ᠨᠢᠭᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ | 2023 ᠣᠨ ᠳᠤ ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ | ᠨᠡᠶᠢᠲᠡ ᠵᠠᠷᠤᠯᠭ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ 24.319 | ᠲᠦᠮᠡᠨ ᠲᠥᠭᠦᠷᠢᠭ ︵ᠴᠥᠮ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠨᠥᠬᠦᠪᠥᠷᠢ︶ ᠪᠠᠷ | ᠲᠥᠯᠥᠪᠯᠡᠵᠦ ᠪᠣᠶ᠃ ᠭᠡᠪᠡᠴᠦ ᠲᠤᠬᠠᠶ ᠶᠢᠨ ᠭᠠᠵᠠᠷ ᠤᠨ ᠡᠳ᠋ ᠤᠨ ᠵᠠᠰᠠᠭ ᠤᠨ ᠵᠠᠷᠤᠳᠠᠯ ᠪᠠᠴᠢᠮ ᠪᠠᠶᠢᠭ᠎ᠠ ᠪᠣᠯᠬᠤᠷ᠂ | ᠪᠦᠬᠦ ᠬᠡᠷᠡᠭ ᠤᠨ ᠨᠥᠬᠦᠪᠥᠷᠢ ᠮᠥᠩᠭᠦ ᠶᠢ ᠣᠳᠣᠬᠠᠨ ᠳᠤ ᠮᠥᠨ ᠬᠦ ᠬᠢᠨᠠᠨ ᠬᠠᠷᠭᠤᠭᠤᠯᠬᠤ ᠪᠠᠷ ᠪᠠᠶᠢᠭ᠎ᠠ ᠪᠠᠶᠢᠳᠠᠯ ᠳᠤ | ᠣᠷᠣᠰᠢᠵᠤ᠂ ᠪᠣᠳᠠᠲᠠᠶ ᠲᠤᠰᠢᠶᠠᠭᠰᠠᠨ ᠦᠭᠡᠶ ᠪᠣᠯ ᠳᠠᠩᠰᠠᠨ ᠳᠤ ᠣᠷᠣᠭᠤᠯᠬᠤ ᠦᠭᠡᠶ᠃ | ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ | 2023 ᠣᠨ ᠳᠤ ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 345 ᠬᠤᠪᠢ ︵ᠡᠭᠦᠨ ᠳᠤ ᠡᠷᠡᠭᠦᠦ ᠶᠢᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ 188 ᠬᠤᠪᠢ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ 156 ᠬᠤᠪᠢ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ 1 | ᠬᠤᠪᠢ︶ ᠰᠢᠢᠳᠪᠦᠷᠢᠯᠡᠵᠦ᠂ ᠬᠠᠤᠯᠢ ᠴᠠᠭᠠᠵᠠ ᠶᠢᠨ ᠵᠥᠪᠯᠡᠯᠭᠡ 311 ᠬᠥᠮᠦᠨ ᠤᠳᠠᠭ᠎ᠠ ᠬᠠᠩᠭᠠᠪᠠ᠃ 2023 | ᠣᠨ ᠳᠤ ᠲᠤᠰ ᠵᠢᠯ ᠤᠨ ᠲᠣᠮᠢᠯᠠᠵᠤ ᠢᠷᠡᠭᠦᠯᠦᠭᠰᠡᠨ ᠬᠡᠷᠡᠭ ᠢ 220 ᠬᠤᠪᠢ ᠬᠤᠷᠢᠶᠠᠨ ᠠᠪᠴᠤ᠂ ᠬᠡᠷᠡᠭ ᠢ | ᠳᠠᠭᠤᠰᠬᠠᠭᠰᠠᠨ ᠨᠣᠷᠮ᠎ᠠ ᠨᠢ 63.8% ᠬᠦᠷᠴᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠪᠠᠶᠢᠭᠤᠯᠤᠮᠵᠢ ᠨᠢ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠳᠠᠭᠠᠯᠳᠤᠭᠤᠯᠤᠯ 1 ︵ᠲᠤᠭ᠎ᠠ | ᠪᠦᠷᠢᠳᠬᠡᠯ ᠤᠨ ᠬᠦᠰᠦᠨᠦᠭᠲᠦ ᠶᠢᠨ ᠲᠤᠭ᠎ᠠ ᠪᠠᠷᠢᠮᠲᠠ ᠳᠤ ᠥᠩᠭᠡᠷᠡᠭᠰᠡᠨ ᠵᠢᠯ ᠤᠳ ᠤᠨ ᠲᠣᠮᠢᠯᠠᠯᠲᠠ᠂ 2023 | ᠣᠨ ᠤ ᠰᠢᠢᠳᠪᠦᠷᠢᠯᠡᠵᠦ ᠳᠠᠭᠤᠰᠬᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠪᠠᠭᠲᠠᠨ᠎ᠠ︶ ᠲᠤ ᠨᠠᠷᠢᠨ | ᠦᠵᠡᠭᠡᠷᠡᠶ᠃ | ᠭᠤᠷᠪᠠ᠂ ᠬᠡᠷᠡᠭ ᠤᠨ ᠴᠢᠨᠠᠷ ᠴᠢᠨᠰᠠᠭ᠎ᠠ ᠶᠢ ᠰᠢᠯᠭᠠᠨ ᠬᠢᠨᠠᠭᠰᠠᠨ ᠪᠠᠶᠢᠳᠠᠯ ᠢ ᠢᠯᠡ ᠨᠡᠶᠢᠲᠡᠯᠡᠭᠰᠡᠨ ᠪᠠᠶᠢᠳᠠᠯ | ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ 2023 ᠣᠨ ᠳᠤ | ᠭᠥᠯᠢᠶᠡᠨ ᠠᠪᠴᠤ ᠰᠢᠢᠳᠪᠦᠷᠢᠯᠡᠵᠦ ᠳᠠᠭᠤᠰᠬᠠᠭᠰᠠᠨ 220 ᠲᠣᠰ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠤᠨ ᠡᠪᠬᠡᠮᠡᠯ ᠢ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠲᠡᠭᠦᠨ ᠤ ᠳᠣᠲᠣᠷᠠᠬᠢ 60 ᠳᠡᠪᠲᠡᠷ | ︵ᠡᠭᠦᠨ ᠳᠤ ᠡᠷᠡᠭᠦᠦ ᠶᠢᠨ ᠬᠡᠷᠡᠭ ᠤᠨ ᠡᠪᠬᠡᠮᠡᠯ 48 ᠳᠡᠪᠲᠡᠷ᠂ ᠢᠷᠭᠡᠨ ᠤ ᠬᠡᠷᠡᠭ ᠤᠨ ᠡᠪᠬᠡᠮᠡᠯ 12 ᠳᠡᠪᠲᠡᠷ︶ ᠢ | ᠲᠣᠬᠢᠶᠠᠯᠳᠤᠯ ᠢᠶᠠᠷ ᠰᠣᠩᠭᠤᠨ ᠠᠪᠴᠤ᠂ ᠠᠵᠢᠯ ᠲᠥᠷᠥᠯ ᠤᠨ ᠳᠣᠲᠣᠭᠠᠳᠤ ᠳᠤ ᠬᠢᠨᠠᠮᠠᠭᠠᠶ ᠬᠠᠷᠢᠭᠤᠴᠠᠵᠤ ᠪᠠᠶᠢᠭ᠎ᠠ | ᠬᠠᠤᠯᠢᠴᠢ ᠶᠢ ᠵᠣᠬᠢᠶᠠᠨ ᠪᠠᠶᠢᠭᠤᠯᠤᠨ ᠦᠨᠡᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠷᠡᠭ ᠤᠨ ᠴᠢᠨᠠᠷ | ᠴᠢᠨᠰᠠᠭ᠎ᠠ ᠢ ᠲᠥᠪᠯᠡᠷᠡᠭᠦᠯᠦᠨ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠪᠡ᠃ ᠲᠣᠰ ᠤᠳᠠᠭᠠᠨ ᠤ ᠦᠨᠡᠯᠡᠨ | ᠪᠠᠶᠢᠴᠠᠭᠠᠯᠲᠠ ᠳᠤ ᠨᠡᠶᠢᠲᠡ 27 ᠰᠢᠯᠢᠳᠡᠭ ᠬᠡᠷᠡᠭ ᠤᠨ ᠡᠪᠬᠡᠮᠡᠯ ᠢ ᠪᠠᠶᠢᠴᠠᠭᠠᠨ ᠭᠠᠷᠭᠠᠵᠤ᠂ ᠰᠢᠯᠢᠳᠡᠭ ᠤᠨ | ᠨᠣᠷᠮ᠎ᠠ ᠨᠢ 45% ᠳᠤ ᠬᠦᠷᠪᠡ︔ ᠰᠢᠯᠢᠳᠡᠭ ᠬᠡᠷᠡᠭ ᠤᠨ ᠡᠪᠬᠡᠮᠡᠯ 16 ᠪᠠᠶᠢᠵᠤ᠂ᠰᠢᠯᠢᠳᠡᠭ ᠨᠣᠷᠮ᠎ᠠ 27% ᠳᠤ | ᠬᠦᠷᠪᠡ︔ ᠬᠢᠷᠢ ᠲᠡᠩᠴᠡᠭᠰᠡᠨ ᠬᠡᠷᠡᠭ ᠤᠨ ᠡᠪᠬᠡᠮᠡᠯ 17 ᠪᠠᠶᠢᠵᠤ᠂ ᠬᠢᠷᠢ ᠲᠡᠩᠴᠡᠭᠰᠡᠨ ᠨᠣᠷᠮ᠎ᠠ 28% ᠳᠤ | ᠬᠦᠷᠪᠡ︔ ᠬᠢᠷᠢ ᠲᠡᠩᠴᠡᠭᠰᠡᠨ ᠦᠭᠡᠢ ᠬᠡᠷᠡᠭ ᠤᠨ ᠡᠪᠬᠡᠮᠡᠯ ᠦᠭᠡᠢ᠃ 2023 ᠣᠨ ᠤ ᠬᠡᠷᠡᠭ ᠢ ᠦᠨᠡᠯᠡᠭᠰᠡᠨ | ᠦᠷ᠎ᠡ ᠳ᠋ᠦᠩ ᠢ ᠳᠠᠭᠠᠯᠳᠤᠭᠤᠯᠤᠯ 2 ᠲᠤ ᠨᠠᠷᠢᠨ ᠦᠵᠡᠭᠡᠷᠡᠶ᠃ | | | | | | | | |