠨ ᠠᠭᠤᠯᠠ ᠮᠠᠯᠲᠠᠬᠤ ᠠᠵᠤ ᠠᠬᠤᠶᠢᠯᠠᠯ ᠨᠢ ᠲᠤᠰ ᠰᠠᠷ᠎ᠠ ᠶᠢᠨ ᠮᠠᠯᠲᠠᠭᠰᠠᠨ ᠲᠦᠭᠦᠬᠡᠶ ᠠᠭᠤᠷᠬᠠᠶ ᠶᠢᠨ ᠭᠠᠷᠤᠯᠲᠠ ᠶᠢᠨ ᠬᠡᠮᠵᠢᠶ᠎ᠡ ᠪᠠᠨ ᠦᠨᠳᠦᠰᠦᠯᠡᠨ᠂ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠰᠠᠷ᠎ᠠ ᠶᠢᠨ ᠰᠡᠭᠦᠯᠴᠢ ᠠᠴᠠ ᠭᠠᠷᠭᠠᠵᠤ ᠠᠪᠤᠨ᠎ᠠ᠃ ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄       ︵ᠨᠢᠭᠡ︶ ᠲᠡᠮᠦᠷᠯᠢᠭ ᠤᠨ ᠠᠭᠤᠷᠬᠠᠶ᠂ ᠡᠭᠦᠨ ᠳᠤ ᠵᠠᠳᠠᠭᠠᠶ ᠠᠭᠤᠷᠬᠠᠶ ᠳᠤ ᠲᠣᠨ ᠪᠦᠷᠢ ᠳᠤ 5 ᠲᠥᠭᠦᠷᠢᠭ᠂ ᠭᠠᠵᠠᠷ ᠳᠠᠷᠠᠭᠠᠬᠢ ᠠᠭᠤᠷᠬᠠᠶ ᠳᠤ ᠲᠣᠨ ᠪᠦᠷᠢ ᠳᠤ 15 ᠲᠥᠭᠦᠷᠢᠭ︔       ︵ᠬᠤᠶᠠᠷ︶ ᠴᠥᠮ᠎ᠡ ᠶᠢᠨ ᠠᠵᠤ ᠦᠢᠯᠡᠳᠪᠦᠷᠢ ᠶᠢᠨ ᠠᠭᠤᠷᠬᠠᠶ ᠳᠤ ᠲᠣᠨ ᠪᠦᠷᠢ ᠳᠤ 25 ᠲᠥᠭᠦᠷᠢᠭ︔       ︵ᠭᠤᠷᠪᠠ︶ ᠲᠡᠮᠦᠷᠯᠢᠭ ᠪᠤᠰᠤ ᠠᠭᠤᠷᠬᠠᠶ᠂ ᠡᠭᠦᠨ ᠳᠤ ᠵᠠᠳᠠᠭᠠᠶ ᠠᠭᠤᠷᠬᠠᠶ ᠳᠤ ᠲᠣᠨ ᠪᠦᠷᠢ ᠳᠤ 3 ᠲᠥᠭᠦᠷᠢᠭ᠂ ᠭᠠᠵᠠᠷ ᠳᠠᠷᠠᠭᠠᠬᠢ ᠠᠭᠤᠷᠬᠠᠶ ᠳᠤ ᠲᠣᠨ ᠪᠦᠷᠢ ᠳᠤ 8 ᠲᠥᠭᠦᠷᠢᠭ︔       ︵ᠲᠥᠷᠪᠡ︶ ᠵᠠᠳᠠᠭᠠᠶ ᠴᠢᠯᠠᠭᠤ ᠭᠠᠷᠭᠠᠬᠤ ᠪᠠᠭ᠎ᠠ ᠬᠡᠯᠪᠡᠷᠢ ᠶᠢᠨ ᠲᠠᠯᠠᠪᠠᠢ᠂ ᠲᠤᠬᠠᠶᠢᠯᠠᠪᠠᠯ ᠵᠢᠯ  ᠤᠨ ᠦᠢᠯᠡᠳᠪᠦᠷᠢᠯᠡᠬᠦ ᠬᠡᠪᠴᠢᠶ᠎ᠡ ᠪᠠᠷ 50 ᠲᠦᠮᠡᠨ ᠲᠣᠨ ᠠᠴᠠ ᠬᠡᠲᠦᠷᠡᠬᠦ ᠥᠭᠡᠢ ᠠᠭᠤᠯᠠᠨ ᠬᠥᠲᠥᠯ ᠤᠨ ᠬᠡᠯᠪᠡᠷᠢ ᠶᠢᠨ ᠵᠠᠳᠠᠭᠠᠶ ᠴᠢᠯᠠᠭᠤ ᠭᠠᠷᠭᠠᠬᠤ ᠲᠠᠯᠠᠪᠠᠢ ᠨᠢ ᠲᠣᠨ ᠪᠦᠷᠢ 2 ᠲᠥᠭᠦᠷᠢᠭ᠃      ᠳᠡᠭᠡᠷᠡᠬᠢ ᠪᠠᠳᠠᠭ ᠲᠤ ᠬᠡᠯᠡᠵᠦ ᠪᠠᠶᠢᠭ᠎ᠠ ᠲᠦᠭᠦᠬᠡᠶ ᠬᠦᠳᠡᠷ ᠤᠨ ᠭᠠᠷᠤᠯᠲᠠ ᠶᠢᠨ ᠬᠡᠮᠵᠢᠶ᠎ᠡ ᠳᠤ ᠲᠡᠮᠦᠷᠯᠢᠭ᠂ ᠲᠡᠮᠦᠷᠯᠢᠭ ᠪᠤᠰᠤ ᠠᠭᠤᠷᠬᠠᠶ ᠶᠢᠨ ᠦᠯᠡᠳᠡᠭᠳᠡᠯ ᠬᠦᠳᠡᠷ ᠤᠨ ᠬᠥᠮᠥᠷᠭᠡ ᠪᠠ ᠬᠠᠶᠠᠭᠳᠠᠮᠠᠯ ᠴᠢᠯᠠᠭᠤᠨ ᠲᠠᠯᠠᠪᠠᠢ ᠳᠠᠬᠢ ᠶᠡᠷᠦᠩᠬᠡᠶᠢᠯᠡᠨ ᠠᠰᠢᠭᠯᠠᠬᠤ ᠳᠤ ᠬᠡᠷᠡᠭᠯᠡᠬᠦ ᠦᠯᠡᠳᠡᠭᠳᠡᠯ ᠡᠯᠡᠰᠦ ᠪᠠ ᠴᠢᠨᠠᠷ ᠳᠣᠣᠷ᠎ᠠ ᠬᠦᠳᠡᠷ ᠢ ᠪᠠᠭᠲᠠᠭᠠᠬᠤ ᠦᠭᠡᠢ᠃      ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠨᠢᠭᠡᠴᠡ ᠨᠢ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠲᠥᠷᠥᠯ ᠵᠦᠶᠯ ᠪᠤᠶᠤ ᠪᠠᠷᠢᠯᠭ᠎ᠠ ᠶᠢᠨ ᠶᠡᠷᠦᠩᠬᠡᠶ ᠵᠠᠷᠤᠳᠠᠯ ᠤᠨ 2%᠎ ᠢᠶᠠᠷ ᠲᠥᠷᠥᠯ ᠵᠦᠶᠯ ᠪᠤᠶᠤ ᠪᠠᠷᠢᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠰᠠᠷ᠎ᠠ ᠳᠠᠷᠠᠭᠠᠯᠠᠨ ᠭᠠᠷᠭᠠᠨ ᠠᠪᠤᠨ᠎ᠠ᠃      ᠠᠷᠪᠠᠨ ᠨᠢᠭᠡᠳᠦᠭᠡᠷ ᠵᠦᠢᠯ ᠦᠯᠡᠳᠡᠭᠳᠡᠯ ᠬᠦᠳᠡᠷ  ᠤᠨ ᠬᠥᠮᠥᠷᠭᠡ  ᠶᠢᠨ ᠠᠵᠢᠯᠯᠠᠭᠠᠨ  ᠳᠤ ᠲᠤᠰ ᠰᠠᠷ᠎ᠠ ᠎ ᠶᠢᠨ ᠬᠥᠮᠥᠷᠭᠡ  ᠳᠤ ᠣᠷᠣᠭᠤᠯᠤᠭᠰᠠᠨ ᠦᠯᠡᠳᠡᠭᠳᠡᠯ ᠬᠦᠳᠡᠷ  ᠤᠨ ᠬᠡᠮᠵᠢᠶ᠎ᠡ ᠪᠠᠷ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠪᠤᠳᠤᠵᠤ ᠠᠪᠤᠨ᠎ᠠ᠂ ᠡᠭᠦᠨ  ᠳᠤ ᠭᠤᠷᠪᠠᠳᠤᠭᠠᠷ ᠳᠡᠰ ᠵᠢᠴᠢ ᠭᠤᠷᠪᠠᠳᠤᠭᠠᠷ ᠳᠡᠰ ᠠᠴᠠ ᠳᠡᠭᠡᠭᠰᠢᠬᠢ ᠦᠯᠡᠳᠡᠭᠳᠡᠯ ᠬᠦᠳᠡᠷ  ᠤᠨ ᠬᠥᠮᠥᠷᠭᠡ ᠨᠢ ᠲᠣᠨ ᠪᠦᠷᠢ  ᠳᠤ 4 ᠲᠥᠭᠦᠷᠢᠭ᠂ ᠳᠥᠷᠪᠡᠳᠦᠭᠡᠷ ᠳᠡᠰ ᠵᠢᠴᠢ ᠲᠠᠪᠤᠳᠤᠭᠠᠷ ᠳᠡᠰ  ᠤᠨ ᠦᠯᠡᠳᠡᠭᠳᠡᠯ ᠬᠦᠳᠡᠷ  ᠤᠨ ᠬᠥᠮᠥᠷᠭᠡ ᠨᠢ ᠲᠣᠨ ᠪᠦᠷᠢ  ᠳᠤ 5 ᠲᠥᠭᠦᠷᠢᠭ᠃      ᠦᠯᠡᠳᠡᠭᠳᠡᠯ ᠬᠦᠳᠡᠷ  ᠤᠨ ᠬᠥᠮᠥᠷᠭᠡ ᠶᠢ ᠲᠠᠬᠢᠨ ᠮᠠᠯᠲᠠᠬᠤ ᠳᠤ ᠲᠤᠰ ᠰᠠᠷ᠎ᠠ ᠶᠢᠨ ᠲᠠᠬᠢᠨ ᠮᠠᠯᠲᠠᠭᠰᠠᠨ ᠦᠯᠡᠳᠡᠭᠳᠡᠯ ᠬᠦᠳᠡᠷ  ᠤᠨ ᠬᠡᠮᠵᠢᠶ᠎ᠡ ᠪᠠᠷ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠪᠤᠳᠤᠵᠤ ᠠᠪᠤᠨ᠎ᠠ᠂ ᠡᠭᠦᠨ  ᠳᠤ ᠭᠤᠷᠪᠠᠳᠤᠭᠠᠷ ᠳᠡᠰ ᠵᠢᠴᠢ ᠭᠤᠷᠪᠠᠳᠤᠭᠠᠷ ᠳᠡᠰ ᠠᠴᠠ ᠳᠡᠭᠡᠭᠰᠢᠬᠢ ᠦᠯᠡᠳᠡᠭᠳᠡᠯ ᠬᠦᠳᠡᠷ  ᠤᠨ ᠬᠥᠮᠥᠷᠭᠡ ᠶᠢ ᠲᠣᠨ ᠪᠦᠷᠢ  ᠳᠤ 1 ᠲᠥᠭᠦᠷᠢᠭ᠂ ᠳᠥᠷᠪᠡᠳᠦᠭᠡᠷ ᠳᠡᠰ ᠵᠢᠴᠢ ᠲᠠᠪᠤᠳᠤᠭᠠᠷ ᠳᠡᠰ  ᠤᠨ ᠦᠯᠡᠳᠡᠭᠳᠡᠯ ᠬᠦᠳᠡᠷ  ᠤᠨ ᠬᠥᠮᠥᠷᠭᠡ ᠶᠢ ᠲᠣᠨ ᠪᠦᠷᠢ  ᠳᠤ 1%5 ᠲᠥᠭᠦᠷᠢᠭ ᠪᠠᠶᠢᠯᠭᠠᠨ᠎ᠠ᠃      ᠠᠷᠪᠠᠨ ᠬᠤᠶᠠᠳᠤᠭᠠᠷ ᠵᠦᠢᠯ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢ ᠨᠡᠭᠡᠭᠡᠨ ᠮᠠᠯᠲᠠᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶ ᠪᠣᠯᠤᠨ ᠬᠦᠨᠳᠦ ᠶᠡᠭᠡ ᠡ᠊ᠨᠳᠡᠯ  ᠤᠨ ᠪᠣᠯᠵᠣᠰᠢ ᠦᠭᠡᠢ ᠠᠶᠤᠯ ᠡᠷᠡᠰᠳᠡᠯ  ᠢ ᠵᠠᠰᠠᠬᠤ ᠵᠠᠷᠤᠯᠭ᠎ᠠ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ᠃ ᠡᠭᠦᠨ ᠳᠤ ᠠᠭᠤᠷᠬᠠᠶ ᠶᠢᠨ ᠲᠣᠭᠤᠰᠣ ᠶᠢ ᠶᠡᠷᠦᠩᠬᠡᠶᠢᠯᠡᠨ ᠰᠡᠷᠭᠡᠶᠢᠯᠡᠬᠦ᠂ ᠭᠠᠯ ᠤᠨᠲᠠᠷᠠᠭᠠᠬᠤ ᠶᠢ ᠰᠡᠷᠭᠡᠶᠢᠯᠡᠬᠦ᠂ ᠤᠰᠤ᠂ ᠠᠶᠤᠯ ᠲᠠᠢ ᠬᠡᠢ ᠪᠡᠶᠡᠲᠦ ᠶᠢ ᠰᠡᠷᠭᠡᠶᠢᠯᠡᠨ ᠵᠠᠰᠠᠬᠤ᠂ ᠰᠠᠯᠬᠢ ᠨᠡᠪᠲᠡᠷᠡᠭᠦᠯᠬᠦ ᠰᠢᠰᠲ᠋ᠧᠮ᠂ ᠲᠤᠯᠭᠠᠭᠤᠷᠢᠯᠠᠨ ᠬᠠᠮᠠᠭᠠᠯᠠᠬᠤ ᠵᠢᠴᠢ ᠬᠠᠵᠠᠭᠤ ᠶᠢᠨ ᠬᠡᠰᠡᠭ ᠤᠨ ᠶᠡᠭᠦᠷᠡᠬᠦ ᠶᠢ ᠰᠡᠷᠭᠡᠶᠢᠯᠡᠨ ᠵᠠᠰᠠᠬᠤ᠂ ᠳᠡᠭᠡᠪᠦᠷ ᠤᠨ ᠬᠡᠰᠡᠭ ᠤᠨ ᠬᠠᠯᠬᠠᠪᠴᠢ ᠶᠢ ᠰᠡᠷᠭᠡᠶᠢᠯᠡᠬᠦ ᠲᠥᠬᠦᠭᠡᠷᠦᠮᠵᠢ᠂ ᠮᠠᠰᠢᠨ ᠴᠠᠬᠢᠯᠭᠠᠨ ᠤ ᠲᠥᠬᠦᠭᠡᠷᠦᠮᠵᠢ᠂ ᠴᠠᠬᠢᠯᠭᠠᠨ ᠬᠠᠩᠭᠠᠬᠤ ᠴᠠᠬᠢᠯᠭᠠᠨ ᠲᠦᠭᠡᠭᠡᠬᠦ ᠰᠢᠰᠲ᠋ᠧᠮ᠂ ᠲᠡᠭᠡᠭᠡᠪᠦᠷᠢᠯᠡᠬᠦ ︵ᠳᠡᠭᠡᠭᠰᠢᠯᠡᠭᠦᠯᠬᠦ︶ ᠰᠢᠰᠲ᠋ᠧᠮ ᠪᠠ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ᠵᠢᠴᠢ ᠭᠠᠵᠠᠷ ᠤᠨ ᠳᠠᠷᠤᠯᠲᠠ ᠶᠢ ᠬᠢᠨᠠᠨ ᠬᠡᠮᠵᠢᠵᠦ ᠬᠢᠨᠠᠨ ᠡᠵᠡᠮᠳᠡᠬᠦ᠂ ᠵᠠᠳᠠᠭᠠᠶ ᠠᠭᠤᠷᠬᠠᠶ ᠶᠢᠨ ᠬᠠᠵᠠᠭᠤ ᠶᠢᠨ ᠬᠠᠵᠠᠭᠤ ᠶᠢᠨ ᠵᠠᠰᠠᠯᠲᠠ ᠶᠢ ᠬᠡᠷᠡᠭᠵᠢᠭᠦᠯᠬᠦ ᠵᠡᠷᠭᠡ ᠵᠠᠷᠤᠯᠭ᠎ᠠ ᠪᠠᠭᠲᠠᠨ᠎ᠠ︔       ︵ᠬᠤᠶᠠᠷ︶ ᠨᠡᠭᠦᠷᠡᠰᠦᠨ  ᠤ ᠪᠤᠰᠤ ᠠᠭᠤᠷᠬᠠᠶ ᠶᠢ ᠬᠢᠨᠠᠨ ᠬᠡᠮᠵᠢᠵᠦ ᠬᠢᠨᠠᠨ ᠡᠵᠡᠮᠳᠡᠬᠦ᠂ ᠠᠵᠢᠯᠳᠠᠨ  ᠤ ᠣᠷᠣᠨ ᠪᠠᠶᠢᠷᠢ ᠶᠢ ᠬᠢᠨᠠᠨ ᠬᠡᠮᠵᠢᠬᠦ᠂ ᠠᠶᠤᠯ ᠠᠴᠠ ᠪᠠᠴᠢᠮ ᠵᠠᠶᠢᠯᠠᠭᠤᠯᠬᠤ᠂ ᠰᠠᠯᠬᠢ ᠶᠢ ᠳᠠᠷᠤᠵᠤ ᠥᠪᠡᠷ ᠢ ᠪᠠᠨ ᠠᠪᠤᠷᠠᠬᠤ᠂ ᠤᠰᠤ ᠬᠠᠩᠭᠠᠵᠤ ᠠᠪᠤᠷᠠᠬᠤ ᠪᠠ ᠴᠢᠮᠡᠭᠡ ᠬᠤᠯᠪᠣᠭ᠎ᠠ ᠬᠠᠷᠢᠯᠴᠠᠬᠤ ᠵᠡᠷᠭᠡ ᠠᠶᠤᠯᠭᠦᠶ ᠶᠢᠨ ᠠᠶᠤᠯ ᠠᠴᠠ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠵᠠᠷᠤᠯᠭ᠎ᠠ ᠶᠢ ᠲᠡᠭᠦᠯᠳᠡᠷᠵᠢᠭᠦᠯᠬᠦ᠃ ᠦᠯᠡᠳᠡᠭᠳᠡᠯ ᠬᠦᠳᠡᠷ ᠤᠨ ᠬᠥᠮᠥᠷᠭᠡ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠤᠨ ᠵᠠᠷᠤᠯᠭ᠎ᠠ ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ᠂ ᠪᠡᠯᠡᠳᠬᠡᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠠᠳᠡᠯ ᠠᠴᠠ ᠠᠮᠢ ᠵᠢᠭᠤᠲᠠᠬᠤ ᠪᠠ ᠠᠶᠤᠯ ᠠᠴᠠ ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ ᠶᠢ ᠲᠡᠭᠦᠯᠳᠡᠷᠵᠢᠭᠦᠯᠦᠨ᠎ᠡ︔       ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠮᠠᠰᠢᠨᠴᠢᠯᠠᠯᠲᠠ᠂ ᠤᠶᠤᠨᠴᠢᠯᠠᠯᠳᠠ ᠶᠢᠨ ᠪᠠᠶᠢᠭᠤᠯᠤᠯᠲᠠ᠂ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠤᠶᠤᠨᠴᠢᠯᠠᠭᠰᠠᠨ᠂ ᠮᠠᠰᠢᠨ ᠬᠥᠮᠦᠨ ᠵᠡᠷᠭᠡ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠦᠯᠡᠳᠡᠭᠳᠡᠯ ᠬᠦᠳᠡᠷ ᠤᠨ ᠬᠥᠮᠥᠷᠭᠡ ᠶᠢ ᠪᠢᠲᠡᠭᠦᠮᠵᠢᠯᠡᠬᠦ᠂ ᠬᠥᠮᠥᠷᠭᠡ ᠶᠢ ᠪᠣᠷᠣᠯᠠᠭᠤᠯᠬᠤ ᠵᠠᠷᠤᠳᠠᠯ ᠤᠨ ᠵᠠᠷᠤᠯᠭ᠎ᠠ︔       ︵ᠠᠷᠪᠠ︶ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠬᠦ ᠨᠢᠭᠡᠴᠢ ᠶᠢᠨ ᠬᠡᠭᠡᠷ᠎ᠡ ᠶᠢᠨ ᠪᠠᠴᠢᠮ ᠪᠠᠶᠢᠳᠠᠯ ᠢ ᠠᠷᠭᠠᠴᠠᠬᠤ ᠢᠳᠡᠭᠡᠨ᠂ ᠪᠠᠴᠢᠮ ᠪᠠᠶᠢᠳᠠᠯ ᠢ ᠠᠷᠭᠠᠴᠠᠬᠤ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ ᠤᠨ       ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠭᠤᠷᠪᠠᠳᠤᠭᠠᠷ ᠬᠡᠰᠡᠭᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠮᠠᠯᠲᠠᠬᠤ ᠠᠵᠤ ᠠᠬᠤᠶᠢᠯᠠᠯ      ᠠᠷᠪᠠᠨ ᠭᠤᠷᠪᠠᠳᠤᠭᠠᠷ ᠵᠦᠢᠯ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ︵ᠵᠠᠨᠠᠷ ᠤᠨ ᠲᠤᠰᠤ᠂ ᠵᠠᠨᠠᠷ ᠤᠨ ᠬᠡᠢ ᠪᠠᠭᠲᠠᠨ᠎ᠠ︶ ᠎ ᠶᠢ ᠨᠡᠭᠡᠭᠡᠨ ᠮᠠᠯᠲᠠᠬᠤ ᠭᠡᠳᠡᠭ ᠨᠢ ᠬᠠᠭᠤᠷᠠᠶ ᠳᠡᠭᠡᠷ᠎ᠡ ᠲᠤᠰᠤ ᠭᠠᠷᠭᠠᠬᠤ ︵ᠬᠡᠢ︶᠂ ᠳᠠᠯᠠᠢ ᠳᠡᠭᠡᠷ᠎ᠡ ᠲᠤᠰᠤ ᠭᠠᠷᠭᠠᠬᠤ ︵ᠬᠡᠢ︶᠂ ᠬᠤᠳᠳᠤᠭ ᠥᠷᠥᠮᠳᠡᠬᠦ᠂ ᠹᠢᠽᠢᠺ ᠤᠨ ᠬᠠᠶᠢᠯᠲᠠ᠂ ᠬᠤᠳᠳᠤᠭ ᠬᠡᠮᠵᠢᠬᠦ᠂ ᠬᠤᠳᠳᠤᠭ ᠰᠢᠩᠭᠡᠭᠡᠬᠦ᠂ ᠬᠤᠳᠳᠤᠭ ᠳᠣᠲᠣᠷ᠎ᠠ ᠠᠵᠢᠯᠯᠠᠬᠤ᠂ ᠴᠢᠯᠠᠭᠤᠨ ᠲᠤᠰᠤᠨ ᠤ ᠪᠦᠳᠦᠭᠡᠨ ᠪᠠᠶᠢᠭᠤᠯᠤᠯᠲᠠ᠂ ᠲᠠᠯᠠᠢ ᠶᠢᠨ ᠲᠤᠰᠤᠨ ᠤ ᠪᠠᠷᠢᠯᠭ᠎ᠠ ᠵᠡᠷᠭᠡ ᠠᠵᠢᠯᠯᠠᠭ᠎ᠠ ᠶᠢ ᠵᠢᠭᠠᠵᠤ ᠪᠠᠶᠢᠨ᠎ᠠ᠃      ᠨᠡᠭᠦᠷᠡᠰᠦᠨ ᠳᠠᠪᠬᠤᠷᠭ᠎ᠠ ᠶᠢᠨ ᠬᠡᠶ ︵ᠭᠠᠵᠠᠷ ᠳᠡᠭᠡᠷᠡᠬᠢ ᠨᠡᠭᠡᠭᠡᠨ ᠮᠠᠯᠲᠠᠬᠤ︶ ᠎ ᠶᠢᠨ ᠠᠵᠤ ᠠᠬᠤᠶᠢᠯᠠᠯ ᠨᠢ ᠬᠠᠭᠤᠷᠠᠶ ᠳᠡᠭᠡᠷᠡᠬᠢ ᠲᠣᠰᠣ ︵ᠬᠡᠶ︶ ᠎ ᠶᠢᠨ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠠᠷᠪᠠᠨ ᠳᠥᠷᠪᠡᠳᠦᠭᠡᠷ ᠵᠦᠢᠯ ᠬᠠᠭᠤᠷᠠᠶ ᠳᠡᠭᠡᠷ᠎ᠡ ᠲᠤᠰᠤ ᠭᠠᠷᠭᠠᠬᠤ ︵ᠬᠡᠢ︶᠂ ᠲᠠᠯᠠᠢ ᠳᠡᠭᠡᠷ᠎ᠡ ᠲᠤᠰᠤ ᠭᠠᠷᠭᠠᠬᠤ ︵ᠬᠡᠢ︶ ᠠᠵᠤ ᠠᠬᠤᠶᠢᠯᠠᠯ ᠤᠳ ᠲᠤᠰ ᠰᠠᠷ᠎ᠠ ᠳᠤ ᠨᠡᠭᠡᠭᠡᠨ ᠮᠠᠯᠲᠠᠭᠰᠠᠨ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ ᠪᠠᠨ ᠦᠨᠳᠦᠰᠦᠯᠡᠨ᠂ ᠰᠠᠷ᠎ᠠ ᠶᠢᠨ ᠡᠴᠦᠰ ᠲᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠨ᠎ᠠ᠃ ᠡᠭᠦᠨ ᠳᠤ ᠲᠣᠨ ᠪᠦᠷᠢ ᠶᠢᠨ ᠲᠦᠭᠦᠬᠡᠶ ᠴᠢᠯᠠᠭᠤᠨ ᠲᠣᠰᠣ 20 ᠲᠥᠭᠦᠷᠢᠭ᠂ ᠮᠢᠩᠭᠠᠨ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠲᠦᠭᠦᠬᠡᠶ ᠬᠡᠢ ᠶᠢ 7.5 ᠲᠥᠭᠦᠷᠢᠭ ᠪᠣᠯᠭᠠᠨ᠎ᠠ᠃      ᠬᠤᠳᠳᠤᠭ ᠥᠷᠥᠮᠳᠡᠬᠦ᠂ ᠪᠣᠳᠠᠰ  ᠤᠨ ᠬᠠᠶᠢᠯᠲᠠ᠂ ᠬᠤᠳᠳᠤᠭ ᠬᠡᠮᠵᠢᠬᠦ᠂ ᠰᠢᠩᠭᠡᠭᠡᠯᠲᠡ ᠶᠢᠨ ᠬᠤᠳᠳᠤᠭ᠂ ᠬᠤᠳᠳᠤᠭ  ᠤᠨ ᠳᠣᠲᠣᠷ᠎ᠠ ᠠᠵᠢᠯᠯᠠᠬᠤ᠂ ᠲᠤᠰᠤᠨ  ᠤ ᠪᠠᠷᠢᠯᠭ᠎ᠠ᠂ ᠲᠠᠯᠠᠢ ᠶᠢᠨ ᠲᠤᠰᠤᠨ  ᠤ ᠪᠠᠷᠢᠯᠭ᠎ᠠ ᠵᠡᠷᠭᠡ ᠠᠵᠤ ᠠᠬᠤᠶᠢᠯᠠᠯ  ᠤᠳ ᠲᠥᠷᠥᠯ ᠵᠦᠢᠯ ᠪᠤᠶᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠳᠣᠲᠣᠷᠠᠬᠢ ᠰᠢᠭᠤᠳ ᠪᠠᠷᠢᠯᠭ᠎ᠠ ᠶᠢᠨ ᠥᠪᠡᠷ  ᠤᠨ ᠥᠷᠳᠡᠭ  ᠤᠨ 2% ᠎ ᠤᠨ ᠶᠣᠰᠣᠭᠠᠷ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠰᠠᠷ᠎ᠠ ᠳᠠᠷᠠᠭᠠᠯᠠᠨ ᠭᠠᠷᠭᠠᠨ ᠠᠪᠬᠤ ᠬᠡᠷᠡᠭᠲᠡᠶ᠃ ᠪᠠᠷᠢᠯᠭ᠎ᠠ ᠳᠠᠭᠠᠭᠠᠴᠢᠯᠠᠭᠤᠯᠬᠤ ᠨᠢᠭᠡᠴᠢ ᠨᠢ ᠭᠡᠷ᠎ᠡ ᠳᠡᠭᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠲᠤᠰᠠᠭᠠᠷ ᠪᠣᠯᠵᠣᠨ ᠲᠣᠭᠲᠠᠬᠤ ᠶᠢᠨ ᠬᠠᠮᠲᠤ ᠴᠠᠭ ᠲᠤᠬᠠᠶ ᠳᠤᠨᠢ ᠪᠠᠷᠢᠯᠭ᠎ᠠ ᠳᠠᠭᠠᠭᠠᠴᠢᠯᠠᠬᠤ ᠨᠢᠭᠡᠴᠢ ᠳᠤ ᠥᠭᠬᠦ ᠬᠡᠷᠡᠭᠲᠡᠶ᠃      ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠨᠡᠭᠡᠭᠡᠨ ᠮᠠᠯᠲᠠᠬᠤ ᠠᠵᠤ ᠠᠬᠤᠶᠢᠯᠠᠯ ᠤᠨ ᠨᠥᠭᠡᠴᠡ ᠲᠣᠰᠣ ᠶᠢ ᠭᠠᠵᠠᠷ ᠳᠣᠤᠷᠠᠬᠢ ᠬᠡᠶ ᠬᠠᠳᠠᠭᠠᠯᠠᠬᠤ ᠬᠥᠮᠥᠷᠭᠡ ᠨᠢ ᠠᠶᠤᠯᠲᠠᠶ ᠪᠣᠳᠠᠰ ᠢ ᠬᠠᠳᠠᠭᠠᠯᠠᠬᠤ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃      ᠠᠷᠪᠠᠨ ᠲᠠᠪᠤᠳᠤᠭᠠᠷ ᠵᠦᠢᠯ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠨᠡᠭᠡᠭᠡᠨ ᠮᠠᠯᠲᠠᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ ᠲᠤᠰᠤ ᠭᠡᠢ ᠶᠢᠨ ᠬᠤᠳᠳᠤᠭ ︵ᠲᠠᠯᠠᠪᠤᠷ︶᠂ ᠬᠤᠭᠤᠯᠠᠶ᠂ ᠦᠷᠳᠡᠭᠡ ᠲᠠᠯᠠᠪᠤᠷ᠂ ᠲᠠᠯᠠᠢ ᠲᠠᠩᠭᠢᠰ ᠤᠨ ᠴᠢᠯᠠᠭᠤᠨ ᠲᠤᠰᠤᠨ ᠤ ᠦᠢᠯᠡᠳᠪᠦᠷᠢᠯᠡᠯ ᠤᠨ ᠲᠥᠬᠦᠭᠡᠷᠦᠮᠵᠢ᠂ ᠠᠵᠢᠯᠯᠠᠬᠤ ᠲᠥᠬᠦᠭᠡᠷᠦᠮᠵᠢ ᠵᠡᠷᠭᠡ ᠲᠤᠨᠤᠭ ᠲᠥᠬᠦᠭᠡᠷᠦᠮᠵᠢ ᠶᠢ ᠬᠢᠨᠠᠨ ᠬᠡᠮᠵᠢᠬᠦ᠂ ᠬᠢᠨᠠᠨ ᠡᠵᠡᠮᠳᠡᠬᠦ᠂ ᠬᠤᠳᠳᠤᠭ ᠤᠨ ᠰᠦᠷᠴᠢᠯᠲᠡ ᠶᠢ ᠰᠡᠷᠭᠡᠶᠢᠯᠡᠬᠦ᠂ ᠭᠠᠯ ᠤᠨᠲᠠᠷᠠᠭᠠᠬᠤ ᠶᠢ ᠰᠡᠷᠭᠡᠶᠢᠯᠡᠬᠦ᠂ ᠨᠤᠷᠠᠬᠤ ᠶᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠭᠤᠭᠤᠵᠢᠬᠤ ᠶᠢ ᠰᠡᠷᠭᠡᠶᠢᠯᠡᠬᠦ᠂ ᠢᠯᠵᠢᠷᠡᠬᠦ ᠶᠢ ᠰᠡᠷᠭᠡᠶᠢᠯᠡᠬᠦ᠂ ᠨᠤᠷᠠᠬᠤ ᠶᠢ ᠰᠡᠷᠭᠡᠶᠢᠯᠡᠬᠦ᠂ ᠬᠦᠪᠦᠨ ᠰᠢᠯᠵᠢᠬᠦ ᠶᠢ ᠰᠡᠷᠭᠡᠶᠢᠯᠡᠬᠦ᠂ ᠠᠶᠤᠩᠭ᠎ᠠ ᠶᠢ ᠰᠡᠷᠭᠡᠶᠢᠯᠡᠬᠦ᠂ ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠲᠠᠶᠢᠹᠤᠩ ᠰᠠᠯᠬᠢ ᠶᠢ ᠰᠡᠷᠭᠡᠶᠢᠯᠡᠬᠦ᠂ ᠬᠤᠣᠷᠳᠠᠭᠳᠠᠬᠤ ᠶᠢ ᠰᠡᠷᠭᠡᠶᠢᠯᠡᠬᠦ᠂ ᠤᠨᠠᠵᠤ ᠤᠨᠠᠬᠤ ᠶᠢ ᠰᠡᠷᠭᠡᠶᠢᠯᠡᠬᠦ ᠵᠡᠷᠭᠡ ᠲᠤᠨᠤᠭ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠠᠳᠡᠯ ᠠᠴᠠ ᠠᠮᠢ ᠵᠢᠭᠤᠲᠠᠬᠤ ᠪᠠ ᠠᠶᠤᠯ ᠎ ᠠᠴᠠ ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔       ︵ᠭᠤᠷᠪᠠ︶ ᠬᠦᠨᠳᠦ ᠶᠡᠭᠡ ᠠᠶᠤᠯ  ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ ᠎ ᠤᠨ ᠪᠣᠯᠵᠣᠰᠢ ᠦᠭᠡᠢ ᠠᠶᠤᠯ ᠡᠷᠡᠰᠳᠡᠯ  ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯᠭᠦᠶ ᠦᠢᠯᠡᠳᠪᠦᠷᠢᠯᠡᠯ  ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ ᠲᠡᠭᠡᠭᠡᠪᠦᠷᠢ ᠪᠠ ᠡᠩᠭᠡ ᠲᠠᠶᠢᠪᠤᠩ  ᠢ ᠬᠠᠮᠠᠭᠠᠯᠠᠬᠤ ᠰᠦᠯᠵᠢᠶᠡᠨ  ᠤ ᠠᠮᠤᠷ ᠲᠦᠪᠰᠢᠨ  ᠤ ᠵᠠᠷᠤᠯᠭ᠎ᠠ ᠶᠢ ᠥᠷᠨᠢᠭᠦᠯᠦᠨ᠎ᠡ᠃       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠬᠡᠭᠡᠷ᠎ᠡ ᠭᠠᠳᠠᠨ᠎ᠠ ᠪᠤᠶᠤ ᠳᠠᠯᠠᠢ ᠳᠡᠭᠡᠷ᠎ᠡ ᠠᠵᠢᠯᠯᠠᠬᠤ ᠪᠠᠴᠢᠮ ᠪᠠᠶᠢᠳᠠᠯ ᠢ ᠠᠷᠭᠠᠴᠠᠬᠤ ᠢᠳᠡᠭᠡᠨ᠂ ᠪᠠᠴᠢᠮ ᠪᠠᠶᠢᠳᠠᠯ ᠢ ᠠᠷᠭᠠᠴᠠᠬᠤ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ ᠤᠨ ᠵᠠᠷᠤᠯᠭ᠎ᠠ       ︵ᠠᠷᠪᠠ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠳᠥᠷᠪᠡᠳᠦᠭᠡᠷ ᠬᠡᠰᠡᠭ ᠪᠦ᠋ᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠭᠦᠢᠴᠡᠳᠬᠡᠬᠦ ᠠᠵᠤ ᠠᠬᠤᠶᠢᠯᠠᠯ      ᠠᠷᠪᠠᠨ ᠵᠢᠷᠭᠤᠳᠤᠭᠠᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠭᠡᠳᠡᠭ ᠪᠣᠯ ᠰᠢᠨ᠎ᠡ ᠪᠠᠷ ᠪᠠᠶᠢᠭᠤᠯᠬᠤ ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠶᠢ ᠪᠠᠭᠲᠠᠭᠠᠭᠰᠠᠨ ᠰᠢᠷᠣᠶ ᠮᠣᠳᠣᠨ ᠤ ᠪᠠᠷᠢᠯᠭ᠎ᠠ᠂ ᠪᠠᠷᠢᠯᠭ᠎ᠠ ᠶᠢᠨ ᠠᠵᠢᠯ᠂ ᠤᠲᠠᠰᠤ ᠳᠠᠮᠵᠢᠭᠤᠯᠬᠤ ᠬᠤᠭᠤᠯᠠᠶ ᠪᠠ ᠲᠤᠨᠤᠬ ᠲᠥᠬᠦᠭᠡᠷᠦᠮᠵᠢ ᠶᠢ ᠤᠭᠰᠠᠷᠠᠬᠤ ᠵᠢᠴᠢ ᠵᠠᠰᠠᠵᠤ ᠴᠢᠮᠡᠭᠯᠡᠬᠦ ᠪᠠᠷᠢᠯᠭ᠎ᠠ ᠶᠢ ᠬᠡᠯᠡᠵᠦ ᠪᠠᠶᠢᠨ᠎ᠠ᠃      ᠬᠤᠳᠳᠤᠭ ᠤᠨ ᠪᠠᠷᠢᠯᠭ᠎ᠠ᠂ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠠᠷᠪᠠᠨ ᠳᠣᠯᠣᠳᠤᠭᠠᠷ ᠵᠦᠢᠯ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠤᠭᠰᠠᠷᠠᠭᠤᠯᠬᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠪᠠᠷ ᠦᠨᠳᠦᠰᠦᠯᠡᠯ ᠪᠣᠯᠭᠠᠨ᠂ ᠰᠠᠷ᠎ᠠ ᠶᠢᠨ ᠡᠴᠦᠰ ᠲᠤ ᠪᠠᠷᠢᠯᠭ᠎ᠠ ᠶᠢᠨ ᠠᠬᠢᠴᠠ ᠪᠠᠷ ᠪᠤᠳᠤᠵᠤ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ ᠎ ᠤᠨ ᠵᠠᠷᠤᠳᠠᠯ  ᠢ ᠭᠠᠷᠭᠠᠨ ᠠᠪᠬᠤ ᠬᠡᠷᠡᠭᠲᠡᠶ᠃ ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄       ︵ᠨᠢᠭᠡ︶ ᠠᠭᠤᠷᠬᠠᠶ ᠶᠢᠨ ᠪᠠᠷᠢᠯᠭ᠎ᠠ 3.5%︔       ︵ᠬᠤᠶᠠᠷ︶ ᠲᠡᠮᠦᠷ ᠵᠡᠮ ᠤᠨ ᠪᠠᠷᠢᠯᠭ᠎ᠠ᠂ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ᠂ ᠬᠤᠳᠠ ᠶᠢᠨ ᠲᠡᠮᠦᠷ ᠵᠡᠮ ᠤᠨ ᠵᠡᠮ ᠬᠠᠷᠢᠯᠴᠠᠭᠠᠨ ᠤ ᠪᠠᠷᠢᠯᠭ᠎ᠠ ᠶᠢᠨ 3%︔       ︵ᠭᠤᠷᠪᠠ︶ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ᠂ ᠴᠠᠬᠢᠯᠭᠠᠨ ᠬᠦᠴᠦᠨ ᠤ ᠪᠠᠷᠢᠯᠭ᠎ᠠ ᠶᠢᠨ 2.5%︔       ︵ᠲᠦᠷᠪᠡ︶ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ᠂ ᠮᠠᠰᠢᠨ ᠴᠠᠬᠢᠯᠭᠠᠨ ᠤᠭᠰᠠᠷᠠᠬᠤ ᠢᠨᠵᠧᠨᠧᠷᠢᠩ ᠂ ᠬᠢᠮᠢ ᠶᠢᠨ ᠠᠵᠤ ᠦᠢᠯᠡᠳᠪᠦᠷᠢ ᠶᠢᠨ ᠴᠢᠯᠠᠭᠤᠨ ᠲᠤᠰᠤᠨ ᠤ ᠢᠨᠵᠧᠨᠧᠷᠢᠩ᠂ ᠮᠡᠳᠡᠭᠡ ᠬᠤᠯᠪᠣᠭᠠᠨ ᠤ ᠢᠨᠵᠧᠨᠧᠷᠢᠩ2%︔       ︵ᠲᠠᠪᠤ︶ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ᠂ ᠭᠠᠷᠠᠮ ᠬᠢᠭᠡᠳ ᠤᠰᠤᠨ ᠵᠠᠮ ᠤᠨ ᠢᠨᠵᠧᠨᠧᠷᠢᠩ᠂ ᠵᠠᠰᠠᠮᠠᠯ ᠵᠠᠮ ᠤᠨ ᠢᠨᠵᠧᠨᠧᠷᠢᠩ 1.5%᠃      ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠳᠠᠭᠠᠭᠠᠴᠢᠯᠠᠯᠲᠠ ᠬᠦᠯᠢᠶᠡᠬᠦ ᠦᠨ᠎ᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠠᠭᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠪᠠᠭᠲᠠᠭᠠᠬᠤ ᠶᠢᠨ ᠬᠠᠮᠲᠤ ᠠᠰ ᠲᠤᠨᠢ ᠵᠢᠭᠰᠠᠭᠠᠬᠤ ᠬᠡᠷᠡᠭᠲᠡᠶ᠂ ᠳᠠᠭᠠᠭᠠᠴᠢᠯᠠᠯᠲᠠ ᠥᠷᠢᠰᠥᠯᠳᠦᠬᠦ ᠦᠶ᠎ᠡ ᠳᠤ ᠬᠠᠰᠤᠵᠤ ᠬᠠᠰᠤᠵᠤ ᠪᠣᠯᠬᠤ ᠦᠭᠡᠢ᠃ ᠤᠯᠤᠰ ᠠᠴᠠ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠢᠮᠣ ᠲᠥᠰᠦᠪ ᠤᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠶᠯ ᠳᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠭᠡᠷ᠎ᠡ ᠲᠣᠭᠲᠠᠭᠰᠠᠨ ᠪᠠᠶᠢᠪᠠᠯ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠤᠤᠯ ᠤᠨ ᠲᠣᠭᠲᠠᠭᠠᠯ ᠶᠣᠰᠣᠭᠠᠷ ᠭᠠᠷᠭᠠᠨ ᠠᠪᠬᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ᠠᠷᠪᠠᠨ ᠨᠠᠢᠮᠠᠳᠤᠭᠠᠷ ᠵᠦᠢᠯ ᠪᠦᠳᠦᠭᠡᠠ ᠪᠠᠶᠢᠭᠤᠯᠬᠤ ᠨᠢᠭᠡᠴᠢ ᠨᠢ ᠭᠡᠷ᠎ᠡ ᠳᠡᠭᠡᠨ ᠪᠠᠷᠢᠯᠭ᠎ᠠ ᠶᠢᠨ ᠠᠵᠢᠯ ᠡᠬᠢᠯᠡᠭᠰᠡᠨ ᠡᠳᠦᠷ ᠲᠤ ᠨᠢᠭᠡ ᠰᠠᠷ᠎ᠠ ᠶᠢᠨ ᠳᠣᠲᠣᠷ᠎ᠠ ᠳᠠᠭᠠᠭᠠᠴᠢᠯᠠᠭᠰᠠᠨ ᠨᠢᠭᠡᠴᠢ ᠳᠤ ᠠᠳᠠᠭ ᠲᠠᠭᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ 50%᠎ ᠪᠠᠷ ᠥᠭᠬᠦ ᠬᠡᠷᠡᠭᠲᠡᠶ ᠭᠡᠵᠦ ᠲᠤᠰᠠᠭᠠᠷ ᠪᠣᠯᠵᠣᠨ ᠲᠣᠭᠲᠠᠭᠠᠬᠤ ᠬᠡᠷᠡᠭᠲᠡᠶ᠃      ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠭᠡᠷ᠎ᠡ ᠳᠡᠭᠡᠨ ᠲᠤᠰᠠᠭᠠᠷ ᠪᠣᠯᠵᠣᠨ ᠲᠣᠭᠲᠠᠬᠤ ᠶᠢᠨ ᠬᠠᠮᠲᠤ ᠬᠤᠪᠢᠶᠠᠨ ᠳᠠᠭᠠᠭᠠᠴᠢᠯᠠᠭᠰᠠᠨ ᠪᠠᠷᠢᠯᠭ᠎ᠠ ᠶᠢᠨ ᠠᠵᠢᠯ ᠡᠬᠢᠯᠡᠭᠦᠯᠦᠭᠰᠡᠨ ᠡᠳᠦᠷ ᠠᠴᠠ ᠨᠢᠭᠡ ᠰᠠᠷ᠎ᠠ ᠶᠢᠨ ᠳᠣᠲᠣᠷ᠎ᠠ ᠠᠳᠠᠭ ᠲᠠᠭᠠᠨ 50%᠎ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠬᠤᠪᠢᠶᠠᠨ ᠳᠠᠭᠠᠭᠠᠴᠢᠯᠠᠭᠰᠠᠨ ᠨᠢᠭᠡᠴᠢ ᠳᠤ ᠰᠢᠭᠤᠳ ᠥᠭᠬᠦ ᠶᠢᠨ ᠬᠠᠮᠲᠤ ᠲᠡᠭᠦᠨ ᠢ ᠬᠢᠨᠠᠨ ᠬᠡᠷᠡᠭᠯᠡᠵᠦ ᠪᠣᠯᠤᠨ᠎ᠠ᠂ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠲᠠᠬᠢᠵᠤ ᠳᠠᠪᠬᠤᠷᠳᠠᠭᠤᠯᠤᠨ ᠭᠠᠷᠭᠠᠵᠤ ᠠᠪᠬᠤ ᠦᠭᠡᠢ᠃      ᠪᠠᠷᠢᠯᠭ᠎ᠠ ᠶᠢᠨ ᠠᠵᠢᠯ ᠳᠠᠭᠤᠰᠤᠭᠰᠠᠨ ᠲᠥᠰᠦᠪ ᠤᠨ ᠭᠦᠢᠴᠡᠳᠬᠡᠯ ᠤᠨ ᠳᠠᠷᠠᠭ᠎ᠠ ᠦᠯᠡᠳᠡᠭᠰᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠪᠦᠳᠦᠭᠡᠨ ᠪᠠᠶᠢᠭᠤᠯᠬᠤ ᠨᠢᠭᠡᠴᠢ ᠳᠤ ᠪᠤᠴᠠᠭᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠲᠦᠷ ᠴᠠᠭ ᠴᠠᠬᠢᠯᠭᠠᠨ ᠬᠡᠷᠡᠭᠯᠡᠬᠦ ᠰᠢᠰᠲ᠋ᠧᠮ᠂ ᠠᠭᠤᠶ ᠶᠢᠨ ᠠᠮᠠᠰᠠᠷ ᠪᠤᠶᠤ ᠬᠠᠵᠠᠭᠤ ᠶᠢᠨ ᠬᠠᠮᠠᠭᠠᠯᠠᠯᠲᠠ᠂ ᠥᠨᠳᠥᠷ ᠭᠠᠵᠠᠷ ᠲᠤ ᠠᠵᠢᠯᠯᠠᠬᠤ ᠪᠤᠶᠤ ᠰᠣᠯᠪᠢᠴᠠᠨ ᠠᠵᠢᠯᠯᠠᠬᠤ ᠶᠢᠨ ᠬᠠᠮᠠᠭᠠᠯᠠᠯᠲᠠ᠂ ᠲᠦᠷ ᠴᠠᠭ ᠤᠨ ᠠᠶᠤᠯᠭᠦᠶ ᠶᠢᠨ ᠬᠠᠮᠠᠭᠠᠯᠠᠯᠲᠠ᠂ ᠲᠤᠯᠭᠠᠭᠤᠷᠢᠯᠠᠨ ᠬᠠᠮᠠᠭᠠᠯᠠᠬᠤ ᠵᠢᠴᠢ ᠬᠠᠵᠠᠭᠤ ᠶᠢᠨ ᠨᠠᠯᠠᠤ ᠪᠠᠯ ᠢ ᠰᠡᠷᠭᠡᠶᠢᠯᠡᠨ ᠵᠠᠰᠠᠬᠤ᠂ ᠪᠠᠷᠢᠯᠭ᠎ᠠ ᠶᠢᠨ ᠬᠥᠨᠥᠭᠡᠯᠲᠡᠶ ᠬᠡᠢ ᠪᠡᠶᠡᠲᠦ ᠶᠢ ᠬᠢᠨᠠᠨ ᠬᠡᠮᠵᠢᠬᠦ ᠪᠠ ᠰᠠᠯᠬᠢ ᠨᠡᠪᠲᠡᠷᠡᠭᠦᠯᠬᠦ᠂ ᠠᠶᠤᠯᠭᠦᠶ ᠶᠢ ᠪᠠᠲᠤᠯᠠᠬᠤ ᠮᠠᠰᠢᠨ ᠲᠥᠬᠦᠭᠡᠷᠦᠮᠵᠢ᠂ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠶᠤᠩᠭ᠎ᠠ ᠶᠢ ᠰᠡᠷᠭᠡᠶᠢᠯᠡᠬᠦ᠂ ᠲᠠᠶᠢᠹᠤᠩ ᠰᠠᠯᠬᠢ ᠶᠢ ᠰᠡᠷᠭᠡᠶᠢᠯᠡᠬᠦ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠬᠦ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ᠂ ᠪᠡᠯᠡᠳᠬᠡᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠠᠳᠡᠯ ᠠᠴᠠ ᠠᠮᠢ ᠵᠢᠭᠤᠲᠠᠬᠤ ᠪᠠ ᠠᠶᠤᠯ ᠎ ᠠᠴᠠ ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔       ︵ᠭᠤᠷᠪᠠ︶ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠢᠨᠵᠧᠨᠧᠷᠢᠩ ᠤᠨ ᠲᠥᠷᠥᠯ ᠵᠦᠶᠯ ᠤᠨ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠡᠭᠡᠭᠡᠪᠦᠷᠢ ᠪᠠ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠲᠠᠪᠤᠳᠤᠭᠠᠷ ᠬᠡᠰᠡᠭ ᠡᠶᠤᠯᠲᠠᠶ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ      ᠬᠤᠷᠢᠳᠤᠭᠠᠷ ᠵᠦᠢᠯ ᠡᠶᠤᠯᠲᠠᠶ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠭᠡᠳᠡᠭ ᠨᠢ ᠵᠥᠪᠰᠢᠶᠡᠷᠡᠭᠦᠯᠦᠭᠡᠳ ᠤᠯᠤᠰ ᠤᠨ ᠪᠠᠷᠢᠮᠵᠢᠶ᠎ᠠ ᠳᠤ ᠣᠷᠣᠭᠤᠯᠤᠭᠰᠠᠨ ︽ᠠᠶᠤᠯᠲᠠᠶ ᠡᠳ᠋ ᠪᠠᠷᠠᠭ᠎ᠠ ᠶᠢᠨ ᠨᠡᠷᠡᠰ ᠤᠨ ᠬᠦᠰᠦᠨᠦᠭᠲᠦ︾ ︵GB12268︶᠂ ︽ᠠᠶᠤᠯᠲᠠᠶ ᠬᠢᠮᠢ ᠶᠢᠨ ᠵᠦᠢᠯ ᠤᠨ ᠭᠠᠷᠴᠠᠭ︾ ᠎ ᠲᠤ ᠣᠷᠣᠭᠤᠯᠤᠭᠰᠠᠨ ᠡᠳ᠋ ᠪᠣᠳᠠᠰ ᠵᠢᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠣᠷᠣᠭᠤᠯᠤᠭᠰᠠᠨ ᠠᠶᠤᠯᠲᠠᠶ ᠪᠣᠳᠠᠰ ᠢ ᠰᠢᠭᠤᠳ ᠦᠢᠯᠡᠳᠪᠦᠷᠢᠯᠡᠬᠦ ᠪᠠ ᠪᠥᠭᠡᠮᠨᠡᠷᠡᠭᠦᠯᠦᠨ ᠬᠠᠳᠠᠭᠠᠯᠠᠬᠤ ᠠᠵᠢᠯᠯᠠᠭ᠎ᠠ ︵ᠪᠣᠷᠣᠯᠠᠭᠤᠯᠬᠤ ᠪᠠ ᠬᠡᠷᠡᠭᠯᠡᠬᠦ ᠶᠢ ᠪᠠᠭᠲᠠᠭᠠᠬᠤ ᠦᠭᠡᠢ︶ ᠎ ᠶᠢ ᠥᠷᠨᠢᠭᠦᠯᠬᠦ ᠶᠢ ᠵᠢᠭᠠᠵᠤ ᠪᠠᠶᠢᠨ᠎ᠠ᠃      ᠠᠶᠤᠯᠲᠠᠶ ᠪᠣᠳᠠᠰ ᠢ ᠲᠡᠭᠡᠭᠡᠪᠦᠷᠢᠯᠡᠬᠦ ᠳᠤ ᠵᠢᠷᠭᠤᠳᠤᠭᠠᠷ ᠬᠡᠰᠡᠭ ᠤᠨ ᠲᠣᠭᠲᠠᠭᠠᠯ ᠢ ᠬᠡᠷᠡᠭᠯᠡᠨ᠎ᠡ᠃      ᠬᠤᠷᠢᠨ ᠨᠢᠭᠡᠳᠦᠭᠡᠷ ᠵᠦᠢᠯ ᠠᠶᠤᠯ ᠲᠠᠢ ᠪᠣᠳᠠᠰ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ  ᠤᠨ ᠳᠡᠭᠡᠷ᠎ᠡ ᠨᠢᠭᠡ ᠵᠢᠯ  ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ ᠠᠷᠭ᠎ᠠ ᠮᠠ⌶ᠢᠭ  ᠢ ᠠᠪᠴᠤ ᠪᠠᠶᠢᠭᠠᠳ ᠲᠤᠰ ᠵᠢᠯ  ᠤᠨ ᠪᠤᠳᠤᠵᠤ ᠠᠪᠬᠤ ᠶᠣᠰᠣᠲᠠᠶ ᠵᠣᠭᠤᠰ  ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄       ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 4.5%᠎ ᠪᠠᠷ ᠭᠠᠷᠭᠠᠨ ᠠᠪᠤᠨ᠎ᠠ︔       ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2.25%᠎ ᠪᠠᠷ ᠭᠠᠷᠭᠠᠵᠤ ᠠᠪᠤᠨ᠎ᠠ︔       ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.55%᠎ ᠪᠠᠷ ᠭᠠᠷᠭᠠᠵᠤ ᠠᠪᠤᠨ᠎ᠠ︔       ︵ᠲᠦᠷᠪᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ᠃      ᠬᠤᠷᠢᠨ ᠬᠤᠶᠠᠳᠤᠭᠠᠷ ᠵᠦᠢᠯ ᠡᠶᠤᠯᠲᠠᠢ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ ᠦᠢᠯᠡᠳᠪᠦᠷᠢ ᠶᠢᠨ ᠲᠠᠰᠤᠭ᠂ ᠬᠥᠮᠥᠷᠭᠡ᠂ ᠰᠠᠪᠠᠯᠠᠬᠤ ᠣᠷᠣᠨ ᠵᠡᠷᠭᠡ ᠠᠵᠢᠯ ᠤᠨ ᠲᠠᠯᠠᠪᠤᠷ ᠤᠨ ᠬᠢᠨᠠᠨ ᠡᠵᠡᠮᠳᠡᠬᠦ᠂ ᠬᠢᠨᠠᠨ ᠬᠡᠮᠵᠢᠬᠦ᠂ ᠰᠠᠯᠬᠢ ᠨᠡᠪᠲᠡᠷᠡᠭᠦᠯᠬᠦ᠂ ᠨᠡᠷᠡᠨ ᠳᠤ ᠰᠢᠷᠠᠭᠳᠠᠬᠤ ᠶᠢ ᠰᠡᠷᠭᠡᠶᠢᠯᠡᠬᠦ᠂ ᠳᠤᠯᠠᠭᠠᠨ ᠢ ᠲᠣᠬᠢᠷᠠᠭᠤᠯᠬᠤ᠂ ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ᠂ ᠳᠡᠯᠪᠡᠷᠡᠬᠦ ᠶᠢ ᠰᠡᠷᠭᠡᠶᠢᠯᠡᠬᠦ᠂ ᠳᠠᠷᠤᠯᠲᠠ ᠠᠯᠳᠠᠬᠤ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠷᠢᠭᠤᠳᠬᠠᠬᠤ᠂ ᠰᠠᠭᠠᠷᠮᠠᠭᠵᠢᠭᠤᠯᠬᠤ᠂ ᠴᠢᠭᠢᠭᠲᠦᠬᠦ ᠶᠢ ᠰᠡᠷᠭᠡᠶᠢᠯᠡᠬᠦ᠂ ᠠᠶᠤᠩᠭ᠎ᠠ ᠶᠢ ᠰᠡᠷᠭᠡᠶᠢᠯᠡᠬᠦ᠂ ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠢᠯᠵᠢᠷᠡᠬᠦ ᠶᠢ ᠰᠡᠷᠭᠡᠶᠢᠯᠡᠬᠦ᠂ ᠨᠡᠪᠴᠢᠵᠦ ᠭᠤᠭᠤᠵᠢᠬᠤ ᠶᠢ ᠰᠡᠷᠭᠡᠶᠢᠯᠡᠬᠦ᠂ ᠬᠠᠰᠢᠯᠭ᠎ᠠ ᠬᠠᠰᠢᠯᠭ᠎ᠠ ᠶᠢ ᠬᠠᠮᠠᠭᠠᠯᠠᠬᠤ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔       ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ ᠦᠶᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠡᠷᠭᠡ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠵᠢᠷᠭᠤᠳᠤᠭᠠᠷ ᠬᠡᠰᠡᠭ ᠵᠠᠮ ᠲᠡᠭᠡᠭᠡᠪᠦᠷᠢ ᠶᠢᠨ ᠠᠵᠤ ᠠᠬᠤᠶᠢᠯᠠᠯ      ᠬᠤᠷᠢᠨ ᠭᠤᠷᠪᠠᠳᠤᠭᠠᠷ ᠵᠦᠢᠯ ᠵᠠᠮ ᠲᠡᠭᠡᠭᠡᠪᠦᠷᠢ ᠳᠤ ᠵᠠᠮ ᠲᠡᠭᠡᠭᠡᠪᠦᠷᠢ᠂ ᠲᠡᠮᠤᠷ ᠵᠠᠮ ᠤᠨ ᠲᠡᠭᠡᠭᠡᠪᠦᠷᠢ᠂ ᠬᠤᠳᠠ ᠶᠢᠨ ᠲᠡᠮᠤᠷ ᠵᠠᠮ ᠤᠨ ᠵᠠᠮ ᠬᠠᠷᠢᠯᠴᠠᠭ᠎ᠠ᠂ ᠤᠰᠤᠨ ᠵᠠᠮ ᠤᠨ ᠲᠡᠭᠡᠭᠡᠪᠦᠷᠢ᠂ ᠳᠠᠮᠵᠢᠭᠤᠯᠬᠤ ᠬᠤᠭᠤᠯᠠᠶ ᠶᠢᠨ ᠲᠡᠭᠡᠭᠡᠪᠦᠷᠢ ᠪᠠᠭᠲᠠᠨ᠎ᠠ᠃      ᠵᠠᠮ ᠲᠡᠭᠡᠭᠡᠪᠦᠷᠢ ᠭᠡᠳᠡᠭ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ᠎ ᠳᠤ ᠲᠣᠭᠲᠠᠭᠠᠭᠰᠠᠨ ᠵᠠᠮ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠪᠠ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠲᠡᠭᠡᠭᠡᠪᠦᠷᠢ ᠶᠢ ᠵᠢᠭᠠᠵᠤ ᠪᠠᠶᠢᠨ᠎ᠠ︔ ᠲᠡᠮᠦᠷ ᠵᠡᠮ ᠤᠨ ᠲᠡᠭᠡᠭᠡᠪᠦᠷᠢ ᠭᠡᠳᠡᠭ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠦᠷ ᠵᠡᠮ ᠤᠨ ᠬᠠᠤᠯᠢ︾ ᠎ ᠳᠤ ᠲᠣᠭᠲᠠᠭᠠᠭᠰᠠᠨ ᠲᠡᠮᠦᠷ ᠵᠡᠮ ᠤᠨ ᠠᠶᠠᠨᠴᠢᠳ ᠤᠨ ᠲᠡᠭᠡᠭᠡᠪᠦᠷᠢ ᠪᠠ ᠡᠳ᠋ ᠪᠠᠷᠠᠭᠠᠨ ᠤ ᠲᠡᠭᠡᠭᠡᠪᠦᠷᠢ ᠶᠢ ᠵᠢᠭᠠᠵᠤ ᠪᠠᠶᠢᠨ᠎ᠠ︔ ᠬᠤᠳᠠ ᠶᠢᠨ ᠵᠢᠮᠳᠤ ᠵᠠᠮ ᠬᠠᠷᠢᠯᠴᠠᠭ᠎ᠠ ᠭᠡᠳᠡᠭ ᠪᠣᠯ ᠲᠣᠭᠲᠠᠭᠠᠯ ᠶᠣᠰᠣᠭᠠᠷ ᠵᠥᠪᠰᠢᠶᠡᠷᠡᠨ ᠪᠠᠶᠢᠭᠤᠯᠤᠭᠰᠠᠨ᠂ ᠲᠤᠰᠬᠠᠶ ᠬᠡᠷᠡᠭᠯᠡᠭᠡᠨ ᠤ ᠵᠢᠮᠳᠤ ᠵᠠᠮ ᠢᠶᠠᠷ ᠤᠳᠤᠷᠢᠳᠤᠮᠵᠢ ᠪᠣᠯᠭᠠᠨ ᠠᠵᠢᠯᠯᠠᠭᠤᠯᠤᠭᠰᠠᠨ ᠬᠤᠳᠠ ᠶᠢᠨ ᠤᠯᠠᠨ ᠨᠡᠶᠢᠲᠡ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠰᠢᠰᠲ᠋ᠧᠮ ᠢ ᠵᠢᠭᠠᠵᠤ ᠪᠠᠶᠢᠨ᠎ᠠ᠂ ᠡᠭᠦᠨ ᠳᠤ ᠭᠠᠵᠠᠷ ᠳᠠᠷᠠᠭᠠᠬᠢ ᠲᠡᠮᠦᠷ ᠵᠠᠮ᠂ ᠬᠦᠡᠭᠭᠡᠨ ᠵᠢᠮᠳᠤ ᠵᠠᠮ᠂ ᠲᠠᠩ ᠵᠢᠮᠳᠤ ᠵᠠᠮ᠂ ᠵᠠᠮᠲᠤ ᠴᠠᠬᠢᠯᠭᠠᠨ ᠲᠡᠷᠭᠡ᠂ ᠰᠣᠷᠢᠨᠵᠢᠨ ᠬᠦᠪᠦᠭᠦᠯ᠂ ᠠᠦ᠋ᠲ᠋ᠣ᠋ ᠵᠠᠮᠴᠢᠯᠠᠯ ᠤᠨ ᠵᠢᠮᠳᠤ ᠵᠠᠮ᠂ ᠬᠤᠳᠠ ᠶᠢᠨ ᠬᠡᠪᠴᠢᠶᠡᠨ ᠤ ᠲᠦᠷᠭᠡᠨ ᠬᠤᠷᠳᠤᠴᠠ ᠶᠢᠨ ᠵᠢᠮᠳᠤ ᠵᠠᠮ ᠤᠨ ᠰᠢᠰᠲ᠋ᠧᠮ ᠪᠠᠭᠲᠠᠨ᠎ᠠ︔ ᠤᠰᠤᠨ ᠵᠠᠮ ᠤᠨ ᠲᠡᠭᠡᠭᠡᠪᠦᠷᠢ ᠭᠡᠳᠡᠭ ᠨᠢ ᠲᠡᠭᠡᠭᠡᠪᠦᠷᠢ ᠶᠢᠨ ᠣᠩᠭᠤᠴᠠ ᠰᠠᠯ ᠢᠶᠠᠷ ᠪᠠᠭᠠᠵᠢ ᠪᠣᠯᠭᠠᠭᠰᠠᠨ ᠡᠵᠡᠩᠨᠡᠯᠲᠡ ᠶᠢᠨ ᠴᠢᠨᠠᠷᠲᠠᠶ ᠠᠶᠠᠨᠴᠢᠳ ᠪᠠ ᠡᠳ᠋ ᠪᠠᠷᠠᠭᠠᠨ ᠤ ᠲᠡᠭᠡᠭᠡᠪᠦᠷᠢ ᠵᠢᠴᠢ ᠭᠠᠷᠠᠮ ᠤᠨ ᠠᠴᠢᠶᠠᠯᠠᠵᠤ ᠪᠠᠭᠤᠯᠭᠠᠬᠤ᠂ ᠴᠢᠷᠭᠡᠦᠯ ᠣᠩᠭᠤᠴᠠ ᠪᠠᠷ ᠥᠩᠭᠡᠷᠡᠬᠦ᠂ ᠬᠥᠮᠥᠷᠭᠡᠯᠡᠨ ᠬᠠᠳᠠᠭᠠᠯᠠᠬᠤ ᠶᠢ ᠵᠢᠭᠠᠵᠤ ᠪᠠᠶᠢᠨ᠎ᠠ︔ ᠳᠠᠮᠵᠢᠭᠤᠯᠬᠤ ᠬᠤᠭᠤᠯᠠᠶ ᠶᠢᠨ ᠲᠡᠭᠡᠭᠡᠪᠦᠷᠢ ᠭᠡᠳᠡᠭ ᠨᠢ ᠳᠠᠮᠵᠢᠭᠤᠯᠬᠤ ᠬᠤᠭᠤᠯᠠᠶ ᠪᠠᠷ ᠪᠠᠭᠠᠵᠢ ᠪᠣᠯᠭᠠᠭᠰᠠᠨ ᠰᠢᠩᠭᠡᠨ ᠪᠡᠶᠡᠲᠦ ᠪᠠ ᠬᠡᠢ ᠪᠡᠶᠡᠲᠦ ᠡᠳ᠋ ᠪᠣᠳᠠᠰ ᠤᠨ ᠲᠡᠭᠡᠭᠡᠪᠦᠷᠢ ᠶᠢ ᠵᠢᠭᠠᠵᠤ ᠪᠠᠶᠢᠨ᠎ᠠ᠃      ᠬᠤᠷᠢᠨ ᠳᠥᠷᠪᠡᠳᠦᠭᠡᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠤᠰ ᠵᠢᠯ ᠤᠨ ᠪᠤᠳᠤᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄       ︵ᠨᠢᠭᠡ︶ ᠡᠩ ᠤᠨ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ 1%︔       ︵ᠬᠤᠶᠠᠷ︶ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ᠂ ᠳᠠᠮᠵᠢᠭᠤᠯᠬᠤ ᠬᠤᠭᠤᠯᠠᠶ ᠶᠢᠨ ᠲᠡᠭᠡᠭᠡᠪᠦᠷᠢ᠂ ᠠᠶᠤᠯ ᠲᠠᠢ ᠡᠳ᠋ ᠵᠡᠷᠭᠡ ᠣᠨᠴᠣᠭᠤᠶ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ 1.5%᠃      ᠬᠤᠷᠢᠨ ᠲᠠᠪᠤᠳᠤᠭᠠᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄       ︵ᠨᠢᠭᠡ︶ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠮᠤᠷ ᠲᠦᠪᠰᠢᠨ ᠤ ᠲᠥᠬᠦᠭᠡᠷᠦᠮᠵᠢ ᠶᠢ ᠪᠠᠭᠲᠠᠭᠠᠬᠤ ᠦᠭᠡᠢ︶᠂ ᠡᠭᠦᠨ ᠳᠤ ᠵᠠᠮ᠂ ᠤᠰᠤᠨ ᠵᠠᠮ᠂ ᠲᠡᠮᠦᠷ ᠵᠠᠮ᠂ ᠬᠤᠳᠠ ᠶᠢᠨ ᠵᠢᠮᠳᠤ ᠵᠠᠮ ᠬᠠᠷᠢᠯᠴᠠᠭ᠎ᠠ᠂ ᠳᠠᠮᠵᠢᠭᠤᠯᠬᠤ ᠬᠤᠭᠤᠯᠠᠶ ᠶᠢᠨ ᠲᠡᠭᠡᠭᠡᠪᠦᠷᠢ ᠶᠢᠨ ᠲᠥᠬᠦᠭᠡᠷᠦᠮᠵᠢ ᠲᠥᠬᠦᠭᠡᠷᠦᠮᠵᠢ ᠪᠠ ᠠᠴᠢᠶᠠᠯᠠᠵᠤ ᠪᠠᠭᠤᠯᠭᠠᠬᠤ ᠪᠠᠭᠠᠵᠢ ᠶᠢᠨ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ ᠬᠡᠮᠵᠢᠬᠦ ᠵᠢᠴᠢ ᠬᠠᠮᠠᠭᠠᠯᠠᠬᠤ ᠰᠢᠰᠲ᠋ᠧᠮ᠂ ᠲᠡᠭᠡᠭᠡᠪᠦᠷᠢ ᠶᠢᠨ ᠲᠥᠬᠦᠭᠡᠷᠦᠮᠵᠢ ᠲᠥᠬᠦᠭᠡᠷᠦᠮᠵᠢ ᠪᠠ ᠠᠴᠢᠶᠠᠯᠠᠵᠤ ᠪᠠᠭᠤᠯᠭᠠᠬᠤ ᠪᠠᠭᠠᠵᠢ ᠶᠢᠨ ᠲᠠᠭᠠᠯᠳᠠ ᠠᠮᠤᠷ ᠲᠦᠪᠰᠢᠨ ᠤ ᠲᠥᠬᠦᠭᠡᠷᠦᠮᠵᠢ ᠵᠡᠷᠭᠡ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠠᠶᠠᠯᠠᠨ ᠶᠠᠪᠤᠭᠰᠠᠨ ᠢ ᠲᠡᠮᠳᠡᠭᠯᠡᠬᠦ ᠴᠢᠳᠠᠮᠵᠢ ᠲᠠᠢ ᠲᠡᠷᠭᠡ ᠬᠥᠰᠬᠡ ᠶᠢᠨ ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠣᠨᠣᠭᠯᠠᠯ᠂ ᠣᠩᠭᠤᠴᠠ ᠰᠠᠯ ᠤᠨ ᠮᠡᠳᠡᠭᠡ ᠬᠤᠯᠪᠣᠭᠠᠨ ᠤ ᠠᠶᠠᠯᠠᠯ ᠵᠠᠯᠠᠬᠤ ᠣᠷᠣᠨ ᠪᠠᠶᠢᠷᠢ ᠲᠣᠭᠲᠠᠭᠠᠬᠤ ᠪᠠ ᠠᠦ᠋ᠲ᠋ᠣ᠋ ᠢᠯᠭᠠᠨ ᠲᠠᠨᠢᠬᠤ ᠰᠢᠰᠲ᠋ᠧᠮ᠂ ᠳᠠᠯᠠᠢ ᠶᠢᠨ ᠡᠯᠧᠺᠲᠷᠣᠨ ᠵᠢᠷᠤᠭ ᠵᠡᠷᠭᠡ ᠶᠢ ᠬᠤᠳᠠᠯᠳᠤᠨ ᠠᠪᠬᠤ᠂ ᠤᠭᠰᠠᠷᠠᠬᠤ ᠪᠠ ᠬᠡᠷᠡᠭᠯᠡᠬᠦ ᠵᠠᠷᠤᠯᠭ᠎ᠠ       ︵ᠭᠤᠷᠪᠠ︶ ᠲᠡᠮᠦᠷ ᠵᠠᠮ ᠪᠠ ᠬᠤᠳᠠ ᠶᠢᠨ ᠵᠢᠮᠳᠤ ᠵᠠᠮ ᠬᠠᠷᠢᠯᠴᠠᠭᠠᠨ ᠤ ᠭᠠᠮᠰᠢᠭ ᠢ ᠰᠡᠷᠭᠡᠶᠢᠯᠡᠬᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ ᠵᠢᠴᠢ ᠲᠡᠮᠦᠷ ᠵᠠᠮ ᠤᠨ ᠡᠷᠬᠢᠨ ᠲᠣᠭᠤᠷᠢᠨ ᠤ ᠲᠦᠷᠢᠮᠡᠬᠡᠶᠢᠯᠡᠯ ᠢ ᠰᠡᠷᠡᠮᠵᠢᠯᠡᠭᠦᠯᠬᠦ ᠰᠢᠰᠲ᠋ᠧᠮ᠂ ᠲᠡᠮᠦᠷ ᠵᠠᠮ ᠤᠨ ᠠᠶᠤᠯᠲᠠᠢ ᠪᠣᠳᠠᠰ ᠤᠨ ᠲᠡᠭᠡᠭᠡᠪᠦᠷᠢ ᠶᠢᠨ ᠠᠶᠤᠯᠭᠦᠢ ᠶᠢ ᠬᠢᠨᠠᠨ ᠬᠡᠮᠵᠢᠬᠦ ᠲᠥᠬᠦᠭᠡᠷᠦᠮᠵᠢ ᠶᠢᠨ ᠵᠠᠷᠤᠯᠭ᠎ᠠ︔       ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔       ︵ᠲᠠᠪᠤ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠤᠯᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠨᠠᠢᠮᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠠᠷᠪᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ᠂ ᠲᠡᠮᠤᠷ ᠵᠠᠮ ᠪᠠ ᠬᠤᠳᠠ ᠶᠢᠨ ᠵᠢᠮᠳᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠠᠶᠤᠯᠭᠦᠶ ᠶᠢ ᠪᠠᠶᠢᠴᠠᠭᠠᠨ ᠬᠡᠮᠵᠢᠬᠦ ᠵᠠᠷᠤᠯᠭ᠎ᠠ︔       ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠳᠠᠭᠠᠳᠬᠠᠯ ᠬᠢᠭᠡᠳ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ  ᠤᠨ ᠵᠠᠷᠤᠯᠭ᠎ᠠ᠃       ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠳᠣᠯᠣᠳᠤᠭᠠᠷ ᠬᠡᠰᠡᠭ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ      ᠬᠤᠷᠢᠨ ᠵᠢᠷᠭᠤᠳᠤᠭᠠᠷ ᠵᠦᠢᠯ ᠲᠡᠮᠦᠷᠯᠢᠭ ᠪᠣᠯᠪᠠᠰᠤᠷᠠᠭᠤᠯᠬᠤ ᠭᠡᠳᠡᠭ ᠪᠣᠯ ᠬᠠᠷ᠎ᠠ ᠲᠡᠮᠦᠷᠯᠢᠭ ᠪᠣᠯᠤᠨ ᠥᠩᠭᠡᠲᠦ ᠲᠡᠮᠦᠷᠯᠢᠭ ᠢ ᠪᠣᠯᠪᠠᠰᠤᠷᠠᠭᠤᠯᠬᠤ ᠵᠢᠴᠢ ᠳᠠᠷᠤᠵᠤ ᠤᠷᠲᠤᠳᠬᠠᠨ ᠪᠣᠯᠪᠠᠰᠤᠷᠠᠭᠤᠯᠬᠤ ᠵᠡᠷᠭᠡ ᠦᠢᠯᠡᠳᠪᠦᠷᠢᠯᠡᠯ ᠤᠨ ᠠᠵᠢᠯᠯᠠᠭ᠎ᠠ ᠶᠢ ᠬᠡᠯᠡᠵᠦ ᠪᠠᠶᠢᠨ᠎ᠠ      ᠬᠤᠷᠢᠨ ᠳᠣᠯᠣᠳᠤᠭᠠᠷ ᠵᠦᠢᠯ ᠲᠡᠮᠦᠷᠯᠢᠭ  ᠤᠨ ᠠᠵᠤ ᠠᠬᠤᠶᠢᠯᠠᠯ  ᠤᠨ ᠳᠡᠭᠡᠷ᠎ᠡ ᠨᠢᠭᠡ ᠵᠢᠯ  ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ ᠠᠷᠭ᠎ᠠ ᠮᠠ⌶ᠢᠭ  ᠢ ᠠᠪᠴᠤ ᠪᠠᠶᠢᠭᠠᠳ ᠲᠤᠰ ᠵᠢᠯ  ᠤᠨ ᠪᠤᠳᠤᠵᠤ ᠠᠪᠬᠤ ᠶᠣᠰᠣᠲᠠᠶ ᠵᠣᠭᠤᠰ  ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄       ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 3%᠎ ᠪᠠᠷ ᠭᠠᠷᠭᠠᠵᠤ ᠠᠪᠤᠨ᠎ᠠ︔       ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.5%᠎ ᠪᠠᠷ ᠭᠠᠷᠭᠠᠵᠤ ᠠᠪᠤᠨ᠎ᠠ︔       ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.5%᠎ ᠪᠠᠷ ᠭᠠᠷᠭᠠᠵᠤ ᠠᠪᠤᠨ᠎ᠠ︔       ︵ᠲᠦᠷᠪᠡ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ 50 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ︔       ︵ᠲᠠᠪᠤ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 50 ᠳ᠋ᠦᠩᠰᠢᠭᠤᠷ ᠲᠥᠭᠦᠷᠢᠭ ᠠᠴᠠ 100 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.1%᠎ ᠪᠠᠷ ᠭᠠᠷᠭᠠᠵᠤ ᠠᠪᠤᠨ᠎ᠠ︔       ︵ᠵᠢᠷᠭᠤᠭ᠎ᠠ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 100 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.05%᠎ ᠪᠠᠷ ᠭᠠᠷᠭᠠᠵᠤ ᠠᠪᠤᠨ᠎ᠠ᠃      ᠬᠤᠷᠢᠨ ᠨᠠᠢᠮᠠᠳᠤᠭᠠᠷ ᠵᠦᠢᠯ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠲᠥᠬᠦᠭᠡᠷᠦᠮᠵᠢ ᠶᠢ ᠪᠠᠭᠲᠠᠭᠠᠬᠤ ᠦᠭᠡᠢ︶᠂ ᠡᠭᠦᠨ ᠳᠤ ᠦᠢᠯᠡᠳᠪᠦᠷᠢ ᠶᠢᠨ ᠲᠠᠰᠤᠭ᠂ ᠦᠷᠳᠡᠭᠡ᠂ ᠬᠥᠮᠥᠷᠭᠡ ᠵᠡᠷᠭᠡ ᠠᠵᠢᠯ ᠤᠨ ᠲᠠᠯᠠᠪᠤᠷ ᠭᠠᠵᠠᠷ ᠤᠨ ᠬᠢᠨᠠᠨ ᠡᠵᠡᠮᠳᠡᠬᠦ᠂ ᠬᠢᠨᠠᠨ ᠬᠡᠮᠵᠢᠬᠦ᠂ ᠥᠨᠳᠥᠷ ᠬᠠᠯᠠᠭᠤᠨ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ ᠂ ᠤᠨᠠᠵᠤ ᠤᠨᠠᠬᠤ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠶᠤᠩᠭ᠎ᠠ ᠠᠴᠠ ᠰᠡᠷᠭᠡᠶᠢᠯᠡᠬᠦ᠂ ᠠᠮᠢᠰᠬᠤᠯ ᠪᠥᠭᠯᠡᠷᠡᠬᠦ ᠶᠢ ᠰᠡᠷᠭᠡᠶᠢᠯᠡᠬᠦ᠂ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ᠂ ᠱᠤᠤᠭᠢᠶᠠᠨ ᠪᠠ ᠳᠣᠷᠭᠢᠯᠲᠠ ᠶᠢ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔       ︵ᠭᠤᠷᠪᠠ︶ ᠬᠦᠨᠳᠦ ᠶᠡᠭᠡ ᠠᠶᠤᠯ  ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ ᠎ ᠤᠨ ᠪᠣᠯᠵᠣᠰᠢ ᠦᠭᠡᠢ ᠠᠶᠤᠯ ᠡᠷᠡᠰᠳᠡᠯ  ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯᠭᠦᠶ ᠦᠢᠯᠡᠳᠪᠦᠷᠢᠯᠡᠯ  ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ ᠲᠡᠭᠡᠭᠡᠪᠦᠷᠢ ᠪᠠ ᠡᠩᠭᠡ ᠲᠠᠶᠢᠪᠤᠩ  ᠢ ᠬᠠᠮᠠᠭᠠᠯᠠᠬᠤ ᠰᠦᠯᠵᠢᠶᠡᠨ  ᠤ ᠠᠮᠤᠷ ᠲᠦᠪᠰᠢᠨ  ᠤ ᠵᠠᠷᠤᠯᠭ᠎ᠠ ᠶᠢ ᠥᠷᠨᠢᠭᠦᠯᠦᠨ᠎ᠡ᠃       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶ ᠪᠣᠯᠤᠨ ᠯᠠᠪᠯᠠᠯᠭ᠎ᠠ ᠥᠭᠬᠦ ᠵᠢᠴᠢ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠵᠢᠷᠭᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃       ᠨᠠᠢᠮᠠᠳᠤᠭᠠᠷ ᠬᠡᠰᠡᠭ ᠮᠧᠬᠠᠨᠢᠭ ᠦᠢᠯᠡᠳᠬᠦ ᠠᠵᠤ ᠠᠬᠤᠶᠢᠯᠠᠯ      ᠬᠤᠷᠢ ᠶᠢᠰᠦᠳᠦᠭᠡᠷ ᠵᠦᠢᠯ ᠮᠧᠬᠠᠨᠢᠭ ᠦᠢᠯᠡᠳᠬᠦ ᠭᠡᠳᠡᠭ ᠪᠣᠯ ᠡᠯ᠎ᠡ ᠵᠦᠢᠯ ᠤᠨ ᠬᠥᠳᠡᠯᠭᠡᠭᠴᠢ ᠬᠦᠴᠦᠨ ᠤ ᠮᠧᠬᠠᠨᠢᠭ᠂ ᠠᠭᠤᠷᠬᠠᠶ ᠶᠢᠨ ᠮᠧᠬᠠᠨᠢᠭ᠂ ᠲᠡᠭᠡᠭᠡᠪᠦᠷᠢ ᠶᠢᠨ ᠮᠧᠬᠠᠨᠢᠭ᠂ ᠬᠥᠳᠡᠭᠡ ᠠᠵᠤ ᠠᠬᠤᠶ ᠶᠢᠨ ᠮᠧᠬᠠᠨᠢᠭ᠂ ᠬᠡᠮᠵᠢᠭᠦᠷᠯᠢᠭ᠂ ᠬᠡᠮᠵᠢᠭᠦᠷᠯᠢᠭ᠂ ᠣᠨᠴᠠ ᠲᠤᠶᠢᠷᠦᠯ ᠤᠨ ᠲᠤᠨᠤᠬ ᠲᠥᠬᠦᠭᠡᠷᠦᠮᠵᠢ᠂ ᠲᠤᠮᠦ ᠳᠤᠮᠳᠠ ᠬᠡᠯᠪᠡᠷᠢ ᠶᠢᠨ ᠣᠩᠭᠤᠴᠠ ᠰᠠᠯ᠂ ᠲᠡᠯᠡᠢ ᠶᠢᠨ ᠪᠠᠷᠢᠯᠭ᠎ᠠ ᠶᠢᠨ ᠲᠤᠨᠤᠬ ᠲᠥᠬᠦᠭᠡᠷᠦᠮᠵᠢ᠂ ᠴᠢᠯᠠᠭᠤᠨ ᠲᠤᠰᠦ ᠪᠣᠯᠪᠠᠰᠤᠷᠠᠭᠤᠯᠬᠤ ᠲᠤᠨᠤᠬ ᠲᠥᠬᠦᠭᠡᠷᠦᠮᠵᠢ᠂ ᠪᠠᠷᠢᠯᠭ᠎ᠠ ᠶᠢᠨ ᠠᠵᠢᠯ ᠭᠦᠢᠴᠡᠳᠬᠡᠬᠦ ᠮᠧᠬᠠᠨᠢᠭ ᠵᠢᠴᠢ ᠪᠤᠰᠤᠳ ᠮᠧᠬᠠᠨᠢᠭ ᠲᠥᠬᠦᠭᠡᠷᠦᠮᠵᠢ ᠶᠢ ᠦᠢᠯᠡᠳᠬᠦ ᠠᠵᠢᠯᠯᠠᠭ᠎ᠠ ᠶᠢ ᠬᠡᠯᠡᠵᠦ ᠪᠠᠶᠢᠨ᠎ᠠ᠃       ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ ᠪᠠ ᠣᠷᠣᠯᠠᠬᠤ ᠨᠣᠮᠧᠷ︾ ︵GB/T4754︶ ᠶᠣᠰᠣᠭᠠᠷ᠂ ᠲᠤᠰ ᠠᠷᠭ᠎ᠠ ᠳᠤ ᠬᠡᠯᠡᠵᠦ ᠪᠠᠶᠢᠭ᠎ᠠ ᠮᠧᠬᠠᠨᠢᠭ ᠦᠢᠯᠡᠳᠬᠦ ᠠᠵᠤ ᠠᠬᠤᠶᠢᠯᠠᠯ ᠳᠤ ᠨᠡᠶᠢᠳᠡᠮ ᠬᠡᠷᠡᠭᠯᠡᠬᠦ ᠲᠥᠬᠦᠭᠡᠷᠦᠮᠵᠢ ᠦᠢᠯᠡᠳᠬᠦ ᠦᠢᠯᠡᠰ ᠪᠠᠭᠲᠠᠨ᠎ᠠ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠦᠶᠯᠡᠳᠬᠦ ᠦᠶᠯᠡᠰ᠂ ᠮᠠᠰᠢᠨ ᠲᠡᠷᠭᠡ ᠦᠶᠯᠡᠳᠬᠦ ᠦᠶᠯᠡᠰ᠂ ᠲᠡᠮᠦᠷ ᠵᠠᠮ᠂ ᠣᠩᠭᠤᠴᠠ ᠰᠠᠯ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠪᠠ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠦᠶᠯᠡᠳᠬᠦ ᠦᠶᠯᠡᠰ ︵ᠠᠷᠪᠠᠨ ᠨᠢᠭᠡᠳᠦᠭᠡᠷ ᠬᠡᠰᠡᠭ ᠤᠨ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠲᠥᠬᠦᠭᠡᠷᠦᠮᠵᠢ ᠦᠶᠯᠡᠳᠬᠦ ᠪᠠᠭᠲᠠᠬᠤ ᠥᠬᠡᠶ︶᠂ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠶᠯᠡᠳᠬᠦ ᠦᠶᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠶᠯᠡᠰ᠂ ᠬᠡᠮᠵᠢᠭᠦᠷᠯᠢᠭ ᠬᠡᠮᠵᠢᠭᠦᠷᠯᠢᠭ ᠦᠶᠯᠡᠳᠬᠦ ᠦᠶᠯᠡᠰ᠂ ᠲᠡᠮᠦᠷᠯᠢᠭ ᠦᠶᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠶᠯᠡᠰ ᠵᠡᠷᠭᠡ 8 ᠲᠥᠷᠥᠯ ᠤᠨ ᠠᠵᠤ ᠠᠬᠤᠶᠢᠯᠠᠯ᠃      ᠭᠤᠴᠢᠳᠤᠭᠠᠷ ᠵᠦᠢᠯ ᠮᠧᠬᠠᠨᠢᠭ ᠦᠢᠯᠡᠳᠬᠦ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠯᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠲᠤᠰ ᠵᠢᠯ ᠤᠨ ᠪᠤᠳᠤᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄       ︵ᠨᠢᠭᠡ︶ ᠲᠦᠷᠦᠭᠦᠤ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠥᠬᠡᠶ ᠪᠠᠶᠢᠪᠠᠯ᠂ 2.35%᠎ ᠪᠠᠷ ᠭᠠᠷᠭᠠᠨ ᠠᠪᠤᠨ᠎ᠠ︔       ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.25%᠎ ᠪᠠᠷ ᠭᠠᠷᠭᠠᠵᠤ ᠠᠪᠤᠨ᠎ᠠ︔       ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.25%᠎ ᠪᠠᠷ ᠭᠠᠷᠭᠠᠵᠤ ᠠᠪᠤᠨ᠎ᠠ︔       ︵ᠲᠦᠷᠪᠡ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ 50 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.1%᠎ ᠪᠠᠷ ᠭᠠᠷᠭᠠᠵᠤ ᠠᠪᠤᠨ᠎ᠠ︔       ︵ᠲᠠᠪᠤ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 50 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.05%᠎ ᠪᠠᠷ ᠭᠠᠷᠭᠠᠵᠤ ᠠᠪᠤᠨ᠎ᠠ᠃      ᠭᠤᠴᠢᠨ ᠨᠢᠭᠡᠳᠦᠭᠡᠷ ᠵᠦᠢᠯ ᠮᠧᠬᠠᠨᠢᠭ ᠦᠢᠯᠡᠳᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠲᠥᠬᠦᠭᠡᠷᠦᠮᠵᠢ ᠶᠢ ᠪᠠᠭᠲᠠᠭᠠᠬᠤ ᠦᠭᠡᠢ︶᠂ ᠡᠭᠦᠨ ᠳᠤ ᠦᠢᠯᠡᠳᠪᠦᠷᠢᠯᠡᠯ ᠤᠨ ᠠᠵᠢᠯ ᠤᠨ ᠲᠠᠯᠠᠪᠤᠷ ᠭᠠᠵᠠᠷ ᠤᠨ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠤᠨᠠᠵᠤ ᠤᠨᠠᠬᠤ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠢᠯᠵᠢᠷᠡᠬᠦ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠱᠤᠤᠭᠢᠶᠠᠨ ᠪᠠ ᠳᠣᠷᠭᠢᠯᠲᠠ ᠶᠢ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ᠂ ᠲᠤᠮᠤ ᠬᠡᠯᠪᠡᠷᠢ ᠶᠢᠨ ᠡᠷᠭᠦᠭᠦᠯ ᠮᠧᠬᠠᠨᠢᠭ ᠤᠨ ᠤᠭᠰᠠᠷᠠᠯᠲᠠ ᠶᠢᠨ ᠠᠶᠤᠯᠭᠦᠶ ᠶᠢᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠰᠢᠰᠲ᠋ᠧᠮ ᠤᠨ ᠵᠠᠷᠤᠯᠭ᠎ᠠ︔       ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔       ︵ᠭᠤᠷᠪᠠ︶ ᠬᠦᠨᠳᠦ ᠶᠡᠭᠡ ᠠᠶᠤᠯ  ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ ᠎ ᠤᠨ ᠪᠣᠯᠵᠣᠰᠢ ᠦᠭᠡᠢ ᠠᠶᠤᠯ ᠡᠷᠡᠰᠳᠡᠯ  ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯᠭᠦᠶ ᠦᠢᠯᠡᠳᠪᠦᠷᠢᠯᠡᠯ  ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ ᠲᠡᠭᠡᠭᠡᠪᠦᠷᠢ ᠪᠠ ᠡᠩᠭᠡ ᠲᠠᠶᠢᠪᠤᠩ  ᠢ ᠬᠠᠮᠠᠭᠠᠯᠠᠬᠤ ᠰᠦᠯᠵᠢᠶᠡᠨ  ᠤ ᠠᠮᠤᠷ ᠲᠦᠪᠰᠢᠨ  ᠤ ᠵᠠᠷᠤᠯᠭ᠎ᠠ ᠶᠢ ᠥᠷᠨᠢᠭᠦᠯᠦᠨ᠎ᠡ᠃       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠵᠢᠷᠭᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠶᠢᠰᠦᠳᠦᠭᠡᠷ ᠬᠡᠰᠡᠭ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ      ᠭᠤᠴᠢᠨ ᠬᠤᠶᠠᠳᠤᠭᠠᠷ ᠵᠦᠢᠯ ᠬᠤᠸᠠᠷ ᠫᠤᠤᠵᠢᠩ ᠭᠡᠳᠡᠭ ᠨᠢ ᠬᠤᠸᠠᠷ ᠫᠤᠤᠵᠢᠩ ᠤᠨ ᠪᠦᠲᠦᠭᠡᠭᠳᠡᠬᠦᠨ ᠪᠠ ᠬᠤᠸᠠᠷ ᠫᠤᠤᠵᠢᠩ ᠦᠢᠯᠡᠳᠪᠦᠷᠢᠯᠡᠬᠦ ᠳᠤ ᠬᠡᠷᠡᠭᠯᠡᠬᠦ ᠠᠷᠠᠳ ᠤᠨ ᠬᠡᠷᠡᠭᠯᠡᠭᠡᠨ ᠤ ᠬᠠᠷ᠎ᠠ ᠳᠠᠷᠢ᠂ ᠤᠲᠤᠭᠠᠲᠤ ᠳᠠᠷᠢ᠂ ᠭᠠᠯ ᠰᠢᠵᠢᠮ ᠵᠡᠷᠭᠡ ᠡᠳ᠋ ᠪᠣᠳᠠᠰ ᠢ ᠵᠢᠭᠠᠵᠤ ᠪᠠᠶᠢᠨ᠎ᠠ᠃ ᠭᠤᠴᠢᠨ ᠬᠤᠶᠠᠳᠤᠭᠠᠷ ᠵᠦᠢᠯ ᠬᠤᠸᠠᠷ ᠫᠤᠤᠵᠢᠩ ᠭᠡᠳᠡᠭ ᠎ ᠨᠢ ᠬᠤᠸᠠᠷ ᠫᠤᠤᠵᠢᠩ ᠤᠨ ᠦᠢᠯᠡᠳᠬᠦᠨ ᠪᠠ ᠬᠤᠸᠠᠷ ᠫᠤᠤᠵᠢᠩ ᠦᠢᠯᠡᠳᠪᠦᠷᠢᠯᠡᠬᠦ ᠳᠤ ᠬᠡᠷᠡᠭᠯᠡᠬᠦ ᠠᠷᠠᠳ ᠤᠨ ᠬᠡᠷᠡᠭᠯᠡᠭᠡᠨ ᠤ ᠬᠠᠷ᠎ᠠ ᠳᠠᠷᠢ᠂ ᠤᠲᠤᠭᠠᠲᠤ ᠳᠠᠷᠢ᠂ ᠭᠠᠯ ᠰᠢᠵᠢᠮ ᠵᠡᠷᠭᠡ ᠡᠳ᠋ ᠪᠣᠳᠠᠰ ᠢ ᠵᠢᠭᠠᠵᠤ ᠪᠠᠶᠢᠨ᠎ᠠ᠃      ᠭᠤᠴᠢᠨ ᠭᠤᠷᠪᠠᠳᠤᠭᠠᠷ ᠵᠦᠢᠯ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ  ᠤᠨ ᠳᠡᠭᠡᠷ᠎ᠡ ᠨᠢᠭᠡ ᠵᠢᠯ  ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ ᠠᠷᠭ᠎ᠠ ᠮᠠ⌶ᠢᠭ  ᠢ ᠠᠪᠴᠤ ᠪᠠᠶᠢᠭᠠᠳ ᠲᠤᠰ ᠵᠢᠯ  ᠤᠨ ᠪᠤᠳᠤᠵᠤ ᠠᠪᠬᠤ ᠶᠣᠰᠣᠲᠠᠶ ᠵᠣᠭᠤᠰ  ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄       ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 4%᠎ ᠪᠠᠷ ᠭᠠᠷᠭᠠᠵᠤ ᠠᠪᠤᠨ᠎ᠠ︔       ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1000 ᠲᠦᠮᠡᠨ ᠲᠥᠭᠦᠷᠢᠭ ᠠᠴᠠ 2000 ᠲᠦᠮᠡᠨ ᠲᠥᠭᠦᠷᠢᠭ ᠬᠦᠷᠬᠦ ᠦᠭᠡᠢ ᠬᠡᠰᠡᠭ ᠢ 3%᠎ ᠪᠠᠷ ᠭᠠᠷᠭᠠᠵᠤ ᠠᠪᠤᠨ᠎ᠠ︔       ︵ᠭᠤᠷᠪᠠ︶ ᠲᠦᠷᠦᠭᠦᠤ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠬᠡᠲᠦᠷᠡᠭᠰᠡᠨ ᠬᠡᠰᠡᠭ ᠢ 2.5%᠎ ᠪᠠᠷ ᠭᠠᠷᠭᠠᠨ ᠠᠪᠤᠨ᠎ᠠ᠃      ᠭᠤᠴᠢᠨ ᠳᠥᠷᠪᠡᠳᠦᠭᠡᠷ ᠵᠦᠢᠯ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄       ︵ᠨᠢᠭᠡ︶ ᠠᠶᠤᠯᠭᠦᠶ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠲᠥᠬᠦᠭᠡᠷᠦᠮᠵᠢ ᠶᠢ ᠪᠠᠭᠲᠠᠭᠠᠬᠤ ᠦᠭᠡᠢ︶᠂ ᠡᠭᠦᠨ ᠳᠤ ᠠᠵᠢᠯᠯᠠᠬᠤ ᠲᠠᠯᠠᠪᠤᠷ ᠤᠨ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ ︵ᠰᠡᠷᠭᠡᠶᠢᠯᠡᠨ ᠬᠠᠮᠠᠭᠠᠯᠠᠬᠤ ᠬᠠᠯᠬᠠᠪᠴᠢ ᠶᠢ ᠪᠠᠭᠲᠠᠭᠠᠨ᠎ᠠ︶᠂ ᠠᠶᠤᠩᠭ᠎ᠠ ᠠᠴᠠ ᠰᠡᠷᠭᠡᠶᠢᠯᠡᠬᠦ᠂ ᠲᠠᠶᠢᠪᠤᠩ ᠴᠠᠬᠢᠯᠭᠠᠨ ᠠᠴᠠ ᠰᠡᠷᠭᠡᠶᠢᠯᠡᠬᠦ᠂ ᠬᠠᠮᠠᠭᠠᠯᠠᠯᠲᠠ ᠶᠢᠨ ᠬᠦᠷᠢᠶ᠎ᠡ ᠬᠡᠷᠡᠮ ︵ᠲᠣᠣᠷ︶ ᠪᠣᠯᠤᠨ ᠬᠡᠷᠡᠰᠬᠡ᠂ ᠥᠨᠳᠥᠷ ᠬᠠᠯᠠᠭᠤᠨ ᠠᠴᠠ ᠰᠡᠷᠭᠡᠶᠢᠯᠡᠬᠦ᠂ ᠴᠢᠭᠢᠭᠲᠦᠬᠦ ᠠᠴᠠ ᠰᠡᠷᠭᠡᠶᠢᠯᠡᠬᠦ᠂ ᠠᠭᠤᠯᠠ ᠶᠡᠭᠦᠷᠡᠬᠦ ᠠᠴᠠ ᠰᠡᠷᠭᠡᠶᠢᠯᠡᠬᠦ᠂ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ᠂ ᠬᠢᠨᠠᠨ ᠡᠵᠡᠮᠳᠡᠬᠦ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠳᠡᠯᠪᠡᠷᠡᠯᠲᠡ ᠶᠢ ᠰᠡᠷᠭᠡᠶᠢᠯᠡᠬᠦ ᠮᠧᠬᠠᠨᠢᠭ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠲᠣᠬᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ︔       ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔       ︵ᠳᠥᠷᠪᠡ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ ᠶᠢ ᠥᠷᠨᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ᠂ ᠲᠡᠭᠡᠭᠡᠪᠦᠷᠢ ᠪᠠ ᠡᠩᠬᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔       ︵ᠲᠠᠪᠤ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠨᠠᠢᠮᠠ︶ ᠠᠶᠤᠯ ᠦᠭᠡᠢ ᠦᠢᠯᠡᠳᠪᠦᠷᠢᠯᠡᠯ ᠤᠨ ᠬᠡᠷᠡᠭᠯᠡᠭᠡᠨ ᠤ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠶᠢᠰᠦ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠠᠷᠪᠠᠳᠤᠭᠠᠷ ᠬᠡᠰᠡᠭ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ ᠠᠬᠤᠶᠢᠯᠠᠯ      ᠭᠤᠴᠢᠨ ᠲᠠᠪᠤᠳᠤᠭᠠᠷ ᠵᠦᠢᠯ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠭᠡᠳᠡᠭ ᠪᠣᠯ ︽ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠨᠡᠷ᠎ᠡ ᠶᠢᠨ ᠬᠦᠰᠦᠨᠦᠭᠲᠦ︾ ᠎ ᠳᠤ ᠵᠢᠭᠰᠠᠭᠠᠭᠰᠠᠨ ᠡᠳ᠋ ᠪᠣᠳᠠᠰ ᠢ ᠵᠢᠭᠠᠵᠤ ᠪᠠᠶᠢᠨ᠎ᠠ᠃      ᠭᠤᠴᠢᠨ ᠵᠢᠷᠭᠤᠳᠤᠭᠠᠷ ᠵᠦᠢᠯ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠤᠭ᠎ᠠ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠲᠤᠰ ᠵᠢᠯ ᠤᠨ ᠪᠤᠳᠤᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄       ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 4%᠎ ᠪᠠᠷ ᠭᠠᠷᠭᠠᠵᠤ ᠠᠪᠤᠨ᠎ᠠ︔       ︵ᠬᠤᠶᠠᠷ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2%᠎ ᠢᠶᠠᠷ ᠭᠠᠷᠭᠠᠵᠤ ᠠᠪᠤᠨ᠎ᠠ︔       ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.5%᠎ ᠪᠠᠷ ᠭᠠᠷᠭᠠᠵᠤ ᠠᠪᠤᠨ᠎ᠠ︔       ︵ᠲᠦᠷᠪᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ᠃      ᠭᠤᠴᠢᠨ ᠳᠣᠯᠣᠳᠤᠭᠠᠷ ᠵᠦᠢᠯ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ ᠦᠢᠯᠡᠳᠪᠦᠷᠢ ᠶᠢᠨ ᠲᠠᠰᠤᠭ᠂ ᠬᠥᠮᠥᠷᠭᠡ᠂ ᠰᠠᠪᠠᠯᠠᠬᠤ ᠣᠷᠣᠨ ᠵᠡᠷᠭᠡ ᠠᠵᠢᠯᠯᠠᠬᠤ ᠲᠠᠯᠠᠪᠤᠷ ᠭᠠᠵᠠᠷ ᠤᠨ ᠬᠢᠨᠠᠨ ᠡᠵᠡᠮᠳᠡᠬᠦ᠂ ᠬᠢᠨᠠᠨ ᠬᠡᠮᠵᠢᠬᠦ᠂ ᠰᠠᠯᠬᠢ ᠨᠡᠪᠲᠡᠷᠡᠭᠦᠯᠬᠦ᠂ ᠨᠡᠷᠡᠨ ᠳᠤ ᠰᠢᠷᠠᠭᠳᠠᠬᠤ ᠠᠴᠠ ᠰᠡᠷᠭᠡᠶᠢᠯᠡᠬᠦ᠂ ᠳᠤᠯᠠᠭᠠᠨ ᠲᠣᠬᠢᠷᠠᠭᠤᠯᠬᠤ᠂ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠳᠡᠯᠪᠡᠷᠡᠬᠦ ᠠᠴᠠ ᠰᠡᠷᠭᠡᠶᠢᠯᠡᠬᠦ᠂ ᠳᠠᠷᠤᠯᠲᠠ ᠶᠢ ᠪᠠᠭᠠᠰᠬᠠᠬᠤ᠂ ᠬᠤᠣᠷ ᠢ ᠰᠡᠷᠭᠡᠶᠢᠯᠡᠬᠦ᠂ ᠠᠷᠢᠭᠤᠳᠬᠠᠬᠤ᠂ ᠰᠠᠭᠠᠷᠮᠠᠭᠵᠢᠭᠤᠯᠬᠤ᠂ ᠴᠢᠭᠢᠭᠲᠦᠬᠦ ᠠᠴᠠ ᠰᠡᠷᠭᠡᠶᠢᠯᠡᠬᠦ᠂ ᠠᠶᠤᠩᠭ᠎ᠠ ᠠᠴᠠ ᠰᠡᠷᠭᠡᠶᠢᠯᠡᠬᠦ᠂ ᠲᠠᠶᠢᠪᠤᠩ ᠴᠠᠬᠢᠯᠭᠠᠨ ᠠᠴᠠ ᠰᠡᠷᠭᠡᠶᠢᠯᠡᠬᠦ᠂ ᠢᠯᠵᠢᠷᠡᠬᠦ ᠠᠴᠠ ᠰᠡᠷᠭᠡᠶᠢᠯᠡᠬᠦ᠂ ᠨᠡᠪᠴᠢᠵᠦ ᠭᠤᠭᠤᠵᠢᠬᠤ ᠠᠴᠠ ᠰᠡᠷᠭᠡᠶᠢᠯᠡᠬᠦ᠂ ᠰᠡᠷᠭᠡᠶᠢᠯᠡᠨ ᠬᠠᠮᠠᠭᠠᠯᠠᠬᠤ ᠬᠠᠯᠬᠠᠪᠴᠢ᠂ ᠲᠤᠰᠠᠭᠠᠷᠯᠠᠨ ᠠᠵᠢᠯᠯᠠᠬᠤ ᠵᠡᠷᠭᠡ ᠪᠡᠯᠡᠳᠬᠡᠮᠵᠢ ᠪᠡᠯᠡᠳᠬᠡᠮᠵᠢ ᠶᠢᠨ ᠵᠠᠷᠤᠯᠭ᠎ᠠ ᠶᠢ ᠪᠠᠭᠲᠠᠭᠠᠨ᠎ᠠ᠃       ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔       ︵ᠭᠤᠷᠪᠠ︶ ᠬᠦᠨᠳᠦ ᠶᠡᠭᠡ ᠠᠶᠤᠯ  ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ ᠎ ᠤᠨ ᠪᠣᠯᠵᠣᠰᠢ ᠦᠭᠡᠢ ᠠᠶᠤᠯ ᠡᠷᠡᠰᠳᠡᠯ  ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯᠭᠦᠶ ᠦᠢᠯᠡᠳᠪᠦᠷᠢᠯᠡᠯ  ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ ᠲᠡᠭᠡᠭᠡᠪᠦᠷᠢ ᠪᠠ ᠡᠩᠭᠡ ᠲᠠᠶᠢᠪᠤᠩ  ᠢ ᠬᠠᠮᠠᠭᠠᠯᠠᠬᠤ ᠰᠦᠯᠵᠢᠶᠡᠨ  ᠤ ᠠᠮᠤᠷ ᠲᠦᠪᠰᠢᠨ  ᠤ ᠵᠠᠷᠤᠯᠭ᠎ᠠ ᠶᠢ ᠥᠷᠨᠢᠭᠦᠯᠦᠨ᠎ᠡ᠃       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠠᠶᠤᠯ ᠦᠭᠡᠢ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠠᠷᠪᠠᠨ ᠨᠢᠭᠡᠳᠦᠭᠡᠷ ᠬᠡᠰᠡᠭ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ      ᠭᠤᠴᠢᠨ ᠨᠠᠢᠮᠠᠳᠤᠭᠠᠷ ᠵᠦᠢᠯ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠳᠤ ᠵᠡᠪᠰᠡᠭ ᠲᠣᠨᠣᠭᠯᠠᠯ ᠪᠠ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠲᠤᠷᠰᠢᠯᠲᠠ᠂ ᠬᠠᠳᠠᠭᠠᠯᠠᠵᠤ ᠵᠥᠭᠡᠭᠡᠪᠦᠷᠢᠯᠡᠬᠦ᠂ ᠤᠰᠠᠳᠬᠠᠬᠤ᠂ ᠰᠡᠯᠪᠢᠨ ᠵᠠᠰᠠᠬᠤ ᠪᠠᠲᠤᠯᠠᠭ᠎ᠠ ᠵᠡᠷᠭᠡ ᠪᠠᠭᠲᠠᠨ᠎ᠠ᠃      ᠭᠤᠴᠢ ᠶᠢᠰᠦᠳᠦᠭᠡᠷ ᠵᠦᠢᠯ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠴᠡᠷᠢᠭ ᠤᠨ ᠬᠡᠷᠡᠭᠰᠡᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ ᠠᠷᠭ᠎ᠠ ᠮᠠᠶ᠋ᠢᠭ ᠢᠶᠠᠷ ᠲᠤᠰ ᠵᠢᠯ ᠤᠨ ᠪᠤᠳᠤᠵᠤ ᠠᠪᠬᠤ ᠶᠣᠰᠣᠲᠠᠢ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃       ︵ᠨᠢᠭᠡ︶ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠬᠤ ᠠᠵᠤ ᠠᠬᠤᠶᠢᠯᠠᠯ᠂ ᠡᠭᠦᠨ ᠳᠤ ᠳᠠᠷᠢ᠂ ᠲᠦᠯᠬᠢᠭᠴᠢ ᠡᠳ᠋᠂ ᠰᠤᠮᠤ ᠳᠠᠷᠢ ︵ᠪᠠᠶᠢᠯᠳᠤᠭᠠᠨ ᠤ ᠬᠡᠯᠲᠡᠰ᠂ ᠪᠢᠯᠳᠠ᠂ ᠭᠠᠯᠲᠤ ᠵᠡᠪᠰᠡᠭ ᠤᠨ ᠪᠦᠲᠦᠭᠡᠭᠳᠡᠬᠦᠨ ᠪᠠᠭᠲᠠᠨ᠎ᠠ︶᠂ ᠲᠡᠶᠢᠷᠦᠯᠲᠦ ᠰᠤᠮᠤ ᠵᠠᠯᠠᠭᠤᠷᠲᠤ ᠰᠤᠮᠤ ᠶᠢᠨ ᠬᠥᠳᠡᠯᠭᠡᠭᠦᠷ᠂ ᠰᠢᠲᠠᠮᠠᠬᠠᠶ ᠬᠡᠢ ᠡᠭᠦᠰᠬᠡᠭᠦᠷ ᠵᠡᠷᠭᠡ ᠶᠢ ᠪᠠᠭᠲᠠᠭᠠᠭᠰᠠᠨ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠬᠤ ᠠᠵᠤ ᠠᠬᠤᠶᠢᠯᠠᠯ ᠤᠨ ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 5%᠎ ᠪᠠᠷ ᠭᠠᠷᠭᠠᠨ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 3%᠎ ᠪᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 1%᠎ ᠪᠠᠷ ᠭᠠᠷᠭᠠᠵᠤ ᠠᠪᠤᠨ᠎ᠠ︔      4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.5%᠎ ᠪᠠᠷ ᠭᠠᠷᠭᠠᠵᠤ ᠠᠪᠤᠨ᠎ᠠ᠃       ︵ᠬᠤᠶᠠᠷ︶ ᠴᠥᠮ᠎ᠡ ᠶᠢᠨ ᠲᠣᠨᠤᠭ ᠲᠥᠬᠦᠭᠡᠷᠦᠮᠵᠢ ᠵᠢᠴᠢ ᠴᠥᠮ᠎ᠡ ᠶᠢᠨ ᠲᠦᠯᠡᠰᠢ ᠶᠢ ᠰᠤᠳᠤᠯᠤᠨ ᠦᠶᠯᠡᠳᠬᠦ᠂ ᠦᠶᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠨ ᠠᠪᠬᠤ ᠪᠠᠷᠢᠮᠵᠢᠶ᠎ᠠ ᠎ ᠨᠢ ᠳᠣᠤᠷᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 3%᠎ ᠪᠠᠷ ᠭᠠᠷᠭᠠᠵᠤ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2%᠎ ᠢᠶᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.5%᠎ ᠪᠠᠷ ᠭᠠᠷᠭᠠᠵᠤ ᠠᠪᠤᠨ᠎ᠠ︔      4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ᠃       ︵ᠭᠤᠷᠪᠠ︶ ᠴᠡᠷᠢᠭ ᠤᠨ ᠬᠡᠷᠡᠭᠯᠡᠭᠡᠨ ᠤ ᠬᠥᠯᠭᠡ ᠣᠩᠭᠤᠴᠠ ︵ᠰᠡᠯᠪᠢᠨ ᠵᠠᠰᠠᠬᠤ ᠪᠠᠭᠲᠠᠨ᠎ᠠ︶ ᠎ ᠶᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 2.5%᠎ ᠪᠠᠷ ᠭᠠᠷᠭᠠᠵᠤ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.75%᠎ ᠪᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.8%᠎ ᠪᠠᠷ ᠭᠠᠷᠭᠠᠵᠤ ᠠᠪᠤᠨ᠎ᠠ︔      4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.4%᠎ ᠪᠠᠷ ᠭᠠᠷᠭᠠᠵᠤ ᠠᠪᠤᠨ᠎ᠠ᠃       ︵ᠲᠦᠷᠪᠡ︶ ᠨᠢᠰᠬᠦ ᠣᠩᠭᠤᠴᠠ᠂ ᠳᠠᠭᠠᠭᠤᠯᠢ ᠤᠳᠤ᠂ ᠴᠡᠷᠢᠭ ᠤᠨ ᠬᠡᠷᠡᠭᠯᠡᠭᠡᠨ ᠤ ᠨᠢᠰᠬᠡᠯ᠂ ᠲᠠᠩᠺ ᠤᠨ ᠲᠡᠷᠭᠡ᠂ ᠭᠠᠯᠲᠤ ᠫᠤᠤ᠂ ᠬᠦᠡᠭᠭᠡᠨ ᠵᠡᠪᠰᠡᠭ᠂ ᠲᠤᠮᠤ ᠬᠡᠯᠪᠡᠷᠢ ᠶᠢᠨ ᠠᠨᠲ᠋ᠢᠨ᠎ᠠ ᠵᠡᠷᠭᠡ ᠦᠢᠯᠡᠳᠬᠦᠨ ᠤ ᠶᠡᠷᠦᠩᠬᠡᠶ ᠴᠣᠭᠴᠠ᠂ ᠬᠡᠰᠡᠭ ᠪᠠ ᠲᠤᠨᠤᠭ ᠰᠡᠯᠪᠢᠭᠡᠰᠦ ᠶᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 2%᠎ ᠢᠶᠠᠷ ᠭᠠᠷᠭᠠᠵᠤ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.5%᠎ ᠪᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.5%᠎ ᠪᠠᠷ ᠭᠠᠷᠭᠠᠵᠤ ᠠᠪᠤᠨ᠎ᠠ︔      4. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 10 ᠳ᠋ᠦᠩᠰᠢᠭᠤᠷ ᠲᠥᠭᠦᠷᠢᠭ ᠠᠴᠠ 100 ᠳ᠋ᠦᠩᠰᠢᠭᠤᠷ ᠲᠥᠭᠦᠷᠢᠭ ᠲᠤ ᠬᠦᠷᠬᠦ ᠬᠡᠰᠡᠭ ᠢ 0.2%᠎ ᠢᠶᠠᠷ ᠭᠠᠷᠭᠠᠵᠤ ᠠᠪᠤᠨ᠎ᠠ︔      5. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 100 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.1%᠎ ᠪᠠᠷ ᠭᠠᠷᠭᠠᠵᠤ ᠠᠪᠤᠨ᠎ᠠ᠃       ︵ᠲᠠᠪᠤ︶ ᠴᠡᠷᠢᠭ ᠤᠨ ᠬᠡᠷᠡᠭᠯᠡᠭᠡᠨ ᠤ ᠪᠤᠰᠤᠳ ᠠᠶᠤᠯᠲᠠᠶ ᠪᠣᠳᠠᠰ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 4%᠎ ᠪᠠᠷ ᠭᠠᠷᠭᠠᠵᠤ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2%᠎ ᠢᠶᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.5%᠎ ᠪᠠᠷ ᠭᠠᠷᠭᠠᠵᠤ ᠠᠪᠤᠨ᠎ᠠ︔      4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ᠃      ᠳᠥᠴᠢᠳᠦᠭᠡᠷ ᠵᠦᠢᠯ ᠴᠥᠮ᠎ᠡ ᠶᠢᠨ ᠪᠠᠷᠢᠯᠭ᠎ᠠ ᠳᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ 3%᠎ ᠪᠠᠷ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠭᠠᠷᠭᠠᠵᠤ ᠠᠪᠤᠨ᠎ᠠ᠃ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠭᠠᠭᠠᠴᠢᠯᠠᠯᠲᠠ ᠥᠷᠢᠰᠥᠯᠳᠦᠬᠦ ᠦᠶ᠎ᠡ ᠳᠤ ᠳᠠᠭᠠᠭᠠᠴᠢᠯᠠᠯᠲᠠ ᠶᠢᠨ ᠭᠠᠳᠠᠨᠠᠬᠢ ᠬᠠᠮᠢᠶᠠᠷᠤᠯᠲᠠ ᠳᠤ ᠣᠷᠣᠭᠤᠯᠤᠨ᠎ᠠ᠃      ᠳᠥᠴᠢᠨ ᠨᠢᠭᠡᠳᠦᠭᠡᠷ ᠵᠦᠢᠯ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄       ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ ᠰᠤᠳᠤᠯᠬᠤ ᠲᠠᠰᠤᠭ᠂ ᠦᠢᠯᠡᠳᠪᠦᠷᠢ ᠶᠢᠨ ᠲᠠᠰᠤᠭ᠂ ᠬᠥᠮᠥᠷᠭᠡ᠂ ᠰᠠᠪᠠ ᠬᠠᠳᠠᠭᠠᠯᠠᠬᠤ ᠣᠷᠣᠨ᠂ ᠭᠠᠳᠠᠷ ᠲᠠᠯᠠᠪᠤᠷ ᠤᠨ ᠲᠤᠷᠰᠢᠯᠲᠠ ᠶᠢᠨ ᠣᠷᠣᠨ ᠵᠡᠷᠭᠡ ᠠᠵᠢᠯᠯᠠᠬᠤ ᠲᠠᠯᠠᠪᠤᠷ ᠤᠨ ᠬᠢᠨᠠᠨ ᠡᠵᠡᠮᠳᠡᠬᠦ᠂ ᠬᠢᠨᠠᠨ ᠬᠡᠮᠵᠢᠬᠦ᠂ ᠴᠠᠬᠢᠯᠭᠠᠨ ᠳᠤ ᠴᠣᠬᠢᠭᠳᠠᠬᠤ ᠠᠴᠠ ᠰᠡᠷᠭᠡᠶᠢᠯᠡᠬᠦ᠂ ᠤᠨᠠᠵᠤ ᠤᠨᠠᠬᠤ ᠠᠴᠠ ᠰᠡᠷᠭᠡᠶᠢᠯᠡᠬᠦ᠂ ᠳᠡᠯᠪᠡᠷᠡᠬᠦ ᠠᠴᠠ ᠰᠡᠷᠭᠡᠶᠢᠯᠡᠬᠦ᠂ ᠳᠠᠷᠤᠯᠲᠠ ᠠᠯᠳᠠᠬᠤ ᠠᠴᠠ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ᠂ ᠰᠠᠯᠬᠢ ᠨᠡᠪᠲᠡᠷᠡᠭᠦᠯᠬᠦ᠂ ᠨᠡᠷᠡᠨ ᠳᠤ ᠰᠢᠷᠠᠭᠳᠠᠬᠤ ᠠᠴᠠ ᠰᠡᠷᠭᠡᠶᠢᠯᠡᠬᠦ᠂ ᠳᠤᠯᠠᠭᠠᠨ ᠢ ᠲᠣᠬᠢᠷᠠᠭᠤᠯᠬᠤ᠂ ᠬᠤᠣᠷ ᠢ ᠰᠡᠷᠭᠡᠶᠢᠯᠡᠬᠦ᠂ ᠠᠶᠤᠩᠭ᠎ᠠ ᠠᠴᠠ ᠰᠡᠷᠭᠡᠶᠢᠯᠡᠬᠦ᠂ ᠲᠠᠶᠢᠪᠤᠩ ᠴᠠᠬᠢᠯᠭᠠᠨ ᠠᠴᠠ ᠰᠡᠷᠭᠡᠶᠢᠯᠡᠬᠦ᠂ ᠢᠯᠵᠢᠷᠡᠬᠦ ᠠᠴᠠ ᠰᠡᠷᠭᠡᠶᠢᠯᠡᠬᠦ᠂ ᠲᠣᠭᠤᠰᠣ ᠠᠴᠠ ᠰᠡᠷᠭᠡᠶᠢᠯᠡᠬᠦ᠂ ᠱᠤᠤᠭᠢᠶᠠᠨ ᠪᠠ ᠳᠣᠷᠭᠢᠯᠲᠠ ᠠᠴᠠ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ᠂ ᠬᠠᠰᠢᠯᠭ᠎ᠠ ᠬᠠᠰᠢᠯᠭ᠎ᠠ ᠶᠢ ᠬᠠᠮᠠᠭᠠᠯᠠᠬᠤ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔       ︵ᠬᠤᠶᠠᠷ︶ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ᠂ ᠪᠠᠴᠢᠮ ᠪᠠᠶᠢᠳᠠᠯ  ᠢ ᠠᠷᠭᠠᠴᠠᠵᠤ ᠰᠢᠶᠳᠪᠦᠷᠢᠯᠡᠬᠦ᠂ ᠬᠤᠪᠢ ᠬᠥᠮᠦᠨ  ᠤ ᠰᠡᠷᠭᠡᠶᠢᠯᠡᠨ ᠬᠠᠮᠠᠭᠠᠯᠠᠬᠤ ᠣᠨᠴᠠ ᠲᠥᠷᠥᠯ  ᠤᠨ ᠪᠠᠭᠠᠵᠢ ᠬᠡᠷᠡᠭᠰᠡᠯ᠂ ᠲᠥᠬᠦᠭᠡᠷᠦᠮᠵᠢ᠂ ᠪᠡᠯᠡᠳᠬᠡᠮᠵᠢ ᠶᠢᠨ ᠵᠠᠷᠤᠯᠭ᠎ᠠ ᠪᠣᠯᠤᠨ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ  ᠤ ᠪᠠᠶᠢᠭᠤᠯᠤᠯᠲᠠ᠂ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ ᠶᠢᠨ ᠵᠠᠷᠤᠯᠭ᠎ᠠ ᠶᠢ ᠲᠣᠬᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠬᠡᠷᠡᠭᠲᠡᠶ᠃ ︵ᠬᠤᠶᠠᠷ︶ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠦᠯ  ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ ᠶᠢᠨ ᠵᠠᠷᠤᠯᠭ᠎ᠠ᠃       ︵ᠭᠤᠷᠪᠠ︶ ᠬᠦᠨᠳᠦ ᠶᠡᠭᠡ ᠠᠶᠤᠯ  ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ ᠎ ᠤᠨ ᠪᠣᠯᠵᠣᠰᠢ ᠦᠭᠡᠢ ᠠᠶᠤᠯ ᠡᠷᠡᠰᠳᠡᠯ  ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯᠭᠦᠶ ᠦᠢᠯᠡᠳᠪᠦᠷᠢᠯᠡᠯ  ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ ᠲᠡᠭᠡᠭᠡᠪᠦᠷᠢ ᠪᠠ ᠡᠩᠭᠡ ᠲᠠᠶᠢᠪᠤᠩ  ᠢ ᠬᠠᠮᠠᠭᠠᠯᠠᠬᠤ ᠰᠦᠯᠵᠢᠶᠡᠨ  ᠤ ᠠᠮᠤᠷ ᠲᠦᠪᠰᠢᠨ  ᠤ ᠵᠠᠷᠤᠯᠭ᠎ᠠ ᠶᠢ ᠥᠷᠨᠢᠭᠦᠯᠦᠨ᠎ᠡ᠃       ︵ᠲᠦᠷᠪᠡ︶ ᠳᠡᠭᠡᠳᠦ ᠰᠢᠨ᠎ᠡ ᠮᠡᠷᠭᠡᠵᠢᠯ ᠪᠠ ᠣᠨᠴᠠ ᠲᠦᠷᠦᠯ ᠤᠨ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠲᠣᠭᠲᠠᠭᠠᠵᠤ ᠦᠨᠡᠯᠡᠨ ᠵᠢᠱᠢᠬᠦ᠂ ᠠᠶᠤᠯᠭᠦᠶ ᠶᠢᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠢᠴᠢ ᠠᠵᠢᠯᠯᠠᠭᠴᠢ ᠶᠢᠨ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠭᠤᠯᠤᠯ ᠤᠨ ᠵᠠᠷᠤᠯᠭ᠎ᠠ︔       ︵ᠲᠠᠪᠤ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠲᠤᠯᠤᠭ᠎ᠠ︶ ᠴᠡᠷᠢᠭ ᠤᠨ ᠠᠵᠤ ᠦᠢᠯᠡᠳᠪᠦᠷᠢ ᠶᠢᠨ ᠴᠥᠮ᠎ᠡ ᠶᠢᠨ ᠲᠥᠬᠦᠭᠡᠷᠦᠮᠵᠢ ︵ᠴᠥᠮ᠎ᠡ ᠶᠢᠨ ᠬᠠᠶᠠᠭᠳᠠᠮᠠᠯ ᠪᠣᠳᠠᠰ ᠪᠠᠭᠲᠠᠨ᠎ᠠ︶ ᠎ ᠶᠢᠨ ᠭᠤᠭᠤᠵᠢᠬᠤ ᠶᠢ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ︔       ︵ᠨᠠᠢᠮᠠ︶ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ᠂ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ ᠵᠢᠴᠢ ᠵᠡᠪᠰᠡᠭ ᠲᠣᠨᠣᠭᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠲᠤᠷᠰᠢᠯᠲᠠ᠂ ᠦᠢᠯᠡᠳᠪᠦᠷᠢᠯᠡᠯ᠂ ᠬᠠᠳᠠᠭᠠᠯᠠᠵᠤ ᠵᠥᠭᠡᠭᠡᠪᠦᠷᠢᠯᠡᠬᠦ᠂ ᠤᠰᠠᠳᠬᠠᠬᠤ᠂ ᠰᠡᠯᠪᠢᠨ ᠵᠠᠰᠠᠬᠤ ᠪᠠᠲᠤᠯᠠᠭ᠎ᠠ ᠶᠢᠨ ᠶᠠᠪᠤᠴᠠ ᠳᠠᠬᠢ ᠠᠶᠤᠯᠭᠦᠶ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠥᠭᠡᠷᠡᠴᠢᠯᠡᠬᠦ ᠵᠠᠷᠤᠳᠠᠯ ᠪᠠ ᠠᠶᠤᠯᠭᠦᠶ ᠶᠢᠨ ᠬᠠᠮᠠᠭᠠᠯᠠᠯᠲᠠ ︵ᠠᠵᠢᠯ ᠤᠨ ᠬᠤᠪᠴᠠᠰᠤ ᠪᠠᠭᠲᠠᠬᠤ ᠦᠭᠡᠢ︶ ᠎ ᠶᠢᠨ ᠵᠠᠷᠤᠳᠠᠯ ᠤᠨ ᠵᠠᠷᠤᠯᠭ᠎ᠠ︔       ︵ᠶᠢᠰᠦ︶ ᠲᠤᠮᠤ ᠬᠡᠯᠪᠡᠷᠢ ᠶᠢᠨ ᠨᠠᠷᠢᠨ ᠪᠤᠳᠤᠯᠢᠶᠠᠨᠲᠠᠢ ᠵᠡᠪᠰᠡᠭ ᠲᠣᠨᠣᠭᠯᠠᠯ ᠢ ᠦᠢᠯᠡᠳᠬᠦ᠂ ᠲᠣᠨᠣᠭᠯᠠᠬᠤ᠂ ᠲᠤᠷᠰᠢᠨ ᠲᠣᠬᠢᠷᠠᠭᠤᠯᠬᠤ ᠣᠨᠴᠠᠭᠠᠢ ᠠᠵᠢᠯ ᠤᠨ ᠲᠦᠷᠦᠯ ᠪᠠ ᠣᠨᠴᠠ ᠲᠦᠷᠦᠯ ᠤᠨ ᠠᠵᠢᠯ ᠬᠢᠭᠰᠡᠳ ᠢ ᠪᠣᠯᠪᠠᠰᠤᠷᠠᠭᠤᠯᠬᠤ ᠵᠠᠷᠤᠯᠭ᠎ᠠ︔       ︵ᠠᠷᠪᠠ︶ ᠵᠡᠪᠰᠡᠭ ᠲᠣᠨᠣᠭᠯᠠᠯ ᠤᠨ ᠲᠤᠮᠤ ᠬᠡᠯᠪᠡᠷᠢ ᠶᠢᠨ ᠲᠤᠷᠰᠢᠯᠲᠠ ᠶᠢᠨ ᠠᠶᠤᠯᠭᠦᠶ ᠶᠢᠨ ᠲᠤᠰᠬᠠᠶ ᠨᠤᠲᠠᠯᠠᠯᠲᠠ ᠪᠠ ᠠᠶᠤᠯᠭᠦᠶ ᠶᠢᠨ ᠬᠠᠮᠠᠭᠠᠯᠠᠯᠲᠠ ᠶᠢᠨ ᠵᠠᠷᠤᠳᠠᠯ ᠤᠨ ᠵᠠᠷᠤᠯᠭ᠎ᠠ︔       ︵ᠠᠷᠪᠠᠨ ᠨᠢᠭᠡ︶ ᠴᠡᠷᠢᠭ ᠤᠨ ᠠᠵᠤ ᠦᠢᠯᠡᠳᠪᠦᠷᠢ ᠶᠢᠨ ᠣᠨᠴᠠᠭᠠᠶ ᠡᠯᠧᠺᠲᠷᠣᠨ ᠲᠤᠨᠤᠭ ᠰᠡᠯᠪᠢᠭᠡᠰᠦ ᠶᠢ ᠦᠢᠯᠡᠳᠬᠦ ᠶᠠᠪᠤᠴᠠ ᠳᠠᠬᠢ ᠬᠤᠣᠷᠲᠠᠢ ᠬᠥᠨᠥᠭᠡᠯ ᠲᠠᠢ ᠪᠣᠳᠠᠰ ᠢ ᠬᠢᠨᠠᠨ ᠬᠡᠮᠵᠢᠬᠦ ᠵᠢᠴᠢ ᠣᠨᠴᠠ ᠲᠦᠷᠦᠯ ᠤᠨ ᠰᠡᠷᠭᠡᠶᠢᠯᠡᠨ ᠬᠠᠮᠠᠭᠠᠯᠠᠬᠤ ᠵᠠᠷᠤᠯᠭ᠎ᠠ︔       ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠠᠷᠪᠠᠨ ᠭᠤᠷᠪᠠ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠᠨ ᠳᠥᠷᠪᠡ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠠᠷᠪᠠᠨ ᠬᠤᠶᠠᠳᠤᠭᠠᠷ ᠬᠡᠰᠡᠭ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠤ ᠠᠬᠤᠶᠢᠯᠠᠯ      ᠳᠥᠴᠢᠨ ᠬᠤᠶᠠᠳᠤᠭᠠᠷ ᠵᠦᠢᠯ ᠴᠠᠬᠢᠯᠭᠠᠨ ᠬᠦᠴᠦᠨ ᠤ ᠦᠢᠯᠡᠳᠪᠦᠷᠢᠯᠡᠯ ᠭᠡᠳᠡᠭ ᠪᠣᠯ ᠭᠠᠯ ᠤᠨ ᠬᠦᠴᠦ᠂ ᠤᠰᠦᠠ ᠬᠦᠴᠦ᠂ ᠴᠥᠮ᠎ᠡ ᠶᠢᠨ ᠬᠦᠴᠦ᠂ ᠰᠠᠯᠬᠢᠨ ᠤ ᠬᠦᠴᠦ᠂ ᠨᠡᠷᠡᠨ ᠤ ᠡᠨᠧᠷᠭᠢ᠂ ᠠᠮᠢᠳᠤ ᠪᠣᠳᠠᠰ ᠤᠨ ᠮᠠᠰ ᠡᠨᠧᠷᠭᠢ ᠵᠢᠴᠢ ᠭᠠᠵᠠᠷ ᠤᠨ ᠢᠯᠴᠢ᠂ ᠲᠦᠯᠬᠢᠭᠡᠨ ᠤ ᠡᠨᠧᠷᠭᠢ ᠵᠡᠷᠭᠡ ᠪᠤᠰᠤᠳ ᠡᠨᠧᠷᠭᠢ ᠶᠢᠨ ᠰᠤᠷᠪᠤᠯᠵᠢ ᠶᠢ ᠠᠰᠢᠭᠯᠠᠨ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠬᠤ ᠠᠵᠢᠯᠯᠠᠭ᠎ᠠ ᠶᠢ ᠬᠡᠯᠡᠵᠦ ᠪᠠᠶᠢᠨ᠎ᠠ᠃      ᠴᠠᠬᠢᠯᠭᠠᠨ ᠬᠦᠴᠦᠨ ᠤ ᠬᠠᠩᠭᠠᠯᠭ᠎ᠠ ᠭᠡᠳᠡᠭ ᠨᠢ ᠴᠠᠬᠢᠯᠭᠠᠨ ᠲᠣᠣᠷ ᠢ ᠡᠵᠡᠩᠨᠡᠬᠦ ᠪᠠ ᠠᠵᠢᠯᠯᠠᠭᠤᠯᠵᠤ᠂ ᠴᠠᠬᠢᠯᠭᠠᠨ ᠬᠦᠷᠭᠡᠬᠦ᠂ ᠬᠦᠴᠦᠳᠡᠯ ᠥᠭᠡᠷᠡᠴᠢᠯᠡᠬᠦ᠂ ᠴᠠᠬᠢᠯᠭᠠᠨ ᠲᠦᠭᠡᠭᠡᠬᠦ ᠵᠡᠷᠭᠡ ᠴᠠᠬᠢᠯᠭᠠᠨ ᠡᠨᠧᠷᠭᠢ ᠶᠢ ᠬᠦᠷᠭᠡᠬᠦ ᠪᠠ ᠬᠤᠪᠢᠶᠠᠷᠢᠯᠠᠬᠤ ᠠᠵᠢᠯᠯᠠᠭ᠎ᠠ ᠭᠦᠢᠴᠡᠳᠬᠡᠬᠦ ᠶᠢ ᠬᠡᠯᠡᠵᠦ ᠪᠠᠶᠢᠨ᠎ᠠ᠃      ᠳᠥᠴᠢᠨ ᠭᠤᠷᠪᠠᠳᠤᠭᠠᠷ ᠵᠦᠢᠯ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠤᠭ᠎ᠠ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠯᠭᠠᠬᠤ ᠠᠷᠭ᠎ᠠ ᠮᠠᠶᠢᠭ ᠢ ᠠᠪᠴᠤ ᠪᠠᠶᠢᠭᠠᠳ ᠲᠤᠰ ᠵᠢᠯ ᠤᠨ ᠪᠣᠳᠣᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ       ︵ᠨᠢᠭᠡ︶ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 3%᠎ ᠪᠠᠷ ᠭᠠᠷᠭᠠᠵᠤ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.5%᠎ ᠪᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 1%᠎ ᠪᠠᠷ ᠭᠠᠷᠭᠠᠵᠤ ᠠᠪᠤᠨ᠎ᠠ︔      4. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 10 ᠳ᠋ᠦᠩᠰᠢᠭᠤᠷ ᠲᠥᠭᠦᠷᠢᠭ ᠠᠴᠠ 50 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.8%᠎ ᠪᠠᠷ ᠭᠠᠷᠭᠠᠵᠤ ᠠᠪᠤᠨ᠎ᠠ︔      5. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 50 ᠳ᠋ᠦᠩᠰᠢᠭᠤᠷ ᠲᠥᠭᠦᠷᠢᠭ ᠠᠴᠠ 100 ᠳ᠋ᠦᠩᠰᠢᠭᠤᠷ ᠲᠥᠭᠦᠷᠢᠭ ᠲᠤ ᠬᠦᠷᠬᠦ ᠬᠡᠰᠡᠭ ᠢ 0.6%᠎ ᠪᠠᠷ ᠭᠠᠷᠭᠠᠵᠤ ᠠᠪᠤᠨ᠎ᠠ︔      6. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 100 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ᠃       ︵ᠬᠤᠶᠠᠷ︶ ᠴᠠᠬᠢᠯᠭᠠᠨ ᠬᠦᠴᠦᠨ ᠢ ᠬᠠᠩᠭᠠᠬᠤ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄      1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 500 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠦᠭᠡᠢ ᠪᠠᠶᠢᠪᠠᠯ᠂ 0.5%᠎ ᠪᠠᠷ ᠭᠠᠷᠭᠠᠵᠤ ᠠᠪᠤᠨ᠎ᠠ︔      2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 500 ᠳ᠋ᠦᠩᠰᠢᠭᠤᠷ ᠲᠥᠭᠦᠷᠢᠭ ᠠᠴᠠ 1000 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.4%᠎ ᠪᠠᠷ ᠭᠠᠷᠭᠠᠵᠤ ᠠᠪᠤᠨ᠎ᠠ︔      3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1000 ᠳ᠋ᠦᠩᠰᠢᠭᠤᠷ ᠲᠥᠭᠦᠷᠢᠭ ᠠᠴᠠ 2000 ᠳ᠋ᠦᠩᠰᠢᠭᠤᠷ ᠲᠥᠭᠦᠷᠢᠭ ᠲᠤ ᠬᠦᠷᠬᠦ ᠬᠡᠰᠡᠭ ᠢ 0.3%᠎ ᠪᠠᠷ ᠭᠠᠷᠭᠠᠵᠤ ᠠᠪᠤᠨ᠎ᠠ︔      4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 2000 ᠳ᠋ᠦᠩᠰᠢᠭᠤᠷ ᠲᠥᠭᠦᠷᠢᠭ ᠠᠴᠠ ᠬᠡᠲᠦᠷᠡᠭᠰᠡᠨ ᠬᠡᠰᠡᠭ ᠢ 0.2%᠎ ᠢᠶᠠᠷ ᠭᠠᠷᠭᠠᠵᠤ ᠠᠪᠤᠨ᠎ᠠ᠃      ᠳᠥᠴᠢᠨ ᠳᠥᠷᠪᠡᠳᠦᠭᠡᠷ ᠵᠦᠢᠯ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄       ︵ᠨᠢᠭᠡ︶ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠮᠤᠷ ᠲᠦᠪᠰᠢᠨ ᠤ ᠪᠡᠯᠡᠳᠬᠡᠮᠵᠢ ᠶᠢ ᠪᠠᠭᠲᠠᠭᠠᠬᠤ ᠥᠬᠡᠶ︶᠂ ᠡᠭᠦᠨ ᠳᠤ ᠴᠠᠬᠢᠯᠭᠠᠨ ᠭᠠᠷᠭᠠᠬᠤ᠂ ᠴᠠᠬᠢᠯᠭᠠᠨ ᠬᠦᠷᠭᠡᠬᠦ᠂ ᠬᠦᠴᠦᠳᠡᠯ ᠥᠭᠡᠷᠡᠴᠢᠯᠡᠬᠦ᠂ ᠴᠠᠬᠢᠯᠭᠠᠨ ᠲᠦᠭᠡᠭᠡᠬᠦ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠠᠶᠤᠯᠭᠦᠶ ᠶᠢᠨ ᠰᠡᠷᠭᠡᠶᠢᠯᠡᠯᠲᠡ ᠵᠢᠴᠢ ᠠᠶᠤᠯᠭᠦᠶ ᠶᠢᠨ ᠪᠠᠶᠢᠳᠠᠯ ᠢ ᠲᠡᠭᠦᠯᠳᠡᠷᠵᠢᠭᠦᠯᠬᠦ᠂ ᠥᠭᠡᠷᠡᠴᠢᠯᠡᠬᠦ᠂ ᠪᠠᠶᠢᠴᠠᠭᠠᠨ ᠬᠡᠮᠵᠢᠬᠦ᠂ ᠬᠢᠨᠠᠨ ᠬᠡᠮᠵᠢᠬᠦ ᠵᠢᠴᠢ ᠬᠠᠮᠠᠭᠠᠯᠠᠬᠤ᠂ ᠠᠵᠢᠯᠯᠠᠬᠤ ᠲᠠᠯᠠᠪᠤᠷ ᠤᠨ ᠠᠶᠤᠯᠭᠦᠶ ᠶᠢᠨ ᠬᠢᠨᠠᠨ ᠡᠵᠡᠮᠳᠡᠬᠦ᠂ ᠬᠢᠨᠠᠨ ᠬᠡᠮᠵᠢᠬᠦ ᠵᠢᠴᠢ ᠴᠠᠬᠢᠯᠭᠠᠨ ᠳᠤ ᠴᠣᠬᠢᠭᠳᠠᠬᠤ ᠠᠴᠠ ᠰᠡᠷᠭᠡᠶᠢᠯᠡᠬᠦ᠂ ᠤᠨᠠᠵᠤ ᠤᠨᠠᠬᠤ ᠠᠴᠠ ᠰᠡᠷᠭᠡᠶᠢᠯᠡᠬᠦ᠂ ᠪᠣᠳᠠᠰ ᠤᠨ ᠴᠣᠬᠢᠯᠲᠠ ᠠᠴᠠ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠳᠡᠯᠪᠡᠷᠡᠬᠦ ᠠᠴᠠ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠮᠢᠰᠬᠤᠯ ᠪᠥᠭᠯᠡᠷᠡᠬᠦ ᠠᠴᠠ ᠰᠡᠷᠭᠡᠶᠢᠯᠡᠬᠦ᠂ ᠠᠶᠤᠩᠭ᠎ᠠ ᠠᠴᠠ ᠰᠡᠷᠭᠡᠶᠢᠯᠡᠬᠦ᠂ ᠡ᠊ᠨᠳᠡᠭᠦᠷᠡᠬᠦ ᠠᠴᠠ ᠰᠡᠷᠭᠡᠶᠢᠯᠡᠬᠦ᠂ ᠬᠦᠪᠡᠭᠡ ᠳᠤ ᠬᠦᠷᠬᠦ᠂ ᠪᠢᠲᠡᠭᠦᠮᠵᠢᠯᠡᠬᠦ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ︔       ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠪᠡᠯᠡᠳᠬᠡᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔       ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ ︵ᠤᠰᠤᠨ ᠴᠠᠬᠢᠯᠭᠠᠨ ᠤ ᠥᠷᠲᠡᠭᠡ ᠶᠢᠨ ᠬᠠᠰᠢᠯᠭ᠎ᠠ ᠶᠢᠨ ᠬᠦᠨᠳᠦ ᠶᠡᠭᠡ ᠳᠠᠯᠳᠠ ᠬᠡᠮ ᠤᠨ ᠠᠶᠤᠯ ᠢ ᠠᠷᠢᠯᠭᠠᠨ ᠪᠠᠬᠢᠵᠢᠭᠦᠯᠬᠦ ᠵᠠᠷᠤᠯᠭ᠎ᠠ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠶᠯᠡᠳᠪᠦᠷᠢ ᠶᠢᠨ ᠦᠨᠡᠰᠦ ᠬᠠᠳᠠᠭᠠᠯᠠᠬᠤ ᠲᠠᠯᠠᠪᠠᠶ ᠶᠢᠨ ᠬᠦᠨᠳᠦ ᠶᠡᠭᠡ ᠳᠠᠯᠳᠠ ᠬᠡᠮ ᠤᠨ ᠠᠶᠤᠯ ᠢ ᠠᠷᠢᠯᠭᠠᠨ ᠪᠠᠬᠢᠵᠢᠭᠦᠯᠵᠦ ᠵᠠᠰᠠᠬᠤ ᠵᠠᠷᠤᠯᠭ᠎ᠠ ᠪᠠᠭᠲᠠᠬᠤ ᠥᠬᠡᠶ︶᠂ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠥᠲᠥᠭᠡᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠲᠣᠤᠷ ᠬᠡᠯᠬᠢᠶᠡᠨ ᠤ ᠠᠮᠤᠷ ᠲᠦᠪᠰᠢᠨ ᠤ ᠵᠠᠷᠤᠯᠭ᠎ᠠ︔       ︵ᠲᠥᠷᠪᠡ︶ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ  ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃       ︵ᠲᠠᠪᠤ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ ᠵᠠᠷᠤᠯᠭ᠎ᠠ︔       ︵ᠵᠢᠷᠭᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔       ︵ᠲᠤᠯᠤᠭ᠎ᠠ︶ ᠠᠶᠤᠯ ᠦᠭᠡᠢ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔       ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔       ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔       ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃      ᠭᠤᠷᠪᠠᠳᠤᠭᠠᠷ ᠪᠦᠯᠦᠭ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ      ᠳᠥᠴᠢᠨ ᠲᠠᠪᠤᠳᠤᠭᠠᠷ ᠵᠦᠢᠯ ᠡᠵᠤ ᠠᠬᠤᠶᠢᠯᠠᠯ ᠤᠳ ᠳᠣᠲᠣᠭᠠᠳᠤ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠵᠢᠷᠤᠮ᠂ ᠲᠤᠰᠢᠶᠠᠯ ᠬᠠᠷᠢᠭᠤᠴᠠᠯᠭ᠎ᠠ ᠵᠢᠴᠢ ᠡᠷᠬᠡ ᠶᠢᠨ ᠬᠡᠪᠴᠢ‍‌ᠡᠶ᠎ᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠳᠥᠴᠢᠨ ᠵᠢᠷᠭᠤᠳᠤᠭᠠᠷ ᠵᠦᠢᠯ ᠡᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠲᠤ ᠣᠷᠣᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ᠃      ᠳᠥᠴᠢᠨ ᠳᠣᠯᠣᠳᠤᠭᠠᠷ ᠵᠦᠢᠯ ᠡᠵᠤ ᠠᠬᠤᠶᠢᠯᠠᠯ ᠤᠨ ᠭᠠᠷᠭᠠᠵᠤ ᠠᠪᠤᠭᠰᠠᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠥᠪᠡᠷ ᠤᠨ ᠦᠷᠳᠡᠭ ︵ᠵᠠᠷᠤᠳᠠᠯ︶ ᠎ ᠤᠨ ᠳᠣᠲᠣᠷ᠎ᠠ ᠠᠴᠠ ᠭᠠᠷᠭᠠᠬᠤ ᠶᠢᠨ ᠬᠠᠮᠲᠤ ᠲᠤᠰᠬᠠᠶ ᠵᠦᠢᠯ ᠢᠶᠠᠷ ᠲᠣᠭᠠᠴᠠᠭ᠎ᠠ ᠬᠢᠨ᠎ᠡ᠃ ᠲᠣᠰ ᠠᠷᠭ᠎ᠠ ᠶᠢᠨ ᠲᠣᠭᠲᠠᠭᠠᠯ ᠳᠤ ᠨᠡᠶᠢᠴᠡᠬᠦ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠤᠨ ᠵᠠᠷᠤᠯᠭ᠎ᠠ ᠳᠤ ᠪᠠᠷᠢᠮᠲᠠ᠂ ᠪᠠᠷᠢᠮᠲᠠ᠂ ᠲᠠᠩᠰᠠ ᠰᠢᠯᠵᠢᠭᠦᠯᠦᠭᠰᠡᠨ ᠭᠡᠷᠡᠴᠢ ᠪᠠᠷᠢᠮᠲᠠ ᠵᠡᠷᠭᠡ ᠦᠨᠡᠨ ᠪᠣᠳᠠᠲᠠᠶ ᠭᠡᠷᠡᠴᠢ ᠪᠠᠷᠢᠮᠲᠠ ᠶᠢ ᠣᠯᠤᠭᠰᠠᠨ ᠪᠠᠶᠢᠬᠤ ᠬᠡᠷᠡᠭᠲᠡᠶ᠃      ᠲᠤᠰ ᠠᠵᠤ ᠠᠬᠤᠶᠢᠯᠠᠯ ᠤᠨ ᠠᠵᠢᠯᠳᠡᠠ ᠠᠵᠢᠯᠴᠢᠨ ᠤ ᠴᠠᠯᠢᠩ ᠬᠥᠯᠥᠰᠥ᠂ ᠠᠰᠠᠷᠠᠮᠵᠢ ᠶᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠳᠣᠲᠣᠷ᠎ᠠ ᠠᠴᠠ ᠭᠠᠷᠭᠠᠵᠤ ᠪᠣᠯᠬᠤ ᠦᠭᠡᠢ᠃ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠣᠯᠵᠤ ᠮᠡᠳᠡᠭᠰᠡᠨ ᠡ᠊ᠨᠳᠡᠯ ᠤᠨ ᠪᠣᠯᠵᠣᠰᠢ ᠦᠭᠡᠢ ᠠᠶᠤᠯ ᠡᠷᠡᠰᠳᠡᠯ ᠢ ᠱᠠᠩᠨᠠᠨ ᠬᠥᠬᠢᠭᠦᠯᠬᠦ ᠵᠠᠷᠤᠯᠭ᠎ᠠ ᠶᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠳᠣᠲᠣᠷ᠎ᠠ ᠠᠴᠠ ᠭᠠᠷᠭᠠᠨ᠎ᠠ᠃      ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠤᠨ ᠣᠨ ᠤ ᠦᠯᠡᠳᠡᠪᠦᠷᠢ ᠪᠠᠯᠠ ᠮᠥᠩᠭᠦ ᠶᠢ ᠳᠠᠷᠠᠭ᠎ᠠ ᠵᠢᠯ ᠳᠤ ᠳ᠋ᠦᠩᠨᠡᠨ ᠰᠢᠯᠵᠢᠭᠦᠯᠵᠦ ᠬᠡᠷᠡᠭᠯᠡᠨ᠎ᠡ᠃ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠳᠤ ᠤᠯᠠᠭᠠᠨ ᠲᠤᠭ᠎ᠠ ᠭᠠᠷᠤᠭᠰᠠᠨ ︵ᠲᠤᠬᠠᠶᠢᠯᠠᠪᠠᠯ ᠲᠤᠬᠠᠶ ᠶᠢᠨ ᠵᠢᠯ ᠳᠤ ᠪᠤᠳᠤᠵᠤ ᠠᠪᠤᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠳᠡᠭᠡᠷ᠎ᠡ ᠵᠢᠯ ᠤᠨ ᠡᠬᠢᠨ ᠤ ᠦᠯᠡᠳᠡᠪᠦᠷᠢ ᠨᠢ ᠣᠨ ᠤ ᠪᠣᠳᠠᠲᠠᠶ ᠵᠠᠷᠤᠯᠭ᠎ᠠ ᠠᠴᠠ ᠪᠠᠭ᠎ᠠ ᠪᠠᠶᠢᠬᠤ︶ ᠪᠠᠶᠢᠪᠠᠯ᠂ ᠵᠢᠯ ᠤᠨ ᠡᠴᠦᠰ ᠲᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠨᠥᠬᠦᠵᠦ ᠠᠪᠬᠤ ᠬᠡᠷᠡᠭᠲᠡᠶ᠃      ᠳᠥᠴᠢᠨ ᠨᠠᠢᠮᠠᠳᠤᠭᠠᠷ ᠵᠦᠢᠯ ᠳ᠋ᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠭᠰᠠᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠰᠠᠨ ᠪᠠ ᠠᠰᠢᠭᠯᠠᠯᠲᠠ ᠳᠤ ᠣᠷᠣᠭᠤᠯᠤᠭᠠᠳ ᠨᠢᠭᠡ ᠵᠢᠯ ᠬᠦᠷᠬᠦ ᠦᠭᠡᠢ ᠪᠠᠶᠢᠪᠠᠯ᠂ ᠲᠤᠰ ᠵᠢᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠦᠨᠡᠨ ᠮᠥᠨ ᠢᠶᠠᠷ ᠨᠢ ᠵᠠᠷᠤᠯᠭ᠎ᠠ ᠳᠤ ᠣᠷᠣᠭᠤᠯᠵᠤ ᠂ ᠵᠢᠯ ᠤᠨ ᠡᠴᠦᠰ ᠲᠤ ᠲᠤᠰ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠪᠤᠳᠤᠵᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠨ᠎ᠠ᠃      ᠳᠥᠴᠢ ᠶᠢᠰᠦᠳᠦᠭᠡᠷ ᠵᠦᠢᠯ ᠠᠵᠤ ᠠᠬᠤᠶᠢᠯᠠᠯ ᠲᠤᠰ ᠠᠷᠭ᠎ᠠ  ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠬᠤᠶᠠᠷ ᠵᠢᠯ ᠳᠠᠷᠠᠭᠠᠯᠠᠨ ᠨᠥᠬᠦᠵᠦ ᠠᠪᠤᠭᠰᠠᠨ ᠪᠣᠯ ᠤᠶᠢᠷ᠎ᠠ ᠶᠢᠨ ᠨᠢᠭᠡ ᠵᠢᠯ  ᠤᠨ ᠨᠥᠬᠦᠵᠦ ᠠᠪᠤᠭᠰᠠᠨ ᠲᠤᠭ᠎ᠠ ᠪᠠᠷ ᠭᠠᠷᠭᠠᠵᠤ ᠠᠪᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ ᠪᠣᠯᠤᠨ᠎ᠠ᠃      ᠲᠣᠰ ᠠᠷᠭ᠎ᠠ ᠶᠢ ᠨᠡᠶᠢᠲᠡᠯᠡᠬᠦ ᠠᠴᠠ ᠡᠮᠦᠨ᠎ᠡ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠎ ᠠᠴᠠ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠬᠦ ᠠᠷᠭ᠎ᠠ ᠶᠢ ᠨᠢᠭᠡᠨᠲᠡ ᠲᠣᠭᠲᠠᠭᠠᠨ ᠪᠠᠭᠤᠯᠭᠠᠭᠰᠠᠨ ᠪᠥᠭᠡᠳ ᠭᠠᠷᠭᠠᠨ ᠠᠪᠬᠤ ᠪᠠᠷᠢᠮᠵᠢᠶ᠎ᠠ ᠨᠢ ᠲᠣᠰ ᠠᠷᠭ᠎ᠠ ᠳᠤ ᠲᠣᠭᠲᠠᠭᠠᠭᠰᠠᠨ ᠪᠠᠷᠢᠮᠵᠢᠶ᠎ᠠ ᠎ ᠠᠴᠠ ᠳᠣᠤᠷ᠎ᠠ ᠪᠠᠶᠢᠪᠠᠯ᠂ ᠲᠣᠰ ᠠᠷᠭ᠎ᠠ ᠶᠢᠨ ᠶᠣᠰᠣᠭᠠᠷ ᠲᠣᠬᠢᠷᠠᠭᠤᠯᠤᠯᠲᠠ ᠭᠦᠢᠴᠡᠳᠬᠡᠬᠦ ᠬᠡᠷᠡᠭᠲᠡᠶ᠃      ᠲᠠᠪᠢᠳᠤᠭᠠᠷ ᠵᠦᠢᠯ ᠡᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠰᠠᠷ᠎ᠠ ᠶᠢᠨ ᠡᠬᠢᠨ ᠤ ᠦᠯᠡᠳᠡᠪᠦᠷᠢ ᠨᠢ ᠲᠦᠷᠦᠭᠦᠦ ᠨᠢᠭᠡ ᠵᠢᠯ ᠤᠨ ᠪᠤᠳᠤᠵᠤ ᠠᠪᠬᠤ ᠶᠣᠰᠣᠲᠠᠢ ᠵᠣᠭᠤᠰ ᠤᠨ ᠲᠤᠭ᠎ᠠ ᠶᠢᠨ ᠭᠤᠷᠪᠠᠨ ᠲᠠᠬᠢᠨ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ ᠲᠤᠰ ᠰᠠᠷ᠎ᠠ ᠠᠴᠠ ᠡᠬᠢᠯᠡᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠬᠤ ᠶᠢ ᠲᠦᠷ ᠵᠣᠭᠰᠣᠭᠠᠵᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠦᠯᠡᠳᠡᠪᠦᠷᠢ ᠨᠢ ᠲᠦᠷᠦᠭᠦᠦ ᠨᠢᠭᠡ ᠵᠢᠯ ᠤᠨ ᠪᠤᠳᠤᠵᠤ ᠠᠪᠬᠤ ᠶᠣᠰᠣᠲᠠᠢ ᠵᠣᠭᠤᠰ ᠤᠨ ᠲᠤᠭ᠎ᠠ ᠶᠢᠨ ᠭᠤᠷᠪᠠᠨ ᠲᠠᠬᠢᠨ ᠠᠴᠠ ᠳᠣᠣᠷ᠎ᠠ ᠪᠣᠯᠤᠭᠰᠠᠨ ᠦᠶ᠎ᠡ ᠳᠤ ᠭᠠᠷᠭᠠᠵᠤ ᠠᠪᠬᠤ ᠶᠢ ᠰᠡᠷᠭᠦᠭᠡᠨ᠎ᠡ᠃      ᠲᠠᠪᠢᠨ ᠨᠢᠭᠡᠳᠦᠭᠡᠷ ᠵᠦᠢᠯ ᠠᠵᠤ ᠠᠬᠤᠶᠢᠯᠠᠯ ᠤᠨ ᠲᠤᠬᠠᠶ ᠶᠢᠨ ᠵᠢᠯ ᠤᠨ ᠪᠣᠳᠠᠲᠠᠶ ᠬᠡᠷᠡᠭᠯᠡᠭᠰᠡᠨ ᠠᠶᠦᠯᠭᠦᠢ ᠦᠢᠯᠡᠳᠪᠦᠷᠢᠯᠡᠯ ᠤᠨ ᠵᠠᠷᠤᠳᠠᠯ ᠨᠢ ᠣᠨ ᠤ ᠪᠣᠳᠣᠬᠤ ᠶᠣᠰᠣᠲᠠᠶ ᠵᠣᠭᠤᠰ ᠤᠨ ᠲᠣᠭᠠᠨ ᠤ 60%᠎ ᠳᠤ ᠬᠦᠷᠬᠦ ᠦᠭᠡᠶ ᠪᠠᠶᠢᠪᠠᠯ᠂ ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠨᠡᠶᠢᠲᠡᠯᠡᠬᠦ ᠠᠴᠠ ᠭᠠᠳᠠᠨ᠎ᠠ᠂ ᠪᠠᠰᠠ ᠳᠠᠷᠠᠭ᠎ᠠ ᠵᠢᠯ ᠤᠨ 4 ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ᠂ ᠬᠤᠪᠢ ᠣᠷᠣᠭᠤᠯᠤᠭᠴᠢᠳ ᠤᠨ ᠵᠥᠪᠯᠡᠯ ᠵᠡᠷᠭᠡ ᠪᠠᠶᠢᠭᠤᠯᠤᠮᠵᠢ ᠶᠢᠨ ᠬᠢᠨᠠᠨ ᠶᠠᠷᠢᠯᠴᠠᠭᠰᠠᠨ ᠪᠢᠴᠢᠭ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠶ᠃      ᠲᠠᠪᠢᠨ ᠬᠤᠶᠠᠳᠤᠭᠠᠷ ᠵᠦᠢᠯ ᠡᠵᠤ ᠠᠬᠤᠶᠢᠯᠠᠯ ᠬᠤᠶᠠᠷ ᠵᠦᠢᠯ ᠵᠢᠴᠢ ᠬᠤᠶᠠᠷ ᠠᠴᠠ ᠳᠡᠭᠡᠭᠰᠢᠬᠢ ᠡᠵᠡᠩᠨᠡᠯᠲᠡ ᠶᠢᠨ ᠣᠷᠣᠯᠭ᠎ᠠ ᠪᠠᠷ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠪᠤᠳᠤᠵᠤ ᠠᠪᠬᠤ ᠦᠨᠳᠦᠰᠦᠯᠡᠯ ᠪᠣᠯᠭᠠᠭᠰᠠᠨ ᠲᠤᠬᠠᠶᠢᠯᠠᠭᠰᠠᠨ ᠠᠵᠢᠯ ᠢ ᠵᠡᠷᠭᠡᠪᠡᠷ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠲᠦᠷᠦᠯ ᠢᠯᠭᠠᠯ ᠢᠶᠠᠷ ᠎ ᠨᠢ ᠲᠤᠰ ᠲᠤᠰ ᠲᠤᠨᠢ ᠲᠣᠭᠠᠴᠠᠭ᠎ᠠ ᠬᠢᠵᠦ ᠳᠡᠶᠢᠯᠬᠦ ᠳᠤ ᠬᠦᠷᠪᠡᠯ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠪᠤᠳᠤᠵᠤ ᠠᠪᠬᠤ ᠪᠠᠷᠢᠮᠵᠢᠶ᠎ᠠ ᠪᠠᠷ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠲᠤᠰ ᠲᠤᠰ ᠲᠤᠨᠢ ᠭᠠᠷᠭᠠᠵᠤ ᠠᠪᠤᠨ᠎ᠠ︔ ᠲᠣᠰ ᠲᠣᠰ ᠲᠤᠨᠢ ᠲᠣᠭᠠᠴᠠᠭ᠎ᠠ ᠬᠢᠵᠦ ᠳᠡᠶᠢᠯᠬᠦ ᠥᠬᠡᠶ ᠪᠣᠯ᠂ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠢᠶᠠᠷ ᠬᠠᠮᠤᠭ ᠤᠨ ᠥᠨᠳᠥᠷ ᠲᠤᠬᠠᠶᠢᠯᠠᠭᠰᠠᠨ ᠠᠵᠢᠯ ᠯᠤᠭ᠎ᠠ ᠵᠣᠬᠢᠴᠠᠯᠳᠤᠭᠰᠠᠨ ᠭᠠᠷᠭᠠᠨ ᠠᠪᠬᠤ ᠪᠠᠷᠢᠮᠵᠢᠶ᠎ᠠ ᠪᠠᠷ ᠡᠯ᠎ᠡ ᠵᠦᠶᠯ ᠤᠨ ᠡᠵᠡᠩᠨᠡᠯᠲᠡ ᠶᠢᠨ ᠣᠷᠣᠯᠭ᠎ᠠ ᠶᠢ ᠨᠡᠶᠢᠯᠡᠭᠦᠯᠦᠨ ᠪᠤᠳᠤᠵᠤ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠪᠤᠳᠤᠵᠤ ᠠᠪᠤᠨ᠎ᠠ᠃        ᠲᠠᠪᠢᠨ ᠭᠤᠷᠪᠠᠳᠤᠭᠠᠷ ᠵᠦᠢᠯ ᠠᠵᠤ ᠠᠬᠤᠶᠢᠯᠠᠯ ᠨᠢ ᠳᠠᠭᠠᠭᠠᠨ ᠠᠪᠤᠭᠴᠢ ᠪᠤᠶᠤ ᠳᠠᠭᠠᠭᠠᠨ ᠲᠡᠭᠡᠭᠡᠪᠦᠷᠢᠯᠡᠭᠴᠢ ᠶᠢᠨ ᠬᠤᠪᠢ ᠪᠠᠷ ᠵᠣᠴᠢᠨ ᠡᠷᠥᠭᠡ  ᠳᠤ ᠲᠤᠰ ᠠᠷᠭ᠎ᠠ ᠶᠢᠨ ᠲᠣᠭᠲᠠᠭᠠᠭᠰᠠᠨ ᠬᠡᠪᠴᠢᠶᠡᠨ  ᠳᠤ ᠣᠷᠣᠭᠤᠯᠤᠭᠰᠠᠨ ᠦᠢᠯᠡᠴᠢᠯᠡᠭᠡᠨ  ᠢ ᠬᠠᠩᠭᠠᠭᠰᠠᠨ ᠮᠥᠷᠲᠡᠭᠡᠨ ᠭᠠᠳᠠᠨ᠎ᠠ ᠠᠴᠠ ᠬᠤᠳᠠᠯᠳᠤᠨ ᠠᠪᠤᠭᠰᠠᠨ ᠮᠠᠲ᠋ᠧᠷᠢᠶᠠᠯ ᠪᠣᠯᠤᠨ ᠦᠢᠯᠡᠴᠢᠯᠡᠭᠡᠨ  ᠤ ᠥᠪᠡᠷ  ᠤᠨ ᠥᠷᠳᠡᠭ ᠨᠢ ᠵᠣᠴᠢᠨ ᠡᠷᠥᠭᠡ  ᠶᠢᠨ ᠣᠯᠤᠭᠰᠠᠨ ᠡᠵᠡᠩᠨᠡᠯᠲᠡ ᠶᠢᠨ ᠣᠷᠣᠯᠭ᠎ᠠ ᠠᠴᠠ ᠪᠠᠨ 85%᠎ ᠠᠴᠠ ᠳᠡᠭᠡᠭᠰᠢ ᠥᠨᠳᠥᠷ ᠪᠠᠶᠢᠪᠠᠯ᠂ ᠡᠵᠡᠩᠨᠡᠯᠲᠡ ᠶᠢᠨ ᠣᠷᠣᠯᠭ᠎ᠠ ᠠᠴᠠ ᠪᠠᠨ ᠬᠠᠮᠢᠶ᠎ᠠ ᠪᠥᠬᠦᠢ ᠭᠠᠳᠠᠨ᠎ᠠ ᠠᠴᠠ ᠬᠤᠳᠠᠯᠳᠤᠨ ᠠᠪᠤᠭᠰᠠᠨ ᠮᠠᠲ᠋ᠧᠷᠢᠶᠠᠯ ᠪᠣᠯᠤᠨ ᠦᠢᠯᠡᠴᠢᠯᠡᠭᠡᠨ  ᠤ ᠥᠪᠡᠷ  ᠤᠨ ᠥᠷᠳᠡᠭ ᠎ ᠤᠨ ᠴᠡᠪᠡᠷ ᠲᠤᠭ᠎ᠠ ᠶᠢ ᠰᠠᠭᠤᠯᠭᠠᠨ ᠠᠪᠴᠤ᠂ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ ᠎ ᠢ ᠪᠤᠳᠤᠵᠤ ᠠᠪᠬᠤ ᠦᠨᠳᠦᠰᠦᠯᠡᠯ ᠪᠣᠯᠭᠠᠵᠤ ᠪᠣᠯᠤᠨ᠎ᠠ᠃      ᠲᠠᠪᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠳᠣᠲᠣᠭᠠᠳᠤ ᠳᠤ ᠬᠤᠶᠠᠷ ᠪᠤᠶᠤ ᠬᠤᠶᠠᠷ ᠠᠴᠠ ᠳᠡᠭᠡᠭᠰᠢ ᠲᠤᠰᠠᠭᠠᠷ ᠲᠣᠭᠠᠴᠠᠭ᠎ᠠ ᠬᠢᠭᠰᠡᠨ ᠬᠠᠤᠯᠢ ᠶᠢᠨ ᠬᠥᠮᠦᠨ ᠪᠤᠰᠤ ᠪᠡᠶᠡᠴᠢ ᠴᠣᠭᠴᠠ ᠪᠠᠶᠢᠵᠤ᠂ ᠭᠤᠣᠯ ᠴᠣᠭᠴᠠ ᠨᠤᠭᠤᠳ  ᠤᠨ ᠬᠤᠭᠤᠷᠣᠨᠳᠣ ᠪᠠᠨ ᠦᠢᠯᠡᠳᠬᠦᠨ ᠪᠠ ᠦᠢᠯᠡᠴᠢᠯᠡᠭᠡᠨ  ᠢ ᠦᠢᠯᠡᠳᠪᠦᠷᠢᠯᠡᠬᠦ ᠪᠠ ᠰᠢᠯᠵᠢᠭᠦᠯᠬᠦ ᠳᠤ ᠲᠤᠰ ᠠᠷᠭ᠎ᠠ ᠶᠢᠨ ᠲᠣᠭᠲᠠᠭᠠᠯ ᠶᠣᠰᠣᠭᠠᠷ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ ᠎ ᠤᠨ ᠵᠠᠷᠤᠳᠠᠯ  ᠢ ᠭᠠᠷᠭᠠᠵᠤ ᠠᠪᠬᠤ ᠴᠢᠬᠤᠯᠠ ᠲᠠᠢ ᠪᠣᠯ ᠡᠯ᠎ᠡ ᠭᠤᠣᠯ ᠴᠣᠭᠴᠠ ᠨᠤᠭᠤᠳ ᠲᠤᠰ ᠭᠤᠣᠯ ᠴᠣᠭᠴᠠ ᠶᠢᠨ ᠡᠵᠡᠩᠨᠡᠯᠲᠡ ᠶᠢᠨ ᠣᠷᠣᠯᠭ᠎ᠠ ᠠᠴᠠ ᠪᠠᠨ ᠪᠤᠰᠤᠳ ᠭᠤᠣᠯ ᠴᠣᠭᠴᠠ ᠶᠢᠨ ᠦᠢᠯᠡᠳᠬᠦᠨ ᠪᠠ ᠦᠢᠯᠡᠴᠢᠯᠡᠭᠡᠨ ᠬᠤᠳᠠᠯᠳᠤᠨ ᠠᠪᠤᠭᠰᠠᠨ ᠥᠪᠡᠷ  ᠤᠨ ᠥᠷᠳᠡᠭ ︵ᠲᠤᠬᠠᠶᠢᠯᠠᠪᠠᠯ ᠳᠣᠲᠣᠭᠠᠳᠤ ᠶᠢᠨ ᠬᠠᠷᠢᠯᠴᠠᠨ ᠬᠠᠩᠭᠠᠬᠤ ᠣᠷᠣᠯᠭ᠎ᠠ ᠶᠢ ᠬᠠᠰᠤᠵᠤ ᠭᠠᠷᠭᠠᠨ᠎ᠠ︶ ᠎ ᠤᠨ ᠴᠡᠪᠡᠷ ᠲᠤᠭ᠎ᠠ ᠶᠢ ᠰᠠᠭᠤᠯᠭᠠᠨ ᠠᠪᠴᠤ᠂ ᠠᠵᠤ ᠠᠬᠤᠶᠢᠯᠠᠯ ᠎ ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠪᠤᠳᠤᠵᠤ ᠠᠪᠬᠤ ᠦᠨᠳᠦᠰᠦᠯᠡᠯ ᠪᠣᠯᠭᠠᠵᠤ ᠪᠣᠯᠤᠨ᠎ᠠ᠃      ᠲᠠᠪᠢᠨ ᠲᠠᠪᠤᠳᠤᠭᠠᠷ ᠵᠦᠢᠯ ᠪᠦ᠋ᠯᠦᠭᠯᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠤᠨ ᠪᠦᠯᠦᠭᠯᠡᠯ ᠤᠨ ᠡᠬᠡ ᠺᠣᠮᠫᠠᠨᠢ ︵ᠨᠢᠭᠡᠳᠦᠭᠡᠷ ᠳᠡᠰ᠂ ᠳᠣᠷᠣᠭᠰᠢ ᠪᠦᠯᠦᠭᠯᠡᠯ ᠤᠨ ᠶᠡᠷᠦᠩᠬᠡᠢ ᠬᠡᠯᠲᠡᠰ ᠭᠡᠵᠦ ᠲᠣᠪᠴᠢᠯᠠᠨ᠎ᠠ︶᠎ ᠨᠢ ᠪᠦᠬᠦ ᠪᠡᠯᠡᠳᠦ ᠵᠢᠴᠢ ᠬᠤᠪᠢ ᠡᠵᠡᠮᠳᠡᠬᠦ ᠬᠤᠪᠢᠶᠠᠷᠢ ᠺᠣᠮᠫᠠᠨᠢ ᠶᠢᠨ ᠭᠠᠷᠭᠠᠵᠤ ᠠᠪᠤᠭᠰᠠᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠵᠣᠬᠢᠬᠤ ᠬᠠᠷᠢᠴᠠᠯ ᠢᠶᠠᠷ ᠲᠥᠪᠯᠡᠷᠡᠭᠦᠯᠦᠨ ᠬᠠᠮᠢᠶᠠᠷᠴᠤ᠂ ᠨᠢᠭᠡᠳᠦᠯᠲᠡᠢ ᠲᠥᠯᠥᠪᠯᠡᠨ ᠬᠡᠷᠡᠭᠯᠡᠵᠦ ᠪᠣᠯᠤᠨ᠎ᠠ᠃ ᠬᠤᠪᠢᠶᠠᠷᠢ ᠺᠣᠮᠫᠠᠨᠢ ᠶᠢᠨ ᠰᠢᠯᠵᠢᠭᠦᠯᠦᠨ ᠭᠠᠷᠭᠠᠭᠰᠠᠨ ᠪᠠᠯᠠ ᠮᠥᠩᠭᠦ ᠶᠢ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠤᠨ ᠵᠠᠷᠤᠯᠭ᠎ᠠ ᠪᠣᠯᠭᠠᠨ ᠰᠢᠶᠳᠪᠦᠷᠢᠯᠡᠵᠦ᠂ ᠪᠦᠯᠦᠭᠯᠡᠯ ᠤᠨ ᠶᠡᠷᠦᠩᠬᠡᠶ ᠵᠠᠬᠢᠷᠭ᠎ᠠ ᠨᠢ ᠪᠠᠯᠠ ᠮᠥᠩᠭᠦ ᠶᠢ ᠭᠥᠯᠢᠶᠡᠨ ᠠᠪᠴᠤ ᠲᠤᠰᠬᠠᠶ ᠵᠦᠶᠯ ᠤᠨ ᠨᠥᠭᠡᠴᠡ ᠶᠢᠨ ᠬᠠᠮᠢᠶᠠᠷᠤᠯᠲᠠ ᠪᠣᠯᠭᠠᠵᠤ᠂ ᠪᠦᠯᠦᠭᠯᠡᠯ ᠤᠨ ᠶᠡᠷᠦᠩᠬᠡᠶ ᠵᠠᠬᠢᠷᠭ᠎ᠠ ᠶᠢᠨ ᠣᠷᠣᠯᠭ᠎ᠠ ᠳᠤ ᠪᠤᠳᠤᠵᠤ ᠣᠷᠣᠭᠤᠯᠬᠤ ᠥᠬᠡᠶ᠃      ᠪᠦᠯᠦᠭᠯᠡᠯ ᠤᠨ ᠶᠡᠷᠦᠩᠬᠡᠶ ᠬᠡᠯᠲᠡᠰ ᠠᠴᠠ ᠨᠢᠭᠡᠳᠦᠯᠲᠡᠶ ᠲᠥᠯᠥᠪᠯᠡᠭᠰᠡᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠠᠷᠤᠳᠠᠯ ᠢ ᠲᠤᠰ ᠠᠷᠭ᠎ᠠ ᠳᠤ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠬᠡᠷᠡᠭᠯᠡᠬᠦ ᠬᠡᠷᠡᠭᠲᠡᠶ᠃ ᠠᠶᠤᠯᠭᠦᠶ ᠦᠢᠯᠡᠳᠪᠦᠷᠢᠯᠡᠯ  ᠤᠨ ᠪᠠᠶᠢᠴᠠᠭᠠᠯᠲᠠ᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ  ᠤᠨ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ᠂ ᠠᠶᠤᠯᠭᠦᠶ ᠦᠢᠯᠡᠳᠪᠦᠷᠢᠯᠡᠯ ᠎ ᠳᠤ ᠲᠤᠬᠢᠷᠠᠬᠤ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠨ ᠮᠡᠷᠭᠡᠰᠢᠯ᠂ ᠰᠢᠨ᠎ᠡ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠠᠶᠤᠯᠭᠦᠶ ᠦᠢᠯᠡᠳᠪᠦᠷᠢᠯᠡᠯ  ᠳᠤ ᠰᠢᠭᠤᠳ ᠬᠤᠯᠪᠣᠭᠳᠠᠬᠤ ᠵᠠᠷᠤᠯᠭ᠎ᠠ᠃      ᠲᠠᠪᠢᠨ ᠵᠢᠷᠭᠤᠳᠤᠭᠠᠷ ᠵᠦᠢᠯ ᠲᠤᠰ ᠠᠷᠭ᠎ᠠ  ᠳᠤ ᠲᠣᠭᠲᠠᠭᠠᠭᠰᠠᠨ ᠬᠡᠷᠡᠭᠯᠡᠬᠦ ᠬᠡᠪᠴᠢᠶᠡᠨ ᠳᠣᠲᠣᠷ᠎ᠠ᠂ ᠠᠵᠤ ᠠᠬᠤᠶᠢᠯᠠᠯ  ᠤᠨ ᠠᠶᠤᠯᠭᠦᠶ ᠦᠢᠯᠡᠳᠪᠦᠷᠢᠯᠡᠯ  ᠤᠨ ᠵᠠᠷᠤᠳᠠᠯ  ᠢ ᠬᠠᠤᠯᠢ ᠪᠠᠷ ᠲᠣᠭᠲᠠᠭᠠᠭᠰᠠᠨ ᠠᠶᠤᠯᠭᠦᠶ ᠦᠢᠯᠡᠳᠪᠦᠷᠢᠯᠡᠯ  ᠤᠨ ᠪᠠᠷᠢᠮᠵᠢᠶ᠎ᠠ  ᠳᠤ ᠬᠥᠷᠥᠭᠰᠡᠨ  ᠳᠤ ᠬᠡᠷᠡᠭᠰᠡᠬᠦ ᠵᠠᠷᠤᠯᠭ᠎ᠠ ᠪᠣᠯᠤᠨ ᠡᠯ᠎ᠡ ᠱᠠᠲᠤᠨ  ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ  ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ  ᠤᠨ ᠱᠠᠭᠠᠷᠳᠠᠯᠭ᠎ᠠ ᠶᠣᠰᠣᠭᠠᠷ ᠥᠷᠨᠢᠭᠦᠯᠦᠭᠰᠡᠨ ᠠᠶᠤᠯᠭᠦᠶ ᠦᠢᠯᠡᠳᠪᠦᠷᠢᠯᠡᠯ  ᠤᠨ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ ᠳᠤ ᠡᠩ ᠲᠡᠷᠢᠭᠦᠨ  ᠳᠤ ᠬᠡᠷᠡᠭᠯᠡᠬᠦ ᠬᠡᠷᠡᠭᠲᠡᠶ᠃      ᠲᠠᠪᠢᠨ ᠳᠣᠯᠣᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢᠨ ᠠᠵᠤ ᠠᠬᠤᠶᠢᠯᠠᠯ ᠨᠢ ᠡᠩ ᠤᠨ ᠨᠥᠬᠦᠨ ᠦᠢᠯᠡᠳᠪᠦᠷᠢᠯᠡᠯ ᠢ ᠬᠡᠪ ᠢᠶᠠᠷ ᠪᠠᠶᠢᠯᠭᠠᠬᠤ ᠵᠠᠷᠤᠳᠠᠯ ᠢ ᠨᠢᠭᠡᠨᠲᠡ ᠭᠠᠷᠭᠠᠨ ᠠᠪᠤᠭᠰᠠᠨ ᠪᠠᠶᠢᠪᠠᠯ᠂ ᠦᠷᠭᠦᠯᠵᠢᠯᠡᠨ ᠭᠠᠷᠭᠠᠨ ᠠᠪᠬᠤ ᠬᠡᠷᠡᠭᠲᠡᠶ᠂ ᠭᠡᠬᠦ ᠳᠡᠭᠡᠨ ᠲᠤᠰ ᠠᠷᠭ᠎ᠠ ᠳᠤ ᠲᠣᠭᠲᠠᠭᠠᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠪᠬᠤᠷᠳᠠᠭᠤᠯᠤᠨ ᠵᠠᠷᠤᠵᠤ ᠪᠣᠯᠬᠤ ᠦᠭᠡᠢ᠃      ᠲᠠᠪᠢᠨ ᠨᠠᠢᠮᠠᠳᠤᠭᠠᠷ ᠵᠦᠢᠯ ᠠᠵᠤ ᠠᠬᠤᠶᠢᠯᠠᠯ ᠥᠮᠴᠢᠯᠡᠬᠦ ᠡᠷᠬᠡ ᠪᠠᠨ ᠰᠢᠯᠵᠢᠭᠦᠯᠦᠨ ᠥᠭᠬᠦ᠂ ᠺᠣᠮᠫᠠᠨᠢ ᠶᠢᠨ ᠲᠥᠷᠢᠮ ᠢᠶᠠᠷ ᠥᠭᠡᠷᠡᠴᠢᠯᠡᠨ ᠪᠠᠶᠢᠭᠤᠯᠬᠤ ᠵᠡᠷᠭᠡ ᠠᠴᠠ ᠪᠣᠯᠵᠥ ᠰᠲ᠋ᠣᠺ ᠤᠨ ᠡᠷᠬᠡ ᠶᠢᠨ ᠪᠦᠲᠦᠴᠡ ᠪᠤᠶᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠨ ᠬᠤᠪᠢᠷᠠᠭᠤᠯᠤᠭᠰᠠᠨ ᠪᠠᠶᠢᠪᠠᠯ᠂ ᠲᠡᠭᠦᠨ ᠤ ᠦᠯᠡᠳᠡᠭᠰᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠦᠷᠭᠦᠯᠵᠢᠯᠡᠨ ᠲᠣᠰ ᠠᠷᠭ᠎ᠠ ᠶᠢᠨ ᠶᠣᠰᠣᠭᠠᠷ ᠬᠠᠮᠢᠶᠠᠷᠤᠨ ᠬᠡᠷᠡᠭᠯᠡᠬᠦ ᠬᠡᠷᠡᠭᠲᠡᠶ᠃      ᠲᠡᠪᠢ ᠶᠢᠰᠦᠳᠦᠭᠡᠷ ᠵᠦᠢᠯ ᠡᠵᠤ ᠠᠬᠤᠶᠢᠯᠠᠯ ᠲᠤᠬᠠᠶᠢᠯᠠᠭᠰᠠᠨ ᠠᠵᠢᠯ ᠢᠶᠠᠨ ᠲᠣᠬᠢᠷᠠᠭᠤᠯᠤᠭᠰᠠᠨ᠂ ᠡᠵᠡᠩᠨᠡᠯᠲᠡ ᠪᠠᠨ ᠳᠠᠭᠤᠰᠬᠠᠭᠰᠠᠨ ᠪᠤᠶᠤ ᠬᠠᠤᠯᠢ ᠶᠣᠰᠣᠭᠠᠷ ᠢᠯᠭᠠᠷᠠᠭᠤᠯᠤᠨ ᠪᠤᠳᠦᠬᠰᠡᠠ ᠪᠠᠶᠢᠪᠠᠯ᠂ ᠲᠡᠭᠦᠨ ᠤ ᠦᠯᠡᠳᠡᠪᠦᠷᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠲᠤᠰ ᠬᠤᠭᠤᠴᠠᠭᠠᠨ ᠤ ᠠᠰᠢᠭ ᠣᠷᠣᠯᠭ᠎ᠠ ᠪᠤᠶᠤ ᠢᠯᠭᠠᠷᠠᠭᠤᠯᠤᠨ ᠪᠤᠳᠦᠬᠰᠡᠠ ᠠᠰᠢᠭ ᠣᠷᠣᠯᠭ᠎ᠠ ᠳᠤ ᠳ᠋ᠦᠩᠨᠡᠨ ᠰᠢᠯᠵᠢᠭᠦᠯᠬᠦ ᠬᠡᠷᠡᠭᠲᠡᠶ᠃ ᠳᠣᠣᠷ᠎ᠠ ᠵᠢᠭᠰᠠᠭᠠᠭᠰᠠᠨ ᠪᠠᠶᠢᠳᠠᠯ ᠤᠳ ᠡᠭᠦᠨ ᠳᠤ ᠪᠠᠭᠲᠠᠬᠤ ᠦᠭᠡᠢ᠄       ︵ᠨᠢᠭᠡ︶ ᠠᠭᠤᠷᠬᠠᠶ ᠶᠢᠨ ᠠᠵᠤ ᠠᠬᠤᠶᠢᠯᠠᠯ ᠦᠢᠯᠡᠳᠪᠦᠷᠢᠯᠡᠯ ᠢᠶᠠᠨ ᠬᠤᠪᠢᠷᠠᠭᠤᠯᠬᠤ᠂ ᠦᠢᠯᠡᠳᠪᠦᠷᠢᠯᠡᠯ ᠢᠶᠠᠨ ᠵᠣᠭᠰᠣᠭᠠᠬᠤ᠂ ᠠᠵᠢᠯ ᠢᠶᠠᠨ ᠵᠣᠭᠰᠣᠭᠠᠬᠤ ᠪᠤᠶᠤ ᠲᠠᠷᠬᠠᠭᠠᠬᠤ ᠳᠤ ᠬᠦᠷᠪᠡᠯ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠦᠯᠡᠳᠡᠪᠦᠷᠢ ᠪᠠᠨ ᠠᠭᠤᠷᠬᠠᠶ ᠶᠢᠨ ᠨᠦᠭᠡ᠂ ᠦᠯᠡᠳᠡᠭᠳᠡᠯ ᠬᠦᠳᠡᠷ ᠤᠨ ᠬᠥᠮᠥᠷᠭᠡ ᠪᠠᠨ ᠬᠠᠭᠠᠭᠰᠠᠨ ᠤ ᠲᠠᠷᠠᠭ᠎ᠠ ᠭᠠᠷᠴᠤ ᠮᠡᠳᠡᠬᠦ ᠬᠤᠣᠷ ᠬᠥᠨᠥᠭᠡᠯ ᠢ ᠵᠠᠰᠠᠬᠤ ᠪᠠ ᠬᠤᠬᠢᠷᠠᠯ ᠢ ᠲᠦᠯᠦᠬᠦ ᠳᠤ ᠬᠡᠷᠡᠭᠯᠡᠬᠦ ᠬᠡᠷᠡᠭᠲᠡᠶ︔       ︵ᠬᠤᠶᠠᠷ︶ ᠠᠶᠤᠯᠲᠠᠢ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ ᠦᠢᠯᠡᠳᠪᠦᠷᠢᠯᠡᠯ ᠢᠶᠠᠨ ᠬᠤᠪᠢᠷᠠᠭᠤᠯᠬᠤ᠂ ᠦᠢᠯᠡᠳᠪᠦᠷᠢᠯᠡᠯ ᠢᠶᠠᠨ ᠵᠣᠭᠰᠣᠭᠠᠬᠤ᠂ ᠠᠵᠢᠯ ᠢᠶᠠᠨ ᠵᠣᠭᠰᠣᠭᠠᠬᠤ ᠪᠤᠶᠤ ᠲᠠᠷᠬᠠᠭᠠᠬᠤ ᠳᠤ ᠬᠦᠷᠪᠡᠯ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠦᠯᠡᠳᠡᠪᠦᠷᠢ ᠶᠢ ᠦᠢᠯᠡᠳᠪᠦᠷᠢᠯᠡᠯ ᠢᠶᠠᠨ ᠬᠤᠪᠢᠷᠠᠭᠤᠯᠬᠤ᠂ ᠦᠢᠯᠡᠳᠪᠦᠷᠢᠯᠡᠯ ᠢᠶᠠᠨ ᠵᠣᠭᠰᠣᠭᠠᠬᠤ᠂ ᠠᠵᠢᠯ ᠢᠶᠠᠨ ᠵᠣᠭᠰᠣᠭᠠᠬᠤ ᠪᠤᠶᠤ ᠲᠠᠷᠬᠠᠭᠠᠬᠤ ᠠᠴᠠ ᠡᠮᠦᠨᠡᠬᠢ ᠠᠶᠤᠯᠲᠠᠢ ᠪᠣᠳᠠᠰ ᠢ ᠦᠢᠯᠡᠳᠪᠦᠷᠢᠯᠡᠬᠦ ᠪᠤᠶᠤ ᠬᠠᠳᠠᠭᠠᠯᠠᠬᠤ ᠲᠥᠬᠦᠭᠡᠷᠦᠮᠵᠢ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠦᠢᠯᠡᠳᠬᠦᠨ ᠵᠢᠴᠢ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠢ ᠰᠢᠢᠳᠪᠦᠷᠢᠯᠡᠬᠦ ᠵᠠᠷᠤᠯᠭ᠎ᠠ ᠳᠤ ᠬᠡᠷᠡᠭᠯᠡᠬᠦ ᠬᠡᠷᠡᠭᠲᠡᠢ᠃       ︵ᠨᠢᠭᠡ︶ ᠪᠠ ︵ᠬᠤᠶᠠᠷ︶ ᠳ᠋ᠤᠭᠠᠷ ᠵᠤᠷᠪᠤᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠦᠯᠡᠳᠡᠪᠦᠷᠢ ᠳᠤ ᠦᠷᠭᠦᠯᠵᠢᠯᠡᠨ ᠣᠷᠣᠰᠢᠵᠤ ᠪᠠᠶᠢᠭ᠎ᠠ ᠠᠵᠤ ᠠᠬᠤᠶᠢᠯᠠᠯ ᠲᠠᠢ ᠪᠠᠶᠢᠪᠠᠯ᠂ ᠦᠷᠭᠦᠯᠵᠢᠯᠡᠨ ᠣᠷᠣᠰᠢᠵᠤ ᠪᠠᠶᠢᠭ᠎ᠠ ᠠᠵᠤ ᠠᠬᠤᠶᠢᠯᠠᠯ ᠠᠴᠠ ᠬᠠᠮᠢᠶᠠᠷᠤᠨ᠎ᠠ︔ ᠣᠷᠣᠰᠢᠨ ᠦᠷᠭᠦᠯᠵᠢᠯᠡᠬᠦ ᠠᠵᠤ ᠠᠬᠤᠶᠢᠯᠠᠯ ᠪᠠᠶᠢᠬᠤ ᠦᠭᠡᠢ ᠪᠣᠯ᠂ ᠢᠯᠭᠠᠷᠠᠭᠤᠯᠤᠨ ᠪᠤᠳᠤᠬᠤ ᠠᠴᠠ ᠡᠮᠦᠨ᠎ᠡ ᠪᠦᠬᠦ ᠬᠤᠪᠢ ᠣᠷᠣᠭᠤᠯᠤᠭᠴᠢ ᠬᠠᠮᠲᠤ ᠪᠠᠷ ᠬᠠᠮᠢᠶᠠᠷᠬᠤ ᠪᠤᠶᠤ ᠭᠤᠷᠪᠠᠳᠠᠬᠢ ᠡᠲᠡᠭᠡᠳ ᠲᠤ ᠨᠠᠶᠢᠳᠠᠵᠤ ᠬᠠᠮᠢᠶᠠᠷᠤᠭᠤᠯᠤᠨ᠎ᠠ᠃      ᠵᠢᠷᠠᠳᠤᠭᠠᠷ ᠵᠦᠢᠯ ᠡᠵᠤ ᠠᠬᠤᠶᠢᠯᠠᠯ ᠤᠨ ᠭᠠᠷᠭᠠᠨ ᠠᠪᠤᠭᠰᠠᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠎ ᠨᠢ ᠠᠵᠤ ᠠᠬᠤᠶᠢᠯᠠᠯ ᠤᠨ ᠥᠪᠡᠷ ᠢᠶᠠᠨ ᠭᠠᠷᠭᠠᠨ ᠠᠪᠴᠤ ᠥᠪᠡᠷ ᠢᠶᠠᠨ ᠬᠡᠷᠡᠭᠯᠡᠬᠦ ᠪᠡᠯᠡ ᠮᠥᠩᠭᠦ ᠳᠤ ᠬᠠᠷᠢᠶᠠᠯᠠᠭᠳᠠᠨ᠎ᠠ᠂ ᠪᠦᠯᠦᠭᠯᠡᠯ ᠤᠨ ᠶᠡᠷᠦᠩᠬᠡᠢ ᠬᠡᠯᠲᠡᠰ ᠠᠴᠠ ᠲᠣᠭᠲᠠᠭᠠᠯ ᠶᠣᠰᠣᠭᠠᠷ ᠨᠢᠭᠡᠳᠦᠯᠲᠡᠢ ᠲᠥᠯᠥᠪᠯᠡᠨ ᠬᠡᠷᠡᠭᠯᠡᠬᠦ ᠶᠢ ᠭᠠᠷᠭᠠᠪᠠᠯ᠂ ᠶᠠᠮᠠᠷᠪᠠ ᠨᠢᠭᠡᠴᠢ ᠪᠠ ᠬᠤᠪᠢ ᠬᠥᠮᠦᠨ ᠬᠤᠷᠢᠶᠠᠨ ᠠᠪᠬᠤ᠂ ᠣᠷᠣᠯᠠᠨ ᠬᠠᠮᠢᠶᠠᠷᠬᠤ ᠵᠡᠷᠭᠡ ᠬᠡᠯᠪᠡᠷᠢ ᠪᠠᠷ ᠲᠡᠭᠦᠨ ᠢ ᠲᠥᠪᠯᠡᠷᠡᠭᠦᠯᠦᠨ ᠬᠠᠮᠢᠶᠠᠷᠴᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠵᠢᠷᠠᠨ ᠨᠢᠭᠡᠳᠦᠭᠡᠷ ᠵᠦᠢᠯ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ᠂ ᠬᠡᠷᠡᠭᠯᠡᠬᠦ ᠪᠠ ᠬᠠᠮᠢᠶᠠᠷᠬᠤ ᠠᠵᠢᠯ ᠢ ᠬᠠᠤᠯᠢ ᠶᠣᠰᠣᠭᠠᠷ ᠬᠢᠨᠠᠵᠤ ᠪᠠᠶᠢᠴᠠᠭᠠᠨ᠎ᠠ᠃      ᠵᠢᠷᠠᠨ ᠬᠤᠶᠠᠳᠤᠭᠠᠷ ᠵᠦᠢᠯ ᠠᠵᠤ ᠠᠬᠤᠶᠢᠯᠠᠯ ᠲᠤᠰ ᠠᠷᠭ᠎ᠠ ᠶᠢᠨ ᠶᠣᠰᠣᠭᠠᠷ ᠠᠶᠦᠯᠭᠦᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠭᠰᠡᠨ ᠦᠭᠡᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠬᠠᠤᠯᠢ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠶᠳᠪᠦᠷᠢᠯᠡᠵᠦ᠂ ᠰᠢᠳᠬᠡᠨ᠎ᠡ᠃ ᠥᠢᠯᠡ ᠪᠠᠶᠢᠳᠠᠯ ᠨᠢ ᠬᠦᠨᠳᠦ ᠨᠣᠴᠢᠲᠠᠶ᠂ ᠰᠢᠨᠵᠢ ᠴᠢᠨᠠᠷ ᠨᠢ ᠬᠠᠷ᠎ᠠ ᠬᠤᠣᠷᠲᠠᠢ ᠪᠠᠶᠢᠪᠠᠯ᠂ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃      ᠵᠢᠷᠠᠨ ᠭᠤᠷᠪᠠᠳᠤᠭᠠᠷ ᠵᠦᠢᠯ ᠪᠦᠳᠦᠭᠡᠠ ᠪᠠᠶᠢᠭᠤᠯᠬᠤ ᠨᠢᠭᠡᠴᠢ ᠨᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠪᠠᠷᠢᠯᠭ᠎ᠠ ᠪᠠᠷᠢᠬᠤ ᠨᠢᠭᠡᠴᠢ ᠳᠤ ᠥᠭᠭᠦᠭᠰᠡᠨ ᠦᠭᠡᠢ᠂ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠬᠤᠪᠢᠶᠠᠨ ᠳᠠᠭᠠᠭᠠᠴᠢᠯᠠᠭᠰᠠᠨ ᠨᠢᠭᠡᠴᠢ ᠳᠤ ᠴᠢᠬᠤᠯᠠ ᠪᠦᠬᠦᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠥᠭᠭᠦᠭᠰᠡᠨ ᠦᠭᠡᠢ ᠵᠢᠴᠢ ᠳᠠᠭᠠᠭᠠᠴᠢᠯᠠᠭᠰᠠᠨ ᠨᠢᠭᠡᠴᠢ ᠨᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠨᠡᠭᠦᠯᠭᠡᠨ ᠬᠡᠷᠡᠭᠯᠡᠭᠰᠡᠨ ᠪᠠᠶᠢᠪᠠᠯ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠤᠰᠤᠨ ᠠᠰᠢᠭᠯᠠᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠤᠯᠢ ᠶᠣᠰᠣᠭᠠᠷ ᠰᠢᠶᠳᠪᠦᠷᠢᠯᠡᠵᠦ᠂ ᠰᠢᠳᠬᠡᠨ ᠲᠣᠷᠭᠠᠨ᠎ᠠ᠃      ᠵᠢᠷᠠᠨ ᠳᠥᠷᠪᠡᠳᠦᠭᠡᠷ ᠵᠦᠢᠯ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠳᠡᠠ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠤᠨ ᠬᠢᠨᠠᠯᠲᠠ ᠬᠠᠮᠢᠶᠠᠷᠤᠯᠲᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠬᠠᠤᠯᠢ ᠰᠠᠬᠢᠯᠭ᠎ᠠ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡᠳᠦᠭᠡᠷ ᠪᠦᠯᠦᠭ ᠳ᠋ᠠᠭᠠᠯᠳᠤᠭᠤᠯᠤᠭᠰᠠᠨ ᠲᠦᠷᠢᠮ      ᠵᠢᠷᠠᠨ ᠲᠠᠪᠤᠳᠤᠭᠠᠷ ᠵᠦᠢᠯ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠨᠢᠭᠲᠠᠯᠠᠨ ᠪᠤᠳᠦᠬᠤ ᠳᠠᠭᠠᠨ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠤᠶᠢᠷᠢᠮ ᠤᠨ ᠲᠣᠭᠲᠠᠭᠠᠯ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠃      ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠡᠳ᠋ ᠤᠨ ᠶᠠᠪᠤᠳᠠᠯ ᠤᠨ ᠰᠢᠶᠳᠪᠦᠷᠢᠯᠡᠯᠲᠡ ᠨᠢ ᠭᠠᠶᠢᠯᠢ ᠲᠠᠲᠠᠪᠤᠷᠢ ᠶᠢᠨ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠭᠠᠶᠢᠯᠢ ᠲᠤᠰᠢᠶᠠᠬᠤ ᠳᠠᠭᠠᠨ ᠬᠠᠤᠯᠢ ᠶᠣᠰᠣᠭᠠᠷ ᠲᠤᠬᠢᠷᠠᠭᠤᠯᠤᠯᠳᠠ ᠭᠦᠢᠴᠡᠳᠬᠡᠬᠦ ᠬᠡᠷᠡᠭᠲᠡᠶ᠃      ᠵᠢᠷᠠᠨ ᠵᠢᠷᠭᠤᠳᠤᠭᠠᠷ ᠵᠦᠢᠯ ᠲᠤᠰ ᠠᠷᠭ᠎ᠠ ᠶᠢᠨ ᠬᠤᠶᠠᠳᠤᠭᠠᠷ ᠵᠦᠢᠯ  ᠳᠤ ᠲᠣᠭᠲᠠᠭᠠᠭᠰᠠᠨ ᠬᠡᠪᠴᠢᠶ᠎ᠡ ᠠᠴᠠ ᠭᠠᠳᠠᠨᠠᠬᠢ ᠠᠵᠤ ᠠᠬᠤᠶᠢᠯᠠᠯ  ᠤᠨ ᠪᠦᠷᠢᠳᠦᠭᠦᠯᠬᠦ ᠶᠣᠰᠣᠲᠠᠶ ᠠᠶᠤᠯᠭᠦᠶ ᠦᠢᠯᠡᠳᠪᠦᠷᠢᠯᠡᠯ  ᠤᠨ ᠨᠥᠬᠦᠴᠡᠯ  ᠳᠤ ᠬᠥᠷᠬᠦ ᠶᠢᠨ ᠲᠤᠰᠠᠳᠠ ᠬᠡᠷᠡᠭᠰᠡᠬᠦ ᠪᠡᠯᠡ ᠮᠥᠩᠭᠦ ᠶᠢᠨ ᠣᠷᠣᠭᠤᠯᠤᠯᠲᠠ ᠶᠢ ᠥᠪᠡᠷ  ᠤᠨ ᠥᠷᠳᠡᠭ ︵ᠵᠠᠷᠤᠳᠠᠯ︶ ᠎ ᠤᠨ ᠳᠣᠲᠣᠷ᠎ᠠ ᠠᠴᠠ ᠭᠠᠷᠭᠠᠨ᠎ᠠ᠃      ᠬᠤᠸᠠᠷ ᠫᠤᠤᠵᠢᠩ ᠬᠠᠳᠠᠭᠠᠯᠠᠬᠤ ᠬᠥᠮᠥᠷᠭᠡ ᠶᠢ ᠥᠪᠡᠰᠦᠪᠡᠨ ᠡᠵᠡᠩᠨᠡᠵᠦ ᠪᠠᠶᠢᠭ᠎ᠠ ᠬᠤᠸᠠᠷ ᠫᠤᠤᠵᠢᠩ ᠪᠣᠷᠣᠯᠠᠭᠤᠯᠬᠤ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠠᠳᠠᠭᠠᠯᠠᠬᠤ ᠬᠥᠮᠥᠷᠭᠡ ᠶᠢ ᠥᠪᠡᠰᠦᠪᠡᠨ ᠡᠵᠡᠩᠨᠡᠵᠦ ᠪᠠᠶᠢᠭ᠎ᠠ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠪᠣᠷᠣᠯᠠᠭᠤᠯᠬᠤ ᠠᠵᠤ ᠠᠬᠤᠶᠢᠯᠠᠯ ᠢ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ ᠠᠬᠤᠶᠢᠯᠠᠯ ᠢᠶᠠᠷ ᠲᠤᠰ ᠲᠤᠰ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠠᠵᠤ ᠠᠬᠤᠶᠢᠯᠠᠯᠴᠢᠯᠠᠬᠰᠠᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ  ᠤᠨ ᠨᠢᠭᠡᠴᠡ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠵᠢᠷᠠᠨ ᠳᠣᠯᠣᠳᠤᠭᠠᠷ ᠵᠦᠢᠯ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠨᠴᠠ ᠲᠣᠭᠲᠠᠭᠠᠭᠰᠠᠨ ᠠᠵᠢᠯ ᠲᠦᠷᠦᠯ ᠤᠨ ᠪᠣᠳᠠᠲᠠᠶ ᠠᠷᠭ᠎ᠠ ᠶᠢ ᠲᠣᠭᠲᠠᠭᠠᠵᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠵᠦ ᠪᠣᠯᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ      ᠵᠢᠷᠠᠨ ᠨᠠᠢᠮᠠᠳᠤᠭᠠᠷ ᠵᠦᠶᠯ ᠲᠣᠰ ᠠᠷᠭ᠎ᠠ ᠶᠢ ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠶᠠᠮᠤᠨ ᠎ ᠠᠴᠠ ᠬᠠᠷᠢᠭᠤᠴᠠᠨ ᠲᠠᠶᠢᠯᠪᠤᠷᠢᠯᠠᠨ᠎ᠠ᠃      ᠵᠢᠷᠠ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠤᠷᠭᠠᠨ ﹇2012﹈ 16 ᠳ᠋ᠤᠭᠠᠷ ᠲᠣᠭᠠᠲᠤ︶ ᠎ ᠶᠢ ᠳᠠᠭᠠᠤ ᠳᠤᠨᠢ ᠬᠦᠴᠦᠨ ᠥᠬᠡᠶ ᠪᠣᠯᠭᠠᠨ᠎ᠠ                             ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠎ ᠶᠢᠨ ᠲᠠᠶᠢᠯᠤᠮᠵᠢ                                                                                                  
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号