ᠠᠯᠠᠱᠠ ᠵᠡᠭᠦᠨ ᠬᠤᠰᠢᠭᠤᠨ ᠤ ᠵᠠᠰᠠᠭ ᠤᠨ ᠤᠷᠳᠤᠨ ᠠᠴᠠ ᠳᠠᠮᠵᠢᠭᠤᠯᠤᠨ ᠨᠡᠶᠢᠲᠡᠯᠡᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠠᠯᠠᠱᠠ ᠠᠶᠢᠮᠠᠭ ᠤᠨ ᠵᠠᠬᠢᠷᠭ᠎ᠠ ︿ᠠᠯᠠᠱᠠ ᠵᠡᠭᠦᠨ ᠬᠤᠰᠢᠭᠤᠨ ᠤ  ᠴᠢᠨᠠᠷᠯᠢᠭ ᠬᠥᠭᠵᠢᠯᠲᠡ ᠶᠢ ᠳᠡᠮᠵᠢᠬᠦ ᠲᠤᠬᠠᠶ ᠰᠠᠨᠠᠯ ﹀᠎ ᠢ ᠳᠠᠷᠤᠮᠠᠯᠯᠠᠨ ᠲᠠᠷᠬᠠᠭᠠᠪᠠ︾
ᠨᠡᠶᠢᠲᠡᠯᠡᠭᠰᠡᠨ ᠴᠠᠭ᠄
2024/3/7
    ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ︽ᠠᠯᠠᠱᠠ ᠵᠡᠭᠦᠨ ᠬᠤᠰᠢᠭᠤᠨ ᠤ  ᠴᠢᠨᠠᠷᠯᠢᠭ ᠬᠥᠭᠵᠢᠯᠲᠡ ᠶᠢ ᠳᠡᠮᠵᠢᠬᠦ ᠲᠤᠬᠠᠶ ᠰᠠᠨᠠᠯ︾᠎ ᠢ ᠬᠡᠪᠯᠡᠨ ᠲᠠᠷᠬᠠᠭᠠᠪᠠ᠃ ᠪᠦᠬᠦ ᠠᠭᠤᠯᠭ᠎ᠠ ᠨᠢ ᠲᠤᠤᠷᠠᠬᠢ ᠮᠡᠳᠤ᠄ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠲᠤᠬᠠᠶ ᠰᠠᠨᠠᠯ     ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃     ᠨᠢᠭᠡ᠂ ᠶᠡᠷᠦᠩᠬᠡᠢ ᠱᠠᠭᠠᠷᠳᠠᠯᠭ᠎ᠠ     ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ   ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂  ᠴᠢᠨᠠᠷᠯᠢᠭ ᠬᠥᠭᠵᠢᠯᠲᠡ ᠪᠠᠷ ᠭᠤᠤᠯ ᠰᠡᠳᠦᠪ  ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠯᠠᠱᠠ ᠵᠡᠭᠦᠨ ᠬᠤᠰᠢᠭᠤᠨ ᠤ ᠪᠣᠳᠠᠲᠤ ᠬᠦᠴᠦᠨ ᠢᠶᠠᠨ ᠴᠢᠩᠭᠠᠳᠬᠠᠬᠤ᠂ ᠴᠢᠨᠠᠷ ᠢᠶᠠᠨ ᠳᠡᠭᠡᠭᠰᠢᠯᠡᠭᠦᠯᠬᠦ᠂ ᠬᠦᠴᠦᠨ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ ᠠᠶᠢᠮᠠᠭ ᠤᠨ  ᠴᠢᠨᠠᠷᠯᠢᠭ ᠬᠥᠭᠵᠢᠯᠲᠡ ᠶᠢᠨ ᠳᠤᠮᠳᠠ ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠨᠠᠩ ᠰᠠᠶᠢᠨ ᠡᠭᠦᠷᠭᠡᠯᠡᠵᠦ᠂ ᠠᠶᠢᠮᠠᠭ ᠤᠨ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ᠂ ᠠᠶᠢᠮᠠᠭ ᠤᠨ ᠵᠠᠰᠠᠭ ᠤᠨ ᠣᠷᠳᠣᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃       ︵ᠬᠤᠶᠠᠷ︶ ᠬᠠᠷᠠᠯᠲᠠ      ---ᠠᠵᠤ ᠠᠬᠤᠢ ᠶᠢᠨ ᠬᠥᠭᠵᠢᠯᠲᠡ ᠳᠠᠪᠰᠢᠯᠲᠠ ᠲᠠᠢ ᠬᠤᠰᠢᠭᠤ ᠶᠢ ᠪᠠᠶᠢᠭᠤᠯᠤᠨ᠎ᠠ᠃ ︽ᠭᠤᠷᠪᠠᠨ ᠵᠢᠯ ᠲᠣᠭᠲᠠᠭᠠᠵᠤ᠂ ᠵᠢᠯ ᠪᠦᠷᠢ ᠰᠠᠶᠢᠲᠤᠷ ᠬᠢᠬᠦ︾ ᠰᠡᠳᠬᠢᠴᠡ ᠶᠣᠰᠣᠭᠠᠷ᠂ ᠠᠯᠠᠱᠠ ᠵᠡᠭᠦᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠶᠢ  ᠠᠬᠢᠭᠤᠯᠤᠨ᠎ᠠ᠂ 2026᠎ ᠤᠨ ᠪᠣᠯᠬᠤ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 240 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃     --- ᠪᠣᠬᠢᠷᠲᠤᠯ ᠥᠬᠡᠢ ᠡᠨᠧᠷᠭᠢ ᠶᠢ ᠬᠦᠭᠵᠢᠭᠦᠯᠦᠭᠰᠡᠨ ᠬᠤᠰᠢᠭᠤᠴᠢ ᠬᠤᠰᠢᠭᠤ ᠶᠢ ᠪᠦᠲᠦᠭᠡᠨ ᠪᠠᠶᠢᠭᠤᠯᠤᠨ᠎ᠠ ᠃ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠲᠦᠪᠯᠡᠷᠡᠯ ᠢ ᠪᠤᠶᠢᠵᠢᠭᠤᠯᠤᠨ ᠪᠤᠵᠠᠭᠠᠶᠢᠷᠠᠭᠤᠯᠵᠤ᠂  ᠴᠡᠪᠡᠷ  ᠴᠠᠬᠢᠯᠭᠠᠨ ᠤ ᠥᠪᠡᠷ ᠤᠨ ᠥᠷᠲᠡᠭ ᠤᠨ ᠤᠯᠠᠨ ᠬᠠᠷᠠᠭᠠᠯᠵᠠᠯ ᠲᠠᠢ ᠤᠷᠤᠨ ᠪᠠ  ᠴᠡᠪᠡᠷ ᠡᠨᠧᠷᠭᠢ ᠶᠢᠨ ᠠᠵᠤ ᠠᠬᠤᠢ ᠶᠢᠨ ᠥᠨᠳᠦᠷᠯᠢᠭ ᠢ ᠪᠠᠶᠢᠭᠤᠯᠤᠨ᠎ᠠ᠃ 2026᠎ ᠤᠨ ᠪᠣᠯᠬᠤ ᠳᠤ᠂ ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢ  ᠪᠦᠷᠢᠨ ᠪᠠᠶᠢᠭᠤᠯᠤᠨ᠂ ᠪᠠᠶᠢᠭᠤᠯᠵᠤ ᠪᠠᠶᠢᠭ᠎ᠠ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 3000 ᠲᠦᠮᠡᠨ ᠺᠢᠯᠣᠸᠠᠲ ᠲᠤ ᠬᠦᠷᠦᠭᠦᠯᠵᠦ᠂ ᠪᠥᠬᠦ ᠠᠶᠢᠮᠠᠭ ᠤᠨ  ᠴᠢᠨᠠᠷᠯᠢᠭ ᠬᠥᠭᠵᠢᠯᠲᠡ ᠶᠢ ᠬᠥᠲᠥᠯᠦᠨ ᠳᠠᠭᠠᠭᠤᠯᠬᠤ ᠭᠤᠤᠯ ᠨᠡᠮᠡᠭᠳᠡᠯ ᠤᠨ ᠤᠷᠭᠢᠯ ᠪᠣᠯᠭᠠᠬᠤ ᠪᠠᠷ ᠴᠢᠷᠮᠠᠶᠢᠨ᠎ᠠ᠃     --- ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠴᠤᠭᠴᠠᠯᠠᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠠᠮᠢ ᠠᠬᠤᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠢ ᠲᠠᠰᠤᠷᠠᠯᠲᠠ ᠦᠭᠡᠢ  ᠳᠡᠭᠡᠭᠰᠢᠯᠡᠭᠦᠯᠦᠨ᠂ ᠴᠢᠨᠠᠷᠯᠢᠭ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠭᠤᠯᠤᠨ᠎ᠠ᠃     ᠬᠤᠶᠠᠷ᠂ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠤᠨ᠎ᠠ     ︵ᠭᠤᠷᠪᠠ︶ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠪᠦᠲᠦᠭᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠠᠯᠠᠱᠠ ᠵᠡᠭᠦᠨ ᠬᠤᠰᠢᠭᠤᠨ ᠤ ᠡᠩ ᠲᠡᠷᠢᠭᠦᠨ ᠳᠤ ᠪᠠᠶᠢᠷᠢᠯᠠᠭᠤᠯᠬᠤ ᠶᠢ ᠳᠡᠮᠵᠢᠨ᠎ᠡ᠃ ᠨᠠᠶᠢᠳᠠᠪᠤᠷᠢᠵᠢᠭᠤᠯᠤᠭᠰᠠᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠳᠤ᠂ ᠭᠠᠶᠢᠯᠢ ᠲᠠᠲᠠᠪᠤᠷᠢ ᠠᠴᠠ ᠪᠤᠰᠤᠳ ᠡᠯ᠎ᠡ ᠲᠥᠷᠥᠯ ᠤᠨ ᠠᠰᠢᠭ ᠣᠷᠣᠯᠭ᠎ᠠ ᠶᠢ ᠵᠣᠬᠢᠬᠤ ᠬᠠᠷᠢᠴᠠᠯ ᠢᠶᠠᠷ ᠠᠯᠠᠱᠠ ᠵᠡᠭᠦᠨ ᠬᠤᠰᠢᠭᠤᠨ ᠳᠤ ᠬᠤᠪᠢᠶᠠᠷᠢᠯᠠᠨ᠎ᠠ᠃ ᠠᠯᠠᠱᠠ ᠵᠡᠭᠦᠨ ᠬᠤᠰᠢᠭᠤᠨ ᠤ ᠬᠤᠸᠠ ᠳ᠋ᠢᠶᠠᠨ ᠡᠨᠧᠷᠭᠢ ᠶᠢᠨ ᠺᠤᠮᠫᠠᠨᠢ ᠶᠢᠨ ᠳᠡᠭᠷᠢ ᠡᠯᠡᠰᠦᠨ ᠳᠠᠬᠢ ᠰᠠᠭᠤᠷᠢᠨ ᠭᠠᠵᠠᠷ ᠤᠨ ᠲᠥᠷᠥᠯ ᠵᠦᠢᠯ ᠪᠠ ᠪᠣᠬᠢᠷᠲᠤᠯ ᠥᠬᠡᠶ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠢ ᠲᠦᠷᠭᠡᠳᠬᠡᠨ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠲᠠᠢ ᠬᠤᠯᠪᠤᠭᠳᠠᠬᠤ ᠠᠵᠢᠯ ᠢ ᠵᠤᠬᠢᠴᠠᠭᠤᠯᠬᠤ ᠺᠣᠮᠫᠠᠨᠢ ᠵᠣᠬᠢᠶᠠᠨ ᠪᠠᠶᠢᠭᠤᠯᠬᠤ ᠶᠢ ᠳᠡᠮᠵᠢᠵᠦ᠂ ᠬᠠᠮᠲᠤᠷᠠᠨ ᠪᠠᠯᠠ ᠣᠷᠣᠭᠤᠯᠬᠤ᠂ ᠦᠢᠯᠡᠳᠪᠦᠷᠢᠯᠡᠬᠦ ᠡᠯᠧᠮᠧᠨ᠋ᠲ ᠢᠶᠠᠷ ᠬᠤᠪᠢ ᠣᠷᠣᠭᠤᠯᠬᠤ ᠵᠡᠷᠭᠡ ᠠᠷᠭ᠎ᠠ ᠢᠶᠠᠷ ᠳᠠᠮᠵᠢᠭᠤᠯᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠣᠷᠣᠯᠴᠠᠨ᠎ᠠ᠃     ︵ᠲᠦᠷᠪᠡ︶ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠤᠮᠠᠷᠠᠲᠤ ᠣᠷᠣᠨ ᠤ ᠴᠢᠯᠠᠭᠤᠨ ᠲᠣᠰᠣᠨ ᠤ ᠵᠢᠷᠠᠲᠠᠢ ᠴᠢᠯᠠᠭᠤᠨ ᠲᠣᠰᠣᠨ ᠤ ᠠᠭᠤᠷᠬᠠᠶ ᠶᠢᠨ ᠬᠠᠶᠢᠨ ᠰᠢᠨᠵᠢᠯᠡᠵᠦ ᠨᠡᠭᠡᠭᠡᠨ ᠬᠦᠭᠵᠢᠭᠦᠯᠬᠦ ᠦᠢᠯᠡᠳᠪᠦᠷᠢᠯᠡᠵᠤ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠠᠯ ᠴᠢᠯᠠᠭᠤ ᠮᠠᠯᠲᠠᠵᠤ ᠰᠢᠯᠢᠬᠦ ᠵᠢᠴᠢ ᠳᠤᠤᠷᠠᠲᠤ ᠲᠠᠯ᠎ᠠ ᠶᠢᠨ ᠪᠦᠲᠦᠭᠡᠭᠳᠡᠭᠦᠨ ᠢ ᠨᠡᠭᠡᠭᠡᠨ ᠬᠦᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠯᠠᠱᠠ ᠠᠭᠤᠯᠠ ᠶᠢᠨ ᠨᠡᠭᠦᠷᠡᠰᠦᠨ ᠳᠠᠪᠬᠤᠷᠭ᠎ᠠ ᠶᠢᠨ ᠬᠡᠢ᠂ ᠣᠯᠠᠨᠪᠤᠯᠠᠭ ᠣᠷᠣᠨ ᠤ ᠪᠢᠮᠠᠤᠰ ᠬᠡᠶ ᠵᠡᠷᠭᠡ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠨ᠎ᠠ᠃ ᠠᠯᠠᠱᠠ ᠵᠡᠭᠦᠨ ᠬᠤᠰᠢᠭᠤᠨ ᠤ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃     ︵ᠲᠠᠪᠤ︶ ᠣᠨᠴᠠᠯᠢᠭᠲᠤ ᠠᠮᠢ ᠠᠬᠤᠶ ᠶᠢᠨ ᠡᠯᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠠᠯᠠᠱᠠ ᠶᠢᠨ ᠴᠠᠭᠠᠨ ᠭᠤᠶᠣᠣ︾᠂ ︽ᠠᠯᠠᠱᠠ ᠶᠢᠨ ᠤᠯᠠᠭᠠᠨ ᠭᠤᠶᠣᠣ︾᠎ ᠶᠢᠨ ᠭᠠᠵᠠᠷ ᠵᠦᠶ ᠶᠢᠨ ᠪᠡᠯᠭᠡ ᠲᠡᠮᠳᠡᠭ ᠤᠨ ᠦᠢᠯᠡᠳᠦᠯ ᠢ ᠪᠠᠳᠠᠷᠠᠭᠤᠯᠵᠤ᠂ ᠡᠯᠡᠰᠦᠨ ᠴᠦᠯ ᠤᠨ ᠴᠠᠭᠠᠨ ᠭᠤᠶᠣᠣ᠂ ᠤᠯᠠᠭᠠᠨ ᠭᠤᠶᠤᠤ ᠶᠢᠨ ᠲᠠᠷᠢᠯᠭ᠎ᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠤᠨᠴᠠᠯᠢᠬᠳᠤ ᠡᠯᠡᠰᠦᠨ ᠤ ᠠᠵᠤ ᠦᠢᠯᠡᠰ ᠤᠨ ᠬᠡᠪᠴᠢᠶᠡᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠡᠯᠪᠡᠷᠢ ᠶᠢᠨ ᠠᠵᠤ ᠠᠬᠤᠶᠢᠯᠠᠯ ᠤᠨ ᠠᠯᠠᠱᠠ ᠵᠡᠭᠦᠨ ᠬᠤᠰᠢᠭᠤᠨ ᠳᠤ ᠡᠯᠡᠰᠦᠨ ᠤ ᠴᠠᠭᠠᠨ ᠭᠤᠶᠣᠣ ᠰᠤᠳᠤᠯᠬᠤ ᠲᠥᠪ ᠪᠠᠶᠢᠭᠤᠯᠬᠤ ᠶᠢ ᠵᠣᠷᠢᠭᠵᠢᠭᠤᠯᠤᠨ᠎ᠠ᠃ ᠠᠯᠠᠱᠠ ᠶᠢᠨ ᠴᠠᠭᠠᠨ ᠨᠤᠤᠯᠤᠭᠤᠷᠲᠤ ᠢᠮᠠᠭ᠎ᠠ᠂ ᠬᠤᠣᠰ ᠪᠥᠬᠦᠲᠦ ᠲᠡᠮᠡᠭᠡ᠂ ᠠᠯᠠᠱᠠ ᠶᠢᠨ ᠦᠬᠡᠷ ᠵᠡᠷᠭᠡ ᠲᠤᠰ ᠭᠠᠵᠠᠷ ᠤᠨ ᠰᠢᠯᠢᠳᠡᠭ ᠮᠠᠯ ᠤᠨ ᠡᠭᠦᠯᠳᠡᠷ ᠢ ᠬᠠᠮᠠᠭᠠᠯᠠᠨ ᠥᠷᠭᠡᠳᠬᠡᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠡᠯᠡᠰᠦᠨ ᠤ ᠠᠵᠤ ᠦᠢᠯᠡᠰ ᠤᠨ ᠲᠤᠰᠬᠠᠶ ᠮᠡᠷᠭᠡᠵᠢᠯ ᠤᠨ ᠤᠷᠤᠯᠳᠤᠭᠠᠨ ᠢ ᠰᠠᠶᠢᠲᠤᠷ ᠡᠷᠭᠢᠯᠡᠬᠦ ᠶᠢ ᠳᠡᠮᠵᠢᠨ᠎ᠡ᠃     ︵ᠵᠢᠷᠭᠤᠭ᠎ᠠ︶ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠠᠵᠤ ᠦᠢᠯᠡᠰ ᠢ ᠲᠦᠷᠭᠡᠪᠴᠢᠯᠡᠨ ᠬᠦᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠣᠨᠴᠠᠯᠢᠭᠲᠤ ᠬᠤᠲᠠᠬᠠᠨ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠭᠤᠯᠬᠤ ᠶᠢ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠵᠤ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠤᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠢ ᠨᠡᠪᠴᠢᠭᠦᠯᠬᠦ ᠲᠣᠭᠲᠠᠴᠠ ᠶᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠳᠠᠪᠠᠭᠤᠯᠢᠭ ᠲᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ ᠬᠡᠷᠡᠭᠯᠡᠵᠦ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠠᠱᠠ ᠶᠢᠨ ᠬᠦᠰᠡᠯ ᠮᠦᠷᠦᠭᠡᠳᠦᠯ ᠤᠨ ᠡᠯᠡᠰᠦ ᠮᠠᠩᠬᠠᠨ ᠤ ᠴᠡᠴᠡᠷᠯᠢᠭ ᠲᠤ ᠲᠦᠰᠢᠭᠯᠡᠨ ᠠᠯᠠᠱᠠ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠨᠢᠰᠬᠡᠯ ᠤᠨ ᠪᠦᠬᠦᠯᠢ ᠮᠠᠰᠢᠨ ᠦᠢᠯᠡᠳᠬᠦ ᠪᠠ ᠤᠭᠰᠠᠷᠠᠬᠤ ᠠᠵᠤ ᠦᠢᠯᠡᠰ ᠢ ᠭᠤᠤᠯᠳᠠᠯᠭ᠎ᠠ ᠲᠠᠢ  ᠬᠦᠭᠵᠢᠭᠦᠯᠦᠨ᠂  ᠪᠠᠭ᠎ᠠ ᠤᠪᠤᠷ ᠤᠨ ᠵᠢᠯᠣᠭᠤᠴᠢ ᠦᠭᠡᠶ ᠨᠢᠰᠬᠡᠯ ᠤᠨ ᠰᠣᠷᠢᠯᠲᠠ᠂ ᠳᠤᠤᠭᠤᠷ ᠨᠢᠰᠦᠯᠭᠡ ᠶᠢᠨ ᠠᠭᠠᠷ ᠤᠨ ᠵᠢᠭᠤᠯᠴᠢᠯᠠᠯ᠂ ᠠᠭᠠᠷ ᠤᠨ ᠠᠶᠠᠯᠠᠯ ᠤᠨ ᠵᠢᠯᠣᠭᠤᠴᠢ ᠶᠢᠨ ᠦᠨᠡᠮᠯᠡᠯ ᠤᠨ ᠪᠣᠯᠪᠠᠰᠤᠷᠠᠭᠤᠯᠤᠯ ᠵᠡᠷᠭᠡ ᠠᠵᠤ ᠦᠢᠯᠡᠰ ᠢ ᠰᠦᠪᠡᠭᠴᠢᠯᠡᠨ ᠬᠥᠭᠵᠢᠭᠦᠯᠦᠨ᠎ᠡ᠃ ᠠᠯᠠᠱᠠ ᠵᠡᠭᠦᠨ ᠬᠤᠰᠢᠭᠤ ᠠᠴᠠ ᠳᠤᠮᠳᠠᠳᠤ ᠤᠯᠤᠰ · ᠠᠯᠠᠱᠠ ᠶᠢᠨ ᠣᠯᠠᠨ ᠤᠯᠤᠰ ᠤᠨ ᠲᠤᠨᠤᠭ ᠲᠦᠬᠦᠭᠡᠷᠦᠮᠵᠢ ᠶᠢᠨ ᠦᠵᠡᠰᠬᠦᠯᠡᠩ ᠤᠨ ᠬᠤᠷᠠᠯ ᠢ ᠭᠤᠶᠤᠴᠢᠯᠠᠨ ᠡᠷᠬᠢᠯᠡᠬᠦ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠯᠵᠢᠭᠦᠯᠦᠨ ᠥᠭᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠴᠢᠷᠮᠠᠶᠢᠨ ᠤᠯᠬᠤ ᠶᠢ ᠳᠡᠮᠵᠢᠨ᠎ᠡ᠃     ︵ᠳᠤᠯᠤᠭ᠎ᠠ︶ ᠥᠨᠳᠥᠷ ᠲᠦᠪᠰᠢᠨ ᠪᠦᠬᠦᠢ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠥᠯᠵᠡᠶ ᠪᠣᠭᠤᠮᠲᠠ - ᠣᠯᠠᠨᠪᠤᠯᠠᠭ  ᠵᠠᠬ᠎ᠠ ᠳᠠᠭᠠᠤ ᠶᠢᠨ ᠠᠵᠤ ᠦᠢᠯᠡᠰ ᠤᠨ ᠬᠦᠷᠢᠶᠡᠯᠡᠩ᠂ ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠪᠠᠶᠠᠨᠬᠤᠲᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ  ᠦᠢᠯᠡᠳᠬᠦᠤ᠋ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠶᠢ ᠳᠡᠮᠵᠢᠨ᠎ᠡ᠃ ᠥᠯᠵᠡᠶ ᠪᠣᠭᠤᠮᠲᠠ - ᠣᠯᠠᠨᠪᠤᠯᠠᠭ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠬᠢᠯᠢ ᠤᠷᠤᠨ ᠪᠠ ᠳᠤᠲᠤᠷ ᠭᠠᠵᠠᠷ ᠤᠨ ᠬᠠᠮᠲᠤᠷᠠᠯᠴᠠᠭ᠎ᠠ ᠶᠢ ᠠᠬᠢᠭᠤᠯᠤᠨ᠂ ︽ᠨᠢᠭᠡ ᠪᠦᠰᠡ ᠨᠢᠭᠡ ᠵᠠᠮ︾᠎ ᠤᠨ ᠰᠢᠨ᠎ᠡ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠣᠯᠠᠨ ᠤᠯᠤᠰ ᠤᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠢ ᠪᠣᠶ ᠪᠣᠯᠭᠠᠨ᠎ᠠ ᠃ ᠣᠯᠠᠨᠪᠤᠯᠠᠭ ᠠᠵᠤ ᠦᠢᠯᠡᠰ ᠤᠨ ᠬᠦᠷᠢᠶᠡᠯᠡᠩ  ᠨᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ B ᠬᠡᠯᠪᠡᠷᠢ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠨᠡᠭᠦᠷᠡᠰᠦ ᠨᠥᠭᠡᠴᠡᠯᠡᠵᠦ ᠠᠷᠠᠯᠵᠢᠶᠠᠯᠠᠬᠤ ᠪᠠᠷᠠᠭᠠᠨ ᠤ ᠭᠦᠢᠯᠭᠡᠭᠡᠨ ᠤ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠡᠭᠦᠷᠡᠰᠦᠲᠥ᠋ᠷᠥᠭᠴᠢ ᠶᠢᠨ ᠪᠤᠬᠢᠷᠳᠤᠯ ᠦᠭᠡᠢ︾ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠤᠯᠤᠰ ᠤᠨ ᠲᠠᠰ ᠤᠨ ᠤᠳᠤᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠶᠢ ᠳᠡᠮᠵᠢᠨ᠎ᠡ᠃     ᠭᠤᠷᠪᠠ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠬᠥᠭᠵᠢᠭᠦᠯᠦᠨ᠎ᠡ     ︵ᠨᠠᠢᠮᠠ︶ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ︽ᠠᠯᠠᠱᠠ ᠶᠢᠨ ᠡᠯᠡᠰᠦᠨ ᠴᠦᠯ ᠤᠨ ᠪᠠᠶᠠᠰᠤᠯᠲᠤ ᠤᠯᠠᠨ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠤᠷᠤᠨ︾ ᠎ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ A ᠲᠠᠰ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ᠂ ᠣᠶᠤᠨᠴᠢ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠵᠦ᠂ ᠡᠯᠡᠰᠦᠨ ᠴᠦᠯ ᠤᠨ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠵᠡᠷᠭᠡ ᠦᠵᠡᠮᠵᠢ ᠶᠢᠨ ᠣᠷᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢᠨ ᠵᠢᠭᠤᠯᠴᠢᠯᠠᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠵᠦ ᠤᠯᠤᠰ ᠤᠨ ᠳᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠦᠪᠯᠡᠷᠡᠭᠰᠡᠨ ᠲᠣᠭᠤᠷᠢᠭ᠂ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠪᠠᠶᠢᠭᠤᠯᠬᠤ ᠪᠠᠷ ᠭᠤᠶᠤᠴᠢᠯᠠᠬᠤ ᠶᠢ ᠳᠡᠮᠵᠢᠨ᠎ᠡ᠃ ᠪᠠᠶᠠᠨᠬᠤᠲᠠ ᠪᠠᠯᠭᠠᠰᠤ ᠶᠢᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ ᠶᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ︽ᠠᠯᠠᠱᠠ ᠶᠢᠨ ᠪᠡᠯᠡᠭ︾ ᠨᠡᠷᠡᠮᠵᠢᠲᠦ ᠪᠣᠳᠠᠲᠤ ᠴᠣᠭᠴᠠ ᠶᠢᠨ ᠳᠡᠯᠭᠡᠭᠦᠷ ᠤᠨ ᠠᠯᠠᠱᠠ ᠵᠡᠭᠦᠨ ᠬᠤᠰᠢᠭᠤᠨ ᠳᠤ ᠪᠠᠶᠢᠷᠢᠰᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠥᠪᠡᠰᠦᠪᠡᠨ ᠲᠡᠷᠭᠡ ᠵᠢᠯᠦᠭᠤᠳᠤᠨ ᠵᠢᠭᠤᠯᠴᠢᠯᠠᠬᠤ ᠠᠮᠢ ᠠᠬᠤᠶ ᠶᠢᠨ ᠡᠷᠡᠭᠦᠯᠵᠢᠯ ᠰᠤᠪᠢᠯᠠᠯᠲᠠ᠂ ᠨᠠᠭᠤᠷ ᠴᠥᠭᠦᠷᠥᠮ ᠤᠨ ᠰᠡᠯᠡᠭᠦᠴᠡᠯ ᠠᠮᠠᠷᠠᠯᠲᠠ ᠵᠡᠷᠭᠡ ᠪᠠᠷ ᠭᠤᠤᠯ ᠰᠡᠳᠦᠪ ᠪᠣᠯᠭᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠡᠯᠡᠰᠦᠨ ᠴᠦᠯ ᠤᠨ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ᠂ ᠬᠤᠯᠠᠳᠠᠬᠢᠨ ᠢ ᠲᠤᠭᠲᠠᠭᠠᠭᠴᠢ ᠬᠤᠷᠢᠶ᠎ᠠ ᠡᠷᠲᠡᠨ ᠤ ᠬᠤᠲᠠ ᠪᠠ ᠬᠠᠴᠢᠨ ᠴᠢᠯᠠᠭᠤᠨ ᠤ ᠭᠠᠷᠤᠯᠲᠠ ᠶᠢᠨ ᠣᠷᠣᠨ ᠢ ᠬᠤᠯᠪᠣᠭᠠᠯᠠᠨ ᠡᠵᠡᠩᠨᠡᠬᠦ ᠶᠢ ᠠᠬᠢᠭᠤᠯᠵᠤ᠂ ᠬᠠᠰ ᠴᠢᠯᠠᠭᠤ ᠶᠢᠨ ᠪᠠᠶᠢᠴᠠᠭᠠᠨ ᠬᠡᠮᠵᠢᠬᠦ ᠲᠥᠪ᠂ ᠴᠠᠬᠢᠮ ᠬᠤᠳᠠᠯᠳᠤᠭᠠᠨ ᠤ ᠪᠣᠷᠣᠯᠠᠭᠤᠯᠭ᠎ᠠ ᠶᠢᠨ ᠰᠠᠭᠤᠷᠢᠨ ᠭᠠᠵᠠᠷ ᠪᠠ ᠬᠠᠴᠢᠨ ᠴᠢᠯᠠᠭᠤᠨ ᠤ ᠪᠠᠷᠠᠭᠠᠨ ᠤ ᠭᠦᠢᠯᠭᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠯᠠᠱᠠ ᠵᠡᠭᠦᠨ ᠬᠤᠰᠢᠭᠤᠨ ᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠯᠠᠱᠠ ᠶᠢᠨ ᠬᠠᠰ ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠬᠦ ᠶᠢ ᠳᠡᠮᠵᠢᠨ᠎ᠡ᠃      ︵ᠶᠢᠰᠦ︶ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠡᠯᠡᠰᠦᠨ ᠵᠠᠰᠠᠯ ᠢ ᠪᠡᠶᠡᠴᠢᠯᠡᠨ ᠣᠶᠢᠯᠠᠭᠠᠬᠤ᠂ ᠬᠢᠲᠠᠳ ᠡᠮᠨᠡᠯᠭᠡ ᠶᠢᠨ ᠵᠠᠰᠠᠯ᠂ ᠡᠷᠡᠭᠦᠯᠵᠢᠯ ᠡᠷᠡᠭᠦᠯᠵᠢᠯ ᠂ ᠢᠳᠡᠭᠡᠨ ᠤᠮᠳᠠᠭᠠᠨ ᠤ ᠡᠮ ᠤᠨ ᠵᠦᠢᠯᠡᠰ ᠢ ᠨᠢᠭᠡ ᠴᠤᠭᠴᠠᠵᠢᠭᠤᠯᠤᠭᠰᠠᠨ ᠡᠯᠡᠰᠦᠨ ᠵᠠᠰᠠᠯ ᠤᠨ ᠡᠷᠡᠭᠦᠯᠵᠢᠯ ᠰᠤᠪᠢᠯᠠᠯᠲᠠ ᠶᠢᠨ ᠣᠷᠣᠨ ᠪᠠᠶᠢᠭᠤᠯᠬᠤ ᠶᠢ ᠳᠡᠮᠵᠢᠵᠦ᠂ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠯᠡᠰᠦᠨ ᠵᠠᠰᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠯᠠᠱᠠ ᠠᠭᠤᠯᠠ ᠶᠢᠨ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ ᠲᠥᠪ ᠢ ᠪᠥᠲᠥᠭᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠨᠠᠷᠠᠲᠤ ᠡᠷᠡᠭᠦᠯᠵᠢᠯ ᠰᠤᠪᠢᠯᠠᠯᠲᠠ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠦᠢᠯᠡᠰ ᠪᠤᠰᠬᠠᠬᠤ ᠲᠥᠪ ᠢ ᠣᠷᠣᠭᠤᠯᠤᠨ ᠠᠪᠴᠢᠷᠠᠵᠤ᠂ ᠡᠯᠡᠰᠦᠨ ᠴᠥᠯ ᠤᠨ ᠠᠮᠢᠳᠤ ᠪᠣᠳᠠᠰ᠂ ᠡᠷᠡᠭᠦᠯ ᠮᠡᠨᠳᠦ ᠶᠢᠨ ᠢᠳᠡᠭᠡᠨ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠡᠯᠡᠰᠦᠨ ᠴᠥᠯ ᠤᠨ ᠬᠥᠳᠡᠯᠭᠡᠭᠡᠨ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠤᠯᠤᠰ ᠤᠨ ᠲᠠᠰ ᠤᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠭᠤᠶᠤᠴᠢᠯᠠᠨ ᠡᠷᠭᠢᠯᠡᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠠᠰ ᠤᠨ ᠡᠷᠡᠭᠦᠯᠵᠢᠯ ᠰᠤᠪᠢᠯᠠᠯᠲᠠ ᠶᠢᠨ ᠨᠠᠷᠠᠲᠤ ᠲᠡᠮᠳᠡᠭᠲᠦ ᠶᠢ ᠭᠤᠶᠤᠴᠢᠯᠠᠨ ᠡᠭᠦᠳᠦᠨ ᠪᠠᠶᠢᠭᠤᠯᠤᠨ᠎ᠠ᠃     ︵ᠠᠷᠪᠠ︶ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠶᠠᠨᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠪᠥᠬᠦ ᠠᠶᠢᠮᠠᠭ ᠲᠤ ᠦᠢᠯᠡᠴᠢᠯᠡᠬᠦ᠂ ᠡᠷᠬᠢᠨ ᠲᠣᠭᠤᠷᠢᠨ ᠢ ᠨᠥᠯᠥᠭᠡᠯᠡᠬᠦ ᠪᠠᠷᠠᠭᠠᠨ ᠤ ᠭᠦᠢᠯᠭᠡᠭᠡᠨ ᠤ ᠨᠢᠭᠡᠳᠦᠯᠲᠡᠢ ᠵᠤᠬᠢᠴᠠᠭᠤᠯᠬᠤ ᠲᠥᠪ ᠪᠠ ᠰᠤᠷᠭᠤᠭ ᠢᠶᠠᠷ ᠨᠢ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠢ ᠪᠣᠶ ᠪᠣᠯᠭᠠᠨ᠎ᠠ᠃ ᠣᠯᠠᠨᠪᠤᠯᠠᠭ ᠪᠠᠯᠭᠠᠰᠤᠨ ᠤ ᠤᠳᠤᠬᠢᠴᠢᠯᠠᠭᠰᠠᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢ ᠳᠡᠮᠵᠢᠵᠦ᠂ ︽ᠨᠢᠭᠡ ᠪᠦᠰᠡ ᠨᠢᠭᠡ ᠵᠠᠮ︾᠎ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠬᠦᠢᠰᠦ ᠪᠣᠯᠬᠤ ᠮᠧᠩ ᠰᠢ ᠵᠠᠩᠭᠢᠯᠠᠭ᠎ᠠ ᠶᠢᠨ ᠴᠡᠭ ᠪᠠ ᠣᠷᠣᠨ ᠪᠦᠰᠡ ᠶᠢᠨ ᠴᠢᠨᠠᠷᠲᠠᠶ ᠨᠡᠭᠦᠷᠡᠰᠦ᠂ ᠣᠯᠠᠨ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠥᠭᠡᠴᠡᠯᠡᠬᠦ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠨᠢᠭᠡᠳᠦᠯᠲᠡᠢ ᠵᠤᠬᠢᠴᠠᠭᠤᠯᠬᠤ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠥᠯᠵᠡᠶ ᠪᠣᠭᠤᠮᠲᠠ - ᠣᠯᠠᠨᠪᠤᠯᠠᠭ ᠵᠠᠬ᠎ᠠ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢ ᠳᠡᠮᠵᠢᠵᠦ᠂ ᠳᠤᠮᠳᠠᠳᠤ ᠮᠣᠩᠭᠤᠯ ᠣᠷᠣᠰ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠬᠦᠢᠰᠦ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃     ᠳᠥᠷᠪᠡ᠂ ᠶᠡᠷᠦᠩᠬᠡᠢ ᠳᠠᠭᠠᠭᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ     ︵ᠠᠷᠪᠠᠨ ᠨᠢᠭᠡ︶ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠪᠠᠷᠠᠭᠤᠨ ᠣᠷᠣᠨ ᠤ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ︽ᠭᠤᠷᠪᠠᠨ ᠤᠮᠠᠷᠠᠲᠤ︾᠎ ᠶᠢᠨ ᠬᠠᠯᠬᠠᠪᠴᠢ ᠣᠶ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠤᠯᠠᠭᠠᠨᠪᠤᠬ᠎ᠠ᠂ ᠲᠩᠷᠢ ᠡᠯᠡᠰᠦᠨ ᠴᠥᠯ ᠤᠨ ᠵᠠᠬ᠎ᠠ‌‍ᠲ᠋ᠠᠭᠠᠤ ᠶᠢᠨ ᠢᠨᠵᠧᠨᠧᠷᠢᠩ ᠵᠡᠷᠭᠡ ᠤᠯᠤᠰ ᠤᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠨ᠎ᠡ᠃ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠯᠠᠱᠠ ᠠᠭᠤᠯᠠᠨ ᠤ ᠤᠯᠤᠰ ᠤᠨ ᠴᠡᠴᠡᠷᠯᠢᠭ ᠢ ᠭᠤᠶᠤᠴᠢᠯᠠᠨ ᠮᠡᠳᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠮᠢ ᠠᠬᠤᠶ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠬᠥᠷᠥᠰᠥ ᠰᠢᠷᠣᠶ ᠶᠢ ᠬᠠᠮᠠᠭᠠᠯᠠᠬᠤ᠂ ᠲᠠᠴᠢᠷᠳᠠᠭᠰᠠᠨ ᠣᠶ ᠰᠢᠭᠤᠶ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠠᠵᠢᠯ ᠥᠷᠨᠢᠭᠦᠯᠬᠦ ᠶᠢ ᠳᠡᠮᠵᠢᠵᠦ᠂ ᠠᠯᠠᠱᠠ ᠠᠭᠤᠯᠠ ᠶᠢᠨ ᠴᠥᠯᠡᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠤᠪᠢᠶᠠᠷᠢ ᠲᠥᠪ ᠢ ᠪᠥᠲᠥᠭᠡᠨ ᠪᠠᠶᠢᠭᠤᠯᠤᠨ᠎ᠠ     ︵ᠠᠷᠪᠠᠨ ᠬᠤᠶᠠᠷ︶ ᠣᠷᠣᠨ ᠨᠤᠲᠤᠭ ᠤᠨ ᠵᠠᠮ ᠬᠠᠷᠢᠯᠴᠠᠭᠠᠨ ᠤ ᠲᠤᠤᠷᠵᠢᠯᠲᠠ ᠶᠢ ᠲᠡᠭᠦᠯᠳᠡᠷᠵᠢᠭᠦᠯᠦᠨ᠎ᠡ᠃ ᠠᠯᠠᠱᠠ ᠵᠡᠭᠦᠨ ᠬᠤᠰᠢᠭᠤ ᠬᠢᠭᠡᠳ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠯᠦᠭᠡ ᠭᠦᠨᠵᠡᠭᠡᠶ ᠬᠠᠮᠲᠤᠷᠠᠯᠴᠠᠬᠤ ᠶᠢ ᠳᠡᠮᠵᠢᠵᠦ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠭᠤᠤᠯ ᠪᠣᠯᠬᠤ ᠬᠤᠲᠠ ᠯᠤᠭ᠎ᠠ ᠶᠢᠨ ᠡᠭᠡᠯᠵᠢ ᠶᠢᠨ ᠨᠢᠰᠬᠡᠯ ᠤᠨ ᠠᠶᠠᠯᠠᠯ ᠤᠨ ᠱᠤᠭᠤᠮ ᠢ ᠡᠷᠲᠡᠬᠡᠨ ᠨᠡᠪᠲᠡᠷᠡᠭᠦᠯᠬᠦ ᠪᠠᠷ ᠴᠢᠷᠮᠠᠶᠢᠨ᠎ᠠ᠃ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠪᠣᠯᠤᠨ ᠬᠤᠷᠳᠤᠨ ᠤ ᠭᠠᠯᠲᠤ ᠳᠡᠷᠭᠡᠨ ᠵᠠᠮ᠂  ᠬᠤᠷᠳᠤᠨ ᠤ ᠵᠠᠰᠠᠮᠠᠯ ᠵᠠᠮ ᠢ ᠲᠦᠷᠭᠡᠨ ᠨᠡᠪᠲᠡᠷᠡᠬᠦ ᠪᠠᠷᠢᠯᠭ᠎ᠠ ᠶᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠪᠠᠶᠠᠨᠬᠤᠲᠠ ᠠᠴᠠ ᠢᠷᠭᠠᠶ ᠬᠦᠷᠬᠦ ᠬᠤᠷᠳᠤᠨ ᠤ ᠭᠠᠯᠲᠤ ᠳᠡᠷᠭᠡᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠯᠵᠡᠶ ᠪᠣᠭᠤᠮᠲᠠ ᠠᠴᠠ ᠪᠠᠶᠠᠨᠬᠤᠲᠠ᠂ ᠪᠠᠶᠠᠨᠬᠤᠲᠠ ᠠᠴᠠ ᠳᠡᠷᠡᠰᠤᠨ ᠬᠤᠲᠠ ᠬᠥᠷᠬᠦ ᠲᠡᠮᠦᠷ ᠵᠠᠮ᠂ S315 ᠵᠠᠰᠠᠮᠠᠯ ᠵᠠᠮ ᠵᠢᠴᠢ ᠥᠯᠵᠡᠶ ᠪᠣᠭᠤᠮᠲᠠ ᠶᠢᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠲᠥᠯᠥᠪᠯᠡᠨ ᠪᠠᠶᠢᠭᠤᠯᠤᠨ᠎ᠠ᠃     ᠲᠠᠪᠤ᠂ ᠰᠠᠭᠤᠷᠢᠰᠢᠬᠤ ᠳᠤ ᠲᠣᠬᠢᠷᠠᠮᠵᠢᠲᠠᠶ ᠠᠮᠢ ᠠᠬᠤᠶ ᠶᠢᠨ ᠬᠤᠲᠠᠬᠠᠨ ᠢ ᠲᠦᠷᠭᠡᠳᠭᠡᠨ ᠪᠠᠶᠢᠭᠤᠯᠤᠨ᠎ᠠ     ︵ᠠᠷᠪᠠᠨ ᠭᠤᠷᠪᠠ︶ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠶᠠᠨᠬᠤᠲᠠ ᠪᠠᠯᠭᠠᠰᠤ ᠶᠢᠨ ᠴᠡᠴᠡᠷᠯᠢᠭ᠂ ᠠᠭᠤᠯᠠ᠂ ᠵᠡᠭᠡᠯᠢ ᠭᠤᠳᠤᠮᠵᠢ ᠵᠡᠷᠭᠡ ᠴᠡᠴᠡᠷᠯᠢᠭᠵᠢᠭᠦᠯᠦᠯᠲᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠵᠦ᠂ ᠬᠠᠭᠤᠴᠢᠨ ᠬᠤᠷᠢᠶᠠᠯᠠᠯ᠂ ᠬᠤᠲᠠ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠤᠷᠵᠢᠯᠲᠠ᠂ ︽ᠨᠢᠭᠡᠳᠦᠯᠲᠡᠶ ᠪᠠᠷᠢᠭᠰᠠᠨ ᠠᠰᠠᠷ︾ ᠵᠡᠷᠭᠡ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ ᠃ ᠪᠠᠶᠠᠨᠬᠤᠲᠠ ᠪᠠᠯᠭᠠᠰᠤ ᠶᠢᠨ ᠮᠤᠬᠤᠷ ᠵᠠᠮ ᠨᠡᠪᠲᠡᠷᠡᠭᠦᠯᠬᠦ᠂ ᠪᠤᠭᠤᠭᠳᠠᠮᠠᠯ ᠵᠠᠮ ᠢ ᠥᠷᠭᠡᠳᠬᠡᠬᠦ᠂ ᠬᠠᠭᠤᠴᠢᠷᠬᠠᠰᠠᠨ ᠵᠠᠮ ᠢ ᠵᠠᠰᠠᠬᠤ ᠶᠢ ᠳᠡᠮᠵᠢᠵᠦ᠂ ᠨᠠᠨ ᠲᠢᠶᠠᠨ ᠲᠣᠰᠬᠤᠨ ᠤ ᠪᠠᠶᠢᠭᠠᠯᠢᠭ ᠶᠡᠷᠦᠩᠬᠡᠶᠢᠯᠡᠭᠰᠡᠨ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ ᠲᠣᠭᠤᠷᠢᠭ ᠤᠨ ᠳᠦᠷᠢ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠪᠠᠶᠠᠨᠬᠤᠲᠠ ᠪᠠᠯᠭᠠᠰᠤ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠶᠢᠯᠠᠭᠤᠯᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠭᠠᠷᠭᠠᠬᠤ ᠥᠭᠡᠷᠡᠴᠢᠯᠡᠯᠲᠡ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠪᠠ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠠᠨᠬᠤᠲᠠ ᠪᠠᠯᠭᠠᠰᠤ ᠶᠢ ᠵᠢᠯᠣᠭᠤᠳᠤᠨ ᠬᠤᠲᠠ ᠪᠠᠯᠭᠠᠰᠤ ᠶᠢᠨ ᠬᠦᠪᠡᠭᠡ ᠭᠠᠵᠠᠷ᠂ ᠬᠠᠶᠠᠭᠳᠠᠮᠠᠯ ᠭᠠᠵᠠᠷ᠂ ᠰᠤᠯᠠ ᠪᠠᠶᠢᠬᠤ ᠭᠠᠵᠠᠷ ᠢ ᠵᠦᠶ ᠵᠣᠬᠢᠰᠲᠠᠶ ᠠᠰᠢᠭᠯᠠᠵᠤ᠂ ᠴᠢᠳᠠᠮᠵᠢ ᠨᠢ ᠪᠦᠷᠢᠨ ᠲᠡᠭᠦᠯᠳᠡᠷ᠂ ᠣᠨᠴᠠᠯᠢᠭ ᠨᠢ ᠢᠯᠡ ᠲᠣᠳᠣ᠂ ᠳᠥᠭᠦᠮ ᠳᠥᠲᠡ ᠪᠥᠭᠡᠳ ᠪᠣᠳᠠᠲᠤ ᠬᠡᠷᠡᠭᠴᠡᠭᠡ ᠲᠠᠢ ᠨᠢᠭᠡ ᠪᠦᠯᠦᠭ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠪᠠᠶᠠᠨᠬᠤᠲᠠ ᠪᠠᠯᠭᠠᠰᠤ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠠᠶᠢᠮᠠᠭ ᠤᠨ ᠳᠣᠲᠣᠷᠠᠬᠢ ᠲᠣᠮᠣ ᠬᠡᠯᠪᠡᠷᠢ ᠶᠢᠨ ᠭᠤᠤᠯᠯᠠᠭᠴᠢ ᠠᠵᠤ ᠠᠬᠤᠶᠢᠯᠠᠯ ᠢ ᠪᠠᠶᠠᠨᠬᠤᠲᠠ ᠪᠠᠯᠭᠠᠰᠤᠨ ᠳᠤ ᠵᠠᠰᠠᠭ ᠵᠠᠬᠢᠷᠭᠠᠨ ᠤ ᠠᠮᠢᠳᠤᠷᠠᠯ ᠤᠨ ᠲᠣᠭᠤᠷᠢᠭ ᠪᠠᠶᠢᠭᠤᠯᠬᠤ ᠶᠢ ᠵᠣᠷᠢᠭᠵᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠬᠥᠮᠦᠨ ᠠᠮᠠ ᠶᠢᠨ ᠡᠷᠦᠬᠡ ᠠᠮᠠ ᠣᠷᠣᠭᠤᠯᠬᠤ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠳᠡᠮᠵᠢᠵᠦ᠂ ᠳᠤᠲᠠᠭᠳᠠᠵᠤ ᠪᠠᠶᠢᠭ᠎ᠠ ᠴᠢᠳᠠᠪᠤᠷᠢᠲᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠠᠲᠠᠵᠤ ᠪᠠᠶᠠᠨᠬᠤᠲᠠ ᠪᠠᠯᠭᠠᠰᠤᠨ ᠳᠤ ᠲᠥᠪᠯᠡᠷᠡᠭᠦᠯᠦᠨ᠎ᠡ᠃     ︵ᠠᠷᠪᠠᠨ ᠳᠥᠷᠪᠡᠳᠦᠭᠡᠷ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠬᠡᠪᠴᠢᠶ᠎ᠡ ᠪᠠᠷ ᠲᠣᠬᠢᠷᠠᠮᠵᠢᠲᠠᠶ᠂ ᠴᠢᠳᠠᠮᠵᠢ ᠪᠠᠷ ᠣᠷᠣᠨ ᠪᠠᠶᠢᠷᠢ ᠬᠤᠪᠢᠶᠠᠨ᠂ ᠳᠠᠶᠢᠴᠢᠯᠠᠯᠲᠠ ᠪᠠᠷ ᠬᠦᠴᠦᠲᠡᠶ ᠣᠨᠴᠠᠯᠢᠭᠲᠤ ᠪᠠᠯᠭᠠᠰᠤ ᠶᠢ ᠬᠥᠭᠵᠢᠭᠦᠯᠬᠦ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠪᠠᠯᠭᠠᠰᠤ ᠶᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠤᠰᠤ ᠴᠠᠬᠢᠯᠭᠠᠨ ᠵᠠᠮ ᠨᠡᠪᠲᠡᠷᠡᠯᠭᠡ ᠶᠢᠨ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠬᠦ ᠶᠢ ᠠᠬᠢᠭᠤᠯᠤᠨ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃     ︵ᠠᠷᠪᠠᠨ ᠲᠠᠪᠤ︶ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷᠯᠢᠭ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤ ᠶᠢ ᠬᠠᠪᠰᠤᠷᠤᠨ ᠲᠥᠷᠥᠯ ᠵᠦᠢᠯ ᠤᠨ ᠪᠠᠯᠠ ᠮᠥᠩᠭᠦ ᠣᠯᠵᠤ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠥᠯᠥᠪᠵᠢᠭᠦᠯᠬᠦ ᠶᠢ ᠵᠢᠯᠣᠭᠤᠳᠴᠤ᠂ ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ᠂ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠰᠠᠭᠤᠷᠢ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠪᠦᠯᠦᠭᠵᠢᠭᠰᠡᠨ ᠰᠤᠷᠭᠠᠭᠤᠯᠢ ᠡᠷᠭᠢᠯᠡᠬᠦ ᠪᠠ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠲᠠᠯᠠᠪᠤᠷ ᠤᠨ ᠪᠡᠯᠡᠳᠬᠡᠮᠵᠢ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ ᠶᠢ ᠳᠡᠮᠵᠢᠨ᠎ᠡ᠃ ︽ᠡᠷᠡᠭᠦᠯ ᠡᠩᠬᠡ ᠠᠯᠠᠱᠠ ᠵᠡᠭᠦᠨ ᠬᠤᠰᠢᠭᠤ︾᠎ ᠶᠢᠨ ᠪᠠᠶᠢᠭᠤᠯᠤᠯᠲᠠ ᠶᠢ ᠠᠬᠢᠭᠤᠯᠵᠤ᠂ ᠢᠷᠭᠠᠶ᠂ ᠯᠠᠨᠵᠧᠤ ᠵᠡᠷᠭᠡ ᠡᠷᠬᠢᠨ ᠲᠣᠭᠤᠷᠢᠨ ᠤ ᠮᠤᠵᠢ ᠬᠤᠲᠠ ᠶᠢᠨ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ᠂ ᠮᠡᠳᠡᠭᠡ ᠵᠠᠩᠭᠢᠵᠢᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠵᠦ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃     ︵ᠠᠷᠪᠠᠨ ᠵᠢᠷᠭᠤᠭ᠎ᠠ︶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠠᠯᠠᠱᠠ ᠵᠡᠭᠦᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠭᠤᠶᠤᠴᠢᠯᠠᠨ ᠮᠡᠳᠡᠭᠦᠯᠬᠦ ᠶᠢ ᠵᠢᠯᠣᠭᠤᠳᠤᠨ᠎ᠠ᠃ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠲᠥᠯᠥᠪᠯᠡᠭᠡ︾᠎ ᠨᠢ ᠠᠯᠠᠱᠠ ᠵᠡᠭᠦᠨ ᠬᠤᠰᠢᠭᠤᠨ ᠤ ᠰᠤᠳᠤᠯᠭᠠᠨ ᠤ ᠰᠠᠭᠤᠷᠢᠨ ᠭᠠᠵᠠᠷ ᠪᠠ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠᠶᠢᠭᠤᠯᠤᠯᠲᠠ ᠶᠢᠨ ᠰᠦᠯᠵᠢᠶᠡᠨ ᠤ ᠬᠡᠷᠡᠭᠯᠡᠯᠲᠡ᠂ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠨᠢᠭᠡᠴᠢ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠬᠦ ᠶᠢ ᠵᠢᠯᠣᠭᠤᠳᠴᠤ᠂ ︽ᠠᠮᠤᠷ ᠠᠮᠤᠭᠤᠯᠠᠩ ᠠᠯᠠᠱᠠ ᠵᠡᠭᠦᠨ ᠬᠤᠰᠢᠭᠤ︾᠂ ︽ᠬᠠᠤᠯᠢ ᠪᠠᠷ ᠵᠠᠰᠠᠬᠤ ᠠᠯᠠᠱᠠ ᠵᠡᠭᠦᠨ ᠬᠤᠰᠢᠭᠤ︾᠎ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠵᠠᠬ᠎ᠠ ᠳᠠᠭᠠᠤ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠬᠢᠯᠢ ᠬᠢᠵᠠᠭᠠᠷ ᠤᠨ ᠰᠤᠮᠤ ᠪᠠᠯᠭᠠᠰᠤ ᠵᠢᠴᠢ ᠭᠠᠴᠠᠭᠠᠨ ᠤ ᠤᠰᠤ ᠴᠠᠬᠢᠯᠭᠠᠨ ᠵᠠᠮ ᠤᠨ ᠮᠡᠳᠡᠭᠡ ᠵᠠᠩᠭᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠯᠢ ᠬᠢᠵᠠᠭᠠᠷ ᠣᠷᠣᠨ ᠤ ᠬᠥᠮᠦᠨ ᠠᠮᠠ ᠶᠢᠨ ︽ᠴᠦᠬᠡᠨ︾᠂ ᠨᠠᠰᠤᠵᠢᠬᠤ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃     ᠵᠢᠷᠭᠤᠭ᠎ᠠ᠂ ᠭᠠᠳᠠᠭᠠᠳᠤ ᠨᠡᠭᠡᠭᠡᠯᠲᠡ ᠶᠢ ᠥᠨᠳᠥᠷ ᠬᠢᠷᠢ ᠲᠦᠪᠰᠢᠨ ᠢᠶᠠᠷ ᠠᠬᠢᠭᠤᠯᠤᠨ᠎ᠠ     ︵ᠠᠷᠪᠠᠨ ᠳᠣᠯᠤᠭ᠎ᠠ︶ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠥᠯᠵᠡᠶ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ᠂ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠤᠨ ᠲᠠᠯ᠎ᠠ ᠶᠢᠨ ᠨᠢᠭᠡ ᠲᠠᠯ᠎ᠠ ᠶᠢᠨ ᠲᠤᠰᠠᠯᠠᠨ ᠪᠠᠶᠢᠭᠤᠯᠬᠤ ᠲᠥᠷᠥᠯ ᠵᠦᠢᠯ ᠢ ᠵᠣᠬᠢᠴᠠᠭᠤᠯᠤᠨ ᠠᠬᠢᠭᠤᠯᠵᠤ᠂ 2024 ᠣᠨ ᠳᠤ ᠪᠣᠭᠤᠮᠲᠠ ᠪᠠᠷ ᠥᠩᠭᠡᠷᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠥᠯᠵᠡᠶ ᠪᠣᠭᠤᠮᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠶᠢᠨ ᠬᠠᠳᠠᠭᠠᠯᠠᠯᠲᠠ᠂ ᠡᠳ᠋ᠰᠢᠭᠦᠯᠬᠦ᠂ ᠠᠷᠠᠯᠵᠢᠶᠠᠯᠠᠬᠤ ᠵᠡᠷᠭᠡ ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢ ᠰᠦᠪᠡᠭᠴᠢᠯᠡᠨ ᠪᠠᠶᠢᠭᠤᠯᠤᠨ᠎ᠠ᠃ ᠥᠯᠵᠡᠶ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠲᠣᠭᠠᠴᠢᠯᠠᠭᠰᠠᠨ ᠪᠠ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠠᠯᠤᠰᠯᠠᠭᠰᠠᠨ ᠴᠠᠬᠢᠮ ᠬᠤᠳᠠᠯᠳᠤᠭ᠎ᠠ ᠶᠢ ᠬᠥᠭᠵᠢᠭᠦᠯᠦᠨ᠎ᠡ᠃     ︵ᠠᠷᠪᠠᠨ ᠨᠠᠢᠮᠠ︶ ᠤᠷᠤᠨ ᠨᠤᠲᠤᠭ ᠤᠨ ᠬᠠᠮᠲᠤ ᠶᠢᠨ ᠠᠵᠢᠯᠯᠠᠭ᠎ᠠ ᠶᠢ ᠪᠠᠨ ᠡᠷᠴᠢᠮᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠬᠥᠬᠡᠬᠤᠲᠠ ᠪᠤᠭᠤᠲᠤ ᠢᠷᠭᠠᠢ ᠶᠢᠨ ᠠᠵᠤ ᠠᠬᠤᠶ ᠶᠢᠨ ᠣᠷᠣᠨ᠂ ᠢᠷᠭᠠᠢ ᠬᠤᠲᠠ ᠶᠢᠨ ᠲᠣᠭᠤᠷᠢᠭ᠂  ᠯᠢᠶᠠᠨ ᠶᠦᠨ ᠭᠠᠩ ᠠᠴᠠ ᠭᠠᠨᠰᠤ ᠰᠢᠨᠵᠢᠶᠠᠩ ᠬᠦᠷᠬᠦ ᠵᠠᠮ ᠳᠠᠭᠠᠤ ᠤᠷᠤᠨ ᠤ ᠠᠵᠤ ᠠᠬᠤᠶ ᠶᠢᠨ ᠪᠦᠰᠡ ᠳᠤ ᠭᠦᠨᠵᠡᠭᠡᠶ ᠠᠭᠤᠰᠤᠯᠴᠠᠬᠤ ᠶᠢ ᠳᠡᠮᠵᠢᠵᠦ᠂ ᠣᠷᠣᠨ ᠪᠦᠰᠡ ᠶᠢᠨ ᠪᠣᠬᠢᠷᠲᠤᠯ ᠦᠭᠡᠢ ᠡᠨᠧᠷᠭᠢ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠰᠠᠭᠤᠷᠢ ᠲᠥᠬᠦᠭᠡᠷᠦᠮᠵᠢ ᠶᠢᠨ ᠬᠤᠯᠪᠣᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠠᠲᠤᠨ ᠭᠤᠣᠯ ᠤᠨ ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠴᠦᠯᠯᠡᠷᠭᠡᠭᠵᠢᠯ ᠢ ᠵᠠᠰᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭ᠎ᠠ ᠶᠢ ᠥᠷᠨᠢᠭᠦᠯᠦᠨ᠎ᠡ᠃     ︵ᠠᠷᠪᠠ ᠶᠢᠰᠦ︶ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠤᠷᠴᠢᠨ ᠢ ᠰᠢᠯᠢᠳᠡᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ︽ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠨᠢᠭᠡ ᠯᠡ ᠳᠡᠭᠡᠷ᠎ᠡ ᠭᠦᠢᠴᠡᠳᠭᠡᠬᠦ᠂ ᠬᠠᠪᠰᠤᠷᠤᠨ ᠭᠦᠢᠴᠡᠳᠭᠡᠬᠦ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠵᠢᠯᠣᠭᠤᠳᠴᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠠᠯᠳᠠ ᠪᠠᠷᠢᠮᠵᠢᠶ᠎ᠠ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃     ᠳᠣᠯᠤᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ     ︵ᠬᠤᠷᠢ︶ ᠡᠳ᠋ ᠤᠨ ᠵᠠᠰᠠᠭ ᠤᠨ ᠪᠠᠲᠤᠯᠠᠭ᠎ᠠ ᠶᠢ ᠡᠷᠴᠢᠮᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠡᠩ ᠤᠨ ᠴᠢᠨᠠᠷᠲᠠᠶ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠡᠩᠴᠡᠭᠦᠷᠢᠲᠦ ᠴᠢᠨᠠᠷᠲᠠᠶ᠂ ᠬᠢᠯᠢ ᠬᠢᠵᠠᠭᠠᠷ ᠣᠷᠣᠨ ᠵᠡᠷᠭᠡ ᠳᠤ ᠰᠢᠯᠵᠢᠭᠦᠯᠦᠨ ᠥᠭᠬᠦ ᠶᠢ ᠬᠤᠪᠢᠶᠠᠷᠢᠯᠠᠬᠤ ᠳᠤ ᠠᠯᠠᠱᠠ ᠵᠡᠭᠦᠨ ᠬᠤᠰᠢᠭᠤ ᠳᠠᠰᠢ ᠬᠡᠯᠪᠠᠶᠢᠯᠭᠡᠬᠦ ᠶᠢ ᠵᠣᠬᠢᠴᠠᠭᠤᠯᠬᠤ ᠪᠠᠷ ᠴᠢᠷᠮᠠᠶᠢᠨ᠎ᠠ᠃ ᠠᠯᠠᠱᠠ ᠵᠡᠭᠦᠨ ᠬᠤᠰᠢᠭᠤ ᠶᠢ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠣᠰ ᠱᠠᠲᠤᠨ ᠤ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠨᠠᠷᠢᠨ ᠲᠠᠩᠰᠠ ᠶᠢᠨ ᠬᠡᠪᠴᠢᠶᠡᠨ ᠳᠤ ᠣᠷᠣᠭᠤᠯᠤᠭᠰᠠᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠠᠶᠢᠮᠠᠭ ᠬᠤᠰᠢᠭᠤᠨ ᠤ 2᠄ 8 ᠢᠵᠢ ᠪᠥᠷᠢᠳᠦᠭᠦᠯᠬᠦ ᠬᠠᠷᠢᠴᠠᠯ ᠠᠴᠠ 5᠄ 5 ᠢᠵᠢ ᠪᠥᠷᠢᠳᠦᠭᠦᠯᠬᠦ ᠬᠠᠷᠢᠴᠠᠯ ᠪᠣᠯᠭᠠᠨ ᠲᠤᠬᠢᠷᠠᠭᠤᠯᠤᠨ᠎ᠠ᠃ ᠪᠠᠶᠠᠨᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠬᠠᠮᠠᠭᠠᠯᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠠᠯᠠᠱᠠ ᠵᠡᠭᠦᠨ ᠬᠤᠰᠢᠭᠤᠨ ᠤ ᠬᠡᠪᠴᠢᠶᠡᠨ ᠳᠣᠲᠣᠷᠠᠬᠢ ᠠᠭᠤᠷᠬᠠᠶ ᠶᠢᠨ ᠦᠢᠯᠡᠰ ᠤᠨ ᠡᠷᠬᠡ ᠶᠢ ᠬᠤᠳᠠᠯᠳᠤᠭᠰᠠᠨ ᠤ ᠠᠰᠢᠭ ᠣᠷᠣᠯᠭ᠎ᠠ ︵ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠥᠯᠳᠦᠨ ᠣᠯᠤᠭᠰᠠᠨ ᠠᠭᠤᠷᠬᠠᠶ ᠶᠢᠨ ᠦᠢᠯᠡᠰ ᠤᠨ ᠡᠷᠬᠡ ᠨᠢ ᠡᠭᠦᠨ ᠳᠤ ᠪᠠᠭᠲᠠᠬᠤ ᠥᠬᠡᠶ᠃︶ ᠠᠶᠢᠮᠠᠭ ᠤᠨ ᠲᠣᠰ ᠱᠠᠲᠤᠨ ᠤ ᠦᠯᠡᠳᠡᠭᠡᠭᠰᠡᠨ ᠬᠡᠰᠡᠭ ᠢ ᠴᠥᠮ ᠠᠯᠠᠱᠠ ᠵᠡᠭᠦᠨ ᠬᠤᠰᠢᠭᠤᠨ ᠤ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠬᠦᠦ ᠮᠥᠩᠭᠦ ᠶᠢ ᠪᠠᠭᠤᠷᠠᠭᠤᠯᠤᠨ ᠬᠦᠦ ᠮᠥᠩᠭᠦ ᠶᠢ ᠬᠡᠯᠲᠦᠷᠢᠭᠦᠯᠬᠦ᠂ ᠵᠢᠭᠡᠯᠡᠯᠭᠡ ᠶᠢ ᠤᠷᠲᠤᠳᠬᠠᠬᠤ᠂ ᠥᠷᠢ ᠥᠭᠴᠡᠭᠡ ᠶᠢ ᠤᠷᠲᠤᠳᠬᠠᠬᠤ ᠬᠤᠭᠤᠴᠠᠭ᠎ᠠ ᠶᠢ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠯᠠᠱᠠ ᠵᠡᠭᠦᠨ ᠬᠤᠰᠢᠭᠤᠨ ᠤ ᠥᠷᠢ ᠥᠭᠴᠡᠭᠡ ᠶᠢ ᠲᠥᠯᠥᠬᠦ ᠳᠠᠷᠤᠯᠲᠠ ᠶᠢ ᠬᠦᠩᠭᠡᠷᠡᠭᠦᠯᠦᠨ᠎ᠡ᠃ ᠠᠯᠠᠱᠠ ᠵᠡᠭᠦᠨ ᠬᠤᠰᠢᠭᠤᠨ ᠠᠴᠠ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠬᠦᠷᠬᠦ ᠠᠭᠠᠷ ᠤᠨ ᠠᠶᠠᠯᠠᠯ ᠤᠨ ᠨᠥᠬᠦᠪᠥᠷᠢ ᠮᠥᠩᠭᠦ ᠶᠢ ᠠᠯᠠᠱᠠ ᠵᠡᠭᠦᠨ ᠬᠤᠰᠢᠭᠤᠨ ᠠᠴᠠ ᠡᠭᠦᠷᠭᠡᠯᠡᠬᠦ ᠥᠬᠡᠶ᠃     ︵ᠬᠤᠷᠢᠨ ᠨᠢᠭᠡ︶ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠨ᠎ᠠ᠃ ᠬᠠᠲᠤᠨ ᠭᠤᠤᠯ ᠤᠨ ᠤᠰᠤ ᠬᠡᠷᠡᠭᠯᠡᠬᠦ  ᠭᠦᠢᠴᠡᠳᠬᠡᠯ ᠲᠤᠭ᠎ᠠ ᠶᠢ ᠵᠣᠬᠢᠴᠠᠭᠤᠯᠤᠨ ᠴᠢᠷᠮᠠᠶᠢᠨ ᠣᠯᠵᠤ᠂ ᠭᠠᠵᠠᠷ ᠣᠷᠣᠨ ᠠᠯᠤᠰᠯᠠᠭᠰᠠᠨ ᠤᠰᠤᠨ ᠤ ᠠᠰᠢᠭᠯᠠᠯᠠᠲᠠ ᠶᠢᠨ ᠡᠷᠬᠡ ᠰᠣᠯᠢᠬᠤ ᠪᠠ ᠤᠰᠤᠨ ᠤ ᠠᠰᠢᠭᠯᠠᠯᠲᠠ ᠶᠢᠨ ᠡᠷᠬᠡ ᠶᠢᠨ ᠠᠷᠠᠯᠵᠢᠶ᠎ᠠ ᠶᠢ ᠥᠷᠨᠢᠭᠦᠯᠵᠦ᠂ ᠣᠯᠠᠨᠪᠤᠯᠠᠭ ᠤᠨ ᠠᠵᠤ ᠦᠢᠯᠡᠰ ᠤᠨ ᠬᠦᠷᠢᠶᠡᠯᠡᠩ᠂ ᠪᠠᠶᠠᠨᠮᠣᠳᠣ  ᠤᠨ ᠲᠠᠷᠢᠶᠠᠯᠠᠩ ᠤᠨ ᠲᠠᠯᠠᠪᠠᠶ᠂ ᠤᠨᠳᠤᠷᠤᠯᠲᠤ ᠤᠨ ᠳᠡᠯ ᠬᠠᠷ᠎ᠠ ᠶᠢᠨ ᠬᠦᠳᠡᠭᠡ ᠵᠡᠷᠭᠡ ᠭᠠᠵᠠᠷ ᠣᠷᠣᠨ ᠤ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢᠨ ᠠᠰᠠᠭᠤᠳᠠᠯ ᠎ ᠢ ᠰᠢᠢᠳᠪᠦᠷᠢᠯᠡᠬᠦ ᠶᠢ ᠠᠬᠢᠭᠤᠯᠤᠨ᠎ᠠ᠃ ᠳᠡᠯ ᠬᠠᠷ᠎ᠠ ᠶᠢᠨ ᠬᠦᠳᠡᠭᠡ ᠬᠠᠲᠤᠨ ᠭᠤᠤᠯ ᠤᠨ ᠤᠰᠤᠯᠠᠯᠲᠠ ᠶᠢᠨ ᠣᠷᠣᠨ ᠵᠡᠷᠭᠡ 3 ᠤᠰᠤᠯᠠᠯᠲᠠ ᠶᠢᠨ ᠣᠷᠣᠨ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠦᠭᠡᠪᠦᠷᠢ ᠶᠢᠨ ᠬᠦᠳᠡᠭᠡ ᠤᠨ ᠦᠶᠡᠷ ᠰᠠᠯᠭᠠᠬᠤ ᠣᠷᠣᠨ ᠤ ᠪᠦᠳᠦᠭᠡᠨ ᠪᠠᠢᠭᠤᠯᠥᠯᠳᠡ ᠶᠢ ᠳᠡᠮᠵᠢᠵᠦ᠂ ᠣᠷᠣᠨ ᠪᠦᠰᠡ ᠶᠢᠨ ᠣᠰᠣᠨ ᠤ ᠡᠬᠢ ᠰᠣᠷᠪᠤᠯᠵᠢ ᠶᠢ ᠲᠣᠬᠢᠷᠡᠭᠤᠯᠬᠤ ᠢᠨᠵᠧᠨᠧᠷᠢᠩ ᠤᠨ ᠪᠦᠳᠦᠭᠡᠨ ᠪᠠᠢᠭᠤᠯᠥᠯᠳᠡ ᠶᠢ ᠠᠬᠢᠭᠤᠯᠥᠨ᠎ᠠ᠃ ᠠᠯᠠᠱᠠ ᠵᠡᠭᠦᠨ ᠬᠤᠰᠢᠭᠤᠨ ᠤ ᠭᠤᠤᠯᠳᠠᠯᠭ᠎ᠠ ᠲᠠᠢ ᠬᠤᠲᠠ ᠪᠠᠯᠭᠠᠰᠤ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠦᠶᠡᠷ ᠢ ᠰᠡᠷᠭᠡᠶᠢᠯᠡᠬᠦ᠂ ᠤᠰᠤ ᠭᠠᠳᠠᠭᠰᠢᠯᠠᠭᠤᠯᠬᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠢᠨᠵᠧᠨᠧᠷᠢᠩ ᠬᠡᠷᠡᠭᠵᠢᠭᠦᠯᠬᠦ ᠶᠢ ᠳᠡᠮᠵᠢᠨ᠎ᠡ᠃ ᠪᠠᠶᠠᠨᠬᠤᠲᠠ ᠪᠠᠯᠭᠠᠰᠤ ᠶᠢ ᠵᠢᠯᠣᠭᠤᠳᠤᠨ ᠤᠰᠤ ᠬᠠᠩᠭᠠᠬᠤ ᠲᠤᠤᠷᠵᠢᠯᠲᠠ ᠶᠢ ᠰᠢᠨᠡᠳᠬᠡᠨ ᠥᠭᠡᠷᠡᠴᠢᠯᠡᠬᠦ᠂ ᠴᠡᠴᠡᠷᠯᠢᠭᠵᠢᠭᠦᠯᠦᠯᠲᠡ ᠶᠢᠨ ᠤᠰᠤᠯᠠᠯᠲᠠ ᠶᠢᠨ ᠲᠥᠬᠦᠭᠡᠷᠦᠮᠵᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠤᠰᠤ ᠠᠷᠪᠢᠯᠠᠬᠤ ᠬᠡᠮᠵᠢᠶ᠎ᠡ ᠶᠢ ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃     ︵ᠬᠤᠷᠢᠨ ᠬᠤᠶᠠᠷ︶ ᠭᠠᠵᠠᠷ ᠰᠢᠷᠣᠶ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠠᠯᠠᠱᠠ ᠵᠡᠭᠦᠨ ᠬᠤᠰᠢᠭᠤᠨ ᠳᠤ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠤᠷᠢᠳᠠᠪᠠᠷ ᠳᠣᠭᠢᠷᠠᠭᠤᠯᠵᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠱᠠᠭᠠᠷᠳᠠᠯᠭ᠎ᠠ ᠳᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠬᠡᠷᠡᠭᠵᠢᠭᠦᠯᠦᠨ᠎ᠡ᠃ ᠪᠠᠶᠠᠨᠬᠤᠲᠠ ᠪᠠᠯᠭᠠᠰᠤ ᠶᠢᠨ ᠬᠤᠲᠠ ᠶᠢᠨ ᠲᠣᠭᠤᠷᠢᠭ ᠲᠠᠬᠢ ᠲᠠᠲᠠᠪᠤᠷᠢᠯᠠᠭᠰᠠᠨ ᠭᠠᠵᠠᠷ ᠰᠢᠷᠣᠶ ᠶᠢ ᠰᠢᠯᠵᠢᠭᠦᠯᠦᠨ ᠥᠭᠬᠦ ᠮᠥᠩᠭᠦ ᠶᠢ ᠠᠶᠢᠮᠠᠭ ᠤᠨ ᠲᠣᠰ ᠱᠠᠲᠤᠨ ᠠᠴᠠ ᠲᠣᠭᠲᠠᠭᠠᠨ᠎ᠠ᠃     ︵ᠬᠤᠷᠢᠨ ᠭᠤᠷᠪᠠᠨ︶ ᠴᠢᠳᠠᠪᠤᠷᠢᠲᠠᠨ ᠤ ᠲᠤᠯᠭᠠᠭᠤᠷᠢᠯᠠᠯ ᠢ ᠡᠷᠴᠢᠮᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠢ ᠣᠯᠠᠨ ᠠᠷᠭ᠎ᠠ ᠵᠠᠮ ᠢᠶᠠᠷ ᠵᠠᠯᠠᠵᠤ ᠠᠪᠴᠢᠷᠠᠬᠤ ᠶᠢ ᠳᠡᠮᠵᠢᠵᠦ᠂ ᠣᠷᠣᠨ ᠲᠤᠭ᠎ᠠ ᠶᠢ ᠬᠡᠷᠡᠭᠯᠡᠬᠦ ᠨᠡᠩ ᠴᠢᠯᠦᠭᠡᠲᠡᠢ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃      ᠨᠠᠢᠮᠠ᠂ ᠪᠠᠲᠤᠯᠠᠭᠠᠲᠤ ᠠᠷᠭ᠎ᠠ ᠬᠡᠮᠵᠢᠶ᠎ᠡ     ︵ᠬᠤᠷᠢᠨ ᠳᠦᠷᠪᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠨᠠᠮ ᠤᠨ ᠬᠤᠷᠢᠶ᠎ᠠ ᠬᠠᠭᠠᠰ ᠵᠢᠯ ᠪᠦᠷᠢ ᠨᠢᠭᠡ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠤᠨ᠎ᠠ᠃ ᠵᠠᠬᠢᠷᠭ᠎ᠠ ᠨᠢ ᠤᠯᠠᠷᠢᠯ ᠪᠦᠷᠢ ᠨᠢᠭᠡ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠪᠣᠳᠠᠲᠠᠶ ᠶᠠᠪᠤᠳᠠᠯ ᠢ ᠰᠤᠳᠤᠯᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠬᠡᠷ᠂ ᠵᠠᠬᠢᠷᠭ᠎ᠠ ᠶᠢᠨ ᠠᠯᠪᠠᠨ ᠬᠡᠷ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠮᠥᠷᠳᠡᠨ ᠵᠣᠬᠢᠴᠠᠭᠤᠯᠬᠤ ᠪᠠᠨ ᠴᠢᠩᠭᠠᠳᠬᠠᠨ᠎ᠠ᠃ ᠴᠢᠬᠤᠯᠠ ᠶᠡᠭᠡ ᠠᠰᠠᠭᠤᠳᠠᠯ᠂ ᠴᠢᠬᠤᠯᠠ ᠬᠡᠷᠡᠭ ᠶᠠᠪᠤᠳᠠᠯ ᠢ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ  ᠮᠡᠳᠡᠭᠦᠯᠦᠨ᠎ᠡ᠃     ︵ᠬᠤᠷᠢᠨ ᠲᠠᠪᠤ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠲᠥᠷᠥᠯ ᠵᠦᠢᠯ ᠤᠨ ᠨᠠᠷᠢᠨ ᠬᠠᠭᠤᠳᠠᠰᠤ ᠶᠢ ᠱᠠᠯᠠᠪᠳᠠᠨ ᠢᠵᠢ ᠪᠥᠷᠢᠳᠦᠭᠦᠯᠦᠨ ᠲᠣᠭᠲᠠᠭᠠᠵᠤ᠂ ᠵᠦᠢᠯ ᠳᠠᠷᠠᠭᠠᠯᠠᠨ ᠴᠠᠭ ᠤᠨ ᠬᠦᠰᠦᠨᠦᠭᠲᠦ᠂ ᠵᠠᠮ ᠤᠨ ᠵᠢᠷᠤᠭᠯᠠᠯ᠂ ᠬᠠᠷᠢᠭᠤᠴᠠᠯᠭᠠᠲᠠᠨ ᠢ ᠲᠤᠳᠤᠷᠬᠠᠶᠢᠯᠠᠨ᠎ᠠ᠃     ︵ᠬᠤᠷᠢᠨ ᠵᠢᠷᠭᠤᠭ᠎ᠠ︶ ᠭᠤᠤᠯ ᠴᠤᠭᠴᠠᠲᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠠᠯᠠᠱᠠ ᠵᠡᠭᠦᠨ ᠬᠤᠰᠢᠭᠤ ᠬᠠᠷᠢᠭᠤᠴᠠᠯᠭ᠎ᠠ ᠶᠢᠨ ᠤᠬᠠᠮᠰᠠᠷ᠂ ᠠᠵᠠ ᠲᠣᠬᠢᠶᠠᠯ ᠤᠨ ᠤᠬᠠᠮᠰᠠᠷ᠂ ᠪᠣᠭᠤᠮᠲᠠ ᠰᠢᠪᠲᠤᠯᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠯᠳᠤᠨ ᠬᠥᠳᠡᠯᠦᠯᠴᠡᠬᠦ ᠪᠠᠨ ᠴᠢᠩᠭᠠᠳᠬᠠᠨ᠂ ᠳᠡᠮᠵᠢᠬᠦ ᠲᠥᠷᠥ ᠶᠢᠨ ᠪᠣᠳᠣᠯᠭ᠎ᠠ ᠶᠢ ᠪᠣᠳᠠᠲᠠᠶ ᠢᠨᠵᠧᠨᠧᠷᠢᠩ᠂ ᠪᠣᠳᠠᠲᠠᠶ ᠲᠥᠷᠥᠯ ᠵᠦᠢᠯ᠂ ᠪᠣᠳᠠᠲᠠᠶ ᠡᠭᠦᠷᠭᠡ ᠪᠣᠯᠭᠠᠨ ᠬᠤᠪᠢᠷᠠᠭᠤᠯᠵᠤ᠂ ᠦᠪᠡᠷ ᠤᠨ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃                                       ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ  ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ [ᠵᠢᠷᠤᠭᠲᠤ ᠳᠠᠶᠢᠯᠤᠮᠵᠢ ᠬᠤᠶᠠᠷ]ᠠᠯᠠᠱᠠ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ ᠨᠢ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠢ ᠬᠦᠭᠵᠢᠯᠲᠡ ᠶᠢ ᠳᠠᠮᠵᠢᠬᠦ ᠲᠤᠬᠠᠢ ᠰᠠᠨᠠᠯ        
 
ᠢᠷᠡᠯᠲᠡ᠄ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号