| ︵ᠨᠢᠭᠡ︶ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠠᠯᠠᠱᠠ ᠵᠡᠭᠦᠨ | ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠬᠢᠨᠠᠨ ᠪᠤᠲᠤᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠤᠲᠤᠵᠤ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ | ᠤᠯᠤᠰ ᠤᠨ ᠥᠮᠴᠢᠯᠡᠯ ᠤᠨ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠳᠠ ᠬᠢᠬᠦ ᠶᠢ ᠨᠡᠶᠢᠳᠡᠮ ᠬᠡᠷᠡᠭᠵᠢᠭᠦᠯᠵᠦ᠂ | ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ | ᠬᠦᠷᠦᠩᠭᠡ ᠳᠤ ᠳᠤᠰᠢᠶᠠᠯ ᠠᠴᠠ ᠪᠠᠨ ᠰᠠᠯᠬᠤ ᠬᠢᠨᠠᠨ ᠪᠤᠳᠤᠯᠳᠠ ᠬᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠪᠠ ᠬᠤᠰᠢᠭᠤᠨ ᠤ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠯᠲᠠ ᠬᠢᠨ᠎ᠠ᠃ ᠬᠢᠨᠠᠨ ᠪᠤᠳᠤᠬᠤ᠂ | ᠲᠤᠰᠬᠠᠶ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ | ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠬᠤ ᠳᠤ | ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ | ᠰᠠᠶᠢᠵᠢᠷᠠᠭᠤᠯᠬᠤ ᠶᠢ ᠰᠢᠮᠳᠠᠭᠤᠯᠬᠤ ᠶᠢ ᠬᠠᠷᠢᠭᠤᠴᠠᠨ᠎ᠠ᠃ | ︵ᠬᠤᠶᠠᠷ︶ ᠲᠥᠪ ᠤᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ | ᠣᠷᠣᠨ ᠤ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠢᠨᠠᠨ ᠪᠣᠳᠣᠯᠲᠠ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠵᠦᠭᠯᠡᠭᠦᠷ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠵᠤ ᠬᠡᠷᠡᠭᠵᠢᠭᠦᠯᠦᠨ᠎ᠡ᠃ ᠣᠨ ᠤ ᠬᠢᠨᠠᠨ ᠪᠤᠳᠤᠬᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ | ᠪᠠᠶᠢᠴᠠᠭᠠᠬᠤ ᠵᠦᠶᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ | ᠮᠡᠳᠡᠭᠦᠯᠦᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ | ᠳᠤᠷᠠᠳᠤᠨ᠎ᠠ᠃ | ︵ᠭᠤᠷᠪᠠ︶ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠬᠤᠰᠢᠭᠤᠨ ᠤ | ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ | ᠪᠤᠳᠤᠯᠲᠠ ᠶᠢᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤ ᠳᠠᠷᠤᠭ᠎ᠠ ᠳᠤ ᠣᠨ ᠤ ᠲᠥᠰᠦᠪ ᠢ ᠭᠦᠢᠴᠡᠳᠭᠡᠭᠰᠡᠨ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ | ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠦᠪ ᠢ ᠭᠦᠢᠴᠡᠳᠬᠡᠭᠰᠡᠨ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠠᠵᠢᠯ ᠤᠨ | ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠵᠦ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠤᠳᠤᠯᠲᠠ ᠪᠠ ᠲᠤᠰᠬᠠᠶ ᠵᠦᠢᠯ ᠤᠨ ᠬᠢᠨᠠᠨ | ᠪᠤᠳᠤᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠯᠳᠠ ᠶᠢᠨ ᠦᠷ᠎ᠡ | ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ | ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠵᠡᠭᠡᠯᠢ ᠭᠤᠳᠤᠮᠵᠢ ᠪᠠ ᠬᠠᠮᠢᠶᠠᠷᠤᠯᠲᠠ ᠶᠢᠨ ᠵᠥᠪᠯᠡᠯ ᠳᠤ | ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠦᠯᠦᠨ᠎ᠡ᠃ | ︵ᠲᠦᠷᠪᠡ︶ ᠳᠣᠣᠷ᠎ᠠ ᠵᠢᠭᠰᠠᠭᠠᠭᠰᠠᠨ ᠵᠦᠢᠯ ᠤᠳ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ | ᠮᠡᠳᠡᠭᠦᠯᠦᠯᠲᠡ ᠭᠠᠷᠭᠠᠵᠤ᠂ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠤ ᠳᠣᠲᠣᠷ᠎ᠠ ᠬᠢᠨᠠᠨ | ᠪᠤᠳᠤᠭᠰᠠᠨ ᠲᠣᠭᠲᠠᠭᠠᠯ ᠭᠠᠷᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠰᠢᠭᠤᠨ ᠤ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ | ᠨᠢᠭᠡᠴᠡ ᠶᠢ ᠪᠠᠭᠲᠠᠭᠠᠨ᠎ᠠ︶ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠬᠦᠢᠴᠡᠳᠬᠡᠯ ᠲᠥᠰᠦᠯ ᠪᠠ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ | ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ︔ ᠳᠡᠭᠡᠳᠦ ᠱᠠᠲᠤᠨ ᠤ ᠡᠳ᠋ ᠤᠨ ᠵᠠᠰᠠᠭ ᠤᠨ ᠰᠢᠯᠵᠢᠭᠦᠯᠦᠨ ᠦᠭᠭᠦᠭᠰᠡᠨ ᠪᠡᠯᠡ ᠮᠥᠩᠭᠦ︔ ᠬᠤᠰᠢᠭᠤᠨ ᠤ | ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠱᠠᠲᠤᠨ ᠤ ᠪᠠᠯᠠ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠱᠠᠲᠤᠨ ᠤ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠂ ᠬᠤᠰᠢᠭᠤᠨ ᠤ ᠴᠢᠬᠤᠯᠠ ᠶᠡᠭᠡ ᠣᠯᠠᠨ | ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ | ᠰᠡᠷᠭᠡᠶᠢᠯᠡᠨ ᠵᠠᠰᠠᠭᠰᠠᠨ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ︔ ᠬᠤᠰᠢᠭᠤᠨ ᠤ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ | ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠶᠢ ᠡᠵᠡᠯᠡᠭᠰᠡᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠥᠷᠥᠩᠭᠡ᠂ ᠥᠷᠢ ᠪᠠ ᠣᠯᠵᠠᠪᠤᠷᠢ ᠠᠯᠳᠠᠪᠤᠷᠢ᠂ ᠠᠯᠠᠱᠠ ᠵᠡᠭᠦᠨ ᠬᠤᠰᠢᠭᠤᠨ ᠤ | ᠭᠠᠳᠠᠭᠠᠳᠤ ᠳᠤ ᠰᠠᠭᠤᠭ᠎ᠠ ᠡᠵᠡᠩᠨᠡᠯᠲᠡ ᠶᠢᠨ ᠪᠤᠰᠤ ᠴᠢᠨᠠᠷᠲᠠᠶ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ᠂ ᠬᠤᠯᠪᠣᠭᠳᠠᠯ ᠪᠥᠬᠦᠶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠠᠭᠰᠠᠨ | ᠪᠠᠯᠠ ᠮᠥᠩᠭᠦ ᠪᠠ ᠪᠤᠰᠤᠳ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ | ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ | ᠵᠢᠭᠡᠯᠡᠯᠭᠡ ᠶᠢᠨ ᠳᠦᠷᠦᠯ ᠵᠦᠢᠯ︔ ᠬᠠᠦᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠳ | ᠃ | ︵ᠲᠠᠪᠤ︶ ᠰᠢᠶᠠᠩ ᠪᠠᠯᠭᠠᠰᠤᠨ ᠤ ᠱᠠᠲᠤᠨ ᠤ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠤᠯ | ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ | ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃ | ︵ᠵᠢᠷᠭᠤᠭ᠎ᠠ︶ ᠡᠳ᠋ ᠤᠨ ᠵᠠᠰᠠᠭ ᠠᠵᠤ ᠠᠬᠤᠶ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ᠂ ᠲᠦᠷᠦ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ | ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ | ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠤᠨ ᠲᠤᠰᠬᠠᠶ ᠵᠦᠢᠯ ᠤᠨ ᠬᠢᠨᠠᠨ ᠪᠤᠳᠤᠯᠳᠠ ᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠳᠣᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ | ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ ᠪᠤᠶᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ ᠳᠤᠮᠳᠠᠬᠢ ᠬᠤᠯᠪᠣᠭᠳᠠᠯ ᠪᠥᠬᠦᠶ ᠵᠦᠢᠯᠡᠰ ᠢ ᠬᠠᠤᠯᠢ | ᠶᠣᠰᠣᠭᠠᠷ ᠭᠦᠢᠴᠡᠳᠬᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠦᠨᠳᠦ | ᠶᠡᠭᠡ ᠬᠡᠷᠡᠭ ᠢ ᠪᠠᠶᠢᠴᠠᠭᠠᠨ ᠰᠢᠢᠳᠪᠤᠷᠢᠯᠡᠨ᠎ᠡ᠃ | ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ | ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠭᠰᠠᠨ | ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃ | ︵ᠶᠢᠰᠦ︶ ᠬᠢᠨᠠᠨ ᠪᠤᠳᠤᠬᠤ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠢᠨᠠᠨ ᠪᠤᠳᠤᠬᠤ ᠬᠦᠷᠢᠶᠡᠨ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠢᠯᠣᠭᠤᠳᠤᠨ | ᠳᠡᠯᠭᠡᠷᠡᠭᠦᠯᠦᠨ᠎ᠡ᠃ | ︵ᠠᠷᠪᠠ︶ ᠬᠤᠰᠢᠭᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠤᠳᠤᠬᠤ ᠬᠠᠮᠢᠶᠠᠷᠤᠯᠲᠠ ᠶᠢᠨ | ᠪᠠᠶᠢᠭᠤᠯᠤᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠳᠣᠲᠣᠭᠠᠳᠤ ᠶᠢᠨ ᠲᠤᠰᠢᠶᠠᠯ ᠬᠠᠷᠢᠭᠤᠴᠠᠯᠭ᠎ᠠ ᠶᠢᠨ | ᠬᠠᠷᠢᠴᠠᠭ᠎ᠠ ᠶᠢ ᠰᠢᠯᠤᠭᠤᠳᠬᠠᠵᠤ᠂ ᠬᠢᠨᠠᠨ ᠪᠤᠳᠤᠬᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ | ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠪᠯᠡᠷᠡᠩᠭᠦᠢ | ᠨᠢᠭᠡᠳᠦᠯᠲᠡᠢ᠂ ᠪᠦᠬᠦ ᠲᠠᠯ᠎ᠠ ᠶᠢ ᠪᠦᠷᠬᠦᠭᠰᠡᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ | ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ | ᠰᠢᠨᠵᠢᠯᠡᠬᠦ ᠤᠬᠠᠭᠠᠨᠴᠢ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ | ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠥᠬᠦᠶ | ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ | ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ | ᠬᠦᠴᠦᠨ ᠢ ᠴᠢᠩᠭᠠᠳᠬᠠᠨ᠎ᠠ᠃ |