ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠤ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2024/3/31
                       ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28᠎ ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 28᠎ ᠤ ᠡᠳᠦᠷ ᠪᠡᠭᠡᠵᠢᠩ ᠤᠨ ︽8·1︾ ᠎ ᠤ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃            
                       3 ᠰᠠᠷ᠎ᠠ ᠶᠢᠨ 28᠎ ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ︽8·1︾ ᠎ ᠤ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠪᠠ ᠃ ᠵᠢᠷᠤᠭ ᠪᠣᠯ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃            ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ                        ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠭᠢᠯᠡᠪᠡ᠃            ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ᠄ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠷᠧᠨ ᠬᠤᠸᠠ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠵᠠᠬᠢᠷᠤᠯ ᠰᠢᠶᠣᠣ ᠲᠢᠶᠠᠨ ᠯᠢᠶᠠᠩ ᠪᠣᠯᠣᠨ᠎ᠠ᠃            ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠰᠦᠷ ᠵᠢᠪᠬᠤᠭ᠎ᠠ ᠲᠠᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠪᠡ᠃ ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃            ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃ ᠳᠠᠷᠠᠭ᠎ᠠ ᠨᠢ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠪᠠ᠃            ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃      
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号