ᠰᠢ ᠶᠢᠨ ᠫᠢᠩ ᠬᠤᠯᠠᠨᠳ᠋ ᠤᠨ ᠲᠡᠷᠢᠭᠦᠨ ᠰᠠᠶᠢᠳ ᠷᠦᠲ᠋ᠧ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2024/3/31
                     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27᠎ ᠤ ᠴᠠᠭᠢᠯᠭᠠᠨ ᠮᠡᠳᠡᠭᠡ 3 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠵᠢᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠬᠤᠯᠠᠨᠳ᠋ ᠤᠨ ᠲᠡᠷᠢᠭᠦᠨ ᠰᠠᠶᠢᠳ ᠷᠦᠲ᠋ᠧ ᠲᠠᠢ ᠠᠭᠤᠯᠵᠠᠪᠠ᠃            ᠰᠢ ᠶᠢᠨ ᠫᠢᠩ᠂ ᠣᠶᠢᠷ᠎ᠠ ᠶᠢᠨ ᠵᠢᠯ ᠠᠴᠠ᠂ ᠳᠤᠮᠳᠠᠳᠤ ᠬᠤᠯᠠᠨᠳ᠋ ᠤᠨ ᠬᠠᠷᠢᠯᠴᠠᠭ᠎ᠠ ᠲᠣᠭᠲᠠᠭᠤᠨ ᠢᠶᠠᠷ ᠲᠦᠷᠭᠡᠨ ᠬᠥᠭᠵᠢᠵᠦ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠬᠤᠯᠠᠨᠳ᠋ ᠨᠢᠭᠡᠨᠲᠡ ᠨᠡᠷ᠎ᠡ ᠨᠢᠳᠡᠷ ᠲᠡᠭᠡᠨ ᠨᠡᠶᠢᠴᠡᠭᠰᠡᠨ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ︽ᠡᠭᠦᠳᠡ ᠡᠷᠦᠭᠡ︾ ᠪᠣᠯᠵᠠᠢ ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠬᠢᠨ ᠲᠠᠢ ᠡᠯ᠎ᠡ ᠳᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠣᠯᠣᠯᠴᠠᠭ᠎ᠠ ᠶᠠᠷᠢᠯᠴᠠᠭ᠎ᠠ ᠪᠠᠨ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠵᠤ᠂ ᠳᠤᠮᠳᠠᠳᠤ ᠬᠤᠯᠠᠨᠳ᠋ ᠤᠨ ᠨᠡᠭᠡᠭᠡᠯᠲᠡ ᠬᠢᠵᠦ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠴᠢᠨᠠᠷ ᠰᠠᠶᠢᠲᠠᠢ ᠲᠠᠸᠠᠷ ᠢ ᠣᠷᠣᠭᠤᠯᠬᠤ ᠬᠡᠪᠴᠢᠶ᠎ᠡ ᠪᠠᠨ ᠥᠷᠭᠡᠳᠬᠡᠨ᠎ᠡ᠂ ᠬᠤᠯᠠᠨᠳ᠋ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠪᠠᠰᠠ ᠬᠤᠯᠠᠨᠳ᠋ ᠤᠨ ᠬᠢᠨ ᠤ ᠳᠤᠮᠳᠠᠳᠤ ᠤᠯᠤᠰ ᠤᠨ ᠠᠵᠤ ᠠᠬᠤᠶᠢᠯᠠᠯ ᠳᠤ ᠲᠥᠪ ᠭᠤᠣᠯᠴᠢ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ᠂ ᠤᠰᠤᠨ ᠠᠰᠢᠭᠯᠠᠯᠲᠠ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠬᠤ ᠶᠢᠨ ᠬᠠᠮᠲᠤ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠤᠭᠤᠷᠤᠯᠴᠤᠳ ᠤᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠲᠠᠯᠳᠠ ᠬᠦᠴᠦᠨ ᠢ ᠠᠭᠤᠳᠠᠯᠤᠶ᠎ᠠ᠃ ᠬᠤᠶᠠᠷ ᠲᠠᠯ᠎ᠠ ᠪᠠᠷ ᠢᠶᠠᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠨᠡᠩ ᠤᠯᠠᠨ ᠠᠷᠭ᠎ᠠ ᠬᠡᠮᠵᠢᠶ᠎ᠡ ᠠᠪᠴᠤ᠂ ᠰᠤᠷᠭᠠᠨ ᠬᠥᠮᠦᠵᠢᠯ᠂ ᠰᠣᠶᠣᠯ ᠪᠣᠯᠣᠨ ᠠᠷᠠᠳ ᠤᠨ ᠬᠤᠭᠤᠷᠣᠨᠳᠣᠭᠢ ᠰᠣᠯᠢᠯᠴᠠᠭ᠎ᠠ ᠶᠢ ᠵᠣᠷᠢᠭᠵᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠪᠠᠶᠢᠭᠤᠯᠤᠮᠵᠢ ᠳᠠᠬᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃            ᠰᠢ ᠶᠢᠨ ᠫᠢᠩ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠰᠠᠯᠬᠢᠨ ᠳᠤ ᠤᠴᠠᠷᠠᠬᠤ ᠮᠠᠭᠠᠳ᠂ ᠭᠡᠪᠡᠴᠦ ᠲᠡᠦᠬᠡ ᠶᠢᠨ ᠶᠡᠭᠡ ᠬᠠᠨᠳᠤᠰᠢ ᠬᠤᠪᠢᠷᠠᠬᠤ ᠦᠭᠡᠢ ᠶᠤᠮ᠂ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠎ ᠨᠢ ᠭᠠᠷᠬᠤ ᠵᠠᠮ ᠦᠭᠡᠢ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠴᠤᠷ ᠤᠨ ᠭᠠᠭᠴᠠ ᠰᠣᠩᠭᠤᠯᠲᠠ ᠪᠣᠯᠣᠨ᠎ᠠ᠃ ᠨᠢᠭᠡ ᠨᠢ ᠢᠯᠠᠪᠠᠯ ᠨᠦᠭᠦᠭᠡ ᠨᠢ ᠢᠯᠠᠭᠳᠠᠬᠤ᠂ ᠬᠠᠷ᠎ᠠ ᠪᠢᠰᠢ ᠪᠣᠯ ᠴᠠᠭᠠᠨ ᠪᠠᠶᠢᠬᠤ ᠭᠡᠬᠦ ᠬᠤᠶᠠᠷ ᠡᠰᠢᠲᠦ ᠡᠰᠡᠷᠭᠦᠴᠡᠯᠳᠦᠬᠦ ᠰᠡᠳᠬᠢᠬᠦᠢ ᠠᠯᠢ ᠡᠷᠲᠡ ᠴᠠᠭ ᠠᠴᠠ ᠥᠩᠭᠡᠷᠡᠵᠡᠢ᠂ ᠵᠢᠩᠬᠢᠨᠢ ᠠᠮᠤᠷ ᠲᠦᠪᠰᠢᠨ ᠳᠡᠯᠡᠬᠡᠢ ᠶᠢᠷᠲᠢᠨᠴᠦ ᠪᠣᠯ ᠭᠦᠨ ᠠᠭᠤᠰᠤᠯᠴᠠᠭᠰᠠᠨ᠂ ᠬᠠᠷᠢᠯᠴᠠᠨ ᠲᠦᠰᠢᠯᠴᠡᠭᠰᠡᠨ ᠳᠡᠯᠡᠬᠡᠢ ᠶᠢᠷᠲᠢᠨᠴᠦ ᠪᠠᠶᠢᠬᠤ ᠶᠣᠰᠣᠲᠠᠢ ᠭᠡᠵᠦ ᠳᠤᠮᠳᠠᠳᠤ ᠶᠢᠨ ᠲᠠᠯ᠎ᠠ ᠢᠮᠠᠭᠲᠠ ᠦᠵᠡᠭᠰᠡᠭᠡᠷ ᠢᠷᠡᠪᠡ᠃ ᠵᠣᠷᠢᠭᠤᠳᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠬᠢᠯᠡᠯᠲᠡ ᠪᠣᠰᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠠᠰᠤᠳᠠᠨ ᠰᠠᠯᠭᠠᠬᠤ ᠨᠢ ᠵᠥᠪᠭᠡᠨ ᠬᠠᠭᠠᠴᠠᠭᠤᠯᠬᠤ ᠪᠠ ᠡᠰᠡᠷᠭᠦᠴᠡᠯᠳᠦᠭᠦᠯᠬᠦ ᠳᠤ ᠬᠦᠷᠦᠭᠦᠯᠳᠡᠭ᠃ ᠳᠤᠮᠳᠠᠳᠤ ᠤᠯᠤᠰ ᠤᠨ ᠠᠷᠠᠳ ᠲᠦᠮᠡᠨ ᠪᠠᠰᠠ ᠵᠦᠢ ᠶᠣᠰᠣᠨ ᠤ ᠬᠥᠭᠵᠢᠯᠲᠡ ᠶᠢᠨ ᠡᠷᠬᠡ ᠲᠠᠢ᠂ ᠶᠠᠮᠠᠷᠪᠠ ᠬᠦᠴᠦᠨ ᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠲᠠᠪᠰᠢᠯᠳᠠ ᠶᠢᠨ ᠠᠯᠬᠤᠴᠠ ᠶᠢ ᠬᠤᠷᠢᠭᠯᠠᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠢᠮᠠᠭᠲᠠ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ ᠡᠯ᠎ᠡ ᠲᠠᠯ᠎ᠠ ᠶᠢᠨ ᠬᠢᠨ ᠲᠠᠢ ᠬᠥᠭᠵᠢᠯᠲᠡ ᠶᠢᠨ ᠠᠰᠢᠭ ᠢ ᠬᠠᠮᠲᠤ ᠪᠠᠷ ᠡᠳ᠋ᠯᠡᠨ᠎ᠡ᠃ ᠳᠤᠮᠳᠠᠳᠤ ᠤᠯᠤᠰ ᠤᠨ ᠡᠸᠦ᠋ᠷᠦᠫᠡ ᠲᠢᠪ ᠲᠤ ᠠᠪᠬᠤ ᠲᠦᠷᠦ ᠶᠢᠨ ᠪᠣᠳᠣᠯᠭ᠎ᠠ ᠦᠷᠭᠦᠯᠵᠢᠯᠡᠨ ᠲᠣᠭᠲᠠᠭᠤᠨ ᠪᠠᠶᠢᠵᠤ᠂ ᠡᠸᠦ᠋ᠷᠦᠫᠡ ᠲᠢᠪ ᠢ ᠤᠯᠠᠨ ᠲᠦᠢᠯᠲᠤ ᠳᠡᠯᠡᠬᠡᠢ ᠶᠢᠨ ᠴᠢᠬᠤᠯᠠ ᠨᠢᠭᠡ ᠲᠦᠢᠯ ᠪᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠨ᠎ᠡ᠃ ᠬᠤᠯᠠᠨᠳ᠋ ᠤᠨ ᠬᠢᠨ ᠤ ᠳᠤᠮᠳᠠᠳᠤ ᠡᠸᠦ᠋ᠷᠦᠫᠡ ᠶᠢᠨ ᠣᠶᠢᠯᠠᠭᠠᠯᠴᠠᠭ᠎ᠠ ᠶᠢ ᠠᠬᠢᠭᠤᠯᠬᠤ᠂ ᠪᠦᠲᠦᠭᠡᠯᠴᠢ ᠴᠢᠨᠠᠷᠲᠠᠢ ᠬᠠᠷᠢᠯᠴᠠᠭ᠎ᠠ ᠶᠢ ᠬᠥᠭᠵᠢᠭᠦᠯᠬᠦ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃            ᠷᠦᠲ᠋ᠧ᠂ 2013 ᠣᠨ ᠳᠤ ᠪᠢ ᠲᠡᠷᠢᠭᠦᠨ ᠰᠠᠶᠢᠳ ᠤᠨ ᠬᠤᠪᠢ ᠪᠠᠷ ᠠᠩᠬ᠎ᠠ ᠤᠳᠠᠭ᠎ᠠ ᠳᠤᠮᠳᠠᠳᠤ ᠤᠯᠤᠰ ᠲᠤ ᠠᠶᠢᠯᠴᠢᠯᠠᠵᠤ᠂ ᠢᠯᠠᠩᠭᠤᠶ᠎ᠠ 2014 ᠣᠨ ᠳᠤ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠬᠤᠯᠠᠨᠳ᠋ ᠳᠤᠮᠳᠠᠳᠤ ᠶᠢᠨ ᠨᠡᠭᠡᠭᠡᠯᠲᠡᠲᠡᠢ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠲᠡᠯᠡᠭᠰᠡᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠵᠤ᠂ ᠠᠷᠠᠯᠵᠢᠶᠠᠨ ᠤ ᠬᠡᠮᠵᠢᠶ᠎ᠡ ᠬᠤᠶᠠᠷ ᠲᠠᠭᠢᠨ ᠨᠡᠮᠡᠭᠳᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠯᠤᠲᠤ ᠶᠡᠭᠡ ᠲᠠᠯᠳᠠ ᠬᠦᠴᠦᠨ ᠪᠠ ᠠᠯᠤᠰ ᠢᠷᠡᠭᠡᠳᠦᠢ ᠲᠠᠢ ᠪᠣᠯᠵᠠᠢ᠃ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠎ ᠨᠢ ᠬᠤᠯᠠᠨᠳ᠋ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠰᠣᠩᠭᠤᠯᠲᠠ ᠪᠢᠰᠢ᠂ ᠤᠴᠢᠷ ᠨᠢ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠤᠬᠢᠷᠠᠭᠤᠯᠬᠤ ᠶᠠᠮᠠᠷᠪᠠ ᠠᠵᠢᠯᠯᠠᠭ᠎ᠠ ᠨᠢ ᠪᠦᠷ ᠥᠪᠡᠷ ᠤᠨ ᠪᠡᠶ᠎ᠡ ᠪᠠᠨ ᠬᠤᠬᠢᠷᠠᠭᠤᠯᠬᠤ ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠬᠤᠯᠠᠨᠳ᠋ ᠤᠨ ᠠᠷᠠᠳ ᠢᠷᠭᠡᠨ ᠤ ᠳᠤᠮᠳᠠᠳᠤ ᠤᠯᠤᠰ ᠲᠤ ᠢᠷᠡᠬᠦ ᠳᠤ 15 ᠡᠳᠦᠷ ᠤᠨ ᠸᠢᠰᠠ ᠠᠪᠬᠤ ᠦᠭᠡᠢ ᠬᠠᠷᠠᠭᠠᠯᠵᠠᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠬᠤᠯᠠᠨᠳ᠋ ᠤᠨ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠨᠠᠨᠳᠢᠩᠨᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠠᠵᠤ ᠠᠬᠤᠢ ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠲᠠᠯᠠᠪᠤᠷ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃            ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号