| | | ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠳ᠋ ᠤᠨ ᠵᠠᠰᠠᠭ ᠤᠨ ᠶᠠᠮᠤᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠤᠷᠭᠠᠨ ﹇2022﹈ 136 | ᠳ᠋ᠤᠭᠠᠷ ᠲᠣᠭᠠᠲᠤ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠠᠰ ᠲᠠᠭᠠᠨ ᠲᠥᠯᠥᠪᠯᠡᠭᠡ | ᠭᠦᠢᠴᠡᠳᠬᠡᠬᠦ ᠬᠤᠳᠠ ᠶᠢᠨ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠲᠥᠪ ᠤᠨ ᠡᠯ᠎ᠡ ᠬᠠᠮᠢᠶᠠᠷᠤᠯᠲᠠ ᠶᠢᠨ ᠠᠵᠤ ᠠᠬᠤᠶᠢᠯᠠᠯ ᠳᠤ᠄ | | ᠠᠶᠤᠯᠭᠦᠶ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠵᠤ ᠠᠬᠤᠶᠢᠯᠠᠯ ᠤᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠣᠷᠣᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠪᠢᠳᠡ 2012 ᠣᠨ ᠳᠤ ᠳᠠᠷᠤᠮᠠᠯᠯᠠᠨ ᠲᠠᠷᠬᠠᠭᠠᠭᠰᠠᠨ ︽ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠬᠠᠮᠢᠶᠠᠷᠤᠯᠲᠠ ᠶᠢᠨ | ᠠᠷᠭ᠎ᠠ︾ ᠳᠤ ᠵᠠᠰᠠᠪᠤᠷᠢ ᠣᠷᠣᠭᠤᠯᠵᠤ᠂ ᠤᠳᠤ ᠳᠠᠷᠤᠮᠠᠯᠯᠠᠨ ᠲᠠᠷᠬᠠᠭᠠᠪᠠ᠂ ᠳᠠᠷᠤᠮᠠᠯᠯᠠᠨ ᠲᠠᠷᠬᠠᠭᠠᠭᠰᠠᠨ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠠᠭᠠᠯᠳᠤᠭᠤᠯᠤᠯ᠄ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ | ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ | ᠡᠳ᠋ ᠤᠨ ᠵᠠᠰᠠᠭ ᠤᠨ ᠶᠠᠮᠤᠨ | | 2022 ᠣᠨ ᠤ 11 ᠰᠠᠷ᠎ᠠ ᠶᠢᠨ 21 | | ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠶᠢ | ᠬᠠᠮᠢᠶᠠᠷᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠬᠠᠮᠢᠶᠠᠷᠤᠯᠲᠠ ᠶᠢ | ᠴᠢᠩᠭᠠᠳᠬᠠᠬᠤ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢᠨ ᠤᠷᠲᠤ | ᠠᠵᠤ ᠠᠬᠤᠶᠢᠯᠠᠯ᠂ ᠠᠵᠢᠯᠲᠠᠨ ᠠᠵᠢᠯᠴᠢᠨ ᠵᠢᠴᠢ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ︽ᠠᠶᠦᠯᠭᠦᠢ ᠦᠢᠯᠡᠳᠪᠦᠷᠢᠯᠡᠯ ᠤᠨ ᠬᠦᠷᠢᠶᠡᠨ ᠤ | ᠥᠭᠡᠷᠡᠴᠢᠯᠡᠯᠲᠡ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠠᠶᠦᠯᠭᠦᠢ ᠦᠢᠯᠡᠳᠪᠦᠷᠢᠯᠡᠯ ᠤᠨ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ | ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ ﹇2004﹈ 2 ᠳ᠋ᠤᠭᠠᠷ ᠲᠣᠭᠠᠲᠤ︶᠂ ︽ᠠᠵᠤ | ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ ﹇ | 2010﹈ 23 ᠳ᠋ᠤᠭᠠᠷ ᠲᠣᠭᠠᠲᠤ︶ ᠵᠡᠷᠭᠡ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ | ᠳᠣᠲᠣᠷ᠎ᠠ ᠰᠢᠭᠤᠳ ᠨᠡᠭᠦᠷᠡᠰᠦᠨ ᠤ ᠦᠢᠯᠡᠳᠪᠦᠷᠢᠯᠡᠯ ᠳᠤ ᠬᠡᠷᠡᠭᠯᠡᠨ᠎ᠡ᠂ ᠨᠡᠭᠦᠷᠡᠰᠦᠨ ᠤ ᠪᠤᠰᠤ ᠠᠭᠤᠷᠬᠠᠶ ᠶᠢ | ᠨᠡᠭᠡᠭᠡᠨ ᠮᠠᠯᠲᠠᠬᠤ᠂ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠮᠠᠯᠲᠠᠬᠤ᠂ ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠭᠦᠢᠴᠡᠳᠬᠡᠬᠦ᠂ ᠠᠶᠤᠯ ᠲᠠᠢ ᠡᠳ᠋ ᠦᠢᠯᠡᠳᠪᠦᠷᠢᠯᠡᠬᠦ ᠪᠠ ᠬᠠᠳᠠᠭᠠᠯᠠᠬᠤ᠂ | ᠵᠠᠮ ᠬᠠᠷᠢᠯᠴᠠᠭ᠎ᠠ ᠲᠡᠭᠡᠭᠡᠪᠦᠷᠢ᠂ ᠬᠤᠸᠠᠷ ᠫᠤᠤᠵᠢᠩ ᠦᠢᠯᠡᠳᠪᠦᠷᠢᠯᠡᠬᠦ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ | ᠦᠢᠯᠡᠳᠪᠦᠷᠢᠯᠡᠬᠦ᠂ ᠲᠡᠮᠦᠷᠯᠢᠭ ᠪᠣᠯᠪᠠᠰᠤᠷᠠᠭᠤᠯᠬᠤ᠂ ᠮᠠᠰᠢᠨ ᠮᠧᠬᠠᠨᠢᠭ ᠦᠢᠯᠡᠳᠬᠦ᠂ ᠵᠡᠪᠰᠡᠭ ᠲᠣᠨᠣᠭᠯᠠᠯ ᠰᠤᠳᠤᠯᠤᠨ | ᠦᠢᠯᠡᠳᠴᠦ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ︵ᠠᠷᠠᠳ ᠤᠨ ᠬᠡᠷᠡᠭᠯᠡᠭᠡᠨ ᠤ ᠠᠭᠠᠷ ᠤᠨ | ᠲᠡᠭᠡᠭᠡᠪᠦᠷᠢ ᠵᠢᠴᠢ ᠴᠥᠮ᠎ᠡ ᠶᠢᠨ ᠲᠦᠯᠡᠰᠢ ᠪᠠᠭᠲᠠᠨ᠎ᠠ︶᠂ ᠴᠠᠬᠢᠯᠭᠠᠨ ᠬᠦᠴᠦᠨ ᠦᠢᠯᠡᠳᠪᠦᠷᠢᠯᠡᠬᠦ ᠪᠠ ᠬᠠᠩᠭᠠᠬᠤ | ᠠᠵᠤ ᠠᠬᠤᠶᠢᠯᠠᠯ ᠵᠢᠴᠢ ᠪᠤᠰᠤᠳ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ᠠᠵᠤ ᠠᠬᠤᠶᠢᠯᠠᠯ | ᠭᠡᠵᠦ ᠶᠡᠷᠦᠩᠬᠡᠶᠢᠯᠡᠨ ᠨᠡᠷᠡᠯᠡᠨ᠎ᠡ︶᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠭᠡᠳᠡᠭ ᠨᠢ ᠠᠵᠤ ᠠᠬᠤᠶᠢᠯᠠᠯ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠭᠠᠷᠭᠠᠨ | ᠠᠪᠴᠤ᠂ ᠥᠪᠡᠷ ᠤᠨ ᠥᠷᠳᠡᠭ ︵ᠵᠠᠷᠤᠳᠠᠯ︶ ᠤᠨ ᠳᠣᠲᠣᠷ᠎ᠠ ᠠᠴᠠ ᠵᠠᠷᠤᠯᠭ᠎ᠠ ᠪᠠᠨ ᠵᠢᠭᠰᠠᠭᠠᠵᠤ᠂ ᠠᠵᠤ | ᠠᠬᠤᠶᠢᠯᠠᠯ ᠪᠤᠶᠤ ᠲᠥᠷᠥᠯ ᠵᠦᠢᠯ ᠤᠨ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠲᠡᠭᠦᠯᠳᠡᠷᠵᠢᠭᠦᠯᠬᠦ ᠪᠠ | ᠬᠠᠯᠠᠨ ᠰᠠᠶᠢᠵᠢᠷᠠᠭᠤᠯᠬᠤ ᠳᠤ ᠲᠤᠰᠬᠠᠶ ᠬᠡᠷᠡᠭᠯᠡᠬᠦ ᠪᠡᠯᠡ ᠮᠥᠩᠭᠦ ᠶᠢ ᠵᠢᠭᠠᠵᠤ ᠪᠤᠢ᠃ | ᠳᠥᠷᠪᠡᠳᠦᠭᠡᠷ ᠵᠦᠢᠯ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ | ᠬᠠᠮᠢᠶᠠᠷᠤᠯᠲᠠ ᠳᠤ ᠳᠠᠷᠠᠭᠠᠬᠢ ᠵᠠᠷᠴᠢᠮ ᠢ ᠵᠢᠷᠤᠮᠯᠠᠨ᠎ᠠ᠄ | ︵ᠨᠢᠭᠡ︶ ᠲᠥᠯᠥᠪᠯᠡᠭᠡᠨ ᠤ ᠲᠠᠯ᠎ᠠ ᠪᠠᠷ ᠲᠦᠷᠢᠮ ᠲᠠᠢ ᠪᠠᠶᠢᠬᠤ᠃ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠯᠡᠨ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠣᠷᠣᠭᠤᠯᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠤᠭ᠎ᠠ ᠶᠣᠰᠣᠭᠠᠷ ᠭᠠᠷᠭᠠᠨ ᠠᠪᠤᠨ᠎ᠠ | ᠃ | ︵ᠬᠤᠶᠠᠷ︶ ᠵᠠᠷᠤᠯᠭ᠎ᠠ ᠨᠢ ᠪᠠᠷᠢᠮᠲᠠ ᠲᠠᠢ ᠪᠠᠶᠢᠬᠤ᠃ ᠠᠵᠤ ᠠᠬᠤᠶᠢᠯᠠᠯ ᠤᠳ ᠦᠢᠯᠡᠳᠪᠦᠷᠢᠯᠡᠯ | ᠡᠵᠡᠩᠨᠡᠯᠲᠡ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠣᠭᠲᠠᠭᠠᠯ ᠳᠤ ᠨᠡᠶᠢᠴᠡᠭᠰᠡᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠪᠣᠳᠠᠲᠠᠶ ᠪᠠᠷ ᠵᠠᠷᠤᠨ᠎ᠠ᠃ | ︵ᠭᠤᠷᠪᠠ︶ ᠬᠠᠮᠢᠶᠠᠷᠤᠯᠲᠠ ᠨᠢ ᠡᠮᠬᠢ ᠵᠢᠷᠤᠮ ᠲᠠᠢ ᠪᠠᠶᠢᠬᠤ᠃ ᠠᠵᠤ ᠠᠬᠤᠶᠢᠯᠠᠯ ᠤᠨ ᠲᠤᠰᠬᠠᠶ | ᠵᠦᠶᠯ ᠢᠶᠠᠷ ᠲᠣᠭᠠᠴᠠᠭ᠎ᠠ ᠭᠦᠢᠴᠡᠳᠬᠡᠬᠦ ᠪᠠ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠴᠤᠭᠯᠠᠭᠤᠯᠵᠤ᠂ | ᠠᠶᠤᠯ ᠥᠬᠡᠶ ᠦᠶᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠣᠷᠣᠭᠤᠯᠤᠯᠲᠠ ᠶᠢ ᠦᠨᠡᠨ ᠪᠣᠳᠠᠲᠠᠶ ᠪᠠᠷ | ᠲᠤᠰᠬᠠᠬᠤ ᠬᠡᠷᠡᠭᠲᠡᠶ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠥᠬᠡᠶ᠃ | ︵ᠲᠥᠷᠪᠡ︶ ᠬᠢᠨᠠᠯᠲᠠ ᠨᠢ ᠬᠦᠴᠦᠨ ᠲᠠᠢ ᠪᠠᠶᠢᠬᠤ᠃ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ | ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠶᠢᠨ ᠳᠣᠲᠣᠭᠠᠳᠤ ᠭᠠᠳᠠᠭᠠᠳᠤ ᠳᠤ ᠬᠢᠨᠠᠯᠲᠠ ᠲᠠᠯᠪᠢᠬᠤ | ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠮᠡᠳᠡᠭᠡ ᠵᠠᠩᠭᠢ ᠨᠡᠶᠢᠲᠡᠯᠡᠬᠦ ᠪᠠ ᠨᠡᠶᠢᠭᠡᠮ ᠤᠨ ᠬᠠᠷᠢᠭᠤᠴᠠᠯᠭ᠎ᠠ | ᠶᠢᠨ ᠮᠡᠳᠡᠭᠦᠯᠦᠯᠲᠡ ᠶᠢ ᠲᠣᠭᠲᠠᠭᠠᠯ ᠶᠣᠰᠣᠭᠠᠷ ᠥᠷᠨᠢᠭᠦᠯᠬᠦ ᠬᠡᠷᠡᠭᠲᠡᠶ᠃ | ᠲᠠᠪᠤᠳᠤᠭᠠᠷ ᠵᠦᠢᠯ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠠᠵᠤ | ᠠᠬᠤᠶᠢᠯᠠᠯ ᠠᠴᠠ ᠳᠠᠷᠠᠭᠠᠬᠢ ᠬᠡᠪᠴᠢᠶᠡᠨ ᠳᠠᠬᠢ ᠵᠠᠷᠤᠯᠭ᠎ᠠ ᠳᠤ ᠬᠡᠷᠡᠭᠯᠡᠵᠦ ᠪᠣᠯᠤᠨ᠎ᠠ᠄ | ︵ᠨᠢᠭᠡ︶ ᠬᠤᠳᠠᠯᠳᠤᠨ ᠠᠪᠬᠤ ᠪᠠ ᠪᠠᠶᠢᠭᠤᠯᠬᠤ᠂ ᠰᠡᠷᠭᠦᠭᠡᠨ ᠵᠠᠰᠠᠪᠤᠷᠢᠯᠠᠬᠤ᠂ ᠪᠠᠶᠢᠴᠠᠭᠠᠨ ᠰᠢᠯᠭᠠᠵᠤ | ᠰᠢᠯᠭᠠᠨ ᠪᠠᠶᠢᠴᠠᠭᠠᠬᠤ᠂ ᠪᠠᠶᠢᠴᠠᠭᠠᠨ ᠲᠣᠭᠲᠠᠭᠠᠵᠤ ᠬᠠᠷᠭᠤᠭᠤᠯᠬᠤ᠂ ᠠᠵᠢᠯᠯᠠᠭᠠᠨ ᠢ ᠬᠠᠮᠠᠭᠠᠯᠠᠬᠤ ᠶᠢᠨ | ᠠᠶᠤᠯᠭᠦᠶ ᠶᠢᠨ ᠬᠠᠮᠠᠭᠠᠯᠠᠯᠲᠠ ᠪᠣᠯᠤᠨ ᠠᠶᠤᠯ ᠠᠴᠠ ᠪᠠᠴᠢᠮ ᠵᠠᠶᠢᠯᠠᠬᠤ ᠪᠡᠯᠡᠳᠬᠡᠮᠵᠢ᠂ ᠪᠡᠯᠡᠳᠬᠡᠮᠵᠢ ᠶᠢ ᠬᠤᠳᠠᠯᠳᠤᠨ | ᠠᠪᠬᠤ ᠵᠠᠷᠤᠯᠭ᠎ᠠ [ ︽ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠭᠦᠶ ᠶᠢᠨ ᠪᠡᠯᠡᠳᠬᠡᠮᠵᠢ ᠶᠢ | ᠡᠷᠬᠡᠪᠰᠢ ᠭᠤᠣᠯ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠵᠤ᠂ ᠵᠡᠷᠭᠡ ᠳᠤᠨᠢ | ᠦᠢᠯᠡᠳᠪᠦᠷᠢᠯᠡᠯ ᠪᠣᠯᠤᠨ ᠬᠡᠷᠡᠭᠯᠡᠯᠲᠡ ᠳᠤ ᠣᠷᠣᠭᠤᠯᠬᠤ︾ ︵ᠳᠣᠷᠣᠭᠰᠢ ︽ᠭᠤᠷᠪᠠ ᠶᠢ ᠵᠡᠷᠭᠡ ᠳᠤᠨᠢ ᠭᠦᠢᠴᠡᠳᠬᠡᠬᠦ | ︾ ᠭᠡᠵᠦ ᠲᠣᠪᠴᠢᠯᠠᠨ᠎ᠠ︶ ᠶᠢᠨ ᠲᠣᠭᠲᠠᠭᠠᠯ ᠶᠣᠰᠣᠭᠠᠷ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ᠂ | ᠪᠡᠯᠡᠳᠬᠡᠮᠵᠢ ᠶᠢ ᠪᠠᠭᠲᠠᠭᠠᠬᠤ ᠥᠭᠡᠢ]᠃ | ︵ᠬᠤᠶᠠᠷ︶ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ᠂ ᠵᠥᠭᠡᠯᠡᠨ ᠲᠤᠨᠤᠭ᠂ | ᠰᠦᠯᠵᠢᠶᠡᠨ ᠤ ᠠᠮᠤᠷ ᠲᠦᠪᠰᠢᠨ᠂ ᠮᠡᠷᠭᠡᠵᠢᠯ ᠤᠨ ᠵᠠᠷᠤᠯᠭ᠎ᠠ ᠶᠢ ᠬᠤᠳᠠᠯᠳᠤᠨ ᠠᠪᠬᠤ᠂ ᠨᠡᠭᠡᠭᠡᠨ ᠠᠰᠢᠭᠯᠠᠬᠤ᠂ | ᠳᠡᠯᠭᠡᠷᠡᠭᠦᠯᠦᠨ ᠬᠡᠷᠡᠭᠯᠡᠬᠦ᠂ ᠰᠢᠨᠡᠳᠬᠡᠨ ᠲᠡᠰ ᠳᠡᠪᠰᠢᠭᠦᠯᠬᠦ᠂ ᠠᠵᠢᠯᠯᠠᠭᠤᠯᠤᠨ ᠬᠠᠮᠠᠭᠠᠯᠠᠬᠤ︔ | ︵ᠭᠤᠷᠪᠠ︶ ᠠᠶᠤᠯᠭᠦᠶ ᠶᠢᠨ ᠬᠠᠮᠠᠭᠠᠯᠠᠯᠲᠠ ᠶᠢᠨ ᠬᠡᠷᠡᠭᠰᠡᠯ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠪᠠᠭᠠᠵᠢ ᠬᠡᠷᠡᠭᠰᠡᠯ᠂ ᠲᠤᠨᠤᠭ ᠲᠥᠬᠦᠭᠡᠷᠦᠮᠵᠢ ᠶᠢ ᠲᠣᠬᠢᠷᠠᠭᠤᠯᠬᠤ᠂ ᠰᠢᠨᠡᠳᠬᠡᠬᠦ᠂ ᠬᠠᠮᠠᠭᠠᠯᠠᠬᠤ᠂ | ᠠᠷᠠᠴᠢᠯᠠᠬᠤ ᠵᠠᠷᠤᠯᠭ᠎ᠠ︔ | ︵ᠲᠥᠷᠪᠡ︶ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ | ᠡᠩᠨᠡᠭᠡᠨ ᠤ ᠪᠠᠶᠢᠭᠤᠯᠤᠯᠲᠠ ︵ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢ ᠪᠥᠳᠥᠭᠡᠨ | ᠪᠠᠶᠢᠭᠤᠯᠬᠤ ᠳᠤ ᠬᠡᠷᠡᠭᠰᠡᠬᠦ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠳ᠋ ᠪᠠᠷᠠᠭ᠎ᠠ ᠨᠥᠭᠡᠴᠡᠯᠡᠬᠦ᠂ | ᠠᠵᠢᠯᠳᠠᠨ ᠤ ᠪᠣᠯᠪᠠᠰᠤᠷᠠᠭᠤᠯᠤᠯ ᠵᠡᠷᠭᠡ ᠲᠠᠯ᠎ᠠ ᠶᠢ ᠪᠠᠭᠲᠠᠭᠠᠨ᠎ᠠ︶᠂ ᠠᠶᠤᠯᠭᠦᠶ ᠦᠢᠯᠡᠳᠪᠦᠷᠢᠯᠡᠯ ᠤᠨ | ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ᠂ ᠠᠵᠢᠯᠯᠠᠵᠤ ᠪᠠᠶᠢᠭ᠎ᠠ ᠬᠥᠮᠦᠰ ᠤᠨ ᠣᠯᠵᠤ ᠮᠡᠳᠡᠭᠰᠡᠨ ᠤ | ᠡ᠊ᠨᠳᠡᠯ ᠤᠨ ᠪᠣᠯᠵᠣᠰᠢ ᠦᠭᠡᠢ ᠠᠶᠤᠯ ᠡᠷᠡᠰᠳᠡᠯ ᠢ ᠱᠠᠩᠨᠠᠬᠤ ᠵᠠᠷᠤᠯᠭ᠎ᠠ᠃ | ︵ᠲᠠᠪᠤ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ᠂ ᠳᠠᠭᠠᠭᠠᠨ | ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠠᠶᠤᠯᠭᠦᠶ ᠦᠢᠯᠡᠳᠪᠦᠷᠢᠯᠡᠯ ᠲᠠᠢ ᠰᠢᠭᠤᠳ | ᠬᠤᠯᠪᠣᠭᠳᠠᠬᠤ ᠬᠠᠤᠯᠢ ᠪᠠᠷ ᠲᠣᠭᠲᠠᠭᠠᠭᠰᠠᠨ ᠳᠠᠭᠠᠳᠬᠠᠯ ᠤᠨ ᠵᠠᠷᠤᠯᠭ᠎ᠠ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠢ ᠪᠠᠶᠢᠴᠠᠭᠠᠵᠤ ᠪᠠᠶᠢᠴᠠᠭᠠᠨ ᠬᠡᠮᠵᠢᠬᠦ᠂ ᠦᠨᠡᠯᠡᠨ ᠵᠢᠱᠢᠵᠦ | ᠦᠨᠡᠯᠡᠬᠦ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ | ᠤᠨ ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠬᠢᠨᠠᠨ ᠲᠣᠭᠲᠠᠭᠠᠬᠤ᠂ ᠯᠠᠪᠯᠠᠯᠭ᠎ᠠ ᠥᠭᠬᠦ᠂ | ᠪᠠᠷᠢᠮᠵᠢᠶᠠᠵᠢᠭᠤᠯᠤᠨ ᠪᠥᠳᠥᠭᠡᠨ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ | ᠪᠠ ᠵᠠᠰᠠᠪᠤᠷᠢ ᠣᠷᠣᠭᠤᠯᠬᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ᠃ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠬᠤᠶᠠᠳᠤᠭᠠᠷ ᠪᠦᠯᠦᠭ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠬᠤ | ᠪᠠ ᠬᠡᠷᠡᠭᠯᠡᠬᠦ | ᠨᠢᠭᠡᠳᠦᠭᠡᠷ ᠬᠡᠰᠡᠭ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ | ᠵᠢᠷᠭᠤᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠭᠡᠳᠡᠭ ᠨᠢ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ | ᠮᠠᠯᠲᠠᠬᠤ ᠠᠵᠢᠯ ᠤᠨ ᠬᠤᠯᠪᠣᠭᠳᠠᠯ ᠪᠦᠬᠦᠢ ᠠᠵᠢᠯᠯᠠᠭ᠎ᠠ ᠶᠢ ᠵᠢᠭᠠᠵᠤ ᠪᠠᠶᠢᠨ᠎ᠠ᠃ | ᠬᠠᠮᠲᠤᠷᠠᠨ ᠲᠤᠷᠰᠢᠨ ᠠᠵᠢᠯᠯᠠᠭᠤᠯᠬᠤ ᠶᠢ ᠵᠥᠪᠰᠢᠶᠡᠷᠡᠭᠰᠡᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ | ᠨᠡᠭᠦᠷᠡᠰᠦᠨ ᠠᠭᠤᠷᠬᠠᠶ ᠳᠤ ᠲᠤᠰ ᠬᠡᠰᠡᠭ ᠤᠨ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠨ᠎ᠡ᠃ | ᠳᠣᠯᠣᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠳ ᠲᠤᠰ ᠰᠠᠷ᠎ᠠ ᠶᠢᠨ ᠨᠡᠭᠡᠭᠡᠨ | ᠮᠠᠯᠲᠠᠭᠰᠠᠨ ᠨᠡᠭᠦᠷᠡᠰᠦᠨ ᠤ ᠭᠠᠷᠤᠯᠲᠠ ᠶᠢᠨ ᠬᠡᠮᠵᠢᠶ᠎ᠡ ᠪᠠᠨ ᠦᠨᠳᠦᠰᠦᠯᠡᠨ᠂ ᠰᠠᠷ᠎ᠠ ᠶᠢᠨ ᠡᠴᠦᠰ ᠲᠤ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠨ᠎ᠠ᠃ ᠭᠠᠷᠭᠠᠨ ᠠᠪᠬᠤ ᠪᠠᠷᠢᠮᠵᠢᠶ᠎ᠠ ᠨᠢ | ᠳᠠᠷᠠᠭᠠᠬᠢ ᠮᠡᠲᠦ᠄ | ︵ᠨᠢᠭᠡ︶ ᠨᠡᠭᠦᠷᠡᠰᠦ ︵ᠴᠢᠯᠠᠭᠤᠯᠢᠭ︶ ᠬᠢᠭᠡᠳ ᠭᠠᠰ ︵ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ | ᠨᠢ ᠠᠭᠤᠷᠬᠠᠶ ᠶᠢᠨ ᠬᠤᠳᠳᠤᠭ ᠢ ᠲᠤᠪᠤᠶᠢᠯᠭᠠᠵᠤ᠂ ᠭᠠᠵᠠᠷ ᠤᠨ ᠳᠠᠷᠤᠯᠲᠠᠲᠤ ᠠᠭᠤᠷᠬᠠᠶ ᠶᠢᠨ ᠬᠤᠳᠳᠤᠭ ᠤᠨ ᠲᠣᠨ | ᠨᠡᠭᠦᠷᠡᠰᠦ ᠶᠢ 50 ᠲᠥᠭᠦᠷᠢᠭ ᠢᠶᠠᠷ ᠳᠠᠭᠠᠷᠢᠨ᠎ᠠ᠃ | ︵ᠬᠤᠶᠠᠷ︶ ᠭᠠᠰ ᠶᠡᠬᠡᠲᠡᠶ ᠠᠭᠤᠷᠬᠠᠶ᠂ ᠤᠰᠤᠨ ᠤ ᠭᠠᠵᠠᠷ ᠰᠢᠨᠵᠢᠯᠡᠭᠡᠨ ᠤ ᠲᠥᠷᠥᠯ ᠵᠦᠢᠯ ᠨᠢ | ᠪᠤᠳᠤᠯᠢᠶᠠᠨᠲᠠᠶ᠂ ᠲᠦᠢᠯ ᠤᠨ ᠪᠤᠳᠤᠯᠢᠶᠠᠨ ᠲᠠᠢ ᠠᠭᠤᠷᠬᠠᠶ᠂ ᠥᠪᠡᠰᠦᠪᠡᠨ ᠠᠮᠠᠷᠬᠠᠨ ᠰᠢᠲᠠᠬᠤ ᠨᠡᠭᠦᠷᠡᠰᠦᠨ | ᠳᠠᠪᠬᠤᠷᠭ᠎ᠠ ᠶᠢᠨ ᠠᠭᠤᠷᠬᠠᠶ ᠶᠢᠨ ᠬᠤᠳᠳᠤᠭ ᠤᠨ ᠲᠣᠨ ᠨᠡᠭᠦᠷᠡᠰᠦ 30 ᠲᠥᠭᠦᠷᠢᠭ᠃ | ︵ᠭᠤᠷᠪᠠ︶ ᠪᠤᠰᠤᠳ ᠬᠤᠳᠳᠤᠭ ᠤᠨ ᠦᠢᠯᠡᠳᠪᠦᠷᠢ ᠠᠭᠤᠷᠬᠠᠶ ᠶᠢᠨ ᠲᠣᠨ ᠨᠡᠭᠦᠷᠡᠰᠦ 15 ᠲᠥᠭᠦᠷᠢᠭ︔ | | ︵ᠲᠦᠷᠪᠡ︶ ᠵᠠᠳᠠᠭᠠᠶ ᠠᠭᠤᠷᠬᠠᠶ ᠳᠤ ᠲᠣᠨ ᠨᠡᠭᠦᠷᠡᠰᠦ 5 ᠲᠥᠭᠦᠷᠢᠭ᠃ | ᠠᠭᠤᠷᠬᠠᠶ ᠶᠢᠨ ᠬᠤᠳᠳᠤᠭ ᠤᠨ ᠭᠠᠰ ᠤᠨ ᠲᠠᠰ ᠤᠨ ᠬᠤᠪᠢᠶᠠᠷᠢᠯᠠᠯ ᠳᠤ ︽ᠨᠡᠭᠦᠷᠡᠰᠦᠨ ᠠᠭᠤᠷᠬᠠᠶ ᠶᠢᠨ | ᠠᠮᠤᠷ ᠲᠦᠪᠰᠢᠨ ᠤ ᠲᠦᠷᠢᠮ ᠲᠣᠭᠲᠠᠭᠠᠯ︾ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ | ᠵᠠᠷᠯᠢᠭ 8 ᠳ᠋ᠤᠭᠠᠷ ᠲᠣᠭᠠᠲᠤ︶ ᠪᠠ ︽ᠨᠡᠭᠦᠷᠡᠰᠦᠨ ᠠᠭᠤᠷᠬᠠᠶ ᠶᠢᠨ ᠭᠠᠰ ᠤᠨ ᠲᠠᠰ ᠤᠨ ᠬᠢᠨᠠᠨ ᠲᠣᠭᠲᠠᠭᠠᠯᠲᠠ ᠶᠢᠨ | ᠠᠷᠭ᠎ᠠ︾ ︵ᠨᠡᠭᠦᠷᠡᠰᠦᠨ ᠤ ᠠᠮᠤᠷ ᠲᠦᠪᠰᠢᠨ ᠤ ᠬᠢᠨᠠᠯᠲᠠ ᠲᠠᠯᠪᠢᠬᠤ ᠮᠡᠷᠭᠡᠵᠢᠯ ᠤᠨ ᠤᠭᠰᠠᠷᠠᠯᠲᠠ ﹇2018﹈ 9 | ᠳ᠋ᠦ᠋ᠭᠡᠷ ᠲᠣᠭᠠᠲᠤ︶ ᠶᠢᠨ ᠲᠣᠭᠲᠠᠭᠠᠯ ᠢ ᠬᠡᠷᠡᠭᠵᠢᠭᠦᠯᠦᠨ᠎ᠡ︔ ᠠᠭᠤᠷᠬᠠᠶ ᠶᠢᠨ ᠬᠤᠳᠳᠤᠭ ᠤᠨ ᠭᠠᠵᠠᠷ ᠤᠨ | ᠳᠠᠷᠤᠯᠲᠠ ᠶᠢ ᠳᠠᠭᠠᠷᠢᠬᠤ ᠶᠢ ᠮᠠᠭᠠᠳᠯᠠᠨ ᠲᠣᠭᠲᠠᠭᠠᠬᠤ ᠳᠤ ︽ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ | ᠲᠦᠷᠢᠮ ᠲᠣᠭᠲᠠᠭᠠᠯ︾ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 8 ᠳ᠋ᠤᠭᠠᠷ | ᠲᠣᠭᠠᠲᠤ︶ ᠪᠠ ︽ᠨᠡᠭᠦᠷᠡᠰᠦᠨ ᠠᠭᠤᠷᠬᠠᠶ ᠶᠢᠨ ᠭᠠᠵᠠᠷ ᠤᠨ ᠳᠠᠷᠤᠯᠲᠠ ᠶᠢ ᠳᠠᠭᠠᠷᠢᠬᠤ ᠶᠢ ᠰᠡᠷᠭᠡᠶᠢᠯᠡᠨ ᠵᠠᠰᠠᠬᠤ | ᠨᠠᠷᠢᠨ ᠲᠦᠷᠢᠮ︾ ︵ᠨᠡᠭᠦᠷᠡᠰᠦᠨ ᠤ ᠠᠶᠤᠯ ᠥᠬᠡᠶ ᠶᠢᠨ ᠬᠢᠨᠠᠯᠲᠠ ᠲᠠᠯᠪᠢᠬᠤ ᠮᠡᠷᠭᠡᠵᠢᠯ ᠤᠨ ᠤᠭᠰᠠᠷᠠᠯᠲᠠ ﹇ | 2018﹈ 8 ᠳ᠋ᠤᠭᠠᠷ ᠲᠣᠭᠠᠲᠤ︶ ᠤᠨ ᠲᠣᠭᠲᠠᠭᠠᠯ ᠢ ᠬᠡᠷᠡᠭᠵᠢᠭᠦᠯᠦᠨ᠎ᠡ︔ ᠠᠭᠤᠷᠬᠠᠶ ᠶᠢᠨ ᠬᠤᠳᠳᠤᠭ ᠤᠨ | ᠤᠰᠤᠨ ᠤ ᠭᠠᠵᠠᠷ ᠰᠢᠨᠵᠢᠯᠡᠭᠡᠨ ᠤ ᠲᠥᠷᠥᠯ ᠵᠦᠶᠯ ᠤᠨ ᠬᠤᠪᠢᠶᠠᠷᠢᠯᠠᠯ ᠳᠤ ︽ᠨᠡᠭᠦᠷᠡᠰᠦᠨ ᠠᠭᠤᠷᠬᠠᠶ ᠶᠢᠨ ᠠᠮᠤᠷ | ᠲᠦᠪᠰᠢᠨ ᠤ ᠲᠦᠷᠢᠮ ᠲᠣᠭᠲᠠᠭᠠᠯ︾ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 8 | ᠳ᠋ᠤᠭᠠᠷ ᠲᠣᠭᠠᠲᠤ︶ ᠪᠠ ︽ᠨᠡᠭᠦᠷᠡᠰᠦᠨ ᠠᠭᠤᠷᠬᠠᠶ ᠶᠢᠨ ᠤᠰᠤ ᠶᠢ ᠰᠡᠷᠭᠡᠶᠢᠯᠡᠨ ᠵᠠᠰᠠᠬᠤ ᠨᠠᠷᠢᠨ ᠲᠦᠷᠢᠮ︾ ︵ | ᠨᠡᠭᠦᠷᠡᠰᠦᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ﹇2018﹈ 14 ᠳ᠋ᠦ᠋ᠭᠡᠷ ᠲᠣᠭᠠᠲᠤ︶ ᠤᠨ | ᠲᠣᠭᠲᠠᠭᠠᠯ ᠢ ᠬᠡᠷᠡᠭᠵᠢᠭᠦᠯᠦᠨ᠎ᠡ᠃ | ᠤᠯᠠᠨ ᠵᠦᠢᠯ ᠤᠨ ᠭᠠᠶ ᠭᠠᠮᠰᠢᠭ ᠵᠡᠷᠭᠡᠪᠡᠷ ᠣᠷᠣᠰᠢᠵᠤ ᠪᠠᠶᠢᠭ᠎ᠠ ᠠᠭᠤᠷᠬᠠᠶ ᠶᠢᠨ ᠬᠤᠳᠳᠤᠭ ᠠᠴᠠ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠥᠨᠳᠥᠷ | ᠨᠠᠢᠮᠠᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ | ︵ᠨᠢᠭᠡ︶ ᠨᠡᠭᠦᠷᠡᠰᠦ ᠬᠢᠭᠡᠳ ᠭᠠᠰ ᠤᠨ ᠲᠣᠪᠤᠶᠢᠮ᠎ᠠ ᠵᠢᠴᠢ ᠥᠨᠳᠥᠷ ᠭᠠᠰ ᠤᠨ ᠠᠭᠤᠷᠬᠠᠶ ᠶᠢᠨ | ᠬᠤᠳᠳᠤᠭ ᠤᠨ ᠶᠡᠷᠦᠩᠬᠡᠶᠢᠯᠡᠭᠰᠡᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠵᠠᠷᠤᠯᠭ᠎ᠠ᠂ ᠡᠭᠦᠨ ᠳᠤ ᠭᠠᠰ ᠤᠨ ᠣᠷᠣᠨ ᠪᠦᠰᠡ ᠶᠢ ᠤᠷᠢᠳᠴᠢᠯᠠᠨ ᠲᠠᠲᠠᠬᠤ᠂ | ᠬᠠᠮᠠᠭᠠᠯᠠᠯᠲᠠ ᠶᠢᠨ ᠳᠠᠪᠬᠤᠷᠭ᠎ᠠ ᠶᠢ ᠨᠡᠭᠡᠭᠡᠨ ᠮᠠᠯᠲᠠᠬᠤ ᠣᠷᠣᠨ ᠪᠦᠰᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠬᠦ | ᠠᠷᠭ᠎ᠠ ᠬᠡᠮᠵᠢᠶ᠎ᠡ᠂ ᠲᠤᠪᠤᠶᠢᠮ᠎ᠠ ᠣᠷᠣᠨ ᠪᠦᠰᠡ ᠪᠠ ᠬᠡᠰᠡᠭ ᠲᠠᠯ᠎ᠠ ᠶᠢᠨ ᠵᠢᠱᠢᠯᠲᠡ ᠶᠢ ᠥᠷᠨᠢᠭᠦᠯᠬᠦ᠂ ᠬᠡᠰᠡᠭ | ᠲᠠᠯ᠎ᠠ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠥᠬᠦᠪᠥᠷᠢᠯᠡᠬᠦ ᠵᠡᠷᠭᠡ ᠬᠤᠶᠠᠷ ︽ᠲᠦᠷᠪᠡ ᠶᠢ | ᠨᠢᠭᠡ ᠴᠤᠭᠴᠠᠵᠢᠭᠤᠯᠬᠤ︾ ᠭᠡᠨᠡᠳᠲᠡ ᠶᠢᠨ ᠬᠡᠷᠡᠭ ᠢ ᠰᠡᠷᠭᠡᠶᠢᠯᠡᠬᠦ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠵᠢᠴᠢ | ᠭᠡᠨᠡᠳᠲᠡ ᠶᠢᠨ ᠬᠡᠷᠡᠭ ᠢ ᠰᠡᠷᠭᠡᠶᠢᠯᠡᠬᠦ ᠲᠥᠬᠦᠭᠡᠷᠦᠮᠵᠢ ᠪᠠ ᠲᠥᠬᠦᠭᠡᠷᠦᠮᠵᠢ ᠶᠢ ᠰᠡᠷᠭᠦᠭᠡᠨ ᠵᠠᠰᠠᠪᠤᠷᠢᠯᠠᠬᠤ᠂ | ᠲᠤᠪᠤᠶᠢᠮ᠎ᠠ ᠰᠡᠷᠭᠡᠶᠢᠯᠡᠨ ᠵᠠᠰᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠵᠡᠷᠭᠡ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠭᠠᠵᠠᠷ ᠤᠨ ᠳᠠᠷᠤᠯᠲᠠᠲᠤ ᠠᠭᠤᠷᠬᠠᠶ ᠶᠢᠨ ᠬᠤᠳᠳᠤᠭ ᠲᠤ ᠲᠠᠭᠠᠷᠢᠯᠲᠠ ᠭᠦᠢᠴᠡᠳᠬᠡᠬᠦ ᠠᠴᠠ | ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠠᠷᠤᠯᠭ᠎ᠠ᠂ ᠡᠭᠦᠨ ᠳᠤ ᠭᠠᠵᠠᠷ ᠤᠨ ᠳᠠᠷᠤᠯᠲᠠᠲᠤ | ᠠᠭᠤᠷᠬᠠᠶ ᠶᠢᠨ ᠬᠤᠳᠳᠤᠭ ᠲᠤ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠵᠠᠰᠠᠬᠤ᠂ ᠦᠷ᠎ᠡ | ᠪᠦᠲᠦᠮᠵᠢ ᠶᠢ ᠰᠢᠯᠭᠠᠨ ᠪᠠᠶᠢᠴᠠᠭᠠᠬᠤ᠂ ᠠᠶᠤᠯᠭᠦᠶ ᠶᠢ ᠰᠡᠷᠭᠡᠶᠢᠯᠡᠨ ᠬᠠᠮᠠᠭᠠᠯᠠᠬᠤ ᠵᠡᠷᠭᠡ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ᠂ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠲᠥᠬᠦᠭᠡᠷᠦᠮᠵᠢ ᠪᠣᠯᠤᠨ ᠪᠡᠯᠡᠳᠬᠡᠮᠵᠢ ᠶᠢ ᠰᠡᠷᠭᠦᠭᠡᠨ | ᠵᠠᠰᠠᠪᠤᠷᠢᠯᠠᠬᠤ᠂ ᠲᠠᠭᠠᠷᠢᠯᠲᠠ ᠭᠦᠢᠴᠡᠳᠬᠡᠬᠦ ᠠᠴᠠ ᠰᠡᠷᠭᠡᠶᠢᠯᠡᠬᠦ ᠲᠤᠷᠰᠢᠯᠲᠠ ᠶᠢᠨ ᠲᠠᠰᠤᠭ ᠪᠠᠶᠢᠭᠤᠯᠬᠤ ᠵᠡᠷᠭᠡ | ᠵᠠᠷᠤᠯᠭ᠎ᠠ ᠶᠢ ᠪᠠᠭᠲᠠᠭᠠᠨ᠎ᠠ᠃ | ︵ᠭᠤᠷᠪᠠ︶ ᠨᠡᠭᠦᠷᠡᠰᠦᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠥᠭᠡᠷᠡᠴᠢᠯᠡᠯᠲᠡ ᠪᠠ ᠬᠦᠨᠳᠦ | ᠶᠡᠭᠡ ᠡ᠊ᠨᠳᠡᠯ ᠤᠨ ᠪᠣᠯᠵᠣᠰᠢ ᠦᠭᠡᠢ ᠠᠶᠤᠯ ᠡᠷᠡᠰᠳᠡᠯ ᠢ ᠵᠠᠰᠠᠬᠤ ᠵᠠᠷᠤᠯᠭ᠎ᠠ᠂ ᠡᠭᠦᠨ ᠳᠤ ᠰᠠᠯᠬᠢ ᠨᠡᠪᠲᠡᠷᠡᠭᠦᠯᠬᠦ᠂ | ᠭᠠᠰ ᠢ ᠰᠡᠷᠭᠡᠶᠢᠯᠡᠬᠦ᠂ ᠨᠡᠭᠦᠷᠡᠰᠦᠨ ᠲᠣᠭᠤᠰᠣ ᠶᠢ ᠰᠡᠷᠭᠡᠶᠢᠯᠡᠬᠦ᠂ ᠭᠠᠯ ᠤᠨᠲᠠᠷᠠᠭᠠᠬᠤ ᠶᠢ ᠰᠡᠷᠭᠡᠶᠢᠯᠡᠬᠦ᠂ ᠤᠰᠤ᠂ | ᠳᠡᠭᠡᠪᠦᠷ ᠢ ᠰᠡᠷᠭᠡᠶᠢᠯᠡᠨ ᠵᠠᠰᠠᠬᠤ᠂ ᠴᠠᠬᠢᠯᠭᠠᠨ ᠬᠠᠩᠭᠠᠬᠤ᠂ ᠲᠡᠭᠡᠭᠡᠪᠦᠷᠢᠯᠡᠬᠦ ᠵᠡᠷᠭᠡ ᠰᠢᠰᠲ᠋ᠧᠮ ᠤᠨ ᠲᠥᠬᠦᠭᠡᠷᠦᠮᠵᠢ ᠶᠢ | ᠥᠭᠡᠷᠡᠴᠢᠯᠡᠬᠦ ᠪᠠ ᠭᠠᠮᠰᠢᠭ ᠢ ᠵᠠᠰᠠᠬᠤ ᠢᠨᠵᠧᠨᠧᠷᠢᠩ᠂ ᠨᠡᠭᠦᠷᠡᠰᠦᠨ ᠠᠭᠤᠷᠬᠠᠶ ᠶᠢᠨ ᠮᠧᠬᠠᠨᠢᠭᠵᠢᠭᠤᠯᠤᠯᠲᠠ ᠶᠢᠨ | ᠥᠭᠡᠷᠡᠴᠢᠯᠡᠯᠲᠡ᠂ ᠤᠶᠤᠨᠴᠢᠯᠠᠯᠳᠠ ᠶᠢᠨ ᠪᠦᠳᠦᠭᠡᠨ ᠪᠠᠶᠢᠭᠤᠯᠤᠯᠲᠠ ᠭᠦᠢᠴᠡᠳᠬᠡᠬᠦ᠂ ᠠᠭᠤᠷᠬᠠᠶ ᠶᠢᠨ ᠳᠠᠷᠤᠯᠲᠠ᠂ | ᠢᠯᠴᠢ ᠶᠢᠨ ᠬᠥᠨᠥᠭᠡᠯ᠂ ᠵᠠᠳᠠᠭᠠᠶ ᠨᠡᠭᠦᠷᠡᠰᠦᠨ ᠠᠭᠤᠷᠬᠠᠶ ᠶᠢᠨ ᠬᠠᠵᠠᠭᠤ ᠶᠢᠨ ᠬᠠᠵᠠᠭᠤ ᠶᠢᠨ ᠵᠠᠰᠠᠯᠲᠠ ᠶᠢ | ᠬᠡᠷᠡᠭᠵᠢᠭᠦᠯᠬᠦ ᠵᠡᠷᠭᠡ ᠵᠠᠷᠤᠯᠭ᠎ᠠ︔ | ︵ᠲᠥᠷᠪᠡ︶ ᠨᠡᠭᠦᠷᠡᠰᠦᠨ ᠠᠭᠤᠷᠬᠠᠶ ᠶᠢᠨ ᠬᠤᠳᠳᠤᠭ ᠳᠠᠷᠠᠭᠠᠬᠢ ᠬᠢᠨᠠᠨ ᠬᠡᠮᠵᠢᠵᠦ ᠬᠢᠨᠠᠨ ᠡᠵᠡᠮᠳᠡᠬᠦ᠂ | ᠠᠵᠢᠯᠳᠠᠨ ᠤ ᠣᠷᠣᠨ ᠪᠠᠶᠢᠷᠢ ᠶᠢ ᠬᠢᠨᠠᠨ ᠬᠡᠮᠵᠢᠬᠦ᠂ ᠠᠶᠤᠯ ᠠᠴᠠ ᠪᠠᠴᠢᠮ ᠵᠠᠶᠢᠯᠠᠬᠤ᠂ ᠰᠠᠯᠬᠢ ᠶᠢ ᠳᠠᠷᠤᠵᠤ | ᠥᠪᠡᠷ ᠢ ᠪᠠᠨ ᠠᠪᠤᠷᠠᠬᠤ᠂ ᠤᠰᠤ ᠬᠠᠩᠭᠠᠵᠤ ᠠᠪᠤᠷᠠᠬᠤ ᠪᠠ ᠴᠢᠮᠡᠭᠡ ᠬᠤᠯᠪᠣᠭ᠎ᠠ ᠬᠠᠷᠢᠯᠴᠠᠬᠤ ᠵᠡᠷᠭᠡ ᠠᠶᠤᠯᠭᠦᠶ ᠶᠢᠨ | ᠠᠶᠤᠯ ᠠᠴᠠ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠵᠠᠷᠤᠯᠭ᠎ᠠ ᠶᠢ ᠲᠡᠭᠦᠯᠳᠡᠷᠵᠢᠭᠦᠯᠬᠦ᠃ ᠪᠠᠴᠢᠮ ᠪᠠᠶᠢᠳᠠᠯ ᠢ | ᠠᠷᠭᠠᠴᠠᠬᠤ ᠶᠢᠨ ᠠᠪᠤᠷᠠᠨ ᠲᠤᠰᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ᠂ ᠪᠡᠯᠡᠳᠬᠡᠮᠵᠢ ᠶᠢᠨ | ᠲᠣᠬᠢᠷᠠᠭᠤᠯᠤᠯᠲᠠ ᠪᠠ ᠬᠠᠮᠠᠭᠠᠯᠠᠨ ᠠᠷᠠᠴᠢᠯᠠᠬᠤ ᠵᠠᠷᠤᠯᠭ᠎ᠠ᠂ ᠠᠳᠡᠯ ᠠᠴᠠ ᠠᠮᠢ ᠵᠢᠭᠤᠲᠠᠬᠤ ᠪᠠ ᠠᠶᠤᠯ ᠠᠴᠠ | ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔ | ︵ᠲᠠᠪᠤ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ | ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ | ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠤᠯᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ | ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠨᠠᠢᠮᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ | ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ | ᠱᠠᠩᠨᠠᠯ ᠤᠨ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠨᠡᠭᠦᠷᠡᠰᠦᠨ ᠠᠭᠤᠷᠬᠠᠶ ᠶᠢᠨ ᠤᠶᠤᠯᠢᠭ ᠲᠣᠨᠣᠭᠯᠠᠯ ᠵᠢᠴᠢ ᠨᠡᠭᠦᠷᠡᠰᠦᠨ ᠠᠭᠤᠷᠬᠠᠶ ᠶᠢᠨ ᠮᠠᠰᠢᠨ ᠬᠥᠮᠦᠨ | ᠵᠡᠷᠭᠡ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠠᠷᠪᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠬᠤᠶᠠᠳᠤᠭᠠᠷ ᠬᠡᠰᠡᠭ ᠨᠡᠭᠦᠷᠡᠰᠦᠨ ᠤ ᠪᠤᠰᠤ ᠠᠭᠤᠷᠬᠠᠶ ᠶᠢᠨ ᠠᠭᠤᠯᠠ ᠨᠡᠭᠡᠭᠡᠨ ᠮᠠᠯᠲᠠᠬᠤ ᠠᠵᠤ ᠠᠬᠤᠶᠢᠯᠠᠯ | ᠶᠢᠰᠦᠳᠦᠭᠡᠷ ᠵᠦᠢᠯ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢ ᠨᠡᠭᠡᠭᠡᠨ ᠮᠠᠯᠲᠠᠬᠤ ᠭᠡᠳᠡᠭ ᠪᠣᠯ | ᠲᠡᠮᠦᠷᠯᠢᠭ ᠤᠨ ᠠᠭᠤᠷᠬᠠᠶ᠂ ᠲᠡᠮᠦᠷᠯᠢᠭ ᠪᠤᠰᠤ ᠠᠭᠤᠷᠬᠠᠶ ᠵᠢᠴᠢ ᠪᠤᠰᠤᠳ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠬᠠᠶᠢᠨ ᠰᠢᠨᠵᠢᠯᠡᠬᠦ ᠠᠵᠢᠯ ᠪᠠ ᠦᠢᠯᠡᠳᠪᠦᠷᠢᠯᠡᠬᠦ᠂ ᠬᠦᠳᠡᠷ ᠰᠢᠯᠢᠬᠦ᠂ ᠪᠢᠲᠡᠭᠦᠦ ᠨᠦᠭᠡ ᠵᠢᠴᠢ | ᠦᠯᠡᠳᠡᠭᠳᠡᠯ ᠬᠦᠳᠡᠷ ᠤᠨ ᠬᠥᠮᠥᠷᠭᠡ ᠶᠢ ᠠᠵᠢᠯᠯᠠᠭᠤᠯᠬᠤ᠂ ᠲᠠᠬᠢᠨ ᠮᠠᠯᠲᠠᠬᠤ᠂ ᠬᠥᠮᠥᠷᠭᠡ ᠶᠢ ᠬᠠᠭᠠᠬᠤ ᠵᠡᠷᠭᠡ | ᠬᠤᠯᠪᠣᠭᠳᠠᠯ ᠪᠦᠬᠦᠢ ᠠᠵᠢᠯᠯᠠᠭ᠎ᠠ ᠶᠢ ᠵᠢᠭᠠᠵᠤ ᠪᠠᠶᠢᠨ᠎ᠠ᠃ | ᠠᠷᠪᠠᠳᠤᠭᠠᠷ ᠵᠦᠢᠯ ᠨᠡᠭᠦᠷᠡᠰᠦᠨ ᠤ ᠪᠤᠰᠤ ᠠᠭᠤᠷᠬᠠᠶ ᠶᠢᠨ ᠠᠭᠤᠯᠠ ᠮᠠᠯᠲᠠᠬᠤ ᠠᠵᠤ ᠠᠬᠤᠶᠢᠯᠠᠯ ᠨᠢ ᠲᠤᠰ | ᠰᠠᠷ᠎ᠠ ᠶᠢᠨ ᠮᠠᠯᠲᠠᠭᠰᠠᠨ ᠲᠦᠭᠦᠬᠡᠶ ᠠᠭᠤᠷᠬᠠᠶ ᠶᠢᠨ ᠭᠠᠷᠤᠯᠲᠠ ᠶᠢᠨ ᠬᠡᠮᠵᠢᠶ᠎ᠡ ᠪᠠᠨ ᠦᠨᠳᠦᠰᠦᠯᠡᠨ᠂ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠰᠠᠷ᠎ᠠ ᠶᠢᠨ ᠰᠡᠭᠦᠯᠴᠢ ᠠᠴᠠ ᠭᠠᠷᠭᠠᠵᠤ ᠠᠪᠤᠨ᠎ᠠ᠃ | ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄ | ︵ᠨᠢᠭᠡ︶ ᠲᠡᠮᠦᠷᠯᠢᠭ ᠤᠨ ᠠᠭᠤᠷᠬᠠᠶ᠂ ᠡᠭᠦᠨ ᠳᠤ ᠵᠠᠳᠠᠭᠠᠶ ᠠᠭᠤᠷᠬᠠᠶ ᠳᠤ ᠲᠣᠨ ᠪᠦᠷᠢ ᠳᠤ 5 | ᠲᠥᠭᠦᠷᠢᠭ᠂ ᠭᠠᠵᠠᠷ ᠳᠠᠷᠠᠭᠠᠬᠢ ᠠᠭᠤᠷᠬᠠᠶ ᠳᠤ ᠲᠣᠨ ᠪᠦᠷᠢ ᠳᠤ 15 ᠲᠥᠭᠦᠷᠢᠭ︔ | ︵ᠬᠤᠶᠠᠷ︶ ᠴᠥᠮ᠎ᠡ ᠶᠢᠨ ᠠᠵᠤ ᠦᠢᠯᠡᠳᠪᠦᠷᠢ ᠶᠢᠨ ᠠᠭᠤᠷᠬᠠᠶ ᠳᠤ ᠲᠣᠨ ᠪᠦᠷᠢ ᠳᠤ 25 ᠲᠥᠭᠦᠷᠢᠭ︔ | | ︵ᠭᠤᠷᠪᠠ︶ ᠲᠡᠮᠦᠷᠯᠢᠭ ᠪᠤᠰᠤ ᠠᠭᠤᠷᠬᠠᠶ᠂ ᠡᠭᠦᠨ ᠳᠤ ᠵᠠᠳᠠᠭᠠᠶ ᠠᠭᠤᠷᠬᠠᠶ ᠳᠤ ᠲᠣᠨ ᠪᠦᠷᠢ ᠳᠤ 3 | ᠲᠥᠭᠦᠷᠢᠭ᠂ ᠭᠠᠵᠠᠷ ᠳᠠᠷᠠᠭᠠᠬᠢ ᠠᠭᠤᠷᠬᠠᠶ ᠳᠤ ᠲᠣᠨ ᠪᠦᠷᠢ ᠳᠤ 8 ᠲᠥᠭᠦᠷᠢᠭ︔ | ︵ᠲᠥᠷᠪᠡ︶ ᠵᠠᠳᠠᠭᠠᠶ ᠴᠢᠯᠠᠭᠤ ᠭᠠᠷᠭᠠᠬᠤ ᠪᠠᠭ᠎ᠠ ᠬᠡᠯᠪᠡᠷᠢ ᠶᠢᠨ ᠲᠠᠯᠠᠪᠠᠢ᠂ ᠲᠤᠬᠠᠶᠢᠯᠠᠪᠠᠯ ᠵᠢᠯ ᠤᠨ | ᠦᠢᠯᠡᠳᠪᠦᠷᠢᠯᠡᠬᠦ ᠬᠡᠪᠴᠢᠶ᠎ᠡ ᠪᠠᠷ 50 ᠲᠦᠮᠡᠨ ᠲᠣᠨ ᠠᠴᠠ ᠬᠡᠲᠦᠷᠡᠬᠦ ᠥᠭᠡᠢ ᠠᠭᠤᠯᠠᠨ ᠬᠥᠲᠥᠯ ᠤᠨ ᠬᠡᠯᠪᠡᠷᠢ ᠶᠢᠨ | ᠵᠠᠳᠠᠭᠠᠶ ᠴᠢᠯᠠᠭᠤ ᠭᠠᠷᠭᠠᠬᠤ ᠲᠠᠯᠠᠪᠠᠢ ᠨᠢ ᠲᠣᠨ ᠪᠦᠷᠢ 2 ᠲᠥᠭᠦᠷᠢᠭ᠃ | ᠳᠡᠭᠡᠷᠡᠬᠢ ᠪᠠᠳᠠᠭ ᠲᠤ ᠬᠡᠯᠡᠵᠦ ᠪᠠᠶᠢᠭ᠎ᠠ ᠲᠦᠭᠦᠬᠡᠶ ᠬᠦᠳᠡᠷ ᠤᠨ ᠭᠠᠷᠤᠯᠲᠠ ᠶᠢᠨ ᠬᠡᠮᠵᠢᠶ᠎ᠡ ᠳᠤ ᠲᠡᠮᠦᠷᠯᠢᠭ᠂ | ᠲᠡᠮᠦᠷᠯᠢᠭ ᠪᠤᠰᠤ ᠠᠭᠤᠷᠬᠠᠶ ᠶᠢᠨ ᠦᠯᠡᠳᠡᠭᠳᠡᠯ ᠬᠦᠳᠡᠷ ᠤᠨ ᠬᠥᠮᠥᠷᠭᠡ ᠪᠠ ᠬᠠᠶᠠᠭᠳᠠᠮᠠᠯ ᠴᠢᠯᠠᠭᠤᠨ ᠲᠠᠯᠠᠪᠠᠢ ᠳᠠᠬᠢ | ᠶᠡᠷᠦᠩᠬᠡᠶᠢᠯᠡᠨ ᠠᠰᠢᠭᠯᠠᠬᠤ ᠳᠤ ᠬᠡᠷᠡᠭᠯᠡᠬᠦ ᠦᠯᠡᠳᠡᠭᠳᠡᠯ ᠡᠯᠡᠰᠦ ᠪᠠ ᠴᠢᠨᠠᠷ ᠳᠣᠣᠷ᠎ᠠ ᠬᠦᠳᠡᠷ ᠢ ᠪᠠᠭᠲᠠᠭᠠᠬᠤ ᠦᠭᠡᠢ᠃ | | ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠨᠢᠭᠡᠴᠡ ᠨᠢ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠲᠥᠷᠥᠯ | ᠵᠦᠶᠯ ᠪᠤᠶᠤ ᠪᠠᠷᠢᠯᠭ᠎ᠠ ᠶᠢᠨ ᠶᠡᠷᠦᠩᠬᠡᠶ ᠵᠠᠷᠤᠳᠠᠯ ᠤᠨ 2% ᠢᠶᠠᠷ ᠲᠥᠷᠥᠯ ᠵᠦᠶᠯ ᠪᠤᠶᠤ ᠪᠠᠷᠢᠯᠭ᠎ᠠ ᠶᠢ ᠬᠡᠷᠡᠭᠵᠢᠭᠦᠯᠬᠦ | ᠬᠤᠭᠤᠴᠠᠭᠠᠨ ᠳᠤ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠰᠠᠷ᠎ᠠ ᠳᠠᠷᠠᠭᠠᠯᠠᠨ | ᠭᠠᠷᠭᠠᠨ ᠠᠪᠤᠨ᠎ᠠ᠃ | ᠠᠷᠪᠠᠨ ᠨᠢᠭᠡᠳᠦᠭᠡᠷ ᠵᠦᠢᠯ ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠢᠯᠯᠠᠭᠠᠨ ᠳᠤ ᠲᠤᠰ ᠰᠠᠷ᠎ᠠ | ᠶᠢᠨ ᠬᠥᠮᠥᠷᠭᠡ ᠳᠤ ᠣᠷᠣᠭᠤᠯᠤᠭᠰᠠᠨ ᠦᠯᠡᠳᠡᠭᠳᠡᠯ ᠬᠦᠳᠡᠷ ᠤᠨ ᠬᠡᠮᠵᠢᠶ᠎ᠡ ᠪᠠᠷ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠪᠤᠳᠤᠵᠤ ᠠᠪᠤᠨ᠎ᠠ᠂ ᠡᠭᠦᠨ ᠳᠤ ᠭᠤᠷᠪᠠᠳᠤᠭᠠᠷ ᠳᠡᠰ ᠵᠢᠴᠢ ᠭᠤᠷᠪᠠᠳᠤᠭᠠᠷ | ᠳᠡᠰ ᠠᠴᠠ ᠳᠡᠭᠡᠭᠰᠢᠬᠢ ᠦᠯᠡᠳᠡᠭᠳᠡᠯ ᠬᠦᠳᠡᠷ ᠤᠨ ᠬᠥᠮᠥᠷᠭᠡ ᠨᠢ ᠲᠣᠨ ᠪᠦᠷᠢ ᠳᠤ 4 ᠲᠥᠭᠦᠷᠢᠭ᠂ ᠳᠥᠷᠪᠡᠳᠦᠭᠡᠷ | ᠳᠡᠰ ᠵᠢᠴᠢ ᠲᠠᠪᠤᠳᠤᠭᠠᠷ ᠳᠡᠰ ᠤᠨ ᠦᠯᠡᠳᠡᠭᠳᠡᠯ ᠬᠦᠳᠡᠷ ᠤᠨ ᠬᠥᠮᠥᠷᠭᠡ ᠨᠢ ᠲᠣᠨ ᠪᠦᠷᠢ ᠳᠤ 5 ᠲᠥᠭᠦᠷᠢᠭ᠃ | | ᠦᠯᠡᠳᠡᠭᠳᠡᠯ ᠬᠦᠳᠡᠷ ᠤᠨ ᠬᠥᠮᠥᠷᠭᠡ ᠶᠢ ᠲᠠᠬᠢᠨ ᠮᠠᠯᠲᠠᠬᠤ ᠳᠤ ᠲᠤᠰ ᠰᠠᠷ᠎ᠠ ᠶᠢᠨ ᠲᠠᠬᠢᠨ ᠮᠠᠯᠲᠠᠭᠰᠠᠨ | ᠦᠯᠡᠳᠡᠭᠳᠡᠯ ᠬᠦᠳᠡᠷ ᠤᠨ ᠬᠡᠮᠵᠢᠶ᠎ᠡ ᠪᠠᠷ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ | ᠪᠤᠳᠤᠵᠤ ᠠᠪᠤᠨ᠎ᠠ᠂ ᠡᠭᠦᠨ ᠳᠤ ᠭᠤᠷᠪᠠᠳᠤᠭᠠᠷ ᠳᠡᠰ ᠵᠢᠴᠢ ᠭᠤᠷᠪᠠᠳᠤᠭᠠᠷ ᠳᠡᠰ ᠠᠴᠠ ᠳᠡᠭᠡᠭᠰᠢᠬᠢ ᠦᠯᠡᠳᠡᠭᠳᠡᠯ | ᠬᠦᠳᠡᠷ ᠤᠨ ᠬᠥᠮᠥᠷᠭᠡ ᠶᠢ ᠲᠣᠨ ᠪᠦᠷᠢ ᠳᠤ 1 ᠲᠥᠭᠦᠷᠢᠭ᠂ ᠳᠥᠷᠪᠡᠳᠦᠭᠡᠷ ᠳᠡᠰ ᠵᠢᠴᠢ ᠲᠠᠪᠤᠳᠤᠭᠠᠷ ᠳᠡᠰ ᠤᠨ | ᠦᠯᠡᠳᠡᠭᠳᠡᠯ ᠬᠦᠳᠡᠷ ᠤᠨ ᠬᠥᠮᠥᠷᠭᠡ ᠶᠢ ᠲᠣᠨ ᠪᠦᠷᠢ ᠳᠤ 1%5 ᠲᠥᠭᠦᠷᠢᠭ ᠪᠠᠶᠢᠯᠭᠠᠨ᠎ᠠ᠃ | ᠠᠷᠪᠠᠨ ᠬᠤᠶᠠᠳᠤᠭᠠᠷ ᠵᠦᠢᠯ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢ ᠨᠡᠭᠡᠭᠡᠨ ᠮᠠᠯᠲᠠᠬᠤ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ︵︽ᠭᠤᠷᠪᠠ ᠶᠢ | ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ | ᠪᠡᠯᠡᠳᠬᠡᠮᠵᠢ ᠶᠢ ᠪᠠᠭᠲᠠᠭᠠᠬᠤ ᠥᠭᠡᠢ︶ ᠪᠣᠯᠤᠨ ᠬᠦᠨᠳᠦ ᠶᠡᠭᠡ ᠡ᠊ᠨᠳᠡᠯ ᠤᠨ ᠪᠣᠯᠵᠣᠰᠢ ᠦᠭᠡᠢ ᠠᠶᠤᠯ ᠡᠷᠡᠰᠳᠡᠯ ᠢ | ᠵᠠᠰᠠᠬᠤ ᠵᠠᠷᠤᠯᠭ᠎ᠠ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ᠃ ᠡᠭᠦᠨ ᠳᠤ ᠠᠭᠤᠷᠬᠠᠶ ᠶᠢᠨ | ᠲᠣᠭᠤᠰᠣ ᠶᠢ ᠶᠡᠷᠦᠩᠬᠡᠶᠢᠯᠡᠨ ᠰᠡᠷᠭᠡᠶᠢᠯᠡᠬᠦ᠂ ᠭᠠᠯ ᠤᠨᠲᠠᠷᠠᠭᠠᠬᠤ ᠶᠢ ᠰᠡᠷᠭᠡᠶᠢᠯᠡᠬᠦ᠂ ᠤᠰᠤ᠂ ᠠᠶᠤᠯ ᠲᠠᠢ ᠬᠡᠢ | ᠪᠡᠶᠡᠲᠦ ᠶᠢ ᠰᠡᠷᠭᠡᠶᠢᠯᠡᠨ ᠵᠠᠰᠠᠬᠤ᠂ ᠰᠠᠯᠬᠢ ᠨᠡᠪᠲᠡᠷᠡᠭᠦᠯᠬᠦ ᠰᠢᠰᠲ᠋ᠧᠮ᠂ ᠲᠤᠯᠭᠠᠭᠤᠷᠢᠯᠠᠨ ᠬᠠᠮᠠᠭᠠᠯᠠᠬᠤ ᠵᠢᠴᠢ | ᠬᠠᠵᠠᠭᠤ ᠶᠢᠨ ᠬᠡᠰᠡᠭ ᠤᠨ ᠶᠡᠭᠦᠷᠡᠬᠦ ᠶᠢ ᠰᠡᠷᠭᠡᠶᠢᠯᠡᠨ ᠵᠠᠰᠠᠬᠤ᠂ ᠳᠡᠭᠡᠪᠦᠷ ᠤᠨ ᠬᠡᠰᠡᠭ ᠤᠨ ᠬᠠᠯᠬᠠᠪᠴᠢ ᠶᠢ | ᠰᠡᠷᠭᠡᠶᠢᠯᠡᠬᠦ ᠲᠥᠬᠦᠭᠡᠷᠦᠮᠵᠢ᠂ ᠮᠠᠰᠢᠨ ᠴᠠᠬᠢᠯᠭᠠᠨ ᠤ ᠲᠥᠬᠦᠭᠡᠷᠦᠮᠵᠢ᠂ ᠴᠠᠬᠢᠯᠭᠠᠨ ᠬᠠᠩᠭᠠᠬᠤ ᠴᠠᠬᠢᠯᠭᠠᠨ ᠲᠦᠭᠡᠭᠡᠬᠦ | ᠰᠢᠰᠲ᠋ᠧᠮ᠂ ᠲᠡᠭᠡᠭᠡᠪᠦᠷᠢᠯᠡᠬᠦ ︵ᠳᠡᠭᠡᠭᠰᠢᠯᠡᠭᠦᠯᠬᠦ︶ ᠰᠢᠰᠲ᠋ᠧᠮ ᠪᠠ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠶᠢ | ᠲᠡᠭᠦᠯᠳᠡᠷᠵᠢᠭᠦᠯᠬᠦ᠂ ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ᠵᠢᠴᠢ ᠭᠠᠵᠠᠷ ᠤᠨ ᠳᠠᠷᠤᠯᠲᠠ ᠶᠢ ᠬᠢᠨᠠᠨ ᠬᠡᠮᠵᠢᠵᠦ | ᠬᠢᠨᠠᠨ ᠡᠵᠡᠮᠳᠡᠬᠦ᠂ ᠵᠠᠳᠠᠭᠠᠶ ᠠᠭᠤᠷᠬᠠᠶ ᠶᠢᠨ ᠬᠠᠵᠠᠭᠤ ᠶᠢᠨ ᠬᠠᠵᠠᠭᠤ ᠶᠢᠨ ᠵᠠᠰᠠᠯᠲᠠ ᠶᠢ ᠬᠡᠷᠡᠭᠵᠢᠭᠦᠯᠬᠦ ᠵᠡᠷᠭᠡ | ᠵᠠᠷᠤᠯᠭ᠎ᠠ ᠪᠠᠭᠲᠠᠨ᠎ᠠ︔ | ︵ᠬᠤᠶᠠᠷ︶ ᠨᠡᠭᠦᠷᠡᠰᠦᠨ ᠤ ᠪᠤᠰᠤ ᠠᠭᠤᠷᠬᠠᠶ ᠶᠢ ᠬᠢᠨᠠᠨ ᠬᠡᠮᠵᠢᠵᠦ ᠬᠢᠨᠠᠨ ᠡᠵᠡᠮᠳᠡᠬᠦ᠂ ᠠᠵᠢᠯᠳᠠᠨ ᠤ | ᠣᠷᠣᠨ ᠪᠠᠶᠢᠷᠢ ᠶᠢ ᠬᠢᠨᠠᠨ ᠬᠡᠮᠵᠢᠬᠦ᠂ ᠠᠶᠤᠯ ᠠᠴᠠ ᠪᠠᠴᠢᠮ ᠵᠠᠶᠢᠯᠠᠭᠤᠯᠬᠤ᠂ ᠰᠠᠯᠬᠢ ᠶᠢ ᠳᠠᠷᠤᠵᠤ ᠥᠪᠡᠷ ᠢ ᠪᠠᠨ | ᠠᠪᠤᠷᠠᠬᠤ᠂ ᠤᠰᠤ ᠬᠠᠩᠭᠠᠵᠤ ᠠᠪᠤᠷᠠᠬᠤ ᠪᠠ ᠴᠢᠮᠡᠭᠡ ᠬᠤᠯᠪᠣᠭ᠎ᠠ ᠬᠠᠷᠢᠯᠴᠠᠬᠤ ᠵᠡᠷᠭᠡ ᠠᠶᠤᠯᠭᠦᠶ ᠶᠢᠨ ᠠᠶᠤᠯ ᠠᠴᠠ | ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠵᠠᠷᠤᠯᠭ᠎ᠠ ᠶᠢ ᠲᠡᠭᠦᠯᠳᠡᠷᠵᠢᠭᠦᠯᠬᠦ᠃ ᠦᠯᠡᠳᠡᠭᠳᠡᠯ ᠬᠦᠳᠡᠷ ᠤᠨ | ᠬᠥᠮᠥᠷᠭᠡ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠤᠨ ᠵᠠᠷᠤᠯᠭ᠎ᠠ | ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ᠂ | ᠪᠡᠯᠡᠳᠬᠡᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠠᠳᠡᠯ ᠠᠴᠠ ᠠᠮᠢ ᠵᠢᠭᠤᠲᠠᠬᠤ ᠪᠠ | ᠠᠶᠤᠯ ᠠᠴᠠ ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ | ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ | ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ | ᠰᠣᠷᠢᠯᠲᠠ ᠶᠢᠨ ᠵᠠᠷᠤᠯᠭ᠎ᠠ ᠶᠢ ᠲᠡᠭᠦᠯᠳᠡᠷᠵᠢᠭᠦᠯᠦᠨ᠎ᠡ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠮᠠᠰᠢᠨᠴᠢᠯᠠᠯᠲᠠ᠂ | ᠤᠶᠤᠨᠴᠢᠯᠠᠯᠳᠠ ᠶᠢᠨ ᠪᠠᠶᠢᠭᠤᠯᠤᠯᠲᠠ᠂ ᠠᠶᠤᠯ ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ | ᠥᠷᠨᠢᠭᠦᠯᠦᠨ᠎ᠡ︔ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠬᠤ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ | ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠤᠶᠤᠨᠴᠢᠯᠠᠭᠰᠠᠨ᠂ ᠮᠠᠰᠢᠨ ᠬᠥᠮᠦᠨ ᠵᠡᠷᠭᠡ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠦᠯᠡᠳᠡᠭᠳᠡᠯ ᠬᠦᠳᠡᠷ ᠤᠨ ᠬᠥᠮᠥᠷᠭᠡ ᠶᠢ ᠪᠢᠲᠡᠭᠦᠮᠵᠢᠯᠡᠬᠦ᠂ ᠬᠥᠮᠥᠷᠭᠡ ᠶᠢ ᠪᠣᠷᠣᠯᠠᠭᠤᠯᠬᠤ | ᠵᠠᠷᠤᠳᠠᠯ ᠤᠨ ᠵᠠᠷᠤᠯᠭ᠎ᠠ︔ | ︵ᠠᠷᠪᠠ︶ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠬᠦ ᠨᠢᠭᠡᠴᠢ ᠶᠢᠨ ᠬᠡᠭᠡᠷ᠎ᠡ ᠶᠢᠨ ᠪᠠᠴᠢᠮ ᠪᠠᠶᠢᠳᠠᠯ ᠢ | ᠠᠷᠭᠠᠴᠠᠬᠤ ᠢᠳᠡᠭᠡᠨ᠂ ᠪᠠᠴᠢᠮ ᠪᠠᠶᠢᠳᠠᠯ ᠢ ᠠᠷᠭᠠᠴᠠᠬᠤ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ | ᠡᠮ ᠤᠨ ᠵᠦᠢᠯ ᠤᠨ | ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠭᠤᠷᠪᠠᠳᠤᠭᠠᠷ ᠬᠡᠰᠡᠭᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠮᠠᠯᠲᠠᠬᠤ ᠠᠵᠤ | ᠠᠬᠤᠶᠢᠯᠠᠯ | ᠠᠷᠪᠠᠨ ᠭᠤᠷᠪᠠᠳᠤᠭᠠᠷ ᠵᠦᠢᠯ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ︵ᠵᠠᠨᠠᠷ ᠤᠨ ᠲᠤᠰᠤ᠂ | ᠵᠠᠨᠠᠷ ᠤᠨ ᠬᠡᠢ ᠪᠠᠭᠲᠠᠨ᠎ᠠ︶ ᠶᠢ ᠨᠡᠭᠡᠭᠡᠨ ᠮᠠᠯᠲᠠᠬᠤ ᠭᠡᠳᠡᠭ ᠨᠢ ᠬᠠᠭᠤᠷᠠᠶ ᠳᠡᠭᠡᠷ᠎ᠡ ᠲᠤᠰᠤ ᠭᠠᠷᠭᠠᠬᠤ ︵ᠬᠡᠢ︶᠂ | ᠳᠠᠯᠠᠢ ᠳᠡᠭᠡᠷ᠎ᠡ ᠲᠤᠰᠤ ᠭᠠᠷᠭᠠᠬᠤ ︵ᠬᠡᠢ︶᠂ ᠬᠤᠳᠳᠤᠭ ᠥᠷᠥᠮᠳᠡᠬᠦ᠂ ᠹᠢᠽᠢᠺ ᠤᠨ ᠬᠠᠶᠢᠯᠲᠠ᠂ ᠬᠤᠳᠳᠤᠭ | ᠬᠡᠮᠵᠢᠬᠦ᠂ ᠬᠤᠳᠳᠤᠭ ᠰᠢᠩᠭᠡᠭᠡᠬᠦ᠂ ᠬᠤᠳᠳᠤᠭ ᠳᠣᠲᠣᠷ᠎ᠠ ᠠᠵᠢᠯᠯᠠᠬᠤ᠂ ᠴᠢᠯᠠᠭᠤᠨ ᠲᠤᠰᠤᠨ ᠤ ᠪᠦᠳᠦᠭᠡᠨ | ᠪᠠᠶᠢᠭᠤᠯᠤᠯᠲᠠ᠂ ᠲᠠᠯᠠᠢ ᠶᠢᠨ ᠲᠤᠰᠤᠨ ᠤ ᠪᠠᠷᠢᠯᠭ᠎ᠠ ᠵᠡᠷᠭᠡ ᠠᠵᠢᠯᠯᠠᠭ᠎ᠠ ᠶᠢ ᠵᠢᠭᠠᠵᠤ ᠪᠠᠶᠢᠨ᠎ᠠ᠃ | ᠨᠡᠭᠦᠷᠡᠰᠦᠨ ᠳᠠᠪᠬᠤᠷᠭ᠎ᠠ ᠶᠢᠨ ᠬᠡᠶ ︵ᠭᠠᠵᠠᠷ ᠳᠡᠭᠡᠷᠡᠬᠢ ᠨᠡᠭᠡᠭᠡᠨ ᠮᠠᠯᠲᠠᠬᠤ︶ ᠶᠢᠨ ᠠᠵᠤ ᠠᠬᠤᠶᠢᠯᠠᠯ ᠨᠢ | ᠬᠠᠭᠤᠷᠠᠶ ᠳᠡᠭᠡᠷᠡᠬᠢ ᠲᠣᠰᠣ ︵ᠬᠡᠶ︶ ᠶᠢᠨ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠬᠠᠭᠤᠷᠠᠶ ᠳᠡᠭᠡᠷ᠎ᠡ ᠲᠤᠰᠤ ᠭᠠᠷᠭᠠᠬᠤ ︵ᠬᠡᠢ︶᠂ ᠲᠠᠯᠠᠢ ᠳᠡᠭᠡᠷ᠎ᠡ ᠲᠤᠰᠤ | ᠭᠠᠷᠭᠠᠬᠤ ︵ᠬᠡᠢ︶ ᠠᠵᠤ ᠠᠬᠤᠶᠢᠯᠠᠯ ᠤᠳ ᠲᠤᠰ ᠰᠠᠷ᠎ᠠ ᠳᠤ ᠨᠡᠭᠡᠭᠡᠨ ᠮᠠᠯᠲᠠᠭᠰᠠᠨ ᠴᠢᠯᠠᠭᠤᠨ ᠲᠤᠰᠤ᠂ | ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ ᠪᠠᠨ ᠦᠨᠳᠦᠰᠦᠯᠡᠨ᠂ ᠰᠠᠷ᠎ᠠ ᠶᠢᠨ ᠡᠴᠦᠰ ᠲᠤ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠨ᠎ᠠ᠃ ᠡᠭᠦᠨ ᠳᠤ ᠲᠣᠨ ᠪᠦᠷᠢ ᠶᠢᠨ ᠲᠦᠭᠦᠬᠡᠶ | ᠴᠢᠯᠠᠭᠤᠨ ᠲᠣᠰᠣ 20 ᠲᠥᠭᠦᠷᠢᠭ᠂ ᠮᠢᠩᠭᠠᠨ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠲᠦᠭᠦᠬᠡᠶ ᠬᠡᠢ ᠶᠢ 7.5 | ᠲᠥᠭᠦᠷᠢᠭ ᠪᠣᠯᠭᠠᠨ᠎ᠠ᠃ | ᠬᠤᠳᠳᠤᠭ ᠥᠷᠥᠮᠳᠡᠬᠦ᠂ ᠪᠣᠳᠠᠰ ᠤᠨ ᠬᠠᠶᠢᠯᠲᠠ᠂ ᠬᠤᠳᠳᠤᠭ ᠬᠡᠮᠵᠢᠬᠦ᠂ ᠰᠢᠩᠭᠡᠭᠡᠯᠲᠡ ᠶᠢᠨ ᠬᠤᠳᠳᠤᠭ᠂ | ᠬᠤᠳᠳᠤᠭ ᠤᠨ ᠳᠣᠲᠣᠷ᠎ᠠ ᠠᠵᠢᠯᠯᠠᠬᠤ᠂ ᠲᠤᠰᠤᠨ ᠤ ᠪᠠᠷᠢᠯᠭ᠎ᠠ᠂ ᠲᠠᠯᠠᠢ ᠶᠢᠨ ᠲᠤᠰᠤᠨ ᠤ ᠪᠠᠷᠢᠯᠭ᠎ᠠ ᠵᠡᠷᠭᠡ | ᠠᠵᠤ ᠠᠬᠤᠶᠢᠯᠠᠯ ᠤᠳ ᠲᠥᠷᠥᠯ ᠵᠦᠢᠯ ᠪᠤᠶᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠳᠣᠲᠣᠷᠠᠬᠢ ᠰᠢᠭᠤᠳ | ᠪᠠᠷᠢᠯᠭ᠎ᠠ ᠶᠢᠨ ᠥᠪᠡᠷ ᠤᠨ ᠥᠷᠳᠡᠭ ᠤᠨ 2% ᠤᠨ ᠶᠣᠰᠣᠭᠠᠷ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠰᠠᠷ᠎ᠠ ᠳᠠᠷᠠᠭᠠᠯᠠᠨ ᠭᠠᠷᠭᠠᠨ ᠠᠪᠬᠤ ᠬᠡᠷᠡᠭᠲᠡᠶ᠃ ᠪᠠᠷᠢᠯᠭ᠎ᠠ ᠳᠠᠭᠠᠭᠠᠴᠢᠯᠠᠭᠤᠯᠬᠤ | ᠨᠢᠭᠡᠴᠢ ᠨᠢ ᠭᠡᠷ᠎ᠡ ᠳᠡᠭᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠲᠤᠰᠠᠭᠠᠷ ᠪᠣᠯᠵᠣᠨ | ᠲᠣᠭᠲᠠᠬᠤ ᠶᠢᠨ ᠬᠠᠮᠲᠤ ᠴᠠᠭ ᠲᠤᠬᠠᠶ ᠳᠤᠨᠢ ᠪᠠᠷᠢᠯᠭ᠎ᠠ ᠳᠠᠭᠠᠭᠠᠴᠢᠯᠠᠬᠤ ᠨᠢᠭᠡᠴᠢ ᠳᠤ ᠥᠭᠬᠦ ᠬᠡᠷᠡᠭᠲᠡᠶ᠃ | ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠨᠡᠭᠡᠭᠡᠨ ᠮᠠᠯᠲᠠᠬᠤ ᠠᠵᠤ ᠠᠬᠤᠶᠢᠯᠠᠯ ᠤᠨ ᠨᠥᠭᠡᠴᠡ | ᠲᠣᠰᠣ ᠶᠢ ᠭᠠᠵᠠᠷ ᠳᠣᠤᠷᠠᠬᠢ ᠬᠡᠶ ᠬᠠᠳᠠᠭᠠᠯᠠᠬᠤ ᠬᠥᠮᠥᠷᠭᠡ ᠨᠢ ᠠᠶᠤᠯᠲᠠᠶ ᠪᠣᠳᠠᠰ ᠢ ᠬᠠᠳᠠᠭᠠᠯᠠᠬᠤ ᠠᠵᠤ | ᠠᠬᠤᠶᠢᠯᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠨᠡᠭᠡᠭᠡᠨ ᠮᠠᠯᠲᠠᠬᠤ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ | ᠲᠤᠰᠤ ᠭᠡᠢ ᠶᠢᠨ ᠬᠤᠳᠳᠤᠭ ︵ᠲᠠᠯᠠᠪᠤᠷ︶᠂ ᠬᠤᠭᠤᠯᠠᠶ᠂ ᠦᠷᠳᠡᠭᠡ ᠲᠠᠯᠠᠪᠤᠷ᠂ ᠲᠠᠯᠠᠢ ᠲᠠᠩᠭᠢᠰ ᠤᠨ ᠴᠢᠯᠠᠭᠤᠨ | ᠲᠤᠰᠤᠨ ᠤ ᠦᠢᠯᠡᠳᠪᠦᠷᠢᠯᠡᠯ ᠤᠨ ᠲᠥᠬᠦᠭᠡᠷᠦᠮᠵᠢ᠂ ᠠᠵᠢᠯᠯᠠᠬᠤ ᠲᠥᠬᠦᠭᠡᠷᠦᠮᠵᠢ ᠵᠡᠷᠭᠡ ᠲᠤᠨᠤᠭ ᠲᠥᠬᠦᠭᠡᠷᠦᠮᠵᠢ ᠶᠢ | ᠬᠢᠨᠠᠨ ᠬᠡᠮᠵᠢᠬᠦ᠂ ᠬᠢᠨᠠᠨ ᠡᠵᠡᠮᠳᠡᠬᠦ᠂ ᠬᠤᠳᠳᠤᠭ ᠤᠨ ᠰᠦᠷᠴᠢᠯᠲᠡ ᠶᠢ ᠰᠡᠷᠭᠡᠶᠢᠯᠡᠬᠦ᠂ ᠭᠠᠯ ᠤᠨᠲᠠᠷᠠᠭᠠᠬᠤ ᠶᠢ | ᠰᠡᠷᠭᠡᠶᠢᠯᠡᠬᠦ᠂ ᠨᠤᠷᠠᠬᠤ ᠶᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠭᠤᠭᠤᠵᠢᠬᠤ ᠶᠢ ᠰᠡᠷᠭᠡᠶᠢᠯᠡᠬᠦ᠂ ᠢᠯᠵᠢᠷᠡᠬᠦ ᠶᠢ | ᠰᠡᠷᠭᠡᠶᠢᠯᠡᠬᠦ᠂ ᠨᠤᠷᠠᠬᠤ ᠶᠢ ᠰᠡᠷᠭᠡᠶᠢᠯᠡᠬᠦ᠂ ᠬᠦᠪᠦᠨ ᠰᠢᠯᠵᠢᠬᠦ ᠶᠢ ᠰᠡᠷᠭᠡᠶᠢᠯᠡᠬᠦ᠂ ᠠᠶᠤᠩᠭ᠎ᠠ ᠶᠢ ᠰᠡᠷᠭᠡᠶᠢᠯᠡᠬᠦ᠂ | ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠲᠠᠶᠢᠹᠤᠩ ᠰᠠᠯᠬᠢ ᠶᠢ ᠰᠡᠷᠭᠡᠶᠢᠯᠡᠬᠦ᠂ ᠬᠤᠣᠷᠳᠠᠭᠳᠠᠬᠤ ᠶᠢ ᠰᠡᠷᠭᠡᠶᠢᠯᠡᠬᠦ᠂ | ᠤᠨᠠᠵᠤ ᠤᠨᠠᠬᠤ ᠶᠢ ᠰᠡᠷᠭᠡᠶᠢᠯᠡᠬᠦ ᠵᠡᠷᠭᠡ ᠲᠤᠨᠤᠭ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠠᠳᠡᠯ ᠠᠴᠠ ᠠᠮᠢ ᠵᠢᠭᠤᠲᠠᠬᠤ ᠪᠠ ᠠᠶᠤᠯ ᠠᠴᠠ ᠪᠠᠴᠢᠮ ᠵᠠᠶᠢᠯᠠᠬᠤ ᠪᠡᠯᠡᠳᠬᠡᠮᠵᠢ | ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠪᠠᠴᠢᠮ ᠪᠠᠶᠢᠳᠠᠯ ᠢ | ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ | ᠬᠠᠮᠠᠭᠠᠯᠠᠨ ᠠᠷᠠᠴᠢᠯᠠᠬᠤ ᠵᠠᠷᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ | ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ | ᠤᠨ ᠪᠣᠯᠵᠣᠰᠢ ᠦᠭᠡᠢ ᠠᠶᠤᠯ ᠡᠷᠡᠰᠳᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ | ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ | ᠲᠡᠭᠡᠭᠡᠪᠦᠷᠢ ᠪᠠ ᠡᠩᠭᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ | ᠥᠷᠨᠢᠭᠦᠯᠦᠨ᠎ᠡ᠃ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ᠂ ᠪᠠᠷᠢᠮᠵᠢᠶᠠᠵᠢᠭᠤᠯᠬᠤ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ | ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠬᠡᠭᠡᠷ᠎ᠡ ᠭᠠᠳᠠᠨ᠎ᠠ ᠪᠤᠶᠤ ᠳᠠᠯᠠᠢ ᠳᠡᠭᠡᠷ᠎ᠡ ᠠᠵᠢᠯᠯᠠᠬᠤ ᠪᠠᠴᠢᠮ ᠪᠠᠶᠢᠳᠠᠯ ᠢ ᠠᠷᠭᠠᠴᠠᠬᠤ ᠢᠳᠡᠭᠡᠨ᠂ | ᠪᠠᠴᠢᠮ ᠪᠠᠶᠢᠳᠠᠯ ᠢ ᠠᠷᠭᠠᠴᠠᠬᠤ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ ᠤᠨ ᠵᠠᠷᠤᠯᠭ᠎ᠠ | ︔ | ︵ᠠᠷᠪᠠ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠳᠥᠷᠪᠡᠳᠦᠭᠡᠷ ᠬᠡᠰᠡᠭ ᠪᠦ᠋ᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠭᠦᠢᠴᠡᠳᠬᠡᠬᠦ ᠠᠵᠤ ᠠᠬᠤᠶᠢᠯᠠᠯ | | ᠠᠷᠪᠠᠨ ᠵᠢᠷᠭᠤᠳᠤᠭᠠᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠭᠡᠳᠡᠭ ᠪᠣᠯ ᠰᠢᠨ᠎ᠡ ᠪᠠᠷ ᠪᠠᠶᠢᠭᠤᠯᠬᠤ | ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠶᠢ ᠪᠠᠭᠲᠠᠭᠠᠭᠰᠠᠨ ᠰᠢᠷᠣᠶ ᠮᠣᠳᠣᠨ ᠤ ᠪᠠᠷᠢᠯᠭ᠎ᠠ᠂ | ᠪᠠᠷᠢᠯᠭ᠎ᠠ ᠶᠢᠨ ᠠᠵᠢᠯ᠂ ᠤᠲᠠᠰᠤ ᠳᠠᠮᠵᠢᠭᠤᠯᠬᠤ ᠬᠤᠭᠤᠯᠠᠶ ᠪᠠ ᠲᠤᠨᠤᠬ ᠲᠥᠬᠦᠭᠡᠷᠦᠮᠵᠢ ᠶᠢ ᠤᠭᠰᠠᠷᠠᠬᠤ ᠵᠢᠴᠢ | ᠵᠠᠰᠠᠵᠤ ᠴᠢᠮᠡᠭᠯᠡᠬᠦ ᠪᠠᠷᠢᠯᠭ᠎ᠠ ᠶᠢ ᠬᠡᠯᠡᠵᠦ ᠪᠠᠶᠢᠨ᠎ᠠ᠃ | ᠬᠤᠳᠳᠤᠭ ᠤᠨ ᠪᠠᠷᠢᠯᠭ᠎ᠠ᠂ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢ ᠪᠥᠳᠥᠭᠡᠨ ᠪᠠᠶᠢᠭᠤᠯᠤᠯᠲᠠ ᠶᠢᠨ | ᠪᠠᠷᠢᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠷᠪᠠᠨ ᠳᠣᠯᠣᠳᠤᠭᠠᠷ ᠵᠦᠢᠯ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ | ᠠᠬᠤᠶᠢᠯᠠᠯ ᠨᠢ ᠪᠠᠷᠢᠯᠭ᠎ᠠ ᠶᠢᠨ ᠤᠭᠰᠠᠷᠠᠭᠤᠯᠬᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠪᠠᠷ ᠦᠨᠳᠦᠰᠦᠯᠡᠯ ᠪᠣᠯᠭᠠᠨ᠂ | ᠰᠠᠷ᠎ᠠ ᠶᠢᠨ ᠡᠴᠦᠰ ᠲᠤ ᠪᠠᠷᠢᠯᠭ᠎ᠠ ᠶᠢᠨ ᠠᠬᠢᠴᠠ ᠪᠠᠷ ᠪᠤᠳᠤᠵᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ | ᠤᠨ ᠵᠠᠷᠤᠳᠠᠯ ᠢ ᠭᠠᠷᠭᠠᠨ ᠠᠪᠬᠤ ᠬᠡᠷᠡᠭᠲᠡᠶ᠃ ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄ | ︵ᠨᠢᠭᠡ︶ ᠠᠭᠤᠷᠬᠠᠶ ᠶᠢᠨ ᠪᠠᠷᠢᠯᠭ᠎ᠠ 3.5%︔ | ︵ᠬᠤᠶᠠᠷ︶ ᠲᠡᠮᠦᠷ ᠵᠡᠮ ᠤᠨ ᠪᠠᠷᠢᠯᠭ᠎ᠠ᠂ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ᠂ ᠬᠤᠳᠠ ᠶᠢᠨ ᠲᠡᠮᠦᠷ | ᠵᠡᠮ ᠤᠨ ᠵᠡᠮ ᠬᠠᠷᠢᠯᠴᠠᠭᠠᠨ ᠤ ᠪᠠᠷᠢᠯᠭ᠎ᠠ ᠶᠢᠨ 3%︔ | ︵ᠭᠤᠷᠪᠠ︶ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ᠂ ᠴᠠᠬᠢᠯᠭᠠᠨ ᠬᠦᠴᠦᠨ ᠤ | ᠪᠠᠷᠢᠯᠭ᠎ᠠ ᠶᠢᠨ 2.5%︔ | ︵ᠲᠦᠷᠪᠡ︶ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ᠂ ᠮᠠᠰᠢᠨ ᠴᠠᠬᠢᠯᠭᠠᠨ ᠤᠭᠰᠠᠷᠠᠬᠤ ᠢᠨᠵᠧᠨᠧᠷᠢᠩ | ᠂ ᠬᠢᠮᠢ ᠶᠢᠨ ᠠᠵᠤ ᠦᠢᠯᠡᠳᠪᠦᠷᠢ ᠶᠢᠨ ᠴᠢᠯᠠᠭᠤᠨ ᠲᠤᠰᠤᠨ ᠤ ᠢᠨᠵᠧᠨᠧᠷᠢᠩ᠂ ᠮᠡᠳᠡᠭᠡ ᠬᠤᠯᠪᠣᠭᠠᠨ ᠤ | ᠢᠨᠵᠧᠨᠧᠷᠢᠩ2%︔ | ︵ᠲᠠᠪᠤ︶ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ᠂ ᠭᠠᠷᠠᠮ ᠬᠢᠭᠡᠳ ᠤᠰᠤᠨ | ᠵᠠᠮ ᠤᠨ ᠢᠨᠵᠧᠨᠧᠷᠢᠩ᠂ ᠵᠠᠰᠠᠮᠠᠯ ᠵᠠᠮ ᠤᠨ ᠢᠨᠵᠧᠨᠧᠷᠢᠩ 1.5%᠃ | ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠳᠠᠭᠠᠭᠠᠴᠢᠯᠠᠯᠲᠠ | ᠬᠦᠯᠢᠶᠡᠬᠦ ᠦᠨ᠎ᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠠᠭᠠᠨ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠪᠠᠭᠲᠠᠭᠠᠬᠤ ᠶᠢᠨ ᠬᠠᠮᠲᠤ ᠠᠰ ᠲᠤᠨᠢ ᠵᠢᠭᠰᠠᠭᠠᠬᠤ ᠬᠡᠷᠡᠭᠲᠡᠶ᠂ ᠳᠠᠭᠠᠭᠠᠴᠢᠯᠠᠯᠲᠠ | ᠥᠷᠢᠰᠥᠯᠳᠦᠬᠦ ᠦᠶ᠎ᠡ ᠳᠤ ᠬᠠᠰᠤᠵᠤ ᠬᠠᠰᠤᠵᠤ ᠪᠣᠯᠬᠤ ᠦᠭᠡᠢ᠃ ᠤᠯᠤᠰ ᠠᠴᠠ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠢᠮᠣ ᠲᠥᠰᠦᠪ ᠤᠨ ᠲᠤᠬᠠᠶ ᠠᠰᠲᠠᠭᠠᠨ ᠲᠣᠭᠲᠠᠭᠠᠯ ᠲᠠᠢ | ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ | ᠵᠦᠶᠯ ᠳᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠭᠡᠷ᠎ᠡ | ᠲᠣᠭᠲᠠᠭᠰᠠᠨ ᠪᠠᠶᠢᠪᠠᠯ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠤᠤᠯ ᠤᠨ | ᠲᠣᠭᠲᠠᠭᠠᠯ ᠶᠣᠰᠣᠭᠠᠷ ᠭᠠᠷᠭᠠᠨ ᠠᠪᠬᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠪᠦᠳᠦᠭᠡᠠ ᠪᠠᠶᠢᠭᠤᠯᠬᠤ ᠨᠢᠭᠡᠴᠢ ᠨᠢ ᠭᠡᠷ᠎ᠡ ᠳᠡᠭᠡᠨ ᠪᠠᠷᠢᠯᠭ᠎ᠠ ᠶᠢᠨ ᠠᠵᠢᠯ | ᠡᠬᠢᠯᠡᠭᠰᠡᠨ ᠡᠳᠦᠷ ᠲᠤ ᠨᠢᠭᠡ ᠰᠠᠷ᠎ᠠ ᠶᠢᠨ ᠳᠣᠲᠣᠷ᠎ᠠ ᠳᠠᠭᠠᠭᠠᠴᠢᠯᠠᠭᠰᠠᠨ ᠨᠢᠭᠡᠴᠢ ᠳᠤ ᠠᠳᠠᠭ ᠲᠠᠭᠠᠨ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ 50% ᠪᠠᠷ ᠥᠭᠬᠦ ᠬᠡᠷᠡᠭᠲᠡᠶ ᠭᠡᠵᠦ ᠲᠤᠰᠠᠭᠠᠷ | ᠪᠣᠯᠵᠣᠨ ᠲᠣᠭᠲᠠᠭᠠᠬᠤ ᠬᠡᠷᠡᠭᠲᠡᠶ᠃ | ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠭᠡᠷ᠎ᠡ ᠳᠡᠭᠡᠨ ᠲᠤᠰᠠᠭᠠᠷ ᠪᠣᠯᠵᠣᠨ ᠲᠣᠭᠲᠠᠬᠤ ᠶᠢᠨ ᠬᠠᠮᠲᠤ | ᠬᠤᠪᠢᠶᠠᠨ ᠳᠠᠭᠠᠭᠠᠴᠢᠯᠠᠭᠰᠠᠨ ᠪᠠᠷᠢᠯᠭ᠎ᠠ ᠶᠢᠨ ᠠᠵᠢᠯ ᠡᠬᠢᠯᠡᠭᠦᠯᠦᠭᠰᠡᠨ ᠡᠳᠦᠷ ᠠᠴᠠ ᠨᠢᠭᠡ ᠰᠠᠷ᠎ᠠ ᠶᠢᠨ ᠳᠣᠲᠣᠷ᠎ᠠ | ᠠᠳᠠᠭ ᠲᠠᠭᠠᠨ 50% ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠬᠤᠪᠢᠶᠠᠨ | ᠳᠠᠭᠠᠭᠠᠴᠢᠯᠠᠭᠰᠠᠨ ᠨᠢᠭᠡᠴᠢ ᠳᠤ ᠰᠢᠭᠤᠳ ᠥᠭᠬᠦ ᠶᠢᠨ ᠬᠠᠮᠲᠤ ᠲᠡᠭᠦᠨ ᠢ ᠬᠢᠨᠠᠨ ᠬᠡᠷᠡᠭᠯᠡᠵᠦ ᠪᠣᠯᠤᠨ᠎ᠠ᠂ ᠬᠤᠪᠢᠶᠠᠨ | ᠳᠠᠭᠠᠭᠠᠴᠢᠯᠠᠭᠰᠠᠨ ᠨᠢᠭᠡᠴᠢ ᠨᠢ ᠲᠠᠬᠢᠵᠤ ᠳᠠᠪᠬᠤᠷᠳᠠᠭᠤᠯᠤᠨ ᠭᠠᠷᠭᠠᠵᠤ ᠠᠪᠬᠤ ᠦᠭᠡᠢ᠃ | ᠪᠠᠷᠢᠯᠭ᠎ᠠ ᠶᠢᠨ ᠠᠵᠢᠯ ᠳᠠᠭᠤᠰᠤᠭᠰᠠᠨ ᠲᠥᠰᠦᠪ ᠤᠨ ᠭᠦᠢᠴᠡᠳᠬᠡᠯ ᠤᠨ ᠳᠠᠷᠠᠭ᠎ᠠ ᠦᠯᠡᠳᠡᠭᠰᠡᠨ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠪᠦᠳᠦᠭᠡᠨ ᠪᠠᠶᠢᠭᠤᠯᠬᠤ ᠨᠢᠭᠡᠴᠢ ᠳᠤ ᠪᠤᠴᠠᠭᠠᠬᠤ | ᠬᠡᠷᠡᠭᠲᠡᠶ᠃ | ᠠᠷᠪᠠ ᠶᠢᠰᠦᠳᠦᠭᠡᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ | ᠪᠠᠷᠢᠯᠭ᠎ᠠ ᠶᠢᠨ ᠲᠤᠬᠠᠶ ᠶᠢᠨ ᠭᠠᠵᠠᠷ ᠤᠨ ᠲᠦᠷ ᠴᠠᠭ ᠴᠠᠬᠢᠯᠭᠠᠨ ᠬᠡᠷᠡᠭᠯᠡᠬᠦ ᠰᠢᠰᠲ᠋ᠧᠮ᠂ ᠠᠭᠤᠶ ᠶᠢᠨ ᠠᠮᠠᠰᠠᠷ ᠪᠤᠶᠤ | ᠬᠠᠵᠠᠭᠤ ᠶᠢᠨ ᠬᠠᠮᠠᠭᠠᠯᠠᠯᠲᠠ᠂ ᠥᠨᠳᠥᠷ ᠭᠠᠵᠠᠷ ᠲᠤ ᠠᠵᠢᠯᠯᠠᠬᠤ ᠪᠤᠶᠤ ᠰᠣᠯᠪᠢᠴᠠᠨ ᠠᠵᠢᠯᠯᠠᠬᠤ ᠶᠢᠨ ᠬᠠᠮᠠᠭᠠᠯᠠᠯᠲᠠ᠂ | ᠲᠦᠷ ᠴᠠᠭ ᠤᠨ ᠠᠶᠤᠯᠭᠦᠶ ᠶᠢᠨ ᠬᠠᠮᠠᠭᠠᠯᠠᠯᠲᠠ᠂ ᠲᠤᠯᠭᠠᠭᠤᠷᠢᠯᠠᠨ ᠬᠠᠮᠠᠭᠠᠯᠠᠬᠤ ᠵᠢᠴᠢ ᠬᠠᠵᠠᠭᠤ ᠶᠢᠨ ᠨᠠᠯᠠᠤ ᠪᠠᠯ ᠢ | ᠰᠡᠷᠭᠡᠶᠢᠯᠡᠨ ᠵᠠᠰᠠᠬᠤ᠂ ᠪᠠᠷᠢᠯᠭ᠎ᠠ ᠶᠢᠨ ᠬᠥᠨᠥᠭᠡᠯᠲᠡᠶ ᠬᠡᠢ ᠪᠡᠶᠡᠲᠦ ᠶᠢ ᠬᠢᠨᠠᠨ ᠬᠡᠮᠵᠢᠬᠦ ᠪᠠ ᠰᠠᠯᠬᠢ ᠨᠡᠪᠲᠡᠷᠡᠭᠦᠯᠬᠦ᠂ | ᠠᠶᠤᠯᠭᠦᠶ ᠶᠢ ᠪᠠᠲᠤᠯᠠᠬᠤ ᠮᠠᠰᠢᠨ ᠲᠥᠬᠦᠭᠡᠷᠦᠮᠵᠢ᠂ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ | ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠶᠤᠩᠭ᠎ᠠ ᠶᠢ | ᠰᠡᠷᠭᠡᠶᠢᠯᠡᠬᠦ᠂ ᠲᠠᠶᠢᠹᠤᠩ ᠰᠠᠯᠬᠢ ᠶᠢ ᠰᠡᠷᠭᠡᠶᠢᠯᠡᠬᠦ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠬᠦ ᠵᠡᠷᠭᠡ ᠲᠥᠬᠦᠭᠡᠷᠦᠮᠵᠢ | ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ᠂ | ᠪᠡᠯᠡᠳᠬᠡᠮᠵᠢ ᠶᠢᠨ ᠲᠣᠬᠢᠷᠠᠭᠤᠯᠤᠯᠲᠠ ᠵᠢᠴᠢ ᠬᠠᠮᠠᠭᠠᠯᠠᠨ ᠠᠷᠠᠴᠢᠯᠠᠬᠤ ᠵᠠᠷᠤᠯᠭ᠎ᠠ᠂ ᠠᠳᠡᠯ ᠠᠴᠠ ᠠᠮᠢ ᠵᠢᠭᠤᠲᠠᠬᠤ | ᠪᠠ ᠠᠶᠤᠯ ᠠᠴᠠ ᠪᠠᠴᠢᠮ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔ | | ︵ᠭᠤᠷᠪᠠ︶ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ | ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ | ᠬᠤᠪᠢᠶᠠᠨ ᠬᠠᠮᠢᠶᠠᠷᠤᠨ ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠵᠠᠷᠤᠯᠭ᠎ᠠ᠂ ᠢᠨᠵᠧᠨᠧᠷᠢᠩ ᠤᠨ ᠲᠥᠷᠥᠯ ᠵᠦᠶᠯ ᠤᠨ ᠠᠶᠤᠯ ᠥᠬᠡᠶ ᠦᠶᠯᠡᠳᠪᠦᠷᠢᠯᠡᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ᠂ ᠲᠡᠭᠡᠭᠡᠪᠦᠷᠢ ᠪᠠ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ | ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠲᠠᠪᠤᠳᠤᠭᠠᠷ ᠬᠡᠰᠡᠭ ᠡᠶᠤᠯᠲᠠᠶ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ | ᠬᠤᠷᠢᠳᠤᠭᠠᠷ ᠵᠦᠢᠯ ᠡᠶᠤᠯᠲᠠᠶ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠭᠡᠳᠡᠭ ᠨᠢ | ᠵᠥᠪᠰᠢᠶᠡᠷᠡᠭᠦᠯᠦᠭᠡᠳ ᠤᠯᠤᠰ ᠤᠨ ᠪᠠᠷᠢᠮᠵᠢᠶ᠎ᠠ ᠳᠤ ᠣᠷᠣᠭᠤᠯᠤᠭᠰᠠᠨ ︽ᠠᠶᠤᠯᠲᠠᠶ ᠡᠳ᠋ ᠪᠠᠷᠠᠭ᠎ᠠ ᠶᠢᠨ ᠨᠡᠷᠡᠰ ᠤᠨ | ᠬᠦᠰᠦᠨᠦᠭᠲᠦ︾ ︵GB12268︶᠂ ︽ᠠᠶᠤᠯᠲᠠᠶ ᠬᠢᠮᠢ ᠶᠢᠨ ᠵᠦᠢᠯ ᠤᠨ ᠭᠠᠷᠴᠠᠭ︾ ᠲᠤ ᠣᠷᠣᠭᠤᠯᠤᠭᠰᠠᠨ | ᠡᠳ᠋ ᠪᠣᠳᠠᠰ ᠵᠢᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠣᠷᠣᠭᠤᠯᠤᠭᠰᠠᠨ ᠠᠶᠤᠯᠲᠠᠶ ᠪᠣᠳᠠᠰ ᠢ | ᠰᠢᠭᠤᠳ ᠦᠢᠯᠡᠳᠪᠦᠷᠢᠯᠡᠬᠦ ᠪᠠ ᠪᠥᠭᠡᠮᠨᠡᠷᠡᠭᠦᠯᠦᠨ ᠬᠠᠳᠠᠭᠠᠯᠠᠬᠤ ᠠᠵᠢᠯᠯᠠᠭ᠎ᠠ ︵ᠪᠣᠷᠣᠯᠠᠭᠤᠯᠬᠤ ᠪᠠ ᠬᠡᠷᠡᠭᠯᠡᠬᠦ ᠶᠢ | ᠪᠠᠭᠲᠠᠭᠠᠬᠤ ᠦᠭᠡᠢ︶ ᠶᠢ ᠥᠷᠨᠢᠭᠦᠯᠬᠦ ᠶᠢ ᠵᠢᠭᠠᠵᠤ ᠪᠠᠶᠢᠨ᠎ᠠ᠃ | ᠠᠶᠤᠯᠲᠠᠶ ᠪᠣᠳᠠᠰ ᠢ ᠲᠡᠭᠡᠭᠡᠪᠦᠷᠢᠯᠡᠬᠦ ᠳᠤ ᠵᠢᠷᠭᠤᠳᠤᠭᠠᠷ ᠬᠡᠰᠡᠭ ᠤᠨ ᠲᠣᠭᠲᠠᠭᠠᠯ ᠢ ᠬᠡᠷᠡᠭᠯᠡᠨ᠎ᠡ᠃ | ᠬᠤᠷᠢᠨ ᠨᠢᠭᠡᠳᠦᠭᠡᠷ ᠵᠦᠢᠯ ᠠᠶᠤᠯ ᠲᠠᠢ ᠪᠣᠳᠠᠰ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ ᠤᠨ | ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ | ᠠᠬᠢᠭᠤᠯᠤᠨ ᠪᠤᠴᠠᠭᠠᠬᠤ ᠠᠷᠭ᠎ᠠ ᠮᠠ⌶ᠢᠭ ᠢ ᠠᠪᠴᠤ ᠪᠠᠶᠢᠭᠠᠳ ᠲᠤᠰ ᠵᠢᠯ ᠤᠨ ᠪᠤᠳᠤᠵᠤ ᠠᠪᠬᠤ ᠶᠣᠰᠣᠲᠠᠶ | ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ | ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄ | ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 4.5% ᠪᠠᠷ ᠭᠠᠷᠭᠠᠨ ᠠᠪᠤᠨ᠎ᠠ︔ | ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2.25% ᠪᠠᠷ ᠭᠠᠷᠭᠠᠵᠤ ᠠᠪᠤᠨ᠎ᠠ︔ | ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ | ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.55% ᠪᠠᠷ ᠭᠠᠷᠭᠠᠵᠤ ᠠᠪᠤᠨ᠎ᠠ︔ | | ︵ᠲᠦᠷᠪᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ | ᠲᠥᠭᠦᠷᠢᠭ ᠠᠴᠠ ᠬᠡᠲᠦᠷᠡᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ᠃ | ᠬᠤᠷᠢᠨ ᠬᠤᠶᠠᠳᠤᠭᠠᠷ ᠵᠦᠢᠯ ᠡᠶᠤᠯᠲᠠᠢ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ ᠤᠨ | ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ | ᠦᠢᠯᠡᠳᠪᠦᠷᠢ ᠶᠢᠨ ᠲᠠᠰᠤᠭ᠂ ᠬᠥᠮᠥᠷᠭᠡ᠂ ᠰᠠᠪᠠᠯᠠᠬᠤ ᠣᠷᠣᠨ ᠵᠡᠷᠭᠡ ᠠᠵᠢᠯ ᠤᠨ ᠲᠠᠯᠠᠪᠤᠷ ᠤᠨ ᠬᠢᠨᠠᠨ ᠡᠵᠡᠮᠳᠡᠬᠦ᠂ | ᠬᠢᠨᠠᠨ ᠬᠡᠮᠵᠢᠬᠦ᠂ ᠰᠠᠯᠬᠢ ᠨᠡᠪᠲᠡᠷᠡᠭᠦᠯᠬᠦ᠂ ᠨᠡᠷᠡᠨ ᠳᠤ ᠰᠢᠷᠠᠭᠳᠠᠬᠤ ᠶᠢ ᠰᠡᠷᠭᠡᠶᠢᠯᠡᠬᠦ᠂ ᠳᠤᠯᠠᠭᠠᠨ ᠢ ᠲᠣᠬᠢᠷᠠᠭᠤᠯᠬᠤ᠂ | ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ᠂ ᠳᠡᠯᠪᠡᠷᠡᠬᠦ ᠶᠢ ᠰᠡᠷᠭᠡᠶᠢᠯᠡᠬᠦ᠂ ᠳᠠᠷᠤᠯᠲᠠ ᠠᠯᠳᠠᠬᠤ ᠶᠢ ᠰᠡᠷᠭᠡᠶᠢᠯᠡᠬᠦ᠂ | ᠬᠤᠣᠷ ᠢ ᠰᠡᠷᠭᠡᠶᠢᠯᠡᠬᠦ᠂ ᠠᠷᠢᠭᠤᠳᠬᠠᠬᠤ᠂ ᠰᠠᠭᠠᠷᠮᠠᠭᠵᠢᠭᠤᠯᠬᠤ᠂ ᠴᠢᠭᠢᠭᠲᠦᠬᠦ ᠶᠢ ᠰᠡᠷᠭᠡᠶᠢᠯᠡᠬᠦ᠂ ᠠᠶᠤᠩᠭ᠎ᠠ ᠶᠢ | ᠰᠡᠷᠭᠡᠶᠢᠯᠡᠬᠦ᠂ ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠢᠯᠵᠢᠷᠡᠬᠦ ᠶᠢ ᠰᠡᠷᠭᠡᠶᠢᠯᠡᠬᠦ᠂ ᠨᠡᠪᠴᠢᠵᠦ ᠭᠤᠭᠤᠵᠢᠬᠤ ᠶᠢ | ᠰᠡᠷᠭᠡᠶᠢᠯᠡᠬᠦ᠂ ᠬᠠᠰᠢᠯᠭ᠎ᠠ ᠬᠠᠰᠢᠯᠭ᠎ᠠ ᠶᠢ ᠬᠠᠮᠠᠭᠠᠯᠠᠬᠤ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ | ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ | ᠦᠶᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠡᠷᠭᠡ ᠠᠶᠤᠯ | ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ᠂ ᠲᠡᠭᠡᠭᠡᠪᠦᠷᠢ ᠡᠩᠬᠡ ᠲᠠᠶᠢᠪᠤᠩ ᠢ | ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ | ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠵᠢᠷᠭᠤᠳᠤᠭᠠᠷ ᠬᠡᠰᠡᠭ ᠵᠠᠮ ᠲᠡᠭᠡᠭᠡᠪᠦᠷᠢ ᠶᠢᠨ ᠠᠵᠤ ᠠᠬᠤᠶᠢᠯᠠᠯ | ᠬᠤᠷᠢᠨ ᠭᠤᠷᠪᠠᠳᠤᠭᠠᠷ ᠵᠦᠢᠯ ᠵᠠᠮ ᠲᠡᠭᠡᠭᠡᠪᠦᠷᠢ ᠳᠤ ᠵᠠᠮ ᠲᠡᠭᠡᠭᠡᠪᠦᠷᠢ᠂ ᠲᠡᠮᠤᠷ ᠵᠠᠮ ᠤᠨ ᠲᠡᠭᠡᠭᠡᠪᠦᠷᠢ᠂ | ᠬᠤᠳᠠ ᠶᠢᠨ ᠲᠡᠮᠤᠷ ᠵᠠᠮ ᠤᠨ ᠵᠠᠮ ᠬᠠᠷᠢᠯᠴᠠᠭ᠎ᠠ᠂ ᠤᠰᠤᠨ ᠵᠠᠮ ᠤᠨ ᠲᠡᠭᠡᠭᠡᠪᠦᠷᠢ᠂ ᠳᠠᠮᠵᠢᠭᠤᠯᠬᠤ ᠬᠤᠭᠤᠯᠠᠶ ᠶᠢᠨ | ᠲᠡᠭᠡᠭᠡᠪᠦᠷᠢ ᠪᠠᠭᠲᠠᠨ᠎ᠠ᠃ | ᠵᠠᠮ ᠲᠡᠭᠡᠭᠡᠪᠦᠷᠢ ᠭᠡᠳᠡᠭ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ | ᠲᠡᠭᠡᠭᠡᠪᠦᠷᠢ ᠶᠢᠨ ᠲᠦᠷᠢᠮ︾ ᠳᠤ ᠲᠣᠭᠲᠠᠭᠠᠭᠰᠠᠨ ᠵᠠᠮ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠪᠠ ᠵᠠᠮ | ᠲᠡᠭᠡᠭᠡᠪᠦᠷᠢ ᠶᠢᠨ ᠡᠳ᠋ ᠪᠠᠷᠠᠭᠠᠨ ᠤ ᠲᠡᠭᠡᠭᠡᠪᠦᠷᠢ ᠶᠢ ᠵᠢᠭᠠᠵᠤ ᠪᠠᠶᠢᠨ᠎ᠠ︔ ᠲᠡᠮᠦᠷ ᠵᠡᠮ ᠤᠨ ᠲᠡᠭᠡᠭᠡᠪᠦᠷᠢ ᠭᠡᠳᠡᠭ ᠪᠣᠯ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠦᠷ ᠵᠡᠮ ᠤᠨ ᠬᠠᠤᠯᠢ︾ ᠳᠤ ᠲᠣᠭᠲᠠᠭᠠᠭᠰᠠᠨ ᠲᠡᠮᠦᠷ | ᠵᠡᠮ ᠤᠨ ᠠᠶᠠᠨᠴᠢᠳ ᠤᠨ ᠲᠡᠭᠡᠭᠡᠪᠦᠷᠢ ᠪᠠ ᠡᠳ᠋ ᠪᠠᠷᠠᠭᠠᠨ ᠤ ᠲᠡᠭᠡᠭᠡᠪᠦᠷᠢ ᠶᠢ ᠵᠢᠭᠠᠵᠤ ᠪᠠᠶᠢᠨ᠎ᠠ︔ ᠬᠤᠳᠠ ᠶᠢᠨ | ᠵᠢᠮᠳᠤ ᠵᠠᠮ ᠬᠠᠷᠢᠯᠴᠠᠭ᠎ᠠ ᠭᠡᠳᠡᠭ ᠪᠣᠯ ᠲᠣᠭᠲᠠᠭᠠᠯ ᠶᠣᠰᠣᠭᠠᠷ ᠵᠥᠪᠰᠢᠶᠡᠷᠡᠨ ᠪᠠᠶᠢᠭᠤᠯᠤᠭᠰᠠᠨ᠂ ᠲᠤᠰᠬᠠᠶ | ᠬᠡᠷᠡᠭᠯᠡᠭᠡᠨ ᠤ ᠵᠢᠮᠳᠤ ᠵᠠᠮ ᠢᠶᠠᠷ ᠤᠳᠤᠷᠢᠳᠤᠮᠵᠢ ᠪᠣᠯᠭᠠᠨ ᠠᠵᠢᠯᠯᠠᠭᠤᠯᠤᠭᠰᠠᠨ ᠬᠤᠳᠠ ᠶᠢᠨ ᠤᠯᠠᠨ ᠨᠡᠶᠢᠲᠡ ᠶᠢᠨ | ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠰᠢᠰᠲ᠋ᠧᠮ ᠢ ᠵᠢᠭᠠᠵᠤ ᠪᠠᠶᠢᠨ᠎ᠠ᠂ ᠡᠭᠦᠨ ᠳᠤ ᠭᠠᠵᠠᠷ | ᠳᠠᠷᠠᠭᠠᠬᠢ ᠲᠡᠮᠦᠷ ᠵᠠᠮ᠂ ᠬᠦᠡᠭᠭᠡᠨ ᠵᠢᠮᠳᠤ ᠵᠠᠮ᠂ ᠲᠠᠩ ᠵᠢᠮᠳᠤ ᠵᠠᠮ᠂ ᠵᠠᠮᠲᠤ ᠴᠠᠬᠢᠯᠭᠠᠨ ᠲᠡᠷᠭᠡ᠂ ᠰᠣᠷᠢᠨᠵᠢᠨ | ᠬᠦᠪᠦᠭᠦᠯ᠂ ᠠᠦ᠋ᠲ᠋ᠣ᠋ ᠵᠠᠮᠴᠢᠯᠠᠯ ᠤᠨ ᠵᠢᠮᠳᠤ ᠵᠠᠮ᠂ ᠬᠤᠳᠠ ᠶᠢᠨ ᠬᠡᠪᠴᠢᠶᠡᠨ ᠤ ᠲᠦᠷᠭᠡᠨ ᠬᠤᠷᠳᠤᠴᠠ ᠶᠢᠨ ᠵᠢᠮᠳᠤ | ᠵᠠᠮ ᠤᠨ ᠰᠢᠰᠲ᠋ᠧᠮ ᠪᠠᠭᠲᠠᠨ᠎ᠠ︔ ᠤᠰᠤᠨ ᠵᠠᠮ ᠤᠨ ᠲᠡᠭᠡᠭᠡᠪᠦᠷᠢ ᠭᠡᠳᠡᠭ ᠨᠢ ᠲᠡᠭᠡᠭᠡᠪᠦᠷᠢ ᠶᠢᠨ ᠣᠩᠭᠤᠴᠠ ᠰᠠᠯ ᠢᠶᠠᠷ | ᠪᠠᠭᠠᠵᠢ ᠪᠣᠯᠭᠠᠭᠰᠠᠨ ᠡᠵᠡᠩᠨᠡᠯᠲᠡ ᠶᠢᠨ ᠴᠢᠨᠠᠷᠲᠠᠶ ᠠᠶᠠᠨᠴᠢᠳ ᠪᠠ ᠡᠳ᠋ ᠪᠠᠷᠠᠭᠠᠨ ᠤ ᠲᠡᠭᠡᠭᠡᠪᠦᠷᠢ ᠵᠢᠴᠢ ᠭᠠᠷᠠᠮ ᠤᠨ | ᠠᠴᠢᠶᠠᠯᠠᠵᠤ ᠪᠠᠭᠤᠯᠭᠠᠬᠤ᠂ ᠴᠢᠷᠭᠡᠦᠯ ᠣᠩᠭᠤᠴᠠ ᠪᠠᠷ ᠥᠩᠭᠡᠷᠡᠬᠦ᠂ ᠬᠥᠮᠥᠷᠭᠡᠯᠡᠨ ᠬᠠᠳᠠᠭᠠᠯᠠᠬᠤ ᠶᠢ ᠵᠢᠭᠠᠵᠤ | ᠪᠠᠶᠢᠨ᠎ᠠ︔ ᠳᠠᠮᠵᠢᠭᠤᠯᠬᠤ ᠬᠤᠭᠤᠯᠠᠶ ᠶᠢᠨ ᠲᠡᠭᠡᠭᠡᠪᠦᠷᠢ ᠭᠡᠳᠡᠭ ᠨᠢ ᠳᠠᠮᠵᠢᠭᠤᠯᠬᠤ ᠬᠤᠭᠤᠯᠠᠶ ᠪᠠᠷ ᠪᠠᠭᠠᠵᠢ | ᠪᠣᠯᠭᠠᠭᠰᠠᠨ ᠰᠢᠩᠭᠡᠨ ᠪᠡᠶᠡᠲᠦ ᠪᠠ ᠬᠡᠢ ᠪᠡᠶᠡᠲᠦ ᠡᠳ᠋ ᠪᠣᠳᠠᠰ ᠤᠨ ᠲᠡᠭᠡᠭᠡᠪᠦᠷᠢ ᠶᠢ ᠵᠢᠭᠠᠵᠤ ᠪᠠᠶᠢᠨ᠎ᠠ᠃ | ᠬᠤᠷᠢᠨ ᠳᠥᠷᠪᠡᠳᠦᠭᠡᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ | ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠤᠰ ᠵᠢᠯ ᠤᠨ ᠪᠤᠳᠤᠵᠤ ᠠᠪᠬᠤ ᠶᠣᠰᠣᠲᠠᠶ | ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ | ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄ | ︵ᠨᠢᠭᠡ︶ ᠡᠩ ᠤᠨ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ 1%︔ | ︵ᠬᠤᠶᠠᠷ︶ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ᠂ ᠳᠠᠮᠵᠢᠭᠤᠯᠬᠤ ᠬᠤᠭᠤᠯᠠᠶ ᠶᠢᠨ | ᠲᠡᠭᠡᠭᠡᠪᠦᠷᠢ᠂ ᠠᠶᠤᠯ ᠲᠠᠢ ᠡᠳ᠋ ᠵᠡᠷᠭᠡ ᠣᠨᠴᠣᠭᠤᠶ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ 1.5%᠃ | | ᠬᠤᠷᠢᠨ ᠲᠠᠪᠤᠳᠤᠭᠠᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄ | ︵ᠨᠢᠭᠡ︶ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠮᠤᠷ ᠲᠦᠪᠰᠢᠨ ᠤ ᠲᠥᠬᠦᠭᠡᠷᠦᠮᠵᠢ ᠶᠢ ᠪᠠᠭᠲᠠᠭᠠᠬᠤ ᠦᠭᠡᠢ︶᠂ | ᠡᠭᠦᠨ ᠳᠤ ᠵᠠᠮ᠂ ᠤᠰᠤᠨ ᠵᠠᠮ᠂ ᠲᠡᠮᠦᠷ ᠵᠠᠮ᠂ ᠬᠤᠳᠠ ᠶᠢᠨ ᠵᠢᠮᠳᠤ ᠵᠠᠮ ᠬᠠᠷᠢᠯᠴᠠᠭ᠎ᠠ᠂ ᠳᠠᠮᠵᠢᠭᠤᠯᠬᠤ | ᠬᠤᠭᠤᠯᠠᠶ ᠶᠢᠨ ᠲᠡᠭᠡᠭᠡᠪᠦᠷᠢ ᠶᠢᠨ ᠲᠥᠬᠦᠭᠡᠷᠦᠮᠵᠢ ᠲᠥᠬᠦᠭᠡᠷᠦᠮᠵᠢ ᠪᠠ ᠠᠴᠢᠶᠠᠯᠠᠵᠤ ᠪᠠᠭᠤᠯᠭᠠᠬᠤ ᠪᠠᠭᠠᠵᠢ ᠶᠢᠨ ᠠᠮᠤᠷ | ᠲᠦᠪᠰᠢᠨ ᠤ ᠪᠠᠶᠢᠳᠠᠯ ᠢ ᠪᠠᠶᠢᠴᠠᠭᠠᠨ ᠬᠡᠮᠵᠢᠬᠦ ᠵᠢᠴᠢ ᠬᠠᠮᠠᠭᠠᠯᠠᠬᠤ ᠰᠢᠰᠲ᠋ᠧᠮ᠂ ᠲᠡᠭᠡᠭᠡᠪᠦᠷᠢ ᠶᠢᠨ ᠲᠥᠬᠦᠭᠡᠷᠦᠮᠵᠢ | ᠲᠥᠬᠦᠭᠡᠷᠦᠮᠵᠢ ᠪᠠ ᠠᠴᠢᠶᠠᠯᠠᠵᠤ ᠪᠠᠭᠤᠯᠭᠠᠬᠤ ᠪᠠᠭᠠᠵᠢ ᠶᠢᠨ ᠲᠠᠭᠠᠯᠳᠠ ᠠᠮᠤᠷ ᠲᠦᠪᠰᠢᠨ ᠤ ᠲᠥᠬᠦᠭᠡᠷᠦᠮᠵᠢ | ᠵᠡᠷᠭᠡ ᠶᠢᠨ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠠᠶᠠᠯᠠᠨ ᠶᠠᠪᠤᠭᠰᠠᠨ ᠢ ᠲᠡᠮᠳᠡᠭᠯᠡᠬᠦ ᠴᠢᠳᠠᠮᠵᠢ ᠲᠠᠢ ᠲᠡᠷᠭᠡ ᠬᠥᠰᠬᠡ ᠶᠢᠨ ᠳᠠᠭᠠᠭᠤᠯᠢ ᠤᠳᠤᠨ ᠤ | ᠣᠷᠣᠨ ᠪᠠᠶᠢᠷᠢ ᠲᠣᠭᠲᠠᠭᠠᠬᠤ ᠲᠣᠨᠣᠭᠯᠠᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠣᠨᠣᠭᠯᠠᠯ᠂ ᠣᠩᠭᠤᠴᠠ | ᠰᠠᠯ ᠤᠨ ᠮᠡᠳᠡᠭᠡ ᠬᠤᠯᠪᠣᠭᠠᠨ ᠤ ᠠᠶᠠᠯᠠᠯ ᠵᠠᠯᠠᠬᠤ ᠣᠷᠣᠨ ᠪᠠᠶᠢᠷᠢ ᠲᠣᠭᠲᠠᠭᠠᠬᠤ ᠪᠠ ᠠᠦ᠋ᠲ᠋ᠣ᠋ ᠢᠯᠭᠠᠨ ᠲᠠᠨᠢᠬᠤ | ᠰᠢᠰᠲ᠋ᠧᠮ᠂ ᠳᠠᠯᠠᠢ ᠶᠢᠨ ᠡᠯᠧᠺᠲᠷᠣᠨ ᠵᠢᠷᠤᠭ ᠵᠡᠷᠭᠡ ᠶᠢ ᠬᠤᠳᠠᠯᠳᠤᠨ ᠠᠪᠬᠤ᠂ ᠤᠭᠰᠠᠷᠠᠬᠤ ᠪᠠ ᠬᠡᠷᠡᠭᠯᠡᠬᠦ ᠵᠠᠷᠤᠯᠭ᠎ᠠ | ︔ | ︵ᠭᠤᠷᠪᠠ︶ ᠲᠡᠮᠦᠷ ᠵᠠᠮ ᠪᠠ ᠬᠤᠳᠠ ᠶᠢᠨ ᠵᠢᠮᠳᠤ ᠵᠠᠮ ᠬᠠᠷᠢᠯᠴᠠᠭᠠᠨ ᠤ ᠭᠠᠮᠰᠢᠭ ᠢ ᠰᠡᠷᠭᠡᠶᠢᠯᠡᠬᠦ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ ᠵᠢᠴᠢ ᠲᠡᠮᠦᠷ ᠵᠠᠮ ᠤᠨ ᠡᠷᠬᠢᠨ ᠲᠣᠭᠤᠷᠢᠨ ᠤ | ᠲᠦᠷᠢᠮᠡᠬᠡᠶᠢᠯᠡᠯ ᠢ ᠰᠡᠷᠡᠮᠵᠢᠯᠡᠭᠦᠯᠬᠦ ᠰᠢᠰᠲ᠋ᠧᠮ᠂ ᠲᠡᠮᠦᠷ ᠵᠠᠮ ᠤᠨ ᠠᠶᠤᠯᠲᠠᠢ ᠪᠣᠳᠠᠰ ᠤᠨ ᠲᠡᠭᠡᠭᠡᠪᠦᠷᠢ ᠶᠢᠨ | ᠠᠶᠤᠯᠭᠦᠢ ᠶᠢ ᠬᠢᠨᠠᠨ ᠬᠡᠮᠵᠢᠬᠦ ᠲᠥᠬᠦᠭᠡᠷᠦᠮᠵᠢ ᠶᠢᠨ ᠵᠠᠷᠤᠯᠭ᠎ᠠ︔ | ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ | ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔ | ︵ᠲᠠᠪᠤ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ ᠥᠬᠡᠶ | ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ᠂ ᠲᠡᠭᠡᠭᠡᠪᠦᠷᠢ ᠡᠩᠬᠡ | ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠤᠯᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ | ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠨᠠᠢᠮᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ | ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ | ᠱᠠᠩᠨᠠᠯ ᠤᠨ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠠᠷᠪᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ᠂ ᠲᠡᠮᠤᠷ ᠵᠠᠮ ᠪᠠ | ᠬᠤᠳᠠ ᠶᠢᠨ ᠵᠢᠮᠳᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠠᠶᠤᠯᠭᠦᠶ ᠶᠢ ᠪᠠᠶᠢᠴᠠᠭᠠᠨ ᠬᠡᠮᠵᠢᠬᠦ | ᠵᠠᠷᠤᠯᠭ᠎ᠠ︔ | ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠬᠢᠭᠡᠳ ᠳᠠᠭᠠᠭᠠᠨ | ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ᠃ | ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠳᠣᠯᠣᠳᠤᠭᠠᠷ ᠬᠡᠰᠡᠭ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ | ᠬᠤᠷᠢᠨ ᠵᠢᠷᠭᠤᠳᠤᠭᠠᠷ ᠵᠦᠢᠯ ᠲᠡᠮᠦᠷᠯᠢᠭ ᠪᠣᠯᠪᠠᠰᠤᠷᠠᠭᠤᠯᠬᠤ ᠭᠡᠳᠡᠭ ᠪᠣᠯ ᠬᠠᠷ᠎ᠠ ᠲᠡᠮᠦᠷᠯᠢᠭ ᠪᠣᠯᠤᠨ | ᠥᠩᠭᠡᠲᠦ ᠲᠡᠮᠦᠷᠯᠢᠭ ᠢ ᠪᠣᠯᠪᠠᠰᠤᠷᠠᠭᠤᠯᠬᠤ ᠵᠢᠴᠢ ᠳᠠᠷᠤᠵᠤ ᠤᠷᠲᠤᠳᠬᠠᠨ ᠪᠣᠯᠪᠠᠰᠤᠷᠠᠭᠤᠯᠬᠤ ᠵᠡᠷᠭᠡ | ᠦᠢᠯᠡᠳᠪᠦᠷᠢᠯᠡᠯ ᠤᠨ ᠠᠵᠢᠯᠯᠠᠭ᠎ᠠ ᠶᠢ ᠬᠡᠯᠡᠵᠦ ᠪᠠᠶᠢᠨ᠎ᠠ | ᠬᠤᠷᠢᠨ ᠳᠣᠯᠣᠳᠤᠭᠠᠷ ᠵᠦᠢᠯ ᠲᠡᠮᠦᠷᠯᠢᠭ ᠤᠨ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ | ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ | ᠠᠷᠭ᠎ᠠ ᠮᠠ⌶ᠢᠭ ᠢ ᠠᠪᠴᠤ ᠪᠠᠶᠢᠭᠠᠳ ᠲᠤᠰ ᠵᠢᠯ ᠤᠨ ᠪᠤᠳᠤᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ | ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ | ᠮᠡᠲᠦ᠄ | ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 3% ᠪᠠᠷ ᠭᠠᠷᠭᠠᠵᠤ ᠠᠪᠤᠨ᠎ᠠ︔ | ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.5% ᠪᠠᠷ ᠭᠠᠷᠭᠠᠵᠤ ᠠᠪᠤᠨ᠎ᠠ︔ | ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ | ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.5% ᠪᠠᠷ ᠭᠠᠷᠭᠠᠵᠤ ᠠᠪᠤᠨ᠎ᠠ︔ | ︵ᠲᠦᠷᠪᠡ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ | ᠲᠥᠭᠦᠷᠢᠭ ᠠᠴᠠ 50 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ︔ | ︵ᠲᠠᠪᠤ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 50 ᠳ᠋ᠦᠩᠰᠢᠭᠤᠷ | ᠲᠥᠭᠦᠷᠢᠭ ᠠᠴᠠ 100 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.1% ᠪᠠᠷ ᠭᠠᠷᠭᠠᠵᠤ ᠠᠪᠤᠨ᠎ᠠ︔ | | ︵ᠵᠢᠷᠭᠤᠭ᠎ᠠ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 100 ᠳ᠋ᠦᠩᠰᠢᠭᠤᠷ | ᠲᠥᠭᠦᠷᠢᠭ ᠠᠴᠠ ᠬᠡᠲᠦᠷᠡᠭᠰᠡᠨ ᠬᠡᠰᠡᠭ ᠢ 0.05% ᠪᠠᠷ ᠭᠠᠷᠭᠠᠵᠤ ᠠᠪᠤᠨ᠎ᠠ᠃ | ᠬᠤᠷᠢᠨ ᠨᠠᠢᠮᠠᠳᠤᠭᠠᠷ ᠵᠦᠢᠯ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠲᠥᠬᠦᠭᠡᠷᠦᠮᠵᠢ ᠶᠢ ᠪᠠᠭᠲᠠᠭᠠᠬᠤ ᠦᠭᠡᠢ︶᠂ | ᠡᠭᠦᠨ ᠳᠤ ᠦᠢᠯᠡᠳᠪᠦᠷᠢ ᠶᠢᠨ ᠲᠠᠰᠤᠭ᠂ ᠦᠷᠳᠡᠭᠡ᠂ ᠬᠥᠮᠥᠷᠭᠡ ᠵᠡᠷᠭᠡ ᠠᠵᠢᠯ ᠤᠨ ᠲᠠᠯᠠᠪᠤᠷ ᠭᠠᠵᠠᠷ ᠤᠨ ᠬᠢᠨᠠᠨ | ᠡᠵᠡᠮᠳᠡᠬᠦ᠂ ᠬᠢᠨᠠᠨ ᠬᠡᠮᠵᠢᠬᠦ᠂ ᠥᠨᠳᠥᠷ ᠬᠠᠯᠠᠭᠤᠨ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ | ᠂ ᠤᠨᠠᠵᠤ ᠤᠨᠠᠬᠤ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠶᠤᠩᠭ᠎ᠠ ᠠᠴᠠ | ᠰᠡᠷᠭᠡᠶᠢᠯᠡᠬᠦ᠂ ᠠᠮᠢᠰᠬᠤᠯ ᠪᠥᠭᠯᠡᠷᠡᠬᠦ ᠶᠢ ᠰᠡᠷᠭᠡᠶᠢᠯᠡᠬᠦ᠂ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ᠂ ᠱᠤᠤᠭᠢᠶᠠᠨ | ᠪᠠ ᠳᠣᠷᠭᠢᠯᠲᠠ ᠶᠢ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ | ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ | ᠤᠨ ᠪᠣᠯᠵᠣᠰᠢ ᠦᠭᠡᠢ ᠠᠶᠤᠯ ᠡᠷᠡᠰᠳᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ | ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ | ᠲᠡᠭᠡᠭᠡᠪᠦᠷᠢ ᠪᠠ ᠡᠩᠭᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ | ᠥᠷᠨᠢᠭᠦᠯᠦᠨ᠎ᠡ᠃ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶ ᠪᠣᠯᠤᠨ ᠯᠠᠪᠯᠠᠯᠭ᠎ᠠ ᠥᠭᠬᠦ ᠵᠢᠴᠢ ᠪᠠᠷᠢᠮᠵᠢᠶᠠᠵᠢᠭᠤᠯᠤᠭᠰᠠᠨ | ᠪᠥᠳᠥᠭᠡᠨ ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ | ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ | ᠱᠠᠩᠨᠠᠯ ᠤᠨ ᠵᠠᠷᠤᠯᠭ᠎ᠠ︔ | ︵ᠵᠢᠷᠭᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ | ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠨᠠᠢᠮᠠᠳᠤᠭᠠᠷ ᠬᠡᠰᠡᠭ ᠮᠧᠬᠠᠨᠢᠭ ᠦᠢᠯᠡᠳᠬᠦ ᠠᠵᠤ ᠠᠬᠤᠶᠢᠯᠠᠯ | ᠬᠤᠷᠢ ᠶᠢᠰᠦᠳᠦᠭᠡᠷ ᠵᠦᠢᠯ ᠮᠧᠬᠠᠨᠢᠭ ᠦᠢᠯᠡᠳᠬᠦ ᠭᠡᠳᠡᠭ ᠪᠣᠯ ᠡᠯ᠎ᠡ ᠵᠦᠢᠯ ᠤᠨ ᠬᠥᠳᠡᠯᠭᠡᠭᠴᠢ ᠬᠦᠴᠦᠨ ᠤ | ᠮᠧᠬᠠᠨᠢᠭ᠂ ᠠᠭᠤᠷᠬᠠᠶ ᠶᠢᠨ ᠮᠧᠬᠠᠨᠢᠭ᠂ ᠲᠡᠭᠡᠭᠡᠪᠦᠷᠢ ᠶᠢᠨ ᠮᠧᠬᠠᠨᠢᠭ᠂ ᠬᠥᠳᠡᠭᠡ ᠠᠵᠤ ᠠᠬᠤᠶ ᠶᠢᠨ ᠮᠧᠬᠠᠨᠢᠭ᠂ | ᠬᠡᠮᠵᠢᠭᠦᠷᠯᠢᠭ᠂ ᠬᠡᠮᠵᠢᠭᠦᠷᠯᠢᠭ᠂ ᠣᠨᠴᠠ ᠲᠤᠶᠢᠷᠦᠯ ᠤᠨ ᠲᠤᠨᠤᠬ ᠲᠥᠬᠦᠭᠡᠷᠦᠮᠵᠢ᠂ ᠲᠤᠮᠦ ᠳᠤᠮᠳᠠ ᠬᠡᠯᠪᠡᠷᠢ ᠶᠢᠨ | ᠣᠩᠭᠤᠴᠠ ᠰᠠᠯ᠂ ᠲᠡᠯᠡᠢ ᠶᠢᠨ ᠪᠠᠷᠢᠯᠭ᠎ᠠ ᠶᠢᠨ ᠲᠤᠨᠤᠬ ᠲᠥᠬᠦᠭᠡᠷᠦᠮᠵᠢ᠂ ᠴᠢᠯᠠᠭᠤᠨ ᠲᠤᠰᠦ ᠪᠣᠯᠪᠠᠰᠤᠷᠠᠭᠤᠯᠬᠤ | ᠲᠤᠨᠤᠬ ᠲᠥᠬᠦᠭᠡᠷᠦᠮᠵᠢ᠂ ᠪᠠᠷᠢᠯᠭ᠎ᠠ ᠶᠢᠨ ᠠᠵᠢᠯ ᠭᠦᠢᠴᠡᠳᠬᠡᠬᠦ ᠮᠧᠬᠠᠨᠢᠭ ᠵᠢᠴᠢ ᠪᠤᠰᠤᠳ ᠮᠧᠬᠠᠨᠢᠭ | ᠲᠥᠬᠦᠭᠡᠷᠦᠮᠵᠢ ᠶᠢ ᠦᠢᠯᠡᠳᠬᠦ ᠠᠵᠢᠯᠯᠠᠭ᠎ᠠ ᠶᠢ ᠬᠡᠯᠡᠵᠦ ᠪᠠᠶᠢᠨ᠎ᠠ᠃ | ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ ᠪᠠ ᠣᠷᠣᠯᠠᠬᠤ ᠨᠣᠮᠧᠷ︾ ︵ | GB/T4754︶ ᠶᠣᠰᠣᠭᠠᠷ᠂ ᠲᠤᠰ ᠠᠷᠭ᠎ᠠ ᠳᠤ ᠬᠡᠯᠡᠵᠦ ᠪᠠᠶᠢᠭ᠎ᠠ ᠮᠧᠬᠠᠨᠢᠭ ᠦᠢᠯᠡᠳᠬᠦ ᠠᠵᠤ ᠠᠬᠤᠶᠢᠯᠠᠯ ᠳᠤ | ᠨᠡᠶᠢᠳᠡᠮ ᠬᠡᠷᠡᠭᠯᠡᠬᠦ ᠲᠥᠬᠦᠭᠡᠷᠦᠮᠵᠢ ᠦᠢᠯᠡᠳᠬᠦ ᠦᠢᠯᠡᠰ ᠪᠠᠭᠲᠠᠨ᠎ᠠ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ | ᠦᠶᠯᠡᠳᠬᠦ ᠦᠶᠯᠡᠰ᠂ ᠮᠠᠰᠢᠨ ᠲᠡᠷᠭᠡ ᠦᠶᠯᠡᠳᠬᠦ ᠦᠶᠯᠡᠰ᠂ ᠲᠡᠮᠦᠷ ᠵᠠᠮ᠂ ᠣᠩᠭᠤᠴᠠ ᠰᠠᠯ᠂ ᠠᠭᠠᠷ ᠤᠨ ᠠᠶᠠᠯᠠᠯ | ᠰᠠᠨᠰᠠᠷ ᠤᠨ ᠠᠶᠠᠯᠠᠯ ᠪᠠ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠦᠶᠯᠡᠳᠬᠦ ᠦᠶᠯᠡᠰ ︵ᠠᠷᠪᠠᠨ ᠨᠢᠭᠡᠳᠦᠭᠡᠷ | ᠬᠡᠰᠡᠭ ᠤᠨ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠲᠥᠬᠦᠭᠡᠷᠦᠮᠵᠢ ᠦᠶᠯᠡᠳᠬᠦ ᠪᠠᠭᠲᠠᠬᠤ ᠥᠬᠡᠶ︶᠂ | ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠶᠯᠡᠳᠬᠦ ᠦᠶᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ | ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠶᠯᠡᠰ᠂ ᠬᠡᠮᠵᠢᠭᠦᠷᠯᠢᠭ ᠬᠡᠮᠵᠢᠭᠦᠷᠯᠢᠭ ᠦᠶᠯᠡᠳᠬᠦ ᠦᠶᠯᠡᠰ᠂ | ᠲᠡᠮᠦᠷᠯᠢᠭ ᠦᠶᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠶᠯᠡᠰ ᠵᠡᠷᠭᠡ 8 ᠲᠥᠷᠥᠯ ᠤᠨ ᠠᠵᠤ | ᠠᠬᠤᠶᠢᠯᠠᠯ᠃ | ᠭᠤᠴᠢᠳᠤᠭᠠᠷ ᠵᠦᠢᠯ ᠮᠧᠬᠠᠨᠢᠭ ᠦᠢᠯᠡᠳᠬᠦ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ | ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠯᠭᠠᠬᠤ ᠠᠷᠭ᠎ᠠ ᠮᠠᠶ᠋ᠢᠭ ᠢ | ᠠᠪᠴᠤ ᠪᠠᠶᠢᠭᠠᠳ ᠲᠤᠰ ᠵᠢᠯ ᠤᠨ ᠪᠤᠳᠤᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ | ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄ | ︵ᠨᠢᠭᠡ︶ ᠲᠦᠷᠦᠭᠦᠤ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ | ᠲᠥᠭᠦᠷᠢᠭ ᠠᠴᠠ ᠬᠡᠲᠦᠷᠡᠭᠰᠡᠨ ᠥᠬᠡᠶ ᠪᠠᠶᠢᠪᠠᠯ᠂ 2.35% ᠪᠠᠷ ᠭᠠᠷᠭᠠᠨ ᠠᠪᠤᠨ᠎ᠠ︔ | ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.25% ᠪᠠᠷ ᠭᠠᠷᠭᠠᠵᠤ ᠠᠪᠤᠨ᠎ᠠ︔ | ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ | ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.25% ᠪᠠᠷ ᠭᠠᠷᠭᠠᠵᠤ ᠠᠪᠤᠨ᠎ᠠ︔ | | ︵ᠲᠦᠷᠪᠡ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ | ᠲᠥᠭᠦᠷᠢᠭ ᠠᠴᠠ 50 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.1% ᠪᠠᠷ ᠭᠠᠷᠭᠠᠵᠤ ᠠᠪᠤᠨ᠎ᠠ︔ | ︵ᠲᠠᠪᠤ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 50 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.05% ᠪᠠᠷ ᠭᠠᠷᠭᠠᠵᠤ ᠠᠪᠤᠨ᠎ᠠ᠃ | ᠭᠤᠴᠢᠨ ᠨᠢᠭᠡᠳᠦᠭᠡᠷ ᠵᠦᠢᠯ ᠮᠧᠬᠠᠨᠢᠭ ᠦᠢᠯᠡᠳᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠲᠥᠬᠦᠭᠡᠷᠦᠮᠵᠢ ᠶᠢ ᠪᠠᠭᠲᠠᠭᠠᠬᠤ ᠦᠭᠡᠢ︶᠂ | ᠡᠭᠦᠨ ᠳᠤ ᠦᠢᠯᠡᠳᠪᠦᠷᠢᠯᠡᠯ ᠤᠨ ᠠᠵᠢᠯ ᠤᠨ ᠲᠠᠯᠠᠪᠤᠷ ᠭᠠᠵᠠᠷ ᠤᠨ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ | ᠤᠨᠠᠵᠤ ᠤᠨᠠᠬᠤ ᠶᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠢᠯᠵᠢᠷᠡᠬᠦ ᠶᠢ | ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠱᠤᠤᠭᠢᠶᠠᠨ ᠪᠠ ᠳᠣᠷᠭᠢᠯᠲᠠ ᠶᠢ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ | ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ᠂ ᠲᠤᠮᠤ ᠬᠡᠯᠪᠡᠷᠢ ᠶᠢᠨ | ᠡᠷᠭᠦᠭᠦᠯ ᠮᠧᠬᠠᠨᠢᠭ ᠤᠨ ᠤᠭᠰᠠᠷᠠᠯᠲᠠ ᠶᠢᠨ ᠠᠶᠤᠯᠭᠦᠶ ᠶᠢᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠰᠢᠰᠲ᠋ᠧᠮ ᠤᠨ | ᠵᠠᠷᠤᠯᠭ᠎ᠠ︔ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ | ᠤᠨ ᠪᠣᠯᠵᠣᠰᠢ ᠦᠭᠡᠢ ᠠᠶᠤᠯ ᠡᠷᠡᠰᠳᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ | ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ | ᠲᠡᠭᠡᠭᠡᠪᠦᠷᠢ ᠪᠠ ᠡᠩᠭᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ | ᠥᠷᠨᠢᠭᠦᠯᠦᠨ᠎ᠡ᠃ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ | ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ | ᠱᠠᠩᠨᠠᠯ ᠤᠨ ᠵᠠᠷᠤᠯᠭ᠎ᠠ︔ | ︵ᠵᠢᠷᠭᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ | ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠲᠤᠯᠤᠭ᠎ᠠ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ | ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠶᠢᠰᠦᠳᠦᠭᠡᠷ ᠬᠡᠰᠡᠭ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ | ᠭᠤᠴᠢᠨ ᠬᠤᠶᠠᠳᠤᠭᠠᠷ ᠵᠦᠢᠯ ᠬᠤᠸᠠᠷ ᠫᠤᠤᠵᠢᠩ ᠭᠡᠳᠡᠭ ᠨᠢ ᠬᠤᠸᠠᠷ ᠫᠤᠤᠵᠢᠩ ᠤᠨ ᠪᠦᠲᠦᠭᠡᠭᠳᠡᠬᠦᠨ ᠪᠠ | ᠬᠤᠸᠠᠷ ᠫᠤᠤᠵᠢᠩ ᠦᠢᠯᠡᠳᠪᠦᠷᠢᠯᠡᠬᠦ ᠳᠤ ᠬᠡᠷᠡᠭᠯᠡᠬᠦ ᠠᠷᠠᠳ ᠤᠨ ᠬᠡᠷᠡᠭᠯᠡᠭᠡᠨ ᠤ ᠬᠠᠷ᠎ᠠ ᠳᠠᠷᠢ᠂ ᠤᠲᠤᠭᠠᠲᠤ ᠳᠠᠷᠢ᠂ | ᠭᠠᠯ ᠰᠢᠵᠢᠮ ᠵᠡᠷᠭᠡ ᠡᠳ᠋ ᠪᠣᠳᠠᠰ ᠢ ᠵᠢᠭᠠᠵᠤ ᠪᠠᠶᠢᠨ᠎ᠠ᠃ ᠭᠤᠴᠢᠨ ᠬᠤᠶᠠᠳᠤᠭᠠᠷ ᠵᠦᠢᠯ ᠬᠤᠸᠠᠷ ᠫᠤᠤᠵᠢᠩ ᠭᠡᠳᠡᠭ | ᠨᠢ ᠬᠤᠸᠠᠷ ᠫᠤᠤᠵᠢᠩ ᠤᠨ ᠦᠢᠯᠡᠳᠬᠦᠨ ᠪᠠ ᠬᠤᠸᠠᠷ ᠫᠤᠤᠵᠢᠩ ᠦᠢᠯᠡᠳᠪᠦᠷᠢᠯᠡᠬᠦ ᠳᠤ ᠬᠡᠷᠡᠭᠯᠡᠬᠦ ᠠᠷᠠᠳ ᠤᠨ | ᠬᠡᠷᠡᠭᠯᠡᠭᠡᠨ ᠤ ᠬᠠᠷ᠎ᠠ ᠳᠠᠷᠢ᠂ ᠤᠲᠤᠭᠠᠲᠤ ᠳᠠᠷᠢ᠂ ᠭᠠᠯ ᠰᠢᠵᠢᠮ ᠵᠡᠷᠭᠡ ᠡᠳ᠋ ᠪᠣᠳᠠᠰ ᠢ ᠵᠢᠭᠠᠵᠤ ᠪᠠᠶᠢᠨ᠎ᠠ᠃ | ᠭᠤᠴᠢᠨ ᠭᠤᠷᠪᠠᠳᠤᠭᠠᠷ ᠵᠦᠢᠯ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠭᠡᠷ᠎ᠡ ᠨᠢᠭᠡ | ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ | ᠪᠤᠴᠠᠭᠠᠬᠤ ᠠᠷᠭ᠎ᠠ ᠮᠠ⌶ᠢᠭ ᠢ ᠠᠪᠴᠤ ᠪᠠᠶᠢᠭᠠᠳ ᠲᠤᠰ ᠵᠢᠯ ᠤᠨ ᠪᠤᠳᠤᠵᠤ ᠠᠪᠬᠤ ᠶᠣᠰᠣᠲᠠᠶ ᠵᠣᠭᠤᠰ ᠤᠨ | ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ ᠪᠣᠳᠠᠲᠠᠶ ᠪᠠᠷ ᠬᠡᠯᠡᠪᠡᠯ | ᠳᠠᠷᠠᠭᠠᠬᠢ ᠮᠡᠲᠦ᠄ | ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 4% ᠪᠠᠷ ᠭᠠᠷᠭᠠᠵᠤ ᠠᠪᠤᠨ᠎ᠠ︔ | ︵ᠬᠤᠶᠠᠷ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1000 ᠲᠦᠮᠡᠨ | ᠲᠥᠭᠦᠷᠢᠭ ᠠᠴᠠ 2000 ᠲᠦᠮᠡᠨ ᠲᠥᠭᠦᠷᠢᠭ ᠬᠦᠷᠬᠦ ᠦᠭᠡᠢ ᠬᠡᠰᠡᠭ ᠢ 3% ᠪᠠᠷ ᠭᠠᠷᠭᠠᠵᠤ ᠠᠪᠤᠨ᠎ᠠ︔ | ︵ᠭᠤᠷᠪᠠ︶ ᠲᠦᠷᠦᠭᠦᠤ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2000 ᠲᠦᠮᠡᠨ | ᠲᠥᠭᠦᠷᠢᠭ ᠠᠴᠠ ᠬᠡᠲᠦᠷᠡᠭᠰᠡᠨ ᠬᠡᠰᠡᠭ ᠢ 2.5% ᠪᠠᠷ ᠭᠠᠷᠭᠠᠨ ᠠᠪᠤᠨ᠎ᠠ᠃ | ᠭᠤᠴᠢᠨ ᠳᠥᠷᠪᠡᠳᠦᠭᠡᠷ ᠵᠦᠢᠯ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯ ᠦᠭᠡᠢ | ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄ | ︵ᠨᠢᠭᠡ︶ ᠠᠶᠤᠯᠭᠦᠶ ᠶᠢᠨ ᠲᠥᠬᠦᠭᠡᠷᠦᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ ᠪᠠ | ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ | ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠲᠥᠬᠦᠭᠡᠷᠦᠮᠵᠢ ᠶᠢ ᠪᠠᠭᠲᠠᠭᠠᠬᠤ ᠦᠭᠡᠢ︶᠂ ᠡᠭᠦᠨ ᠳᠤ | ᠠᠵᠢᠯᠯᠠᠬᠤ ᠲᠠᠯᠠᠪᠤᠷ ᠤᠨ ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ ︵ᠰᠡᠷᠭᠡᠶᠢᠯᠡᠨ ᠬᠠᠮᠠᠭᠠᠯᠠᠬᠤ | ᠬᠠᠯᠬᠠᠪᠴᠢ ᠶᠢ ᠪᠠᠭᠲᠠᠭᠠᠨ᠎ᠠ︶᠂ ᠠᠶᠤᠩᠭ᠎ᠠ ᠠᠴᠠ ᠰᠡᠷᠭᠡᠶᠢᠯᠡᠬᠦ᠂ ᠲᠠᠶᠢᠪᠤᠩ ᠴᠠᠬᠢᠯᠭᠠᠨ ᠠᠴᠠ ᠰᠡᠷᠭᠡᠶᠢᠯᠡᠬᠦ᠂ | ᠬᠠᠮᠠᠭᠠᠯᠠᠯᠲᠠ ᠶᠢᠨ ᠬᠦᠷᠢᠶ᠎ᠡ ᠬᠡᠷᠡᠮ ︵ᠲᠣᠣᠷ︶ ᠪᠣᠯᠤᠨ ᠬᠡᠷᠡᠰᠬᠡ᠂ ᠥᠨᠳᠥᠷ ᠬᠠᠯᠠᠭᠤᠨ ᠠᠴᠠ ᠰᠡᠷᠭᠡᠶᠢᠯᠡᠬᠦ᠂ | ᠴᠢᠭᠢᠭᠲᠦᠬᠦ ᠠᠴᠠ ᠰᠡᠷᠭᠡᠶᠢᠯᠡᠬᠦ᠂ ᠠᠭᠤᠯᠠ ᠶᠡᠭᠦᠷᠡᠬᠦ ᠠᠴᠠ ᠰᠡᠷᠭᠡᠶᠢᠯᠡᠬᠦ᠂ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ᠂ | ᠬᠢᠨᠠᠨ ᠡᠵᠡᠮᠳᠡᠬᠦ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠳᠡᠯᠪᠡᠷᠡᠯᠲᠡ ᠶᠢ ᠰᠡᠷᠭᠡᠶᠢᠯᠡᠬᠦ ᠮᠧᠬᠠᠨᠢᠭ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ | ᠲᠣᠬᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ︔ | ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠰᠣᠷᠢᠯᠲᠠ ᠶᠢᠨ ᠵᠠᠷᠤᠯᠭ᠎ᠠ︔ | ︵ᠳᠥᠷᠪᠡ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ ᠶᠢ ᠥᠷᠨᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ | ᠡᠵᠡᠮᠳᠡᠬᠦ ᠪᠠ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ ᠠᠶᠤᠯ | ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ᠂ ᠲᠡᠭᠡᠭᠡᠪᠦᠷᠢ ᠪᠠ ᠡᠩᠬᠡ | ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ ᠥᠷᠨᠢᠭᠦᠯᠦᠨ᠎ᠡ︔ | ︵ᠲᠠᠪᠤ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ | ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠨᠠᠢᠮᠠ︶ ᠠᠶᠤᠯ ᠦᠭᠡᠢ ᠦᠢᠯᠡᠳᠪᠦᠷᠢᠯᠡᠯ ᠤᠨ ᠬᠡᠷᠡᠭᠯᠡᠭᠡᠨ ᠤ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ | ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠶᠢᠰᠦ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠᠨ ᠨᠢᠭᠡ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠠᠷᠪᠠᠳᠤᠭᠠᠷ ᠬᠡᠰᠡᠭ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ | ᠠᠬᠤᠶᠢᠯᠠᠯ | ᠭᠤᠴᠢᠨ ᠲᠠᠪᠤᠳᠤᠭᠠᠷ ᠵᠦᠢᠯ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠭᠡᠳᠡᠭ ᠪᠣᠯ ︽ᠠᠷᠠᠳ ᠤᠨ | ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠨᠡᠷ᠎ᠡ ᠶᠢᠨ ᠬᠦᠰᠦᠨᠦᠭᠲᠦ︾ ᠳᠤ ᠵᠢᠭᠰᠠᠭᠠᠭᠰᠠᠨ ᠡᠳ᠋ ᠪᠣᠳᠠᠰ ᠢ ᠵᠢᠭᠠᠵᠤ | ᠪᠠᠶᠢᠨ᠎ᠠ᠃ | ᠭᠤᠴᠢᠨ ᠵᠢᠷᠭᠤᠳᠤᠭᠠᠷ ᠵᠦᠢᠯ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ | ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠤᠭ᠎ᠠ | ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠲᠤᠰ ᠵᠢᠯ ᠤᠨ ᠪᠤᠳᠤᠵᠤ | ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ | ᠠᠪᠤᠨ᠎ᠠ᠃ ᠪᠣᠳᠠᠲᠠᠶ ᠪᠠᠷ ᠬᠡᠯᠡᠪᠡᠯ ᠳᠠᠷᠠᠭᠠᠬᠢ ᠮᠡᠲᠦ᠄ | ︵ᠨᠢᠭᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 4% ᠪᠠᠷ ᠭᠠᠷᠭᠠᠵᠤ ᠠᠪᠤᠨ᠎ᠠ︔ | ︵ᠬᠤᠶᠠᠷ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ | ᠲᠥᠭᠦᠷᠢᠭ ᠠᠴᠠ ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2% ᠢᠶᠠᠷ ᠭᠠᠷᠭᠠᠵᠤ | ᠠᠪᠤᠨ᠎ᠠ︔ | ︵ᠭᠤᠷᠪᠠ︶ ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ | ᠲᠥᠭᠦᠷᠢᠭ ᠠᠴᠠ 10 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 0.5% ᠪᠠᠷ ᠭᠠᠷᠭᠠᠵᠤ ᠠᠪᠤᠨ᠎ᠠ︔ | ︵ᠲᠦᠷᠪᠡ︶ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ | ᠲᠥᠭᠦᠷᠢᠭ ᠠᠴᠠ ᠬᠡᠲᠦᠷᠡᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ᠃ | ᠭᠤᠴᠢᠨ ᠳᠣᠯᠣᠳᠤᠭᠠᠷ ᠵᠦᠢᠯ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠶ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ︵︽ᠭᠤᠷᠪᠠ ᠶᠢ | ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ | ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ ᠦᠢᠯᠡᠳᠪᠦᠷᠢ ᠶᠢᠨ ᠲᠠᠰᠤᠭ᠂ ᠬᠥᠮᠥᠷᠭᠡ᠂ ᠰᠠᠪᠠᠯᠠᠬᠤ ᠣᠷᠣᠨ | ᠵᠡᠷᠭᠡ ᠠᠵᠢᠯᠯᠠᠬᠤ ᠲᠠᠯᠠᠪᠤᠷ ᠭᠠᠵᠠᠷ ᠤᠨ ᠬᠢᠨᠠᠨ ᠡᠵᠡᠮᠳᠡᠬᠦ᠂ ᠬᠢᠨᠠᠨ ᠬᠡᠮᠵᠢᠬᠦ᠂ ᠰᠠᠯᠬᠢ ᠨᠡᠪᠲᠡᠷᠡᠭᠦᠯᠬᠦ᠂ ᠨᠡᠷᠡᠨ ᠳᠤ | ᠰᠢᠷᠠᠭᠳᠠᠬᠤ ᠠᠴᠠ ᠰᠡᠷᠭᠡᠶᠢᠯᠡᠬᠦ᠂ ᠳᠤᠯᠠᠭᠠᠨ ᠲᠣᠬᠢᠷᠠᠭᠤᠯᠬᠤ᠂ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ | ᠳᠡᠯᠪᠡᠷᠡᠬᠦ ᠠᠴᠠ ᠰᠡᠷᠭᠡᠶᠢᠯᠡᠬᠦ᠂ ᠳᠠᠷᠤᠯᠲᠠ ᠶᠢ ᠪᠠᠭᠠᠰᠬᠠᠬᠤ᠂ ᠬᠤᠣᠷ ᠢ ᠰᠡᠷᠭᠡᠶᠢᠯᠡᠬᠦ᠂ ᠠᠷᠢᠭᠤᠳᠬᠠᠬᠤ᠂ | ᠰᠠᠭᠠᠷᠮᠠᠭᠵᠢᠭᠤᠯᠬᠤ᠂ ᠴᠢᠭᠢᠭᠲᠦᠬᠦ ᠠᠴᠠ ᠰᠡᠷᠭᠡᠶᠢᠯᠡᠬᠦ᠂ ᠠᠶᠤᠩᠭ᠎ᠠ ᠠᠴᠠ ᠰᠡᠷᠭᠡᠶᠢᠯᠡᠬᠦ᠂ ᠲᠠᠶᠢᠪᠤᠩ ᠴᠠᠬᠢᠯᠭᠠᠨ ᠠᠴᠠ | ᠰᠡᠷᠭᠡᠶᠢᠯᠡᠬᠦ᠂ ᠢᠯᠵᠢᠷᠡᠬᠦ ᠠᠴᠠ ᠰᠡᠷᠭᠡᠶᠢᠯᠡᠬᠦ᠂ ᠨᠡᠪᠴᠢᠵᠦ ᠭᠤᠭᠤᠵᠢᠬᠤ ᠠᠴᠠ ᠰᠡᠷᠭᠡᠶᠢᠯᠡᠬᠦ᠂ ᠰᠡᠷᠭᠡᠶᠢᠯᠡᠨ | ᠬᠠᠮᠠᠭᠠᠯᠠᠬᠤ ᠬᠠᠯᠬᠠᠪᠴᠢ᠂ ᠲᠤᠰᠠᠭᠠᠷᠯᠠᠨ ᠠᠵᠢᠯᠯᠠᠬᠤ ᠵᠡᠷᠭᠡ ᠪᠡᠯᠡᠳᠬᠡᠮᠵᠢ ᠪᠡᠯᠡᠳᠬᠡᠮᠵᠢ ᠶᠢᠨ ᠵᠠᠷᠤᠯᠭ᠎ᠠ ᠶᠢ | ᠪᠠᠭᠲᠠᠭᠠᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠣᠨᠤᠭ | ᠲᠥᠬᠦᠭᠡᠷᠦᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠶᠢᠨ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ | ᠤᠨ ᠪᠣᠯᠵᠣᠰᠢ ᠦᠭᠡᠢ ᠠᠶᠤᠯ ᠡᠷᠡᠰᠳᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ | ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ | ᠲᠡᠭᠡᠭᠡᠪᠦᠷᠢ ᠪᠠ ᠡᠩᠭᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ | ᠥᠷᠨᠢᠭᠦᠯᠦᠨ᠎ᠡ᠃ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ ᠬᠠᠮᠠᠭᠠᠯᠠᠯᠲᠠ ᠶᠢᠨ | ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠠᠶᠤᠯ ᠦᠭᠡᠢ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ | ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠠᠷᠪᠠᠨ ᠨᠢᠭᠡᠳᠦᠭᠡᠷ ᠬᠡᠰᠡᠭ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ | ᠲᠤᠷᠰᠢᠯᠲᠠ ᠭᠦᠢᠴᠡᠳᠬᠡᠬᠦ ᠠᠵᠤ ᠠᠬᠤᠶᠢᠯᠠᠯ | ᠭᠤᠴᠢᠨ ᠨᠠᠢᠮᠠᠳᠤᠭᠠᠷ ᠵᠦᠢᠯ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ | ᠲᠤᠷᠰᠢᠯᠲᠠ ᠭᠦᠢᠴᠡᠳᠬᠡᠬᠦ ᠳᠤ ᠵᠡᠪᠰᠡᠭ ᠲᠣᠨᠣᠭᠯᠠᠯ ᠪᠠ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ | ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠲᠤᠷᠰᠢᠯᠲᠠ᠂ ᠬᠠᠳᠠᠭᠠᠯᠠᠵᠤ ᠵᠥᠭᠡᠭᠡᠪᠦᠷᠢᠯᠡᠬᠦ᠂ | ᠤᠰᠠᠳᠬᠠᠬᠤ᠂ ᠰᠡᠯᠪᠢᠨ ᠵᠠᠰᠠᠬᠤ ᠪᠠᠲᠤᠯᠠᠭ᠎ᠠ ᠵᠡᠷᠭᠡ ᠪᠠᠭᠲᠠᠨ᠎ᠠ᠃ | ᠭᠤᠴᠢ ᠶᠢᠰᠦᠳᠦᠭᠡᠷ ᠵᠦᠢᠯ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ | ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠴᠡᠷᠢᠭ ᠤᠨ ᠬᠡᠷᠡᠭᠰᠡᠯ ᠤᠨ | ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠬᠤ | ᠠᠷᠭ᠎ᠠ ᠮᠠᠶ᠋ᠢᠭ ᠢᠶᠠᠷ ᠲᠤᠰ ᠵᠢᠯ ᠤᠨ ᠪᠤᠳᠤᠵᠤ ᠠᠪᠬᠤ ᠶᠣᠰᠣᠲᠠᠢ ᠵᠣᠭᠤᠰ ᠤᠨ ᠲᠤᠭ᠎ᠠ ᠶᠢ ᠲᠣᠭᠲᠠᠭᠠᠬᠤ ᠶᠢᠨ | ᠬᠠᠮᠲᠤ ᠰᠠᠷ᠎ᠠ ᠳᠠᠷᠠᠭᠠᠯᠠᠨ ᠲᠡᠭᠰᠢᠳᠬᠡᠨ ᠭᠠᠷᠭᠠᠵᠤ ᠠᠪᠤᠨ᠎ᠠ᠃ | ︵ᠨᠢᠭᠡ︶ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ ᠢ ᠰᠤᠳᠤᠯᠤᠨ ᠦᠢᠯᠡᠳᠬᠦ᠂ | ᠦᠢᠯᠡᠳᠪᠦᠷᠢᠯᠡᠬᠦ ᠪᠠ ᠲᠤᠷᠰᠢᠬᠤ ᠠᠵᠤ ᠠᠬᠤᠶᠢᠯᠠᠯ᠂ ᠡᠭᠦᠨ ᠳᠤ ᠳᠠᠷᠢ᠂ ᠲᠦᠯᠬᠢᠭᠴᠢ ᠡᠳ᠋᠂ ᠰᠤᠮᠤ ᠳᠠᠷᠢ ︵ | ᠪᠠᠶᠢᠯᠳᠤᠭᠠᠨ ᠤ ᠬᠡᠯᠲᠡᠰ᠂ ᠪᠢᠯᠳᠠ᠂ ᠭᠠᠯᠲᠤ ᠵᠡᠪᠰᠡᠭ ᠤᠨ ᠪᠦᠲᠦᠭᠡᠭᠳᠡᠬᠦᠨ ᠪᠠᠭᠲᠠᠨ᠎ᠠ︶᠂ ᠲᠡᠶᠢᠷᠦᠯᠲᠦ ᠰᠤᠮᠤ | ᠵᠠᠯᠠᠭᠤᠷᠲᠤ ᠰᠤᠮᠤ ᠶᠢᠨ ᠬᠥᠳᠡᠯᠭᠡᠭᠦᠷ᠂ ᠰᠢᠲᠠᠮᠠᠬᠠᠶ ᠬᠡᠢ ᠡᠭᠦᠰᠬᠡᠭᠦᠷ ᠵᠡᠷᠭᠡ ᠶᠢ ᠪᠠᠭᠲᠠᠭᠠᠭᠰᠠᠨ ᠴᠡᠷᠢᠭ ᠤᠨ ᠠᠵᠤ | ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠬᠤ ᠠᠵᠤ | ᠠᠬᠤᠶᠢᠯᠠᠯ ᠤᠨ ᠭᠠᠷᠭᠠᠨ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 5% ᠪᠠᠷ ᠭᠠᠷᠭᠠᠨ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 3% ᠪᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 1% ᠪᠠᠷ ᠭᠠᠷᠭᠠᠵᠤ ᠠᠪᠤᠨ᠎ᠠ︔ | 4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.5% ᠪᠠᠷ ᠭᠠᠷᠭᠠᠵᠤ ᠠᠪᠤᠨ᠎ᠠ᠃ | ︵ᠬᠤᠶᠠᠷ︶ ᠴᠥᠮ᠎ᠡ ᠶᠢᠨ ᠲᠣᠨᠤᠭ ᠲᠥᠬᠦᠭᠡᠷᠦᠮᠵᠢ ᠵᠢᠴᠢ ᠴᠥᠮ᠎ᠡ ᠶᠢᠨ ᠲᠦᠯᠡᠰᠢ ᠶᠢ ᠰᠤᠳᠤᠯᠤᠨ | ᠦᠶᠯᠡᠳᠬᠦ᠂ ᠦᠶᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠨ ᠠᠪᠬᠤ ᠪᠠᠷᠢᠮᠵᠢᠶ᠎ᠠ | ᠨᠢ ᠳᠣᠤᠷᠠᠬᠢ ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 3% ᠪᠠᠷ ᠭᠠᠷᠭᠠᠵᠤ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2% ᠢᠶᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.5% ᠪᠠᠷ ᠭᠠᠷᠭᠠᠵᠤ ᠠᠪᠤᠨ᠎ᠠ︔ | 4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ᠃ | ︵ᠭᠤᠷᠪᠠ︶ ᠴᠡᠷᠢᠭ ᠤᠨ ᠬᠡᠷᠡᠭᠯᠡᠭᠡᠨ ᠤ ᠬᠥᠯᠭᠡ ᠣᠩᠭᠤᠴᠠ ︵ᠰᠡᠯᠪᠢᠨ ᠵᠠᠰᠠᠬᠤ ᠪᠠᠭᠲᠠᠨ᠎ᠠ︶ ᠶᠢ | ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠵᠤ ᠠᠪᠬᠤ | ᠪᠠᠷᠢᠮᠵᠢᠶ᠎ᠠ ᠨᠢ ᠳᠠᠷᠠᠭᠠᠬᠢ ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 2.5% ᠪᠠᠷ ᠭᠠᠷᠭᠠᠵᠤ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.75% ᠪᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.8% ᠪᠠᠷ ᠭᠠᠷᠭᠠᠵᠤ ᠠᠪᠤᠨ᠎ᠠ︔ | 4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.4% ᠪᠠᠷ ᠭᠠᠷᠭᠠᠵᠤ ᠠᠪᠤᠨ᠎ᠠ᠃ | ︵ᠲᠦᠷᠪᠡ︶ ᠨᠢᠰᠬᠦ ᠣᠩᠭᠤᠴᠠ᠂ ᠳᠠᠭᠠᠭᠤᠯᠢ ᠤᠳᠤ᠂ ᠴᠡᠷᠢᠭ ᠤᠨ ᠬᠡᠷᠡᠭᠯᠡᠭᠡᠨ ᠤ ᠨᠢᠰᠬᠡᠯ᠂ ᠲᠠᠩᠺ ᠤᠨ | ᠲᠡᠷᠭᠡ᠂ ᠭᠠᠯᠲᠤ ᠫᠤᠤ᠂ ᠬᠦᠡᠭᠭᠡᠨ ᠵᠡᠪᠰᠡᠭ᠂ ᠲᠤᠮᠤ ᠬᠡᠯᠪᠡᠷᠢ ᠶᠢᠨ ᠠᠨᠲ᠋ᠢᠨ᠎ᠠ ᠵᠡᠷᠭᠡ ᠦᠢᠯᠡᠳᠬᠦᠨ ᠤ ᠶᠡᠷᠦᠩᠬᠡᠶ | ᠴᠣᠭᠴᠠ᠂ ᠬᠡᠰᠡᠭ ᠪᠠ ᠲᠤᠨᠤᠭ ᠰᠡᠯᠪᠢᠭᠡᠰᠦ ᠶᠢ ᠰᠤᠳᠤᠯᠤᠨ ᠦᠢᠯᠡᠳᠬᠦ᠂ ᠦᠢᠯᠡᠳᠪᠦᠷᠢᠯᠡᠬᠦ ᠪᠠ ᠲᠤᠷᠰᠢᠯᠲᠠ | ᠭᠦᠢᠴᠡᠳᠬᠡᠬᠦ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 2% ᠢᠶᠠᠷ ᠭᠠᠷᠭᠠᠵᠤ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.5% ᠪᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.5% ᠪᠠᠷ ᠭᠠᠷᠭᠠᠵᠤ ᠠᠪᠤᠨ᠎ᠠ︔ | 4. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 10 ᠳ᠋ᠦᠩᠰᠢᠭᠤᠷ ᠲᠥᠭᠦᠷᠢᠭ ᠠᠴᠠ | 100 ᠳ᠋ᠦᠩᠰᠢᠭᠤᠷ ᠲᠥᠭᠦᠷᠢᠭ ᠲᠤ ᠬᠦᠷᠬᠦ ᠬᠡᠰᠡᠭ ᠢ 0.2% ᠢᠶᠠᠷ ᠭᠠᠷᠭᠠᠵᠤ ᠠᠪᠤᠨ᠎ᠠ︔ | 5. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 100 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.1% ᠪᠠᠷ ᠭᠠᠷᠭᠠᠵᠤ ᠠᠪᠤᠨ᠎ᠠ᠃ | ︵ᠲᠠᠪᠤ︶ ᠴᠡᠷᠢᠭ ᠤᠨ ᠬᠡᠷᠡᠭᠯᠡᠭᠡᠨ ᠤ ᠪᠤᠰᠤᠳ ᠠᠶᠤᠯᠲᠠᠶ ᠪᠣᠳᠠᠰ ᠢ ᠰᠤᠳᠤᠯᠤᠨ ᠦᠢᠯᠡᠳᠬᠦ᠂ | ᠦᠢᠯᠡᠳᠪᠦᠷᠢᠯᠡᠬᠦ ᠪᠠ ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ ᠳᠠᠷᠠᠭᠠᠬᠢ | ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 4% ᠪᠠᠷ ᠭᠠᠷᠭᠠᠵᠤ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 2% ᠢᠶᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.5% ᠪᠠᠷ ᠭᠠᠷᠭᠠᠵᠤ ᠠᠪᠤᠨ᠎ᠠ︔ | 4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ᠃ | ᠳᠥᠴᠢᠳᠦᠭᠡᠷ ᠵᠦᠢᠯ ᠴᠥᠮ᠎ᠡ ᠶᠢᠨ ᠪᠠᠷᠢᠯᠭ᠎ᠠ ᠳᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ 3% ᠪᠠᠷ | ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠨ᠎ᠠ᠃ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠳᠠᠭᠠᠭᠠᠴᠢᠯᠠᠯᠲᠠ ᠥᠷᠢᠰᠥᠯᠳᠦᠬᠦ ᠦᠶ᠎ᠡ ᠳᠤ ᠳᠠᠭᠠᠭᠠᠴᠢᠯᠠᠯᠲᠠ ᠶᠢᠨ | ᠭᠠᠳᠠᠨᠠᠬᠢ ᠬᠠᠮᠢᠶᠠᠷᠤᠯᠲᠠ ᠳᠤ ᠣᠷᠣᠭᠤᠯᠤᠨ᠎ᠠ᠃ | ᠳᠥᠴᠢᠨ ᠨᠢᠭᠡᠳᠦᠭᠡᠷ ᠵᠦᠢᠯ ᠵᠡᠪᠰᠡᠭ ᠲᠣᠨᠣᠭᠯᠠᠯ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠪᠠ | ᠲᠤᠷᠰᠢᠯᠲᠠ ᠭᠦᠢᠴᠡᠳᠬᠡᠬᠦ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ | ᠵᠠᠷᠤᠯᠭ᠎ᠠ ᠳᠤ ᠬᠡᠷᠡᠭᠯᠡᠬᠦ ᠬᠡᠷᠡᠭᠲᠡᠢ᠄ | ︵ᠨᠢᠭᠡ︶ ᠠᠶᠤᠯᠭᠦᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠶᠤᠯᠭᠦᠶ ᠶᠢᠨ ᠪᠡᠯᠡᠳᠬᠡᠮᠵᠢ ᠶᠢ ᠪᠠᠭᠲᠠᠭᠠᠬᠤ ᠥᠭᠡᠢ︶᠂ ᠡᠭᠦᠨ ᠳᠤ | ᠰᠤᠳᠤᠯᠬᠤ ᠲᠠᠰᠤᠭ᠂ ᠦᠢᠯᠡᠳᠪᠦᠷᠢ ᠶᠢᠨ ᠲᠠᠰᠤᠭ᠂ ᠬᠥᠮᠥᠷᠭᠡ᠂ ᠰᠠᠪᠠ ᠬᠠᠳᠠᠭᠠᠯᠠᠬᠤ ᠣᠷᠣᠨ᠂ ᠭᠠᠳᠠᠷ | ᠲᠠᠯᠠᠪᠤᠷ ᠤᠨ ᠲᠤᠷᠰᠢᠯᠲᠠ ᠶᠢᠨ ᠣᠷᠣᠨ ᠵᠡᠷᠭᠡ ᠠᠵᠢᠯᠯᠠᠬᠤ ᠲᠠᠯᠠᠪᠤᠷ ᠤᠨ ᠬᠢᠨᠠᠨ ᠡᠵᠡᠮᠳᠡᠬᠦ᠂ ᠬᠢᠨᠠᠨ ᠬᠡᠮᠵᠢᠬᠦ᠂ | ᠴᠠᠬᠢᠯᠭᠠᠨ ᠳᠤ ᠴᠣᠬᠢᠭᠳᠠᠬᠤ ᠠᠴᠠ ᠰᠡᠷᠭᠡᠶᠢᠯᠡᠬᠦ᠂ ᠤᠨᠠᠵᠤ ᠤᠨᠠᠬᠤ ᠠᠴᠠ ᠰᠡᠷᠭᠡᠶᠢᠯᠡᠬᠦ᠂ ᠳᠡᠯᠪᠡᠷᠡᠬᠦ ᠠᠴᠠ | ᠰᠡᠷᠭᠡᠶᠢᠯᠡᠬᠦ᠂ ᠳᠠᠷᠤᠯᠲᠠ ᠠᠯᠳᠠᠬᠤ ᠠᠴᠠ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ᠂ ᠰᠠᠯᠬᠢ | ᠨᠡᠪᠲᠡᠷᠡᠭᠦᠯᠬᠦ᠂ ᠨᠡᠷᠡᠨ ᠳᠤ ᠰᠢᠷᠠᠭᠳᠠᠬᠤ ᠠᠴᠠ ᠰᠡᠷᠭᠡᠶᠢᠯᠡᠬᠦ᠂ ᠳᠤᠯᠠᠭᠠᠨ ᠢ ᠲᠣᠬᠢᠷᠠᠭᠤᠯᠬᠤ᠂ ᠬᠤᠣᠷ ᠢ ᠰᠡᠷᠭᠡᠶᠢᠯᠡᠬᠦ᠂ | ᠠᠶᠤᠩᠭ᠎ᠠ ᠠᠴᠠ ᠰᠡᠷᠭᠡᠶᠢᠯᠡᠬᠦ᠂ ᠲᠠᠶᠢᠪᠤᠩ ᠴᠠᠬᠢᠯᠭᠠᠨ ᠠᠴᠠ ᠰᠡᠷᠭᠡᠶᠢᠯᠡᠬᠦ᠂ ᠢᠯᠵᠢᠷᠡᠬᠦ ᠠᠴᠠ ᠰᠡᠷᠭᠡᠶᠢᠯᠡᠬᠦ᠂ | ᠲᠣᠭᠤᠰᠣ ᠠᠴᠠ ᠰᠡᠷᠭᠡᠶᠢᠯᠡᠬᠦ᠂ ᠱᠤᠤᠭᠢᠶᠠᠨ ᠪᠠ ᠳᠣᠷᠭᠢᠯᠲᠠ ᠠᠴᠠ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ᠂ | ᠬᠠᠰᠢᠯᠭ᠎ᠠ ᠬᠠᠰᠢᠯᠭ᠎ᠠ ᠶᠢ ᠬᠠᠮᠠᠭᠠᠯᠠᠬᠤ ᠪᠠ ᠲᠤᠰᠠᠭᠠᠷᠯᠠᠨ ᠠᠵᠢᠯᠯᠠᠬᠤ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ | ᠵᠠᠷᠤᠯᠭ᠎ᠠ ᠶᠢ ᠪᠠᠭᠲᠠᠭᠠᠨ᠎ᠠ︔ | ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠵᠤ | ᠰᠢᠶᠳᠪᠦᠷᠢᠯᠡᠬᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠣᠨᠴᠠ ᠲᠥᠷᠥᠯ ᠤᠨ ᠪᠠᠭᠠᠵᠢ ᠬᠡᠷᠡᠭᠰᠡᠯ᠂ | ᠲᠥᠬᠦᠭᠡᠷᠦᠮᠵᠢ᠂ ᠪᠡᠯᠡᠳᠬᠡᠮᠵᠢ ᠶᠢᠨ ᠵᠠᠷᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ ᠵᠠᠰᠠᠪᠤᠷᠢ | ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ ᠶᠢ ᠲᠣᠬᠢᠷᠠᠭᠤᠯᠬᠤ᠂ ᠬᠠᠮᠠᠭᠠᠯᠠᠬᠤ᠂ | ᠠᠷᠠᠴᠢᠯᠠᠬᠤ ᠬᠡᠷᠡᠭᠲᠡᠶ᠃ ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ | ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠠᠷᠤᠯᠭ᠎ᠠ᠃ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠶᠤᠯᠭᠦᠶ ᠶᠢᠨ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠡ᠊ᠨᠳᠡᠯ | ᠤᠨ ᠪᠣᠯᠵᠣᠰᠢ ᠦᠭᠡᠢ ᠠᠶᠤᠯ ᠡᠷᠡᠰᠳᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ᠂ | ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠪᠥᠳᠥᠭᠡᠨ ᠪᠠᠶᠢᠭᠤᠯᠤᠯᠲᠠ᠂ | ᠲᠡᠭᠡᠭᠡᠪᠦᠷᠢ ᠪᠠ ᠡᠩᠭᠡ ᠲᠠᠶᠢᠪᠤᠩ ᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠵᠠᠷᠤᠯᠭ᠎ᠠ ᠶᠢ | ᠥᠷᠨᠢᠭᠦᠯᠦᠨ᠎ᠡ᠃ | ︵ᠲᠦᠷᠪᠡ︶ ᠳᠡᠭᠡᠳᠦ ᠰᠢᠨ᠎ᠡ ᠮᠡᠷᠭᠡᠵᠢᠯ ᠪᠠ ᠣᠨᠴᠠ ᠲᠦᠷᠦᠯ ᠤᠨ ᠲᠤᠰᠬᠠᠶ ᠬᠡᠷᠡᠭᠯᠡᠭᠡᠨ ᠤ | ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠲᠣᠭᠲᠠᠭᠠᠵᠤ ᠦᠨᠡᠯᠡᠨ ᠵᠢᠱᠢᠬᠦ᠂ ᠠᠶᠤᠯᠭᠦᠶ ᠶᠢᠨ ᠴᠢᠨᠠᠷ ᠴᠢᠨᠰᠠᠭ᠎ᠠ ᠶᠢ | ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠢᠴᠢ ᠠᠵᠢᠯᠯᠠᠭᠴᠢ ᠶᠢᠨ ᠠᠵᠢᠯ ᠤᠨ ᠪᠠᠶᠢᠷᠢ ᠳᠤ ᠭᠠᠷᠬᠤ | ᠪᠣᠯᠪᠠᠰᠤᠷᠠᠭᠤᠯᠤᠯ ᠤᠨ ᠵᠠᠷᠤᠯᠭ᠎ᠠ︔ | ︵ᠲᠠᠪᠤ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠵᠢᠷᠭᠤᠭ᠎ᠠ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ | ᠪᠠ ᠠᠵᠢᠯ ᠡᠷᠬᠢᠯᠡᠭᠰᠡᠳ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ ᠱᠠᠩᠨᠠᠯ ᠤᠨ | ᠵᠠᠷᠤᠯᠭ᠎ᠠ︔ | ︵ᠲᠤᠯᠤᠭ᠎ᠠ︶ ᠴᠡᠷᠢᠭ ᠤᠨ ᠠᠵᠤ ᠦᠢᠯᠡᠳᠪᠦᠷᠢ ᠶᠢᠨ ᠴᠥᠮ᠎ᠡ ᠶᠢᠨ ᠲᠥᠬᠦᠭᠡᠷᠦᠮᠵᠢ ︵ᠴᠥᠮ᠎ᠡ ᠶᠢᠨ | ᠬᠠᠶᠠᠭᠳᠠᠮᠠᠯ ᠪᠣᠳᠠᠰ ᠪᠠᠭᠲᠠᠨ᠎ᠠ︶ ᠶᠢᠨ ᠭᠤᠭᠤᠵᠢᠬᠤ ᠶᠢ ᠰᠡᠷᠭᠡᠶᠢᠯᠡᠬᠦ᠂ ᠰᠠᠴᠤᠷᠠᠭ ᠢ ᠰᠡᠷᠭᠡᠶᠢᠯᠡᠬᠦ ᠲᠥᠬᠦᠭᠡᠷᠦᠮᠵᠢ | ᠲᠥᠬᠦᠭᠡᠷᠦᠮᠵᠢ ᠶᠢᠨ ᠵᠠᠷᠤᠯᠭ᠎ᠠ︔ | ︵ᠨᠠᠢᠮᠠ︶ ᠴᠡᠷᠢᠭ ᠤᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠵᠦᠢᠯ᠂ ᠰᠠᠴᠤᠷᠠᠭ ᠢᠳᠡᠪᠬᠢ | ᠴᠢᠨᠠᠷᠲᠠᠶ ᠡᠳ᠋ ᠪᠣᠳᠠᠰ ᠵᠢᠴᠢ ᠵᠡᠪᠰᠡᠭ ᠲᠣᠨᠣᠭᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠲᠤᠷᠰᠢᠯᠲᠠ᠂ | ᠦᠢᠯᠡᠳᠪᠦᠷᠢᠯᠡᠯ᠂ ᠬᠠᠳᠠᠭᠠᠯᠠᠵᠤ ᠵᠥᠭᠡᠭᠡᠪᠦᠷᠢᠯᠡᠬᠦ᠂ ᠤᠰᠠᠳᠬᠠᠬᠤ᠂ ᠰᠡᠯᠪᠢᠨ ᠵᠠᠰᠠᠬᠤ ᠪᠠᠲᠤᠯᠠᠭ᠎ᠠ ᠶᠢᠨ | ᠶᠠᠪᠤᠴᠠ ᠳᠠᠬᠢ ᠠᠶᠤᠯᠭᠦᠶ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠥᠭᠡᠷᠡᠴᠢᠯᠡᠬᠦ ᠵᠠᠷᠤᠳᠠᠯ ᠪᠠ ᠠᠶᠤᠯᠭᠦᠶ ᠶᠢᠨ | ᠬᠠᠮᠠᠭᠠᠯᠠᠯᠲᠠ ︵ᠠᠵᠢᠯ ᠤᠨ ᠬᠤᠪᠴᠠᠰᠤ ᠪᠠᠭᠲᠠᠬᠤ ᠦᠭᠡᠢ︶ ᠶᠢᠨ ᠵᠠᠷᠤᠳᠠᠯ ᠤᠨ ᠵᠠᠷᠤᠯᠭ᠎ᠠ︔ | ︵ᠶᠢᠰᠦ︶ ᠲᠤᠮᠤ ᠬᠡᠯᠪᠡᠷᠢ ᠶᠢᠨ ᠨᠠᠷᠢᠨ ᠪᠤᠳᠤᠯᠢᠶᠠᠨᠲᠠᠢ ᠵᠡᠪᠰᠡᠭ ᠲᠣᠨᠣᠭᠯᠠᠯ ᠢ ᠦᠢᠯᠡᠳᠬᠦ᠂ ᠲᠣᠨᠣᠭᠯᠠᠬᠤ᠂ | ᠲᠤᠷᠰᠢᠨ ᠲᠣᠬᠢᠷᠠᠭᠤᠯᠬᠤ ᠣᠨᠴᠠᠭᠠᠢ ᠠᠵᠢᠯ ᠤᠨ ᠲᠦᠷᠦᠯ ᠪᠠ ᠣᠨᠴᠠ ᠲᠦᠷᠦᠯ ᠤᠨ ᠠᠵᠢᠯ ᠬᠢᠭᠰᠡᠳ ᠢ | ᠪᠣᠯᠪᠠᠰᠤᠷᠠᠭᠤᠯᠬᠤ ᠵᠠᠷᠤᠯᠭ᠎ᠠ︔ | ︵ᠠᠷᠪᠠ︶ ᠵᠡᠪᠰᠡᠭ ᠲᠣᠨᠣᠭᠯᠠᠯ ᠤᠨ ᠲᠤᠮᠤ ᠬᠡᠯᠪᠡᠷᠢ ᠶᠢᠨ ᠲᠤᠷᠰᠢᠯᠲᠠ ᠶᠢᠨ ᠠᠶᠤᠯᠭᠦᠶ ᠶᠢᠨ ᠲᠤᠰᠬᠠᠶ | ᠨᠤᠲᠠᠯᠠᠯᠲᠠ ᠪᠠ ᠠᠶᠤᠯᠭᠦᠶ ᠶᠢᠨ ᠬᠠᠮᠠᠭᠠᠯᠠᠯᠲᠠ ᠶᠢᠨ ᠵᠠᠷᠤᠳᠠᠯ ᠤᠨ ᠵᠠᠷᠤᠯᠭ᠎ᠠ︔ | ︵ᠠᠷᠪᠠᠨ ᠨᠢᠭᠡ︶ ᠴᠡᠷᠢᠭ ᠤᠨ ᠠᠵᠤ ᠦᠢᠯᠡᠳᠪᠦᠷᠢ ᠶᠢᠨ ᠣᠨᠴᠠᠭᠠᠶ ᠡᠯᠧᠺᠲᠷᠣᠨ ᠲᠤᠨᠤᠭ ᠰᠡᠯᠪᠢᠭᠡᠰᠦ ᠶᠢ | ᠦᠢᠯᠡᠳᠬᠦ ᠶᠠᠪᠤᠴᠠ ᠳᠠᠬᠢ ᠬᠤᠣᠷᠲᠠᠢ ᠬᠥᠨᠥᠭᠡᠯ ᠲᠠᠢ ᠪᠣᠳᠠᠰ ᠢ ᠬᠢᠨᠠᠨ ᠬᠡᠮᠵᠢᠬᠦ ᠵᠢᠴᠢ ᠣᠨᠴᠠ ᠲᠦᠷᠦᠯ ᠤᠨ | ᠰᠡᠷᠭᠡᠶᠢᠯᠡᠨ ᠬᠠᠮᠠᠭᠠᠯᠠᠬᠤ ᠵᠠᠷᠤᠯᠭ᠎ᠠ︔ | ︵ᠠᠷᠪᠠᠨ ᠬᠤᠶᠠᠷ︶ ᠠᠶᠤᠯᠭᠦᠶ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ | ᠰᠢᠨ᠎ᠡ ᠤᠷᠠᠯᠠᠯ᠂ ᠰᠢᠨ᠎ᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠠᠷᠪᠠᠨ ᠭᠤᠷᠪᠠ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | | ︵ᠠᠷᠪᠠᠨ ᠳᠥᠷᠪᠡ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠠᠷᠪᠠᠨ ᠬᠤᠶᠠᠳᠤᠭᠠᠷ ᠬᠡᠰᠡᠭ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠤ | ᠠᠬᠤᠶᠢᠯᠠᠯ | ᠳᠥᠴᠢᠨ ᠬᠤᠶᠠᠳᠤᠭᠠᠷ ᠵᠦᠢᠯ ᠴᠠᠬᠢᠯᠭᠠᠨ ᠬᠦᠴᠦᠨ ᠤ ᠦᠢᠯᠡᠳᠪᠦᠷᠢᠯᠡᠯ ᠭᠡᠳᠡᠭ ᠪᠣᠯ ᠭᠠᠯ ᠤᠨ ᠬᠦᠴᠦ᠂ | ᠤᠰᠦᠠ ᠬᠦᠴᠦ᠂ ᠴᠥᠮ᠎ᠡ ᠶᠢᠨ ᠬᠦᠴᠦ᠂ ᠰᠠᠯᠬᠢᠨ ᠤ ᠬᠦᠴᠦ᠂ ᠨᠡᠷᠡᠨ ᠤ ᠡᠨᠧᠷᠭᠢ᠂ ᠠᠮᠢᠳᠤ ᠪᠣᠳᠠᠰ ᠤᠨ ᠮᠠᠰ | ᠡᠨᠧᠷᠭᠢ ᠵᠢᠴᠢ ᠭᠠᠵᠠᠷ ᠤᠨ ᠢᠯᠴᠢ᠂ ᠲᠦᠯᠬᠢᠭᠡᠨ ᠤ ᠡᠨᠧᠷᠭᠢ ᠵᠡᠷᠭᠡ ᠪᠤᠰᠤᠳ ᠡᠨᠧᠷᠭᠢ ᠶᠢᠨ ᠰᠤᠷᠪᠤᠯᠵᠢ ᠶᠢ | ᠠᠰᠢᠭᠯᠠᠨ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠬᠤ ᠠᠵᠢᠯᠯᠠᠭ᠎ᠠ ᠶᠢ ᠬᠡᠯᠡᠵᠦ ᠪᠠᠶᠢᠨ᠎ᠠ᠃ | ᠴᠠᠬᠢᠯᠭᠠᠨ ᠬᠦᠴᠦᠨ ᠤ ᠬᠠᠩᠭᠠᠯᠭ᠎ᠠ ᠭᠡᠳᠡᠭ ᠨᠢ ᠴᠠᠬᠢᠯᠭᠠᠨ ᠲᠣᠣᠷ ᠢ ᠡᠵᠡᠩᠨᠡᠬᠦ ᠪᠠ ᠠᠵᠢᠯᠯᠠᠭᠤᠯᠵᠤ᠂ | ᠴᠠᠬᠢᠯᠭᠠᠨ ᠬᠦᠷᠭᠡᠬᠦ᠂ ᠬᠦᠴᠦᠳᠡᠯ ᠥᠭᠡᠷᠡᠴᠢᠯᠡᠬᠦ᠂ ᠴᠠᠬᠢᠯᠭᠠᠨ ᠲᠦᠭᠡᠭᠡᠬᠦ ᠵᠡᠷᠭᠡ ᠴᠠᠬᠢᠯᠭᠠᠨ ᠡᠨᠧᠷᠭᠢ ᠶᠢ ᠬᠦᠷᠭᠡᠬᠦ | ᠪᠠ ᠬᠤᠪᠢᠶᠠᠷᠢᠯᠠᠬᠤ ᠠᠵᠢᠯᠯᠠᠭ᠎ᠠ ᠭᠦᠢᠴᠡᠳᠬᠡᠬᠦ ᠶᠢ ᠬᠡᠯᠡᠵᠦ ᠪᠠᠶᠢᠨ᠎ᠠ᠃ | ᠳᠥᠴᠢᠨ ᠭᠤᠷᠪᠠᠳᠤᠭᠠᠷ ᠵᠦᠢᠯ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠤ | ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠤᠭ᠎ᠠ | ᠨᠤᠷᠮ᠎ᠠ ᠠᠴᠠ ᠳᠠᠪᠠᠭᠤᠯᠤᠨ ᠠᠬᠢᠭᠤᠯᠤᠨ ᠪᠤᠴᠠᠭᠠᠯᠭᠠᠬᠤ ᠠᠷᠭ᠎ᠠ ᠮᠠᠶᠢᠭ ᠢ ᠠᠪᠴᠤ ᠪᠠᠶᠢᠭᠠᠳ ᠲᠤᠰ ᠵᠢᠯ ᠤᠨ | ᠪᠣᠳᠣᠵᠤ ᠠᠪᠬᠤ ᠶᠣᠰᠣᠲᠠᠶ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠰᠠᠷ᠎ᠠ ᠳᠠᠷᠠᠭᠠᠯᠠᠨ ᠲᠡᠭᠰᠢᠳᠬᠡᠨ | ᠭᠠᠷᠭᠠᠵᠤ ᠠᠪᠤᠨ᠎ᠠ | ︵ᠨᠢᠭᠡ︶ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠠᠷᠭᠠᠵᠤ ᠠᠪᠬᠤ | ᠪᠠᠷᠢᠮᠵᠢᠶ᠎ᠠ ᠨᠢ ᠳᠠᠷᠠᠭᠠᠬᠢ ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 3% ᠪᠠᠷ ᠭᠠᠷᠭᠠᠵᠤ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ | ᠬᠡᠲᠦᠷᠡᠭᠡᠳ 1 ᠳ᠋ᠦᠩᠰᠢᠭᠤᠷ ᠲᠥᠭᠦᠷᠢᠭ ᠲᠤ ᠬᠦᠷᠦᠭᠰᠡᠨ ᠬᠡᠰᠡᠭ ᠢ 1.5% ᠪᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1 ᠳ᠋ᠦᠩᠰᠢᠭᠤᠷ ᠲᠥᠭᠦᠷᠢᠭ ᠠᠴᠠ 10 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 1% ᠪᠠᠷ ᠭᠠᠷᠭᠠᠵᠤ ᠠᠪᠤᠨ᠎ᠠ︔ | 4. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 10 ᠳ᠋ᠦᠩᠰᠢᠭᠤᠷ ᠲᠥᠭᠦᠷᠢᠭ ᠠᠴᠠ 50 | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.8% ᠪᠠᠷ ᠭᠠᠷᠭᠠᠵᠤ ᠠᠪᠤᠨ᠎ᠠ︔ | 5. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 50 ᠳ᠋ᠦᠩᠰᠢᠭᠤᠷ ᠲᠥᠭᠦᠷᠢᠭ ᠠᠴᠠ | 100 ᠳ᠋ᠦᠩᠰᠢᠭᠤᠷ ᠲᠥᠭᠦᠷᠢᠭ ᠲᠤ ᠬᠦᠷᠬᠦ ᠬᠡᠰᠡᠭ ᠢ 0.6% ᠪᠠᠷ ᠭᠠᠷᠭᠠᠵᠤ ᠠᠪᠤᠨ᠎ᠠ︔ | 6. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 100 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ᠃ | ︵ᠬᠤᠶᠠᠷ︶ ᠴᠠᠬᠢᠯᠭᠠᠨ ᠬᠦᠴᠦᠨ ᠢ ᠬᠠᠩᠭᠠᠬᠤ ᠠᠵᠤ ᠠᠬᠤᠶᠢᠯᠠᠯ ᠤᠨ ᠭᠠᠷᠭᠠᠵᠤ ᠠᠪᠬᠤ ᠪᠠᠷᠢᠮᠵᠢᠶ᠎ᠠ ᠨᠢ | ᠳᠠᠷᠠᠭᠠᠬᠢ ᠮᠡᠲᠦ᠄ | 1. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 500 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠦᠭᠡᠢ ᠪᠠᠶᠢᠪᠠᠯ᠂ 0.5% ᠪᠠᠷ ᠭᠠᠷᠭᠠᠵᠤ ᠠᠪᠤᠨ᠎ᠠ︔ | 2. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 500 ᠳ᠋ᠦᠩᠰᠢᠭᠤᠷ ᠲᠥᠭᠦᠷᠢᠭ ᠠᠴᠠ | 1000 ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠬᠡᠰᠡᠭ ᠢ 0.4% ᠪᠠᠷ ᠭᠠᠷᠭᠠᠵᠤ ᠠᠪᠤᠨ᠎ᠠ︔ | 3. ᠲᠦᠷᠦᠭᠦᠦ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1000 ᠳ᠋ᠦᠩᠰᠢᠭᠤᠷ ᠲᠥᠭᠦᠷᠢᠭ ᠠᠴᠠ | 2000 ᠳ᠋ᠦᠩᠰᠢᠭᠤᠷ ᠲᠥᠭᠦᠷᠢᠭ ᠲᠤ ᠬᠦᠷᠬᠦ ᠬᠡᠰᠡᠭ ᠢ 0.3% ᠪᠠᠷ ᠭᠠᠷᠭᠠᠵᠤ ᠠᠪᠤᠨ᠎ᠠ︔ | 4. ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 2000 ᠳ᠋ᠦᠩᠰᠢᠭᠤᠷ ᠲᠥᠭᠦᠷᠢᠭ ᠠᠴᠠ | ᠬᠡᠲᠦᠷᠡᠭᠰᠡᠨ ᠬᠡᠰᠡᠭ ᠢ 0.2% ᠢᠶᠠᠷ ᠭᠠᠷᠭᠠᠵᠤ ᠠᠪᠤᠨ᠎ᠠ᠃ | ᠳᠥᠴᠢᠨ ᠳᠥᠷᠪᠡᠳᠦᠭᠡᠷ ᠵᠦᠢᠯ ᠴᠠᠬᠢᠯᠭᠠᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠳᠠᠷᠠᠭᠠᠬᠢ ᠵᠠᠷᠤᠯᠭ᠎ᠠ ᠳᠤ ᠬᠡᠷᠡᠭᠯᠡᠬᠦ ᠬᠡᠷᠡᠭᠲᠡᠢ᠄ | ︵ᠨᠢᠭᠡ︶ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ | ᠥᠭᠡᠷᠡᠴᠢᠯᠡᠬᠦ ᠪᠠ ᠬᠠᠮᠠᠭᠠᠯᠠᠬᠤ ᠵᠠᠷᠤᠯᠭ᠎ᠠ ︵︽ᠭᠤᠷᠪᠠ ᠶᠢ ᠬᠠᠮᠲᠤ ᠳᠤᠨᠢ ᠭᠦᠢᠴᠡᠳᠬᠡᠬᠦ︾ ᠱᠠᠭᠠᠷᠳᠠᠯᠭ᠎ᠠ ᠶᠢᠨ | ᠡᠬᠢᠨ ᠤ ᠬᠤᠭᠤᠴᠠᠭᠠᠨ ᠳᠤ ᠣᠷᠣᠭᠤᠯᠤᠭᠰᠠᠨ ᠠᠮᠤᠷ ᠲᠦᠪᠰᠢᠨ ᠤ ᠪᠡᠯᠡᠳᠬᠡᠮᠵᠢ ᠶᠢ ᠪᠠᠭᠲᠠᠭᠠᠬᠤ ᠥᠬᠡᠶ︶᠂ | ᠡᠭᠦᠨ ᠳᠤ ᠴᠠᠬᠢᠯᠭᠠᠨ ᠭᠠᠷᠭᠠᠬᠤ᠂ ᠴᠠᠬᠢᠯᠭᠠᠨ ᠬᠦᠷᠭᠡᠬᠦ᠂ ᠬᠦᠴᠦᠳᠡᠯ ᠥᠭᠡᠷᠡᠴᠢᠯᠡᠬᠦ᠂ ᠴᠠᠬᠢᠯᠭᠠᠨ ᠲᠦᠭᠡᠭᠡᠬᠦ ᠵᠡᠷᠭᠡ | ᠲᠥᠬᠦᠭᠡᠷᠦᠮᠵᠢ ᠲᠥᠬᠦᠭᠡᠷᠦᠮᠵᠢ ᠶᠢᠨ ᠠᠶᠤᠯᠭᠦᠶ ᠶᠢᠨ ᠰᠡᠷᠭᠡᠶᠢᠯᠡᠯᠲᠡ ᠵᠢᠴᠢ ᠠᠶᠤᠯᠭᠦᠶ ᠶᠢᠨ ᠪᠠᠶᠢᠳᠠᠯ ᠢ | ᠲᠡᠭᠦᠯᠳᠡᠷᠵᠢᠭᠦᠯᠬᠦ᠂ ᠥᠭᠡᠷᠡᠴᠢᠯᠡᠬᠦ᠂ ᠪᠠᠶᠢᠴᠠᠭᠠᠨ ᠬᠡᠮᠵᠢᠬᠦ᠂ ᠬᠢᠨᠠᠨ ᠬᠡᠮᠵᠢᠬᠦ ᠵᠢᠴᠢ ᠬᠠᠮᠠᠭᠠᠯᠠᠬᠤ᠂ ᠠᠵᠢᠯᠯᠠᠬᠤ | ᠲᠠᠯᠠᠪᠤᠷ ᠤᠨ ᠠᠶᠤᠯᠭᠦᠶ ᠶᠢᠨ ᠬᠢᠨᠠᠨ ᠡᠵᠡᠮᠳᠡᠬᠦ᠂ ᠬᠢᠨᠠᠨ ᠬᠡᠮᠵᠢᠬᠦ ᠵᠢᠴᠢ ᠴᠠᠬᠢᠯᠭᠠᠨ ᠳᠤ ᠴᠣᠬᠢᠭᠳᠠᠬᠤ ᠠᠴᠠ | ᠰᠡᠷᠭᠡᠶᠢᠯᠡᠬᠦ᠂ ᠤᠨᠠᠵᠤ ᠤᠨᠠᠬᠤ ᠠᠴᠠ ᠰᠡᠷᠭᠡᠶᠢᠯᠡᠬᠦ᠂ ᠪᠣᠳᠠᠰ ᠤᠨ ᠴᠣᠬᠢᠯᠲᠠ ᠠᠴᠠ ᠰᠡᠷᠭᠡᠶᠢᠯᠡᠬᠦ᠂ ᠭᠠᠯ ᠢ | ᠰᠡᠷᠭᠡᠶᠢᠯᠡᠬᠦ᠂ ᠳᠡᠯᠪᠡᠷᠡᠬᠦ ᠠᠴᠠ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠠᠮᠢᠰᠬᠤᠯ ᠪᠥᠭᠯᠡᠷᠡᠬᠦ ᠠᠴᠠ ᠰᠡᠷᠭᠡᠶᠢᠯᠡᠬᠦ᠂ | ᠠᠶᠤᠩᠭ᠎ᠠ ᠠᠴᠠ ᠰᠡᠷᠭᠡᠶᠢᠯᠡᠬᠦ᠂ ᠡ᠊ᠨᠳᠡᠭᠦᠷᠡᠬᠦ ᠠᠴᠠ ᠰᠡᠷᠭᠡᠶᠢᠯᠡᠬᠦ᠂ ᠬᠦᠪᠡᠭᠡ ᠳᠤ ᠬᠦᠷᠬᠦ᠂ ᠪᠢᠲᠡᠭᠦᠮᠵᠢᠯᠡᠬᠦ ᠵᠡᠷᠭᠡ | ᠲᠥᠬᠦᠭᠡᠷᠦᠮᠵᠢ ᠲᠥᠬᠦᠭᠡᠷᠦᠮᠵᠢ ᠶᠢᠨ ᠵᠠᠷᠤᠯᠭ᠎ᠠ︔ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ | ᠲᠥᠬᠦᠭᠡᠷᠦᠮᠵᠢ ᠪᠡᠯᠡᠳᠬᠡᠮᠵᠢ ᠶᠢ ᠳᠣᠭᠢᠷᠠᠭᠤᠯᠬᠤ᠂ ᠬᠠᠮᠠᠭᠠᠯᠠᠬᠤ᠂ ᠠᠷᠠᠴᠢᠯᠠᠬᠤ ᠵᠠᠷᠤᠯᠭ᠎ᠠ ᠪᠠ ᠪᠠᠴᠢᠮ ᠪᠠᠶᠢᠳᠠᠯ ᠢ | ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠶᠢᠨ | ᠪᠡᠯᠡᠳᠬᠡᠯ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ | ᠰᠣᠷᠢᠯᠲᠠ ᠶᠢᠨ ᠵᠠᠷᠤᠯᠭ᠎ᠠ︔ | ︵ᠭᠤᠷᠪᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠠᠶᠢᠴᠠᠭᠠᠨ ᠬᠡᠮᠵᠢᠬᠦ᠂ ᠦᠨᠡᠯᠡᠨ ᠵᠢᠱᠢᠬᠦ᠂ | ᠬᠢᠨᠠᠨ ᠡᠵᠡᠮᠳᠡᠬᠦ ᠵᠠᠷᠤᠯᠭ᠎ᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ ︵ᠤᠰᠤᠨ | ᠴᠠᠬᠢᠯᠭᠠᠨ ᠤ ᠥᠷᠲᠡᠭᠡ ᠶᠢᠨ ᠬᠠᠰᠢᠯᠭ᠎ᠠ ᠶᠢᠨ ᠬᠦᠨᠳᠦ ᠶᠡᠭᠡ ᠳᠠᠯᠳᠠ ᠬᠡᠮ ᠤᠨ ᠠᠶᠤᠯ ᠢ ᠠᠷᠢᠯᠭᠠᠨ ᠪᠠᠬᠢᠵᠢᠭᠦᠯᠬᠦ | ᠵᠠᠷᠤᠯᠭ᠎ᠠ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠶᠯᠡᠳᠪᠦᠷᠢ ᠶᠢᠨ ᠦᠨᠡᠰᠦ ᠬᠠᠳᠠᠭᠠᠯᠠᠬᠤ ᠲᠠᠯᠠᠪᠠᠶ ᠶᠢᠨ | ᠬᠦᠨᠳᠦ ᠶᠡᠭᠡ ᠳᠠᠯᠳᠠ ᠬᠡᠮ ᠤᠨ ᠠᠶᠤᠯ ᠢ ᠠᠷᠢᠯᠭᠠᠨ ᠪᠠᠬᠢᠵᠢᠭᠦᠯᠵᠦ ᠵᠠᠰᠠᠬᠤ ᠵᠠᠷᠤᠯᠭ᠎ᠠ ᠪᠠᠭᠲᠠᠬᠤ ᠥᠬᠡᠶ︶᠂ ᠠᠶᠤᠯ | ᠥᠬᠡᠶ ᠦᠶᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠥᠲᠥᠭᠡᠨ ᠪᠠᠶᠢᠭᠤᠯᠤᠯᠲᠠ᠂ ᠲᠡᠭᠡᠭᠡᠪᠦᠷᠢ | ᠡᠩᠬᠡ ᠲᠠᠶᠢᠪᠤᠩ ᠢ ᠬᠠᠮᠠᠭᠠᠯᠠᠬᠤ ᠲᠣᠤᠷ ᠬᠡᠯᠬᠢᠶᠡᠨ ᠤ ᠠᠮᠤᠷ ᠲᠦᠪᠰᠢᠨ ᠤ ᠵᠠᠷᠤᠯᠭ᠎ᠠ︔ | ︵ᠲᠥᠷᠪᠡ︶ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠦᠨᠡᠯᠡᠯᠲᠡ ︵ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠠᠶᠤᠯᠭᠦᠶ ᠶᠢᠨ ᠦᠨᠡᠯᠡᠯᠲᠡ ᠪᠠᠭᠲᠠᠬᠤ ᠥᠭᠡᠢ︶᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠤᠭᠰᠠᠨ ᠪᠥᠳᠥᠭᠡᠨ | ᠪᠠᠶᠢᠭᠤᠯᠤᠯᠲᠠ ᠶᠢᠨ ᠵᠠᠷᠤᠯᠭ᠎ᠠ᠃ | ︵ᠲᠠᠪᠤ︶ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠪᠠ | ᠠᠵᠢᠯᠯᠠᠵᠤ ᠪᠠᠶᠢᠭ᠎ᠠ ᠬᠥᠮᠦᠰ ᠤᠨ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠰᠡᠨ ᠪᠥᠭᠡᠳ ᠮᠡᠳᠡᠭᠦᠯᠦᠭᠰᠡᠨ | ᠱᠠᠩᠨᠠᠯ ᠤᠨ ᠵᠠᠷᠤᠯᠭ᠎ᠠ︔ | ︵ᠵᠢᠷᠭᠤᠭ᠎ᠠ︶ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠶ ᠶᠢᠨ | ᠬᠠᠮᠠᠭᠠᠯᠠᠯᠲᠠ ᠶᠢᠨ ᠬᠡᠷᠡᠭᠰᠡᠯ ᠢ ᠲᠣᠬᠢᠷᠠᠭᠤᠯᠬᠤ ᠪᠠ ᠰᠢᠨᠡᠳᠬᠡᠬᠦ ᠵᠠᠷᠤᠯᠭ᠎ᠠ︔ | ︵ᠲᠤᠯᠤᠭ᠎ᠠ︶ ᠠᠶᠤᠯ ᠦᠭᠡᠢ ᠦᠢᠯᠡᠳᠪᠦᠷᠢᠯᠡᠯ ᠳᠤ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ | ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠠᠷᠤᠯᠭ᠎ᠠ︔ | ︵ᠨᠠᠢᠮᠠ︶ ᠠᠶᠤᠯᠭᠦᠶ ᠶᠢᠨ ᠲᠥᠬᠦᠭᠡᠷᠦᠮᠵᠢ ᠵᠢᠴᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠵᠤ ᠬᠠᠷᠭᠤᠭᠤᠯᠬᠤ ᠵᠠᠷᠤᠯᠭ᠎ᠠ︔ | ︵ᠶᠢᠰᠦ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠯᠭ᠎ᠠ︔ | ︵ᠠᠷᠪᠠ︶ ᠠᠶᠤᠯᠭᠦᠶ ᠦᠢᠯᠡᠳᠪᠦᠷᠢᠯᠡᠯ ᠲᠠᠢ ᠰᠢᠭᠤᠳ ᠬᠤᠯᠪᠣᠭᠳᠠᠬᠤ ᠪᠤᠰᠤᠳ ᠵᠠᠷᠤᠯᠭ᠎ᠠ᠃ | ᠭᠤᠷᠪᠠᠳᠤᠭᠠᠷ ᠪᠦᠯᠦᠭ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠬᠠᠮᠢᠶᠠᠷᠬᠤ ᠪᠠ | ᠲᠡᠭᠦᠨ ᠳᠤ ᠬᠢᠨᠠᠯᠲᠠ ᠲᠠᠯᠪᠢᠬᠤ | ᠳᠥᠴᠢᠨ ᠲᠠᠪᠤᠳᠤᠭᠠᠷ ᠵᠦᠢᠯ ᠡᠵᠤ ᠠᠬᠤᠶᠢᠯᠠᠯ ᠤᠳ ᠳᠣᠲᠣᠭᠠᠳᠤ ᠶᠢᠨ ᠠᠵᠤ ᠠᠬᠤᠶᠢᠯᠠᠯ ᠤᠨ ᠠᠶᠤᠯ | ᠦᠭᠡᠢ ᠦᠢᠯᠡᠳᠪᠦᠷᠢᠯᠡᠯ ᠤᠨ ᠵᠠᠷᠤᠳᠠᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠬᠦ ᠵᠢᠷᠤᠮ᠂ ᠲᠤᠰᠢᠶᠠᠯ | ᠬᠠᠷᠢᠭᠤᠴᠠᠯᠭ᠎ᠠ ᠵᠢᠴᠢ ᠡᠷᠬᠡ ᠶᠢᠨ ᠬᠡᠪᠴᠢᠡᠶᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ | ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠡᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ | ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ | ᠭᠠᠷᠭᠠᠨ ᠠᠪᠬᠤ ᠪᠠ ᠬᠡᠷᠡᠭᠯᠡᠬᠦ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ | ᠡᠳ᠋ ᠤᠨ ᠶᠠᠪᠤᠳᠠᠯ ᠤᠨ ᠲᠥᠰᠦᠪ ᠲᠤ ᠣᠷᠣᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢ ᠦᠨᠡᠨ ᠬᠦ ᠪᠠᠲᠤᠯᠠᠬᠤ | ᠬᠡᠷᠡᠭᠲᠡᠢ᠃ | ᠳᠥᠴᠢᠨ ᠳᠣᠯᠣᠳᠤᠭᠠᠷ ᠵᠦᠢᠯ ᠡᠵᠤ ᠠᠬᠤᠶᠢᠯᠠᠯ ᠤᠨ ᠭᠠᠷᠭᠠᠵᠤ ᠠᠪᠤᠭᠰᠠᠨ ᠠᠶᠤᠯᠭᠦᠶ ᠦᠢᠯᠡᠳᠪᠦᠷᠢᠯᠡᠯ ᠤᠨ | ᠵᠠᠷᠤᠳᠠᠯ ᠢ ᠥᠪᠡᠷ ᠤᠨ ᠦᠷᠳᠡᠭ ︵ᠵᠠᠷᠤᠳᠠᠯ︶ ᠤᠨ ᠳᠣᠲᠣᠷ᠎ᠠ ᠠᠴᠠ ᠭᠠᠷᠭᠠᠬᠤ ᠶᠢᠨ ᠬᠠᠮᠲᠤ ᠲᠤᠰᠬᠠᠶ ᠵᠦᠢᠯ ᠢᠶᠠᠷ | ᠲᠣᠭᠠᠴᠠᠭ᠎ᠠ ᠬᠢᠨ᠎ᠡ᠃ ᠲᠣᠰ ᠠᠷᠭ᠎ᠠ ᠶᠢᠨ ᠲᠣᠭᠲᠠᠭᠠᠯ ᠳᠤ ᠨᠡᠶᠢᠴᠡᠬᠦ ᠠᠵᠤ ᠠᠬᠤᠶᠢᠯᠠᠯ ᠤᠨ ᠠᠶᠤᠯ ᠥᠬᠡᠶ | ᠦᠶᠯᠡᠳᠪᠦᠷᠢᠯᠡᠯ ᠤᠨ ᠵᠠᠷᠤᠳᠠᠯ ᠤᠨ ᠵᠠᠷᠤᠯᠭ᠎ᠠ ᠳᠤ ᠪᠠᠷᠢᠮᠲᠠ᠂ ᠪᠠᠷᠢᠮᠲᠠ᠂ ᠲᠠᠩᠰᠠ ᠰᠢᠯᠵᠢᠭᠦᠯᠦᠭᠰᠡᠨ ᠭᠡᠷᠡᠴᠢ | ᠪᠠᠷᠢᠮᠲᠠ ᠵᠡᠷᠭᠡ ᠦᠨᠡᠨ ᠪᠣᠳᠠᠲᠠᠶ ᠭᠡᠷᠡᠴᠢ ᠪᠠᠷᠢᠮᠲᠠ ᠶᠢ ᠣᠯᠤᠭᠰᠠᠨ ᠪᠠᠶᠢᠬᠤ ᠬᠡᠷᠡᠭᠲᠡᠶ᠃ | ᠲᠤᠰ ᠠᠵᠤ ᠠᠬᠤᠶᠢᠯᠠᠯ ᠤᠨ ᠠᠵᠢᠯᠳᠡᠠ ᠠᠵᠢᠯᠴᠢᠨ ᠤ ᠴᠠᠯᠢᠩ ᠬᠥᠯᠥᠰᠥ᠂ ᠠᠰᠠᠷᠠᠮᠵᠢ ᠶᠢ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠳᠣᠲᠣᠷ᠎ᠠ ᠠᠴᠠ ᠭᠠᠷᠭᠠᠵᠤ ᠪᠣᠯᠬᠤ ᠦᠭᠡᠢ᠃ ᠠᠵᠤ | ᠠᠬᠤᠶᠢᠯᠠᠯ ᠤᠨ ᠠᠵᠢᠯ ᠡᠷᠬᠢᠯᠡᠭᠰᠡᠳ ᠤᠨ ᠣᠯᠵᠤ ᠮᠡᠳᠡᠭᠰᠡᠨ ᠡ᠊ᠨᠳᠡᠯ ᠤᠨ ᠪᠣᠯᠵᠣᠰᠢ ᠦᠭᠡᠢ ᠠᠶᠤᠯ ᠡᠷᠡᠰᠳᠡᠯ ᠢ | ᠱᠠᠩᠨᠠᠨ ᠬᠥᠬᠢᠭᠦᠯᠬᠦ ᠵᠠᠷᠤᠯᠭ᠎ᠠ ᠶᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ | ᠳᠣᠲᠣᠷ᠎ᠠ ᠠᠴᠠ ᠭᠠᠷᠭᠠᠨ᠎ᠠ᠃ | ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠤᠨ ᠣᠨ ᠤ ᠦᠯᠡᠳᠡᠪᠦᠷᠢ ᠪᠠᠯᠠ | ᠮᠥᠩᠭᠦ ᠶᠢ ᠳᠠᠷᠠᠭ᠎ᠠ ᠵᠢᠯ ᠳᠤ ᠳ᠋ᠦᠩᠨᠡᠨ ᠰᠢᠯᠵᠢᠭᠦᠯᠵᠦ ᠬᠡᠷᠡᠭᠯᠡᠨ᠎ᠡ᠃ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠳᠤ ᠤᠯᠠᠭᠠᠨ ᠲᠤᠭ᠎ᠠ ᠭᠠᠷᠤᠭᠰᠠᠨ ︵ᠲᠤᠬᠠᠶᠢᠯᠠᠪᠠᠯ ᠲᠤᠬᠠᠶ ᠶᠢᠨ ᠵᠢᠯ ᠳᠤ ᠪᠤᠳᠤᠵᠤ | ᠠᠪᠤᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠳᠡᠭᠡᠷ᠎ᠡ ᠵᠢᠯ ᠤᠨ ᠡᠬᠢᠨ ᠤ | ᠦᠯᠡᠳᠡᠪᠦᠷᠢ ᠨᠢ ᠣᠨ ᠤ ᠪᠣᠳᠠᠲᠠᠶ ᠵᠠᠷᠤᠯᠭ᠎ᠠ ᠠᠴᠠ ᠪᠠᠭ᠎ᠠ ᠪᠠᠶᠢᠬᠤ︶ ᠪᠠᠶᠢᠪᠠᠯ᠂ ᠵᠢᠯ ᠤᠨ ᠡᠴᠦᠰ ᠲᠤ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠨᠥᠬᠦᠵᠦ ᠠᠪᠬᠤ ᠬᠡᠷᠡᠭᠲᠡᠶ᠃ | ᠳᠥᠴᠢᠨ ᠨᠠᠢᠮᠠᠳᠤᠭᠠᠷ ᠵᠦᠢᠯ ᠳ᠋ᠡᠭᠡᠷᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ | ᠪᠣᠯᠭᠠᠵᠤ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠤᠭᠰᠠᠨ ᠠᠵᠤ ᠠᠬᠤᠶᠢᠯᠠᠯ ᠰᠢᠨ᠎ᠡ ᠪᠠᠷ | ᠪᠠᠶᠢᠭᠤᠯᠤᠭᠰᠠᠨ ᠪᠠ ᠠᠰᠢᠭᠯᠠᠯᠲᠠ ᠳᠤ ᠣᠷᠣᠭᠤᠯᠤᠭᠠᠳ ᠨᠢᠭᠡ ᠵᠢᠯ ᠬᠦᠷᠬᠦ ᠦᠭᠡᠢ ᠪᠠᠶᠢᠪᠠᠯ᠂ ᠲᠤᠰ ᠵᠢᠯ ᠤᠨ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠦᠨᠡᠨ ᠮᠥᠨ ᠢᠶᠠᠷ ᠨᠢ ᠵᠠᠷᠤᠯᠭ᠎ᠠ ᠳᠤ ᠣᠷᠣᠭᠤᠯᠵᠤ | ᠂ ᠵᠢᠯ ᠤᠨ ᠡᠴᠦᠰ ᠲᠤ ᠲᠤᠰ ᠵᠢᠯ ᠤᠨ ᠡᠵᠡᠩᠨᠡᠯᠲᠡ ᠶᠢᠨ ᠣᠷᠣᠯᠭ᠎ᠠ ᠪᠠᠷ ᠦᠨᠳᠦᠰᠦᠯᠡᠯ ᠪᠣᠯᠭᠠᠵᠤ᠂ ᠲᠣᠭᠲᠠᠭᠠᠭᠰᠠᠨ | ᠪᠠᠷᠢᠮᠵᠢᠶ᠎ᠠ ᠶᠣᠰᠣᠭᠠᠷ ᠪᠤᠳᠤᠵᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ | ᠠᠪᠤᠨ᠎ᠠ᠃ | ᠳᠥᠴᠢ ᠶᠢᠰᠦᠳᠦᠭᠡᠷ ᠵᠦᠢᠯ ᠠᠵᠤ ᠠᠬᠤᠶᠢᠯᠠᠯ ᠲᠤᠰ ᠠᠷᠭ᠎ᠠ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ | ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠬᠤᠶᠠᠷ ᠵᠢᠯ ᠳᠠᠷᠠᠭᠠᠯᠠᠨ ᠨᠥᠬᠦᠵᠦ ᠠᠪᠤᠭᠰᠠᠨ ᠪᠣᠯ ᠤᠶᠢᠷ᠎ᠠ ᠶᠢᠨ | ᠨᠢᠭᠡ ᠵᠢᠯ ᠤᠨ ᠨᠥᠬᠦᠵᠦ ᠠᠪᠤᠭᠰᠠᠨ ᠲᠤᠭ᠎ᠠ ᠪᠠᠷ ᠭᠠᠷᠭᠠᠵᠤ ᠠᠪᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ ᠪᠣᠯᠤᠨ᠎ᠠ᠃ | | ᠲᠣᠰ ᠠᠷᠭ᠎ᠠ ᠶᠢ ᠨᠡᠶᠢᠲᠡᠯᠡᠬᠦ ᠠᠴᠠ ᠡᠮᠦᠨ᠎ᠡ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ | ᠠᠪᠴᠤ ᠬᠡᠷᠡᠭᠯᠡᠬᠦ ᠠᠷᠭ᠎ᠠ ᠶᠢ ᠨᠢᠭᠡᠨᠲᠡ ᠲᠣᠭᠲᠠᠭᠠᠨ ᠪᠠᠭᠤᠯᠭᠠᠭᠰᠠᠨ ᠪᠥᠭᠡᠳ ᠭᠠᠷᠭᠠᠨ ᠠᠪᠬᠤ ᠪᠠᠷᠢᠮᠵᠢᠶ᠎ᠠ ᠨᠢ ᠲᠣᠰ | ᠠᠷᠭ᠎ᠠ ᠳᠤ ᠲᠣᠭᠲᠠᠭᠠᠭᠰᠠᠨ ᠪᠠᠷᠢᠮᠵᠢᠶ᠎ᠠ ᠠᠴᠠ ᠳᠣᠤᠷ᠎ᠠ ᠪᠠᠶᠢᠪᠠᠯ᠂ ᠲᠣᠰ ᠠᠷᠭ᠎ᠠ ᠶᠢᠨ ᠶᠣᠰᠣᠭᠠᠷ ᠲᠣᠬᠢᠷᠠᠭᠤᠯᠤᠯᠲᠠ | ᠭᠦᠢᠴᠡᠳᠬᠡᠬᠦ ᠬᠡᠷᠡᠭᠲᠡᠶ᠃ | ᠲᠠᠪᠢᠳᠤᠭᠠᠷ ᠵᠦᠢᠯ ᠡᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠰᠠᠷ᠎ᠠ ᠶᠢᠨ | ᠡᠬᠢᠨ ᠤ ᠦᠯᠡᠳᠡᠪᠦᠷᠢ ᠨᠢ ᠲᠦᠷᠦᠭᠦᠦ ᠨᠢᠭᠡ ᠵᠢᠯ ᠤᠨ ᠪᠤᠳᠤᠵᠤ ᠠᠪᠬᠤ ᠶᠣᠰᠣᠲᠠᠢ ᠵᠣᠭᠤᠰ ᠤᠨ ᠲᠤᠭ᠎ᠠ ᠶᠢᠨ | ᠭᠤᠷᠪᠠᠨ ᠲᠠᠬᠢᠨ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ ᠲᠤᠰ ᠰᠠᠷ᠎ᠠ ᠠᠴᠠ ᠡᠬᠢᠯᠡᠨ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠵᠤ ᠠᠪᠬᠤ ᠶᠢ ᠲᠦᠷ ᠵᠣᠭᠰᠣᠭᠠᠵᠤ᠂ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠦᠯᠡᠳᠡᠪᠦᠷᠢ ᠨᠢ ᠲᠦᠷᠦᠭᠦᠦ ᠨᠢᠭᠡ ᠵᠢᠯ ᠤᠨ | ᠪᠤᠳᠤᠵᠤ ᠠᠪᠬᠤ ᠶᠣᠰᠣᠲᠠᠢ ᠵᠣᠭᠤᠰ ᠤᠨ ᠲᠤᠭ᠎ᠠ ᠶᠢᠨ ᠭᠤᠷᠪᠠᠨ ᠲᠠᠬᠢᠨ ᠠᠴᠠ ᠳᠣᠣᠷ᠎ᠠ ᠪᠣᠯᠤᠭᠰᠠᠨ ᠦᠶ᠎ᠡ ᠳᠤ | ᠭᠠᠷᠭᠠᠵᠤ ᠠᠪᠬᠤ ᠶᠢ ᠰᠡᠷᠭᠦᠭᠡᠨ᠎ᠡ᠃ | ᠲᠠᠪᠢᠨ ᠨᠢᠭᠡᠳᠦᠭᠡᠷ ᠵᠦᠢᠯ ᠠᠵᠤ ᠠᠬᠤᠶᠢᠯᠠᠯ ᠤᠨ ᠲᠤᠬᠠᠶ ᠶᠢᠨ ᠵᠢᠯ ᠤᠨ ᠪᠣᠳᠠᠲᠠᠶ ᠬᠡᠷᠡᠭᠯᠡᠭᠰᠡᠨ ᠠᠶᠦᠯᠭᠦᠢ | ᠦᠢᠯᠡᠳᠪᠦᠷᠢᠯᠡᠯ ᠤᠨ ᠵᠠᠷᠤᠳᠠᠯ ᠨᠢ ᠣᠨ ᠤ ᠪᠣᠳᠣᠬᠤ ᠶᠣᠰᠣᠲᠠᠶ ᠵᠣᠭᠤᠰ ᠤᠨ ᠲᠣᠭᠠᠨ ᠤ 60% ᠳᠤ ᠬᠦᠷᠬᠦ ᠦᠭᠡᠶ | ᠪᠠᠶᠢᠪᠠᠯ᠂ ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠨᠡᠶᠢᠲᠡᠯᠡᠬᠦ ᠠᠴᠠ ᠭᠠᠳᠠᠨ᠎ᠠ᠂ ᠪᠠᠰᠠ ᠳᠠᠷᠠᠭ᠎ᠠ ᠵᠢᠯ ᠤᠨ 4 | ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠠᠵᠤ ᠠᠬᠤᠶᠢᠯᠠᠯ ᠤᠨ ᠬᠡᠷᠡᠭ | ᠮᠡᠳᠡᠭᠴᠢᠳ ᠤᠨ ᠵᠥᠪᠯᠡᠯ᠂ ᠬᠤᠪᠢ ᠣᠷᠣᠭᠤᠯᠤᠭᠴᠢᠳ ᠤᠨ ᠵᠥᠪᠯᠡᠯ ᠵᠡᠷᠭᠡ ᠪᠠᠶᠢᠭᠤᠯᠤᠮᠵᠢ ᠶᠢᠨ ᠬᠢᠨᠠᠨ | ᠶᠠᠷᠢᠯᠴᠠᠭᠰᠠᠨ ᠪᠢᠴᠢᠭ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠡᠵᠤ ᠠᠬᠤᠶᠢᠯᠠᠯ ᠬᠤᠶᠠᠷ ᠵᠦᠢᠯ ᠵᠢᠴᠢ ᠬᠤᠶᠠᠷ ᠠᠴᠠ ᠳᠡᠭᠡᠭᠰᠢᠬᠢ | ᠡᠵᠡᠩᠨᠡᠯᠲᠡ ᠶᠢᠨ ᠣᠷᠣᠯᠭ᠎ᠠ ᠪᠠᠷ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠪᠤᠳᠤᠵᠤ ᠠᠪᠬᠤ ᠦᠨᠳᠦᠰᠦᠯᠡᠯ | ᠪᠣᠯᠭᠠᠭᠰᠠᠨ ᠲᠤᠬᠠᠶᠢᠯᠠᠭᠰᠠᠨ ᠠᠵᠢᠯ ᠢ ᠵᠡᠷᠭᠡᠪᠡᠷ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠲᠦᠷᠦᠯ ᠢᠯᠭᠠᠯ ᠢᠶᠠᠷ | ᠨᠢ ᠲᠤᠰ ᠲᠤᠰ ᠲᠤᠨᠢ ᠲᠣᠭᠠᠴᠠᠭ᠎ᠠ ᠬᠢᠵᠦ ᠳᠡᠶᠢᠯᠬᠦ ᠳᠤ ᠬᠦᠷᠪᠡᠯ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ | ᠪᠤᠳᠤᠵᠤ ᠠᠪᠬᠤ ᠪᠠᠷᠢᠮᠵᠢᠶ᠎ᠠ ᠪᠠᠷ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠲᠤᠰ | ᠲᠤᠰ ᠲᠤᠨᠢ ᠭᠠᠷᠭᠠᠵᠤ ᠠᠪᠤᠨ᠎ᠠ︔ ᠲᠣᠰ ᠲᠣᠰ ᠲᠤᠨᠢ ᠲᠣᠭᠠᠴᠠᠭ᠎ᠠ ᠬᠢᠵᠦ ᠳᠡᠶᠢᠯᠬᠦ ᠥᠬᠡᠶ ᠪᠣᠯ᠂ ᠡᠵᠡᠩᠨᠡᠯᠲᠡ ᠶᠢᠨ | ᠣᠷᠣᠯᠭ᠎ᠠ ᠶᠢᠨ ᠡᠵᠡᠯᠡᠬᠦ ᠬᠠᠷᠢᠴᠠᠯ ᠢᠶᠠᠷ ᠬᠠᠮᠤᠭ ᠤᠨ ᠥᠨᠳᠥᠷ ᠲᠤᠬᠠᠶᠢᠯᠠᠭᠰᠠᠨ ᠠᠵᠢᠯ ᠯᠤᠭ᠎ᠠ ᠵᠣᠬᠢᠴᠠᠯᠳᠤᠭᠰᠠᠨ | ᠭᠠᠷᠭᠠᠨ ᠠᠪᠬᠤ ᠪᠠᠷᠢᠮᠵᠢᠶ᠎ᠠ ᠪᠠᠷ ᠡᠯ᠎ᠡ ᠵᠦᠶᠯ ᠤᠨ ᠡᠵᠡᠩᠨᠡᠯᠲᠡ ᠶᠢᠨ ᠣᠷᠣᠯᠭ᠎ᠠ ᠶᠢ ᠨᠡᠶᠢᠯᠡᠭᠦᠯᠦᠨ ᠪᠤᠳᠤᠵᠤ ᠠᠵᠤ | ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠪᠤᠳᠤᠵᠤ ᠠᠪᠤᠨ᠎ᠠ᠃ | ᠲᠠᠪᠢᠨ ᠭᠤᠷᠪᠠᠳᠤᠭᠠᠷ ᠵᠦᠢᠯ ᠠᠵᠤ ᠠᠬᠤᠶᠢᠯᠠᠯ ᠨᠢ ᠳᠠᠭᠠᠭᠠᠨ ᠠᠪᠤᠭᠴᠢ ᠪᠤᠶᠤ ᠳᠠᠭᠠᠭᠠᠨ | ᠲᠡᠭᠡᠭᠡᠪᠦᠷᠢᠯᠡᠭᠴᠢ ᠶᠢᠨ ᠬᠤᠪᠢ ᠪᠠᠷ ᠵᠣᠴᠢᠨ ᠡᠷᠥᠭᠡ ᠳᠤ ᠲᠤᠰ ᠠᠷᠭ᠎ᠠ ᠶᠢᠨ ᠲᠣᠭᠲᠠᠭᠠᠭᠰᠠᠨ ᠬᠡᠪᠴᠢᠶᠡᠨ ᠳᠤ | ᠣᠷᠣᠭᠤᠯᠤᠭᠰᠠᠨ ᠦᠢᠯᠡᠴᠢᠯᠡᠭᠡᠨ ᠢ ᠬᠠᠩᠭᠠᠭᠰᠠᠨ ᠮᠥᠷᠲᠡᠭᠡᠨ ᠭᠠᠳᠠᠨ᠎ᠠ ᠠᠴᠠ ᠬᠤᠳᠠᠯᠳᠤᠨ ᠠᠪᠤᠭᠰᠠᠨ ᠮᠠᠲ᠋ᠧᠷᠢᠶᠠᠯ | ᠪᠣᠯᠤᠨ ᠦᠢᠯᠡᠴᠢᠯᠡᠭᠡᠨ ᠤ ᠥᠪᠡᠷ ᠤᠨ ᠥᠷᠳᠡᠭ ᠨᠢ ᠵᠣᠴᠢᠨ ᠡᠷᠥᠭᠡ ᠶᠢᠨ ᠣᠯᠤᠭᠰᠠᠨ ᠡᠵᠡᠩᠨᠡᠯᠲᠡ ᠶᠢᠨ | ᠣᠷᠣᠯᠭ᠎ᠠ ᠠᠴᠠ ᠪᠠᠨ 85% ᠠᠴᠠ ᠳᠡᠭᠡᠭᠰᠢ ᠥᠨᠳᠥᠷ ᠪᠠᠶᠢᠪᠠᠯ᠂ ᠡᠵᠡᠩᠨᠡᠯᠲᠡ ᠶᠢᠨ ᠣᠷᠣᠯᠭ᠎ᠠ ᠠᠴᠠ ᠪᠠᠨ ᠬᠠᠮᠢᠶ᠎ᠠ | ᠪᠥᠬᠦᠢ ᠭᠠᠳᠠᠨ᠎ᠠ ᠠᠴᠠ ᠬᠤᠳᠠᠯᠳᠤᠨ ᠠᠪᠤᠭᠰᠠᠨ ᠮᠠᠲ᠋ᠧᠷᠢᠶᠠᠯ ᠪᠣᠯᠤᠨ ᠦᠢᠯᠡᠴᠢᠯᠡᠭᠡᠨ ᠤ ᠥᠪᠡᠷ ᠤᠨ ᠥᠷᠳᠡᠭ | ᠤᠨ ᠴᠡᠪᠡᠷ ᠲᠤᠭ᠎ᠠ ᠶᠢ ᠰᠠᠭᠤᠯᠭᠠᠨ ᠠᠪᠴᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ | ᠢ ᠪᠤᠳᠤᠵᠤ ᠠᠪᠬᠤ ᠦᠨᠳᠦᠰᠦᠯᠡᠯ ᠪᠣᠯᠭᠠᠵᠤ ᠪᠣᠯᠤᠨ᠎ᠠ᠃ | ᠲᠠᠪᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠳᠣᠲᠣᠭᠠᠳᠤ ᠳᠤ ᠬᠤᠶᠠᠷ ᠪᠤᠶᠤ ᠬᠤᠶᠠᠷ ᠠᠴᠠ | ᠳᠡᠭᠡᠭᠰᠢ ᠲᠤᠰᠠᠭᠠᠷ ᠲᠣᠭᠠᠴᠠᠭ᠎ᠠ ᠬᠢᠭᠰᠡᠨ ᠬᠠᠤᠯᠢ ᠶᠢᠨ ᠬᠥᠮᠦᠨ ᠪᠤᠰᠤ ᠪᠡᠶᠡᠴᠢ ᠴᠣᠭᠴᠠ ᠪᠠᠶᠢᠵᠤ᠂ ᠭᠤᠣᠯ | ᠴᠣᠭᠴᠠ ᠨᠤᠭᠤᠳ ᠤᠨ ᠬᠤᠭᠤᠷᠣᠨᠳᠣ ᠪᠠᠨ ᠦᠢᠯᠡᠳᠬᠦᠨ ᠪᠠ ᠦᠢᠯᠡᠴᠢᠯᠡᠭᠡᠨ ᠢ ᠦᠢᠯᠡᠳᠪᠦᠷᠢᠯᠡᠬᠦ ᠪᠠ | ᠰᠢᠯᠵᠢᠭᠦᠯᠬᠦ ᠳᠤ ᠲᠤᠰ ᠠᠷᠭ᠎ᠠ ᠶᠢᠨ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ | ᠤᠨ ᠵᠠᠷᠤᠳᠠᠯ ᠢ ᠭᠠᠷᠭᠠᠵᠤ ᠠᠪᠬᠤ ᠴᠢᠬᠤᠯᠠ ᠲᠠᠢ ᠪᠣᠯ ᠡᠯ᠎ᠡ ᠭᠤᠣᠯ ᠴᠣᠭᠴᠠ ᠨᠤᠭᠤᠳ ᠲᠤᠰ ᠭᠤᠣᠯ | ᠴᠣᠭᠴᠠ ᠶᠢᠨ ᠡᠵᠡᠩᠨᠡᠯᠲᠡ ᠶᠢᠨ ᠣᠷᠣᠯᠭ᠎ᠠ ᠠᠴᠠ ᠪᠠᠨ ᠪᠤᠰᠤᠳ ᠭᠤᠣᠯ ᠴᠣᠭᠴᠠ ᠶᠢᠨ ᠦᠢᠯᠡᠳᠬᠦᠨ ᠪᠠ | ᠦᠢᠯᠡᠴᠢᠯᠡᠭᠡᠨ ᠬᠤᠳᠠᠯᠳᠤᠨ ᠠᠪᠤᠭᠰᠠᠨ ᠥᠪᠡᠷ ᠤᠨ ᠥᠷᠳᠡᠭ ︵ᠲᠤᠬᠠᠶᠢᠯᠠᠪᠠᠯ ᠳᠣᠲᠣᠭᠠᠳᠤ ᠶᠢᠨ ᠬᠠᠷᠢᠯᠴᠠᠨ | ᠬᠠᠩᠭᠠᠬᠤ ᠣᠷᠣᠯᠭ᠎ᠠ ᠶᠢ ᠬᠠᠰᠤᠵᠤ ᠭᠠᠷᠭᠠᠨ᠎ᠠ︶ ᠤᠨ ᠴᠡᠪᠡᠷ ᠲᠤᠭ᠎ᠠ ᠶᠢ ᠰᠠᠭᠤᠯᠭᠠᠨ ᠠᠪᠴᠤ᠂ ᠠᠵᠤ ᠠᠬᠤᠶᠢᠯᠠᠯ | ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠪᠤᠳᠤᠵᠤ ᠠᠪᠬᠤ ᠦᠨᠳᠦᠰᠦᠯᠡᠯ ᠪᠣᠯᠭᠠᠵᠤ ᠪᠣᠯᠤᠨ᠎ᠠ᠃ | ᠲᠠᠪᠢᠨ ᠲᠠᠪᠤᠳᠤᠭᠠᠷ ᠵᠦᠢᠯ ᠪᠦ᠋ᠯᠦᠭᠯᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠤᠨ ᠪᠦᠯᠦᠭᠯᠡᠯ ᠤᠨ ᠡᠬᠡ ᠺᠣᠮᠫᠠᠨᠢ ︵ᠨᠢᠭᠡᠳᠦᠭᠡᠷ ᠳᠡᠰ᠂ ᠳᠣᠷᠣᠭᠰᠢ | ᠪᠦᠯᠦᠭᠯᠡᠯ ᠤᠨ ᠶᠡᠷᠦᠩᠬᠡᠢ ᠬᠡᠯᠲᠡᠰ ᠭᠡᠵᠦ ᠲᠣᠪᠴᠢᠯᠠᠨ᠎ᠠ︶ ᠨᠢ ᠪᠦᠬᠦ ᠪᠡᠯᠡᠳᠦ ᠵᠢᠴᠢ ᠬᠤᠪᠢ ᠡᠵᠡᠮᠳᠡᠬᠦ ᠬᠤᠪᠢᠶᠠᠷᠢ | ᠺᠣᠮᠫᠠᠨᠢ ᠶᠢᠨ ᠭᠠᠷᠭᠠᠵᠤ ᠠᠪᠤᠭᠰᠠᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠵᠣᠬᠢᠬᠤ | ᠬᠠᠷᠢᠴᠠᠯ ᠢᠶᠠᠷ ᠲᠥᠪᠯᠡᠷᠡᠭᠦᠯᠦᠨ ᠬᠠᠮᠢᠶᠠᠷᠴᠤ᠂ ᠨᠢᠭᠡᠳᠦᠯᠲᠡᠢ ᠲᠥᠯᠥᠪᠯᠡᠨ ᠬᠡᠷᠡᠭᠯᠡᠵᠦ ᠪᠣᠯᠤᠨ᠎ᠠ᠃ ᠬᠤᠪᠢᠶᠠᠷᠢ | ᠺᠣᠮᠫᠠᠨᠢ ᠶᠢᠨ ᠰᠢᠯᠵᠢᠭᠦᠯᠦᠨ ᠭᠠᠷᠭᠠᠭᠰᠠᠨ ᠪᠠᠯᠠ ᠮᠥᠩᠭᠦ ᠶᠢ ᠠᠵᠤ ᠠᠬᠤᠶᠢᠯᠠᠯ ᠤᠨ ᠠᠶᠤᠯ ᠥᠬᠡᠶ | ᠦᠶᠯᠡᠳᠪᠦᠷᠢᠯᠡᠯ ᠤᠨ ᠵᠠᠷᠤᠳᠠᠯ ᠤᠨ ᠵᠠᠷᠤᠯᠭ᠎ᠠ ᠪᠣᠯᠭᠠᠨ ᠰᠢᠶᠳᠪᠦᠷᠢᠯᠡᠵᠦ᠂ ᠪᠦᠯᠦᠭᠯᠡᠯ ᠤᠨ ᠶᠡᠷᠦᠩᠬᠡᠶ ᠵᠠᠬᠢᠷᠭ᠎ᠠ ᠨᠢ | ᠪᠠᠯᠠ ᠮᠥᠩᠭᠦ ᠶᠢ ᠭᠥᠯᠢᠶᠡᠨ ᠠᠪᠴᠤ ᠲᠤᠰᠬᠠᠶ ᠵᠦᠶᠯ ᠤᠨ ᠨᠥᠭᠡᠴᠡ ᠶᠢᠨ ᠬᠠᠮᠢᠶᠠᠷᠤᠯᠲᠠ ᠪᠣᠯᠭᠠᠵᠤ᠂ ᠪᠦᠯᠦᠭᠯᠡᠯ ᠤᠨ | ᠶᠡᠷᠦᠩᠬᠡᠶ ᠵᠠᠬᠢᠷᠭ᠎ᠠ ᠶᠢᠨ ᠣᠷᠣᠯᠭ᠎ᠠ ᠳᠤ ᠪᠤᠳᠤᠵᠤ ᠣᠷᠣᠭᠤᠯᠬᠤ ᠥᠬᠡᠶ᠃ | ᠪᠦᠯᠦᠭᠯᠡᠯ ᠤᠨ ᠶᠡᠷᠦᠩᠬᠡᠶ ᠬᠡᠯᠲᠡᠰ ᠠᠴᠠ ᠨᠢᠭᠡᠳᠦᠯᠲᠡᠶ ᠲᠥᠯᠥᠪᠯᠡᠭᠰᠡᠨ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠤᠨ ᠵᠠᠷᠤᠳᠠᠯ ᠢ ᠲᠤᠰ ᠠᠷᠭ᠎ᠠ ᠳᠤ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ | ᠵᠠᠰᠠᠪᠤᠷᠢ ᠣᠷᠣᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠬᠡᠷᠡᠭᠯᠡᠬᠦ ᠬᠡᠷᠡᠭᠲᠡᠶ᠃ ᠠᠶᠤᠯᠭᠦᠶ | ᠦᠢᠯᠡᠳᠪᠦᠷᠢᠯᠡᠯ ᠤᠨ ᠪᠠᠶᠢᠴᠠᠭᠠᠯᠲᠠ᠂ ᠯᠠᠪᠯᠠᠯᠭ᠎ᠠ ᠥᠭᠬᠦ ᠪᠠ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ᠂ | ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ᠂ ᠠᠶᠤᠯᠭᠦᠶ ᠦᠢᠯᠡᠳᠪᠦᠷᠢᠯᠡᠯ | ᠳᠤ ᠲᠤᠬᠢᠷᠠᠬᠤ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ᠂ ᠰᠢᠨ᠎ᠡ ᠤᠷᠠᠨ ᠮᠡᠷᠭᠡᠰᠢᠯ᠂ ᠰᠢᠨ᠎ᠡ ᠲᠤᠨᠤᠭ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠠᠶᠤᠯᠭᠦᠶ ᠦᠢᠯᠡᠳᠪᠦᠷᠢᠯᠡᠯ ᠳᠤ ᠰᠢᠭᠤᠳ ᠬᠤᠯᠪᠣᠭᠳᠠᠬᠤ | ᠵᠠᠷᠤᠯᠭ᠎ᠠ᠃ | ᠲᠠᠪᠢᠨ ᠵᠢᠷᠭᠤᠳᠤᠭᠠᠷ ᠵᠦᠢᠯ ᠲᠤᠰ ᠠᠷᠭ᠎ᠠ ᠳᠤ ᠲᠣᠭᠲᠠᠭᠠᠭᠰᠠᠨ ᠬᠡᠷᠡᠭᠯᠡᠬᠦ ᠬᠡᠪᠴᠢᠶᠡᠨ ᠳᠣᠲᠣᠷ᠎ᠠ᠂ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠬᠠᠤᠯᠢ ᠪᠠᠷ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠪᠠᠷᠢᠮᠵᠢᠶ᠎ᠠ ᠳᠤ ᠬᠥᠷᠥᠭᠰᠡᠨ ᠳᠤ ᠬᠡᠷᠡᠭᠰᠡᠬᠦ ᠵᠠᠷᠤᠯᠭ᠎ᠠ ᠪᠣᠯᠤᠨ ᠡᠯ᠎ᠡ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠥᠷᠨᠢᠭᠦᠯᠦᠭᠰᠡᠨ ᠠᠶᠤᠯᠭᠦᠶ | ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠵᠠᠷᠤᠯᠭ᠎ᠠ ᠳᠤ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ | ᠲᠠᠪᠢᠨ ᠳᠣᠯᠣᠳᠤᠭᠠᠷ ᠵᠦᠢᠯ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠨᠡᠭᠦᠷᠡᠰᠦᠨ | ᠠᠭᠤᠷᠬᠠᠶ ᠶᠢᠨ ᠪᠤᠰᠤ ᠠᠭᠤᠷᠬᠠᠶ ᠶᠢᠨ ᠠᠵᠤ ᠠᠬᠤᠶᠢᠯᠠᠯ ᠨᠢ ᠡᠩ ᠤᠨ ᠨᠥᠬᠦᠨ ᠦᠢᠯᠡᠳᠪᠦᠷᠢᠯᠡᠯ ᠢ ᠬᠡᠪ ᠢᠶᠠᠷ | ᠪᠠᠶᠢᠯᠭᠠᠬᠤ ᠵᠠᠷᠤᠳᠠᠯ ᠢ ᠨᠢᠭᠡᠨᠲᠡ ᠭᠠᠷᠭᠠᠨ ᠠᠪᠤᠭᠰᠠᠨ ᠪᠠᠶᠢᠪᠠᠯ᠂ ᠦᠷᠭᠦᠯᠵᠢᠯᠡᠨ ᠭᠠᠷᠭᠠᠨ ᠠᠪᠬᠤ ᠬᠡᠷᠡᠭᠲᠡᠶ᠂ | ᠭᠡᠬᠦ ᠳᠡᠭᠡᠨ ᠲᠤᠰ ᠠᠷᠭ᠎ᠠ ᠳᠤ ᠲᠣᠭᠲᠠᠭᠠᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ | ᠳᠠᠪᠬᠤᠷᠳᠠᠭᠤᠯᠤᠨ ᠵᠠᠷᠤᠵᠤ ᠪᠣᠯᠬᠤ ᠦᠭᠡᠢ᠃ | ᠲᠠᠪᠢᠨ ᠨᠠᠢᠮᠠᠳᠤᠭᠠᠷ ᠵᠦᠢᠯ ᠠᠵᠤ ᠠᠬᠤᠶᠢᠯᠠᠯ ᠥᠮᠴᠢᠯᠡᠬᠦ ᠡᠷᠬᠡ ᠪᠠᠨ ᠰᠢᠯᠵᠢᠭᠦᠯᠦᠨ ᠥᠭᠬᠦ᠂ ᠺᠣᠮᠫᠠᠨᠢ ᠶᠢᠨ | ᠲᠥᠷᠢᠮ ᠢᠶᠠᠷ ᠥᠭᠡᠷᠡᠴᠢᠯᠡᠨ ᠪᠠᠶᠢᠭᠤᠯᠬᠤ ᠵᠡᠷᠭᠡ ᠠᠴᠠ ᠪᠣᠯᠵᠥ ᠰᠲ᠋ᠣᠺ ᠤᠨ ᠡᠷᠬᠡ ᠶᠢᠨ ᠪᠦᠲᠦᠴᠡ ᠪᠤᠶᠤ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠪᠠᠨ ᠬᠤᠪᠢᠷᠠᠭᠤᠯᠤᠭᠰᠠᠨ ᠪᠠᠶᠢᠪᠠᠯ᠂ ᠲᠡᠭᠦᠨ ᠤ ᠦᠯᠡᠳᠡᠭᠰᠡᠨ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠦᠷᠭᠦᠯᠵᠢᠯᠡᠨ ᠲᠣᠰ ᠠᠷᠭ᠎ᠠ ᠶᠢᠨ ᠶᠣᠰᠣᠭᠠᠷ ᠬᠠᠮᠢᠶᠠᠷᠤᠨ ᠬᠡᠷᠡᠭᠯᠡᠬᠦ | ᠬᠡᠷᠡᠭᠲᠡᠶ᠃ | ᠲᠡᠪᠢ ᠶᠢᠰᠦᠳᠦᠭᠡᠷ ᠵᠦᠢᠯ ᠡᠵᠤ ᠠᠬᠤᠶᠢᠯᠠᠯ ᠲᠤᠬᠠᠶᠢᠯᠠᠭᠰᠠᠨ ᠠᠵᠢᠯ ᠢᠶᠠᠨ ᠲᠣᠬᠢᠷᠠᠭᠤᠯᠤᠭᠰᠠᠨ᠂ | ᠡᠵᠡᠩᠨᠡᠯᠲᠡ ᠪᠠᠨ ᠳᠠᠭᠤᠰᠬᠠᠭᠰᠠᠨ ᠪᠤᠶᠤ ᠬᠠᠤᠯᠢ ᠶᠣᠰᠣᠭᠠᠷ ᠢᠯᠭᠠᠷᠠᠭᠤᠯᠤᠨ ᠪᠤᠳᠦᠬᠰᠡᠠ ᠪᠠᠶᠢᠪᠠᠯ᠂ ᠲᠡᠭᠦᠨ ᠤ | ᠦᠯᠡᠳᠡᠪᠦᠷᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠲᠤᠰ ᠬᠤᠭᠤᠴᠠᠭᠠᠨ ᠤ ᠠᠰᠢᠭ | ᠣᠷᠣᠯᠭ᠎ᠠ ᠪᠤᠶᠤ ᠢᠯᠭᠠᠷᠠᠭᠤᠯᠤᠨ ᠪᠤᠳᠦᠬᠰᠡᠠ ᠠᠰᠢᠭ ᠣᠷᠣᠯᠭ᠎ᠠ ᠳᠤ ᠳ᠋ᠦᠩᠨᠡᠨ ᠰᠢᠯᠵᠢᠭᠦᠯᠬᠦ ᠬᠡᠷᠡᠭᠲᠡᠶ᠃ ᠳᠣᠣᠷ᠎ᠠ | ᠵᠢᠭᠰᠠᠭᠠᠭᠰᠠᠨ ᠪᠠᠶᠢᠳᠠᠯ ᠤᠳ ᠡᠭᠦᠨ ᠳᠤ ᠪᠠᠭᠲᠠᠬᠤ ᠦᠭᠡᠢ᠄ | ︵ᠨᠢᠭᠡ︶ ᠠᠭᠤᠷᠬᠠᠶ ᠶᠢᠨ ᠠᠵᠤ ᠠᠬᠤᠶᠢᠯᠠᠯ ᠦᠢᠯᠡᠳᠪᠦᠷᠢᠯᠡᠯ ᠢᠶᠠᠨ ᠬᠤᠪᠢᠷᠠᠭᠤᠯᠬᠤ᠂ | ᠦᠢᠯᠡᠳᠪᠦᠷᠢᠯᠡᠯ ᠢᠶᠠᠨ ᠵᠣᠭᠰᠣᠭᠠᠬᠤ᠂ ᠠᠵᠢᠯ ᠢᠶᠠᠨ ᠵᠣᠭᠰᠣᠭᠠᠬᠤ ᠪᠤᠶᠤ ᠲᠠᠷᠬᠠᠭᠠᠬᠤ ᠳᠤ ᠬᠦᠷᠪᠡᠯ᠂ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠦᠯᠡᠳᠡᠪᠦᠷᠢ ᠪᠠᠨ ᠠᠭᠤᠷᠬᠠᠶ ᠶᠢᠨ ᠨᠦᠭᠡ᠂ | ᠦᠯᠡᠳᠡᠭᠳᠡᠯ ᠬᠦᠳᠡᠷ ᠤᠨ ᠬᠥᠮᠥᠷᠭᠡ ᠪᠠᠨ ᠬᠠᠭᠠᠭᠰᠠᠨ ᠤ ᠲᠠᠷᠠᠭ᠎ᠠ ᠭᠠᠷᠴᠤ ᠮᠡᠳᠡᠬᠦ ᠬᠤᠣᠷ ᠬᠥᠨᠥᠭᠡᠯ ᠢ ᠵᠠᠰᠠᠬᠤ ᠪᠠ | ᠬᠤᠬᠢᠷᠠᠯ ᠢ ᠲᠦᠯᠦᠬᠦ ᠳᠤ ᠬᠡᠷᠡᠭᠯᠡᠬᠦ ᠬᠡᠷᠡᠭᠲᠡᠶ︔ | ︵ᠬᠤᠶᠠᠷ︶ ᠠᠶᠤᠯᠲᠠᠢ ᠪᠣᠳᠠᠰ ᠢ ᠦᠢᠯᠡᠳᠪᠦᠷᠢᠯᠡᠬᠦ ᠪᠠ ᠬᠠᠳᠠᠭᠠᠯᠠᠬᠤ ᠠᠵᠤ ᠠᠬᠤᠶᠢᠯᠠᠯ | ᠦᠢᠯᠡᠳᠪᠦᠷᠢᠯᠡᠯ ᠢᠶᠠᠨ ᠬᠤᠪᠢᠷᠠᠭᠤᠯᠬᠤ᠂ ᠦᠢᠯᠡᠳᠪᠦᠷᠢᠯᠡᠯ ᠢᠶᠠᠨ ᠵᠣᠭᠰᠣᠭᠠᠬᠤ᠂ ᠠᠵᠢᠯ ᠢᠶᠠᠨ ᠵᠣᠭᠰᠣᠭᠠᠬᠤ ᠪᠤᠶᠤ | ᠲᠠᠷᠬᠠᠭᠠᠬᠤ ᠳᠤ ᠬᠦᠷᠪᠡᠯ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ | ᠦᠯᠡᠳᠡᠪᠦᠷᠢ ᠶᠢ ᠦᠢᠯᠡᠳᠪᠦᠷᠢᠯᠡᠯ ᠢᠶᠠᠨ ᠬᠤᠪᠢᠷᠠᠭᠤᠯᠬᠤ᠂ ᠦᠢᠯᠡᠳᠪᠦᠷᠢᠯᠡᠯ ᠢᠶᠠᠨ ᠵᠣᠭᠰᠣᠭᠠᠬᠤ᠂ ᠠᠵᠢᠯ ᠢᠶᠠᠨ | ᠵᠣᠭᠰᠣᠭᠠᠬᠤ ᠪᠤᠶᠤ ᠲᠠᠷᠬᠠᠭᠠᠬᠤ ᠠᠴᠠ ᠡᠮᠦᠨᠡᠬᠢ ᠠᠶᠤᠯᠲᠠᠢ ᠪᠣᠳᠠᠰ ᠢ ᠦᠢᠯᠡᠳᠪᠦᠷᠢᠯᠡᠬᠦ ᠪᠤᠶᠤ ᠬᠠᠳᠠᠭᠠᠯᠠᠬᠤ | ᠲᠥᠬᠦᠭᠡᠷᠦᠮᠵᠢ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠦᠢᠯᠡᠳᠬᠦᠨ ᠵᠢᠴᠢ ᠦᠢᠯᠡᠳᠪᠦᠷᠢᠯᠡᠯ ᠤᠨ ᠲᠦᠭᠦᠬᠡᠢ | ᠮᠠᠲ᠋ᠧᠷᠢᠶᠠᠯ ᠢ ᠰᠢᠢᠳᠪᠦᠷᠢᠯᠡᠬᠦ ᠵᠠᠷᠤᠯᠭ᠎ᠠ ᠳᠤ ᠬᠡᠷᠡᠭᠯᠡᠬᠦ ᠬᠡᠷᠡᠭᠲᠡᠢ᠃ | ︵ᠨᠢᠭᠡ︶ ᠪᠠ ︵ᠬᠤᠶᠠᠷ︶ ᠳ᠋ᠤᠭᠠᠷ ᠵᠤᠷᠪᠤᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠵᠠᠷᠤᠳᠠᠯ ᠤᠨ ᠦᠯᠡᠳᠡᠪᠦᠷᠢ ᠳᠤ ᠦᠷᠭᠦᠯᠵᠢᠯᠡᠨ ᠣᠷᠣᠰᠢᠵᠤ ᠪᠠᠶᠢᠭ᠎ᠠ ᠠᠵᠤ ᠠᠬᠤᠶᠢᠯᠠᠯ ᠲᠠᠢ ᠪᠠᠶᠢᠪᠠᠯ᠂ ᠦᠷᠭᠦᠯᠵᠢᠯᠡᠨ | ᠣᠷᠣᠰᠢᠵᠤ ᠪᠠᠶᠢᠭ᠎ᠠ ᠠᠵᠤ ᠠᠬᠤᠶᠢᠯᠠᠯ ᠠᠴᠠ ᠬᠠᠮᠢᠶᠠᠷᠤᠨ᠎ᠠ︔ ᠣᠷᠣᠰᠢᠨ ᠦᠷᠭᠦᠯᠵᠢᠯᠡᠬᠦ ᠠᠵᠤ ᠠᠬᠤᠶᠢᠯᠠᠯ ᠪᠠᠶᠢᠬᠤ | ᠦᠭᠡᠢ ᠪᠣᠯ᠂ ᠢᠯᠭᠠᠷᠠᠭᠤᠯᠤᠨ ᠪᠤᠳᠤᠬᠤ ᠠᠴᠠ ᠡᠮᠦᠨ᠎ᠡ ᠪᠦᠬᠦ ᠬᠤᠪᠢ ᠣᠷᠣᠭᠤᠯᠤᠭᠴᠢ ᠬᠠᠮᠲᠤ ᠪᠠᠷ ᠬᠠᠮᠢᠶᠠᠷᠬᠤ | ᠪᠤᠶᠤ ᠭᠤᠷᠪᠠᠳᠠᠬᠢ ᠡᠲᠡᠭᠡᠳ ᠲᠤ ᠨᠠᠶᠢᠳᠠᠵᠤ ᠬᠠᠮᠢᠶᠠᠷᠤᠭᠤᠯᠤᠨ᠎ᠠ᠃ | ᠵᠢᠷᠠᠳᠤᠭᠠᠷ ᠵᠦᠢᠯ ᠡᠵᠤ ᠠᠬᠤᠶᠢᠯᠠᠯ ᠤᠨ ᠭᠠᠷᠭᠠᠨ ᠠᠪᠤᠭᠰᠠᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ | ᠨᠢ ᠠᠵᠤ ᠠᠬᠤᠶᠢᠯᠠᠯ ᠤᠨ ᠥᠪᠡᠷ ᠢᠶᠠᠨ ᠭᠠᠷᠭᠠᠨ ᠠᠪᠴᠤ ᠥᠪᠡᠷ ᠢᠶᠠᠨ ᠬᠡᠷᠡᠭᠯᠡᠬᠦ ᠪᠡᠯᠡ ᠮᠥᠩᠭᠦ ᠳᠤ | ᠬᠠᠷᠢᠶᠠᠯᠠᠭᠳᠠᠨ᠎ᠠ᠂ ᠪᠦᠯᠦᠭᠯᠡᠯ ᠤᠨ ᠶᠡᠷᠦᠩᠬᠡᠢ ᠬᠡᠯᠲᠡᠰ ᠠᠴᠠ ᠲᠣᠭᠲᠠᠭᠠᠯ ᠶᠣᠰᠣᠭᠠᠷ ᠨᠢᠭᠡᠳᠦᠯᠲᠡᠢ ᠲᠥᠯᠥᠪᠯᠡᠨ | ᠬᠡᠷᠡᠭᠯᠡᠬᠦ ᠶᠢ ᠭᠠᠷᠭᠠᠪᠠᠯ᠂ ᠶᠠᠮᠠᠷᠪᠠ ᠨᠢᠭᠡᠴᠢ ᠪᠠ ᠬᠤᠪᠢ ᠬᠥᠮᠦᠨ ᠬᠤᠷᠢᠶᠠᠨ ᠠᠪᠬᠤ᠂ ᠣᠷᠣᠯᠠᠨ ᠬᠠᠮᠢᠶᠠᠷᠬᠤ ᠵᠡᠷᠭᠡ | ᠬᠡᠯᠪᠡᠷᠢ ᠪᠠᠷ ᠲᠡᠭᠦᠨ ᠢ ᠲᠥᠪᠯᠡᠷᠡᠭᠦᠯᠦᠨ ᠬᠠᠮᠢᠶᠠᠷᠴᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠵᠢᠷᠠᠨ ᠨᠢᠭᠡᠳᠦᠭᠡᠷ ᠵᠦᠢᠯ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠢ | ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ᠂ | ᠬᠡᠷᠡᠭᠯᠡᠬᠦ ᠪᠠ ᠬᠠᠮᠢᠶᠠᠷᠬᠤ ᠠᠵᠢᠯ ᠢ ᠬᠠᠤᠯᠢ ᠶᠣᠰᠣᠭᠠᠷ ᠬᠢᠨᠠᠵᠤ ᠪᠠᠶᠢᠴᠠᠭᠠᠨ᠎ᠠ᠃ | ᠵᠢᠷᠠᠨ ᠬᠤᠶᠠᠳᠤᠭᠠᠷ ᠵᠦᠢᠯ ᠠᠵᠤ ᠠᠬᠤᠶᠢᠯᠠᠯ ᠲᠤᠰ ᠠᠷᠭ᠎ᠠ ᠶᠢᠨ ᠶᠣᠰᠣᠭᠠᠷ ᠠᠶᠦᠯᠭᠦᠢ | ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠭᠰᠡᠨ ᠦᠭᠡᠶ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ | ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ | ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠯᠠᠷᠠᠭᠤᠯᠤᠭᠤᠯᠬᠤ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ | ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ | ᠬᠠᠤᠯᠢ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠶᠳᠪᠦᠷᠢᠯᠡᠵᠦ᠂ | ᠰᠢᠳᠬᠡᠨ᠎ᠡ᠃ ᠥᠢᠯᠡ ᠪᠠᠶᠢᠳᠠᠯ ᠨᠢ ᠬᠦᠨᠳᠦ ᠨᠣᠴᠢᠲᠠᠶ᠂ ᠰᠢᠨᠵᠢ ᠴᠢᠨᠠᠷ ᠨᠢ ᠬᠠᠷ᠎ᠠ ᠬᠤᠣᠷᠲᠠᠢ ᠪᠠᠶᠢᠪᠠᠯ᠂ | ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃ | ᠵᠢᠷᠠᠨ ᠭᠤᠷᠪᠠᠳᠤᠭᠠᠷ ᠵᠦᠢᠯ ᠪᠦᠳᠦᠭᠡᠠ ᠪᠠᠶᠢᠭᠤᠯᠬᠤ ᠨᠢᠭᠡᠴᠢ ᠨᠢ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠪᠠᠷᠢᠯᠭ᠎ᠠ ᠪᠠᠷᠢᠬᠤ ᠨᠢᠭᠡᠴᠢ ᠳᠤ | ᠥᠭᠭᠦᠭᠰᠡᠨ ᠦᠭᠡᠢ᠂ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ | ᠨᠢᠭᠡᠴᠢ ᠨᠢ ᠬᠤᠪᠢᠶᠠᠨ ᠳᠠᠭᠠᠭᠠᠴᠢᠯᠠᠭᠰᠠᠨ ᠨᠢᠭᠡᠴᠢ ᠳᠤ ᠴᠢᠬᠤᠯᠠ ᠪᠦᠬᠦᠢ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠥᠭᠭᠦᠭᠰᠡᠨ ᠦᠭᠡᠢ ᠵᠢᠴᠢ ᠳᠠᠭᠠᠭᠠᠴᠢᠯᠠᠭᠰᠠᠨ ᠨᠢᠭᠡᠴᠢ ᠨᠢ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠨᠡᠭᠦᠯᠭᠡᠨ ᠬᠡᠷᠡᠭᠯᠡᠭᠰᠡᠨ ᠪᠠᠶᠢᠪᠠᠯ ᠪᠥᠲᠥᠭᠡᠨ ᠪᠠᠶᠢᠭᠤᠯᠤᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠤᠰᠤᠨ ᠠᠰᠢᠭᠯᠠᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠠᠴᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠤᠯᠢ ᠶᠣᠰᠣᠭᠠᠷ ᠰᠢᠶᠳᠪᠦᠷᠢᠯᠡᠵᠦ᠂ ᠰᠢᠳᠬᠡᠨ | ᠲᠣᠷᠭᠠᠨ᠎ᠠ᠃ | ᠵᠢᠷᠠᠨ ᠳᠥᠷᠪᠡᠳᠦᠭᠡᠷ ᠵᠦᠢᠯ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠠᠶᠤᠯᠭᠦᠶ ᠦᠢᠯᠡᠳᠪᠦᠷᠢᠯᠡᠯ ᠢ | ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ | ᠰᠠᠯᠠᠭ᠎ᠠ ᠮᠥᠴᠢᠷ ᠵᠢᠴᠢ ᠲᠡᠭᠦᠨ ᠤ ᠠᠵᠢᠯᠳᠡᠠ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ | ᠵᠠᠷᠤᠳᠠᠯ ᠤᠨ ᠬᠢᠨᠠᠯᠲᠠ ᠬᠠᠮᠢᠶᠠᠷᠤᠯᠲᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ | ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠬᠠᠤᠯᠢ | ᠰᠠᠬᠢᠯᠭ᠎ᠠ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠢᠨᠠᠨ ᠪᠠᠶᠢᠴᠠᠭᠠᠬᠤ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠵᠣᠬᠢᠬᠤ | ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡᠳᠦᠭᠡᠷ ᠪᠦᠯᠦᠭ ᠳ᠋ᠠᠭᠠᠯᠳᠤᠭᠤᠯᠤᠭᠰᠠᠨ ᠲᠦᠷᠢᠮ | ᠵᠢᠷᠠᠨ ᠲᠠᠪᠤᠳᠤᠭᠠᠷ ᠵᠦᠢᠯ ᠡᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠨᠢᠭᠲᠠᠯᠠᠨ | ᠪᠤᠳᠦᠬᠤ ᠳᠠᠭᠠᠨ ᠤᠯᠤᠰ ᠤᠨ ᠨᠢᠭᠲᠠᠯᠠᠨ ᠪᠤᠳᠦᠬᠤ ᠨᠢᠭᠡᠳᠦᠯᠲᠡᠶ ᠲᠤᠶᠢᠷᠢᠮ ᠤᠨ ᠲᠣᠭᠲᠠᠭᠠᠯ ᠳᠤ ᠨᠡᠶᠢᠴᠡᠭᠦᠯᠦᠭᠰᠡᠨ | ᠪᠠᠶᠢᠬᠤ ᠬᠡᠷᠡᠭᠲᠡᠶ᠃ | ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠡᠳ᠋ ᠤᠨ ᠶᠠᠪᠤᠳᠠᠯ ᠤᠨ | ᠰᠢᠶᠳᠪᠦᠷᠢᠯᠡᠯᠲᠡ ᠨᠢ ᠭᠠᠶᠢᠯᠢ ᠲᠠᠲᠠᠪᠤᠷᠢ ᠶᠢᠨ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠭᠠᠶᠢᠯᠢ | ᠲᠤᠰᠢᠶᠠᠬᠤ ᠳᠠᠭᠠᠨ ᠬᠠᠤᠯᠢ ᠶᠣᠰᠣᠭᠠᠷ ᠲᠤᠬᠢᠷᠠᠭᠤᠯᠤᠯᠳᠠ ᠭᠦᠢᠴᠡᠳᠬᠡᠬᠦ ᠬᠡᠷᠡᠭᠲᠡᠶ᠃ | ᠵᠢᠷᠠᠨ ᠵᠢᠷᠭᠤᠳᠤᠭᠠᠷ ᠵᠦᠢᠯ ᠲᠤᠰ ᠠᠷᠭ᠎ᠠ ᠶᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠬᠡᠪᠴᠢᠶ᠎ᠡ ᠠᠴᠠ | ᠭᠠᠳᠠᠨᠠᠬᠢ ᠠᠵᠤ ᠠᠬᠤᠶᠢᠯᠠᠯ ᠤᠨ ᠪᠦᠷᠢᠳᠦᠭᠦᠯᠬᠦ ᠶᠣᠰᠣᠲᠠᠶ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠳᠤ | ᠬᠥᠷᠬᠦ ᠶᠢᠨ ᠲᠤᠰᠠᠳᠠ ᠬᠡᠷᠡᠭᠰᠡᠬᠦ ᠪᠡᠯᠡ ᠮᠥᠩᠭᠦ ᠶᠢᠨ ᠣᠷᠣᠭᠤᠯᠤᠯᠲᠠ ᠶᠢ ᠥᠪᠡᠷ ᠤᠨ ᠥᠷᠳᠡᠭ ︵ᠵᠠᠷᠤᠳᠠᠯ︶ ᠤᠨ | ᠳᠣᠲᠣᠷ᠎ᠠ ᠠᠴᠠ ᠭᠠᠷᠭᠠᠨ᠎ᠠ᠃ | ᠬᠤᠸᠠᠷ ᠫᠤᠤᠵᠢᠩ ᠬᠠᠳᠠᠭᠠᠯᠠᠬᠤ ᠬᠥᠮᠥᠷᠭᠡ ᠶᠢ ᠥᠪᠡᠰᠦᠪᠡᠨ ᠡᠵᠡᠩᠨᠡᠵᠦ ᠪᠠᠶᠢᠭ᠎ᠠ ᠬᠤᠸᠠᠷ ᠫᠤᠤᠵᠢᠩ | ᠪᠣᠷᠣᠯᠠᠭᠤᠯᠬᠤ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠠᠳᠠᠭᠠᠯᠠᠬᠤ ᠬᠥᠮᠥᠷᠭᠡ ᠶᠢ | ᠥᠪᠡᠰᠦᠪᠡᠨ ᠡᠵᠡᠩᠨᠡᠵᠦ ᠪᠠᠶᠢᠭ᠎ᠠ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠪᠣᠷᠣᠯᠠᠭᠤᠯᠬᠤ ᠠᠵᠤ | ᠠᠬᠤᠶᠢᠯᠠᠯ ᠢ ᠬᠤᠸᠠᠷ ᠫᠤᠤᠵᠢᠩ ᠦᠢᠯᠡᠳᠪᠦᠷᠢᠯᠡᠬᠦ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ | ᠪᠣᠳᠠᠰ ᠢ ᠦᠢᠯᠡᠳᠪᠦᠷᠢᠯᠡᠬᠦ ᠠᠵᠤ ᠠᠬᠤᠶᠢᠯᠠᠯ ᠢᠶᠠᠷ ᠲᠤᠰ ᠲᠤᠰ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠵᠤ ᠠᠬᠤᠶᠢᠯᠠᠯᠴᠢᠯᠠᠬᠰᠠᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠡ | ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠵᠢᠷᠠᠨ ᠳᠣᠯᠣᠳᠤᠭᠠᠷ ᠵᠦᠢᠯ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ | ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠣᠨᠴᠠ ᠲᠣᠭᠲᠠᠭᠠᠭᠰᠠᠨ ᠠᠵᠢᠯ ᠲᠦᠷᠦᠯ ᠤᠨ ᠪᠣᠳᠠᠲᠠᠶ ᠠᠷᠭ᠎ᠠ ᠶᠢ ᠲᠣᠭᠲᠠᠭᠠᠵᠤ᠂ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ | ᠬᠡᠷᠡᠭᠵᠢᠭᠦᠯᠵᠦ ᠪᠣᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠲᠤᠰ ᠭᠠᠵᠠᠷ ᠣᠷᠣᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠴᠤ | ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠵᠢᠷᠠᠨ ᠨᠠᠢᠮᠠᠳᠤᠭᠠᠷ ᠵᠦᠶᠯ ᠲᠣᠰ ᠠᠷᠭ᠎ᠠ ᠶᠢ ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ | ᠶᠠᠮᠤᠨ ᠠᠴᠠ ᠬᠠᠷᠢᠭᠤᠴᠠᠨ ᠲᠠᠶᠢᠯᠪᠤᠷᠢᠯᠠᠨ᠎ᠠ᠃ | ᠵᠢᠷᠠ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ ᠪᠠ | ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠵᠤᠷᠭᠠᠨ ﹇2012﹈ 16 ᠳ᠋ᠤᠭᠠᠷ ᠲᠣᠭᠠᠲᠤ︶ ᠶᠢ ᠳᠠᠭᠠᠤ ᠳᠤᠨᠢ ᠬᠦᠴᠦᠨ ᠥᠬᠡᠶ ᠪᠣᠯᠭᠠᠨ᠎ᠠ | ᠃ | | | | | ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ | ᠳᠠᠮᠵᠢᠭᠤᠯᠤᠨ ᠨᠡᠶᠢᠲᠡᠯᠡᠭᠰᠡᠨ ︽ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ | ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ | | | | | | | | | | | | | | | | | |