︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/3/31
                             ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31᠎ ᠤ ᠴᠠᠬᠢᠯᠭᠠᠨ ᠮᠡᠳᠡᠭᠡ 4 ᠰᠠᠷ᠎ᠠ ᠶᠢᠨ 1᠎ ᠤ ᠡᠳᠦᠷ ᠬᠡᠪᠯᠡᠭᠳᠡᠭᠰᠡᠨ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2023 ᠣᠨ ᠤ 12 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠪᠤᠷᠢ ᠪᠣᠯᠣᠨ᠎ᠠ᠃            ᠵᠣᠬᠢᠶᠠᠯ ᠳᠤ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ᠃ ᠮᠠᠨ ᠤ ᠨᠠᠮ ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠳᠡᠭ᠂ ᠨᠠᠮ ᠤᠨ ᠦᠨᠳᠦᠰᠦ ᠰᠠᠭᠤᠷᠢ ᠨᠢ ᠠᠷᠠᠳ ᠲᠦᠮᠡᠨ ᠤ ᠳᠤᠮᠳᠠ ᠪᠠᠶᠢᠵᠤ᠂ ᠠᠮᠢᠨ ᠰᠤᠳᠠᠰᠤ ᠨᠢ ᠠᠷᠠᠳ ᠲᠦᠮᠡᠨ ᠤ ᠳᠤᠮᠳᠠ ᠪᠠᠶᠢᠵᠤ᠂ ᠬᠦᠴᠦᠨ ᠴᠢᠳᠠᠯ ᠨᠢ ᠠᠷᠠᠳ ᠲᠦᠮᠡᠨ ᠤ ᠳᠤᠮᠳᠠ ᠪᠠᠶᠢᠳᠠᠭ᠃ ᠠᠷᠠᠳ ᠲᠦᠮᠡᠨ ᠪᠣᠯ ᠮᠠᠨ ᠤ ᠨᠠᠮ ᠤᠨ ᠲᠥᠷᠥ ᠪᠠᠷᠢᠬᠤ ᠬᠠᠮᠤᠭ ᠤᠨ ᠶᠡᠭᠡ ᠢᠳᠡ ᠬᠦᠴᠦᠨ ᠮᠥᠨ᠂ ᠮᠠᠨ ᠤ ᠪᠦᠭᠦᠳᠡ ᠨᠠᠶᠢᠷᠠᠮᠳᠠᠬᠤ ᠤᠯᠤᠰ ᠤᠨ ᠪᠠᠲᠤ ᠪᠠᠬᠢ ᠦᠨᠳᠦᠰᠦ ᠰᠠᠭᠤᠷᠢ ᠮᠥᠨ᠂ ᠮᠠᠨ ᠤ ᠨᠠᠮ ᠢᠶᠠᠨ ᠬᠦᠴᠦᠷᠬᠡᠭᠵᠢᠭᠦᠯᠵᠦ ᠤᠯᠤᠰ ᠢᠶᠠᠨ ᠮᠠᠨᠳᠤᠭᠤᠯᠬᠤ ᠶᠢᠨ ᠦᠨᠳᠦᠰᠦ ᠰᠠᠭᠤᠷᠢ ᠮᠥᠨ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠡᠨᠡ ᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ ᠤᠨ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠵᠤ ᠲᠠᠰᠤᠷᠠᠯᠲᠠ ᠦᠭᠡᠢ ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠪᠠ᠃            ᠵᠣᠬᠢᠶᠠᠯ ᠳᠤ᠂ ᠲᠥᠷᠥ ᠭᠥᠷᠥᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠴᠦᠨ ᠮᠥᠨ᠂ ᠲᠥᠷᠥ ᠭᠥᠷᠥᠨ ᠢ ᠪᠠᠶᠢᠭᠤᠯᠵᠤ᠂ ᠲᠥᠷᠥ ᠭᠥᠷᠥᠨ ᠢ ᠰᠠᠬᠢᠬᠤ ᠳᠤ ᠰᠠᠬᠢᠵᠤ ᠪᠠᠶᠢᠭ᠎ᠠ ᠨᠢ ᠳᠠᠷᠤᠢ ᠠᠷᠠᠳ ᠲᠦᠮᠡᠨ ᠤ ᠰᠡᠳᠬᠢᠯ ᠢ ᠰᠠᠬᠢᠵᠤ ᠪᠠᠶᠢᠨ᠎ᠠ᠃ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠥᠷᠥ ᠶᠢᠨ ᠵᠣᠭᠰᠣᠯᠲᠠ ᠮᠥᠨ᠂ ᠮᠠᠷᠺᠰ ᠤᠨ ᠦᠵᠡᠯ ᠤᠨ ᠲᠥᠷᠥ ᠶᠢᠨ ᠨᠠᠮ ᠪᠣᠯᠣᠨ ᠲᠥᠷᠥ ᠶᠢᠨ ᠨᠠᠮ ᠠᠴᠠ ᠢᠯᠭᠠᠭᠳᠠᠬᠤ ᠢᠯᠡᠷᠬᠡᠢ ᠰᠢᠨᠵᠢ ᠲᠡᠮᠳᠡᠭ ᠮᠥᠨ᠃ ᠨᠠᠮ ᠠᠷᠠᠳ ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠨᠠᠮ ᠤᠨ ᠠᠯᠢᠪᠠ ᠠᠵᠢᠯ ᠪᠣᠯ ᠴᠥᠮ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠶᠢᠨ ᠲᠥᠯᠥᠭᠡ ᠶᠤᠮ᠃ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠣᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠨ᠂ ᠠᠷᠠᠳ ᠣᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ᠂ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ  ᠪᠠᠷ ᠲᠤᠭᠤᠯᠤᠨ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠪᠣᠳᠣᠵᠤ ᠪᠠᠶᠢᠭ᠎ᠠ ᠵᠦᠢᠯ ᠢ ᠰᠠᠨᠠᠭᠠᠰᠢᠷᠠᠨ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠵᠣᠬᠢᠶᠠᠯ  ᠳᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠡᠷᠬᠡᠪᠰᠢ ᠪᠥᠬᠦ ᠠᠷᠠᠳ ᠲᠦᠮᠡᠨ ᠬᠠᠮᠲᠤ ᠪᠠᠷ ᠣᠷᠣᠯᠴᠠᠬᠤ᠂ ᠬᠠᠮᠲᠤ ᠪᠠᠷ ᠪᠦᠲᠦᠭᠡᠨ ᠪᠠᠶᠢᠭᠤᠯᠬᠤ᠂ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠪᠥᠬᠦ ᠠᠷᠠᠳ ᠲᠦᠮᠡᠨ ᠤ ᠰᠡᠳᠬᠢᠯ ᠨᠢᠭᠡᠳᠦᠨ ᠬᠠᠮᠲᠤᠷᠠᠯᠴᠠᠬᠤ᠂ ᠶᠡᠭᠡ ᠦᠢᠯᠡᠰ ᠢ ᠬᠠᠮᠲᠤ ᠪᠠᠷ ᠪᠦᠲᠦᠭᠡᠬᠦ ᠳᠤ ᠴᠢᠩᠭ᠎ᠠ ᠲᠦᠰᠢᠭᠯᠡᠬᠦ ᠬᠡᠷᠡᠭᠲᠡᠢ᠃ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠡᠩ ᠣᠯᠠᠨ ᠨᠡᠩ ᠭᠤᠣᠯᠴᠢ ᠪᠠᠷ ᠬᠦᠷᠲᠡᠭᠡᠵᠦ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠭᠠᠬᠤ ᠬᠡᠷᠡᠭᠲᠡᠢ᠃ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢᠯ ᠪᠥᠬᠦᠨ ᠢ ᠭᠦᠢᠴᠡᠳ ᠳᠠᠶᠢᠴᠢᠯᠠᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号