ᠰᠢ ᠶᠢᠨ ᠫᠢᠩ ᠰᠷᠢ ᠯᠠᠨᠺᠠ ᠶᠢᠨ ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/3/31
             3 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ᠃                  
                         ᠰᠢ ᠶᠢᠨ ᠫᠢᠩ᠂ ᠳᠤᠮᠳᠠᠳᠤ ᠰᠷᠢ ᠯᠠᠨᠺᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ ᠤᠯᠤᠰ ᠤᠨ ᠠᠷᠠᠳ ᠲᠦᠮᠡᠨ ᠲᠥᠷᠥᠯᠬᠢ ᠶᠢᠨ ᠳᠣᠲᠣᠨᠣ ᠰᠡᠳᠬᠢᠯᠭᠡ ᠲᠠᠢ ᠶᠤᠮ᠃ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠬᠠᠮᠲᠤ ᠪᠠᠷ ︽ᠲᠤᠰᠠᠭᠠᠷ ᠲᠣᠭᠲᠠᠨᠢᠵᠤ ᠥᠪᠡᠷ ᠢ ᠪᠠᠨ ᠬᠦᠴᠦᠷᠬᠡᠭᠵᠢᠭᠦᠯᠬᠦ᠂ ᠪᠦᠯᠬᠦᠮᠳᠡᠨ ᠬᠠᠪᠰᠤᠷᠤᠯᠴᠠᠬᠤ︾ ᠎ ᠶᠢᠨ ︽ᠲᠤᠲᠤᠷᠭ᠎ᠠ ᠭᠤᠮ ᠤᠨ ᠰᠣᠯᠢᠯᠴᠠᠭᠠᠨ ᠤ ᠵᠥᠪᠳᠡᠯᠴᠡᠭᠡᠷ︾ ᠎ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠰᠷᠢ ᠯᠠᠨᠺᠠ ᠶᠢᠨ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠬᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ᠃              ᠰᠢ ᠶᠢᠨ ᠫᠢᠩ᠂ ᠳᠤᠮᠳᠠᠳᠤ ᠤᠯᠤᠰ ᠤᠨ  ᠬᠢᠨ ᠰᠷᠢ ᠯᠠᠨᠺᠠ ᠶᠢᠨ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ᠂ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ᠂ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ︽ᠨᠢᠭᠡ ᠪᠦᠰᠡ ᠨᠢᠭᠡ ᠵᠠᠮ︾᠂ ᠣᠨᠴᠠᠭᠠᠶᠢᠯᠠᠨ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠬᠤᠶᠠᠷ ᠶᠡᠭᠡ ᠵᠢᠯᠤᠭᠤᠳᠬᠤ ᠲᠦᠷᠦᠯ ᠵᠦᠢᠯ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠠᠷᠠᠭᠠᠨ ᠤ ᠭᠦᠢᠯᠭᠡᠭᠡ᠂ ᠡᠨᠧᠷᠭᠢ᠂ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠴᠡᠪᠡᠷ ᠡᠨᠧᠷᠭᠢ᠂ ᠰᠣᠶᠣᠯ ᠵᠢᠭᠤᠯᠴᠢᠯᠠᠯ᠂ ᠲᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠣᠨᠴᠠᠯᠢᠭᠲᠤ ᠴᠢᠨᠠᠷ ᠰᠠᠶᠢᠲᠠᠢ ᠦᠢᠯᠡᠳᠬᠦᠨ ᠢ ᠬᠢᠯᠢ ᠪᠠᠷ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠂ ᠰᠷᠢ ᠯᠠᠨᠺᠠ ᠶᠢᠨ  ᠬᠢᠨ ᠡᠷᠬᠡ ᠲᠡᠭᠰᠢ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ  ᠬᠢᠨ ᠲᠠᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠷᠢ ᠯᠠᠨᠺᠠ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠬᠦ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠷᠢ ᠯᠠᠨᠺᠠ ᠶᠢᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃              ᠭᠦᠨᠠᠸᠠᠳᠧᠨᠠ᠂ ᠰᠷᠢ ᠯᠠᠨᠺᠠ ᠳᠤᠮᠳᠠᠳᠤ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ᠃ ᠰᠷᠢ ᠯᠠᠨᠺᠠ ᠶᠢᠨ  ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠤᠬᠳᠦ ᠭᠤᠶᠢᠪᠢᠰᠢ ᠦᠭᠡᠢ ᠵᠢᠷᠤᠮᠯᠠᠵᠤ᠂ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭᠠᠨ ᠤ ᠲᠦᠷᠦ ᠶᠢᠨ ᠪᠣᠳᠣᠯᠭ᠎ᠠ ᠶᠢ ᠤᠬᠳᠦ ᠭᠤᠶᠢᠪᠢᠰᠢ ᠦᠭᠡᠢ ᠬᠡᠷᠡᠭᠵᠢᠭᠦᠯᠵᠦ᠂ ᠳᠤᠮᠳᠠᠳᠤ ᠤᠯᠤᠰ ᠢ ᠢᠮᠠᠭᠲᠠ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠪᠠ᠃ ᠰᠷᠢ ᠯᠠᠨᠺᠠ ᠶᠢᠨ ᠬᠦᠴᠢᠷᠳᠡᠯ ᠲᠠᠢ ᠦᠶ᠎ᠡ ᠳᠤ ᠳᠤᠮᠳᠠᠳᠤ ᠤᠯᠤᠰ ᠢᠮᠠᠭᠲᠠ ᠴᠠᠭ ᠲᠤᠬᠠᠢ ᠳᠤᠨᠢ ᠲᠤᠰᠠᠯᠠᠮᠵᠢ ᠦᠵᠡᠭᠦᠯᠳᠡᠭ ᠢ ᠰᠷᠢ ᠯᠠᠨᠺᠠ ᠶᠢᠨ  ᠬᠢᠨ ᠮᠠᠷᠲᠠᠬᠤ ᠦᠭᠡᠢ ᠶᠤᠮ᠂ ᠰᠷᠢ ᠯᠠᠨᠺᠠ ᠳᠤᠮᠳᠠᠳᠤ ᠤᠯᠤᠰ ᠪᠣᠯ ᠬᠤᠪᠢ ᠵᠠᠶᠠᠭ᠎ᠠ ᠪᠠᠨ ᠬᠠᠮᠲᠤᠳᠬᠠᠭᠰᠠᠨ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠨᠠᠶᠢᠵᠠ ᠮᠥᠨ᠃ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠡᠷᠭᠡ ᠲᠦᠷᠦᠯ ᠵᠦᠢᠯ ᠨᠢ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠢᠯ ᠤᠨ ᠶᠡᠭᠡ ᠪᠠᠷ ᠬᠥᠭᠵᠢᠭᠡᠵᠦ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢ ᠴᠦ ᠬᠦᠴᠦᠲᠡᠢ ᠠᠬᠢᠭᠤᠯᠤᠭᠰᠠᠨ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠢᠳᠡᠪᠬᠢ ᠬᠦᠴᠦᠨ ᠨᠡᠮᠡᠷᠢᠯᠡᠵᠡᠢ ᠂ ᠰᠷᠢ ᠯᠠᠨᠺᠠ ᠶᠢᠨ  ᠬᠢᠨ ᠢᠳᠡᠪᠬᠢᠲᠡᠢ ᠣᠷᠣᠯᠴᠠᠨ ᠳᠡᠮᠵᠢᠨ᠎ᠠ ᠭᠡᠵᠦ ᠢᠯᠡᠳᠬᠡᠪᠡ᠃ ᠰᠷᠢ ᠯᠠᠨᠺᠠ ᠶᠢᠨ  ᠬᠢᠨ ᠳᠤᠷᠠᠲᠠᠶ᠎ᠠ ᠦᠷᠭᠦᠯᠵᠢᠯᠡᠨ ᠳᠤᠮᠳᠠᠳᠤ ᠤᠯᠤᠰ ᠯᠤᠭ᠎ᠠ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ᠂ ᠰᠷᠢ ᠯᠠᠨᠺᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠵᠢᠭᠤᠯᠴᠢᠯᠠᠯ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠤᠯᠠᠨ ᠤᠯᠤᠰ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃              ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号