ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ︽ᠠᠯᠠᠱᠠ | ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠲᠤᠬᠠᠶ ᠰᠠᠨᠠᠯ︾ ᠢ ᠬᠡᠪᠯᠡᠨ ᠲᠠᠷᠬᠠᠭᠠᠪᠠ᠃ ᠪᠦᠬᠦ | ᠠᠭᠤᠯᠭ᠎ᠠ ᠨᠢ ᠲᠤᠤᠷᠠᠬᠢ ᠮᠡᠳᠤ᠄ | ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠲᠤᠬᠠᠶ ᠰᠠᠨᠠᠯ | ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠵᠡᠭᠦᠨ ᠬᠤᠰᠢᠭᠤᠨ ᠤ | ᠴᠢᠨᠠᠷᠯᠢᠭ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ | ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ | ᠴᠢᠨᠠᠷᠯᠢᠭ ᠬᠥᠭᠵᠢᠯᠲᠡ ᠪᠠᠷ ᠭᠤᠤᠯ ᠰᠡᠳᠦᠪ ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠬᠥᠳᠡᠯᠭᠡᠬᠦ ᠬᠦᠴᠦᠨ ᠪᠣᠯᠭᠠᠵᠤ᠂ ᠠᠯᠠᠱᠠ ᠵᠡᠭᠦᠨ ᠬᠤᠰᠢᠭᠤᠨ ᠤ ᠪᠣᠳᠠᠲᠤ ᠬᠦᠴᠦᠨ ᠢᠶᠠᠨ ᠴᠢᠩᠭᠠᠳᠬᠠᠬᠤ᠂ | ᠴᠢᠨᠠᠷ ᠢᠶᠠᠨ ᠳᠡᠭᠡᠭᠰᠢᠯᠡᠭᠦᠯᠬᠦ᠂ ᠬᠦᠴᠦᠨ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ | ᠠᠶᠢᠮᠠᠭ ᠤᠨ ᠴᠢᠨᠠᠷᠯᠢᠭ ᠬᠥᠭᠵᠢᠯᠲᠡ ᠶᠢᠨ ᠳᠤᠮᠳᠠ ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠨᠠᠩ ᠰᠠᠶᠢᠨ ᠡᠭᠦᠷᠭᠡᠯᠡᠵᠦ᠂ ᠠᠶᠢᠮᠠᠭ ᠤᠨ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ᠂ ᠠᠶᠢᠮᠠᠭ ᠤᠨ | ᠵᠠᠰᠠᠭ ᠤᠨ ᠣᠷᠳᠣᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ | ︵ᠬᠤᠶᠠᠷ︶ ᠬᠠᠷᠠᠯᠲᠠ | ---ᠠᠵᠤ ᠠᠬᠤᠢ ᠶᠢᠨ ᠬᠥᠭᠵᠢᠯᠲᠡ ᠳᠠᠪᠰᠢᠯᠲᠠ ᠲᠠᠢ ᠬᠤᠰᠢᠭᠤ ᠶᠢ ᠪᠠᠶᠢᠭᠤᠯᠤᠨ᠎ᠠ᠃ ︽ᠭᠤᠷᠪᠠᠨ ᠵᠢᠯ | ᠲᠣᠭᠲᠠᠭᠠᠵᠤ᠂ ᠵᠢᠯ ᠪᠦᠷᠢ ᠰᠠᠶᠢᠲᠤᠷ ᠬᠢᠬᠦ︾ ᠰᠡᠳᠬᠢᠴᠡ ᠶᠣᠰᠣᠭᠠᠷ᠂ ᠠᠯᠠᠱᠠ ᠵᠡᠭᠦᠨ ᠬᠤᠰᠢᠭᠤᠨ ᠤ ᠠᠵᠤ | ᠠᠬᠤᠶ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠶᠢ | ᠠᠬᠢᠭᠤᠯᠤᠨ᠎ᠠ᠂ 2026 ᠤᠨ ᠪᠣᠯᠬᠤ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 240 | ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ | --- ᠪᠣᠬᠢᠷᠲᠤᠯ ᠥᠬᠡᠢ ᠡᠨᠧᠷᠭᠢ ᠶᠢ ᠬᠦᠭᠵᠢᠭᠦᠯᠦᠭᠰᠡᠨ ᠬᠤᠰᠢᠭᠤᠴᠢ ᠬᠤᠰᠢᠭᠤ ᠶᠢ ᠪᠦᠲᠦᠭᠡᠨ ᠪᠠᠶᠢᠭᠤᠯᠤᠨ᠎ᠠ | ᠃ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠡᠪᠡᠷ ᠡᠨᠧᠷᠭᠢ ᠶᠢᠨ ᠠᠵᠤ ᠦᠢᠯᠡᠰ ᠤᠨ | ᠲᠦᠪᠯᠡᠷᠡᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠡᠪᠡᠷ ᠴᠠᠬᠢᠯᠭᠠᠨ ᠤ ᠥᠪᠡᠷ ᠤᠨ ᠥᠷᠲᠡᠭ ᠤᠨ ᠤᠯᠠᠨ | ᠬᠠᠷᠠᠭᠠᠯᠵᠠᠯ ᠲᠠᠢ ᠤᠷᠤᠨ ᠪᠠ ᠴᠡᠪᠡᠷ ᠡᠨᠧᠷᠭᠢ ᠶᠢᠨ ᠠᠵᠤ ᠠᠬᠤᠢ ᠶᠢᠨ ᠥᠨᠳᠦᠷᠯᠢᠭ ᠢ ᠪᠠᠶᠢᠭᠤᠯᠤᠨ᠎ᠠ᠃ | 2026 ᠤᠨ ᠪᠣᠯᠬᠤ ᠳᠤ᠂ ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢ ᠪᠦᠷᠢᠨ ᠪᠠᠶᠢᠭᠤᠯᠤᠨ᠂ | ᠪᠠᠶᠢᠭᠤᠯᠵᠤ ᠪᠠᠶᠢᠭ᠎ᠠ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 3000 ᠲᠦᠮᠡᠨ ᠺᠢᠯᠣᠸᠠᠲ ᠲᠤ | ᠬᠦᠷᠦᠭᠦᠯᠵᠦ᠂ ᠪᠥᠬᠦ ᠠᠶᠢᠮᠠᠭ ᠤᠨ ᠴᠢᠨᠠᠷᠯᠢᠭ ᠬᠥᠭᠵᠢᠯᠲᠡ ᠶᠢ ᠬᠥᠲᠥᠯᠦᠨ ᠳᠠᠭᠠᠭᠤᠯᠬᠤ ᠭᠤᠤᠯ ᠨᠡᠮᠡᠭᠳᠡᠯ ᠤᠨ | ᠤᠷᠭᠢᠯ ᠪᠣᠯᠭᠠᠬᠤ ᠪᠠᠷ ᠴᠢᠷᠮᠠᠶᠢᠨ᠎ᠠ᠃ | --- ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠴᠤᠭᠴᠠᠯᠠᠨ᠎ᠠ᠃ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠦᠬᠦ | ᠲᠠᠯ᠎ᠠ ᠪᠠᠷ ᠦᠢᠯᠡᠳᠦᠯᠭᠡᠵᠢᠭᠦᠯᠵᠦ᠂ ᠠᠮᠢ ᠠᠬᠤᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ | ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ | ᠶᠡᠭᠡ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ᠭᠤᠣᠯᠳᠠᠯᠭ᠎ᠠ ᠲᠠᠢ | ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠴᠢᠨᠠᠷᠯᠢᠭ ᠠᠮᠢ | ᠠᠬᠤᠢ ᠶᠢᠨ ᠣᠷᠴᠢᠨ ᠲᠣᠭᠤᠷᠢᠨ ᠢᠶᠠᠷ ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠭᠤᠯᠤᠨ᠎ᠠ᠃ | ᠬᠤᠶᠠᠷ᠂ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠤᠨ᠎ᠠ | ︵ᠭᠤᠷᠪᠠ︶ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠪᠦᠲᠦᠭᠡᠨ ᠪᠠᠶᠢᠭᠤᠯᠤᠨ᠎ᠠ᠃ ᠰᠢᠨ᠎ᠡ | ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠠᠯᠠᠱᠠ ᠵᠡᠭᠦᠨ ᠬᠤᠰᠢᠭᠤᠨ ᠤ ᠡᠩ ᠲᠡᠷᠢᠭᠦᠨ ᠳᠤ | ᠪᠠᠶᠢᠷᠢᠯᠠᠭᠤᠯᠬᠤ ᠶᠢ ᠳᠡᠮᠵᠢᠨ᠎ᠡ᠃ ᠨᠠᠶᠢᠳᠠᠪᠤᠷᠢᠵᠢᠭᠤᠯᠤᠭᠰᠠᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ | ᠲᠥᠷᠥᠯ ᠵᠦᠢᠯ ᠳᠤ᠂ ᠭᠠᠶᠢᠯᠢ ᠲᠠᠲᠠᠪᠤᠷᠢ ᠠᠴᠠ ᠪᠤᠰᠤᠳ ᠡᠯ᠎ᠡ ᠲᠥᠷᠥᠯ ᠤᠨ ᠠᠰᠢᠭ ᠣᠷᠣᠯᠭ᠎ᠠ ᠶᠢ ᠵᠣᠬᠢᠬᠤ | ᠬᠠᠷᠢᠴᠠᠯ ᠢᠶᠠᠷ ᠠᠯᠠᠱᠠ ᠵᠡᠭᠦᠨ ᠬᠤᠰᠢᠭᠤᠨ ᠳᠤ ᠬᠤᠪᠢᠶᠠᠷᠢᠯᠠᠨ᠎ᠠ᠃ ᠠᠯᠠᠱᠠ ᠵᠡᠭᠦᠨ ᠬᠤᠰᠢᠭᠤᠨ ᠤ ᠬᠤᠸᠠ ᠳ᠋ᠢᠶᠠᠨ | ᠡᠨᠧᠷᠭᠢ ᠶᠢᠨ ᠺᠤᠮᠫᠠᠨᠢ ᠶᠢᠨ ᠳᠡᠭᠷᠢ ᠡᠯᠡᠰᠦᠨ ᠳᠠᠬᠢ ᠰᠠᠭᠤᠷᠢᠨ ᠭᠠᠵᠠᠷ ᠤᠨ ᠲᠥᠷᠥᠯ ᠵᠦᠢᠯ ᠪᠠ ᠪᠣᠬᠢᠷᠲᠤᠯ ᠥᠬᠡᠶ | ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠢ ᠲᠦᠷᠭᠡᠳᠬᠡᠨ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ | ᠬᠤᠰᠢᠭᠤᠨ ᠤ ᠰᠢᠨ᠎ᠡ ᠡᠨᠧᠷᠭᠢ ᠲᠠᠢ ᠬᠤᠯᠪᠤᠭᠳᠠᠬᠤ ᠠᠵᠢᠯ ᠢ ᠵᠤᠬᠢᠴᠠᠭᠤᠯᠬᠤ ᠺᠣᠮᠫᠠᠨᠢ ᠵᠣᠬᠢᠶᠠᠨ ᠪᠠᠶᠢᠭᠤᠯᠬᠤ ᠶᠢ | ᠳᠡᠮᠵᠢᠵᠦ᠂ ᠬᠠᠮᠲᠤᠷᠠᠨ ᠪᠠᠯᠠ ᠣᠷᠣᠭᠤᠯᠬᠤ᠂ ᠦᠢᠯᠡᠳᠪᠦᠷᠢᠯᠡᠬᠦ ᠡᠯᠧᠮᠧᠨ᠋ᠲ ᠢᠶᠠᠷ ᠬᠤᠪᠢ ᠣᠷᠣᠭᠤᠯᠬᠤ ᠵᠡᠷᠭᠡ | ᠠᠷᠭ᠎ᠠ ᠢᠶᠠᠷ ᠳᠠᠮᠵᠢᠭᠤᠯᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠣᠷᠣᠯᠴᠠᠨ᠎ᠠ᠃ | ︵ᠲᠦᠷᠪᠡ︶ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠤᠨ᠎ᠠ᠃ ᠤᠮᠠᠷᠠᠲᠤ ᠣᠷᠣᠨ ᠤ ᠴᠢᠯᠠᠭᠤᠨ ᠲᠣᠰᠣᠨ ᠤ ᠵᠢᠷᠠᠲᠠᠢ ᠴᠢᠯᠠᠭᠤᠨ ᠲᠣᠰᠣᠨ ᠤ ᠠᠭᠤᠷᠬᠠᠶ ᠶᠢᠨ | ᠬᠠᠶᠢᠨ ᠰᠢᠨᠵᠢᠯᠡᠵᠦ ᠨᠡᠭᠡᠭᠡᠨ ᠬᠦᠭᠵᠢᠭᠦᠯᠬᠦ ᠦᠢᠯᠡᠳᠪᠦᠷᠢᠯᠡᠵᠤ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠠᠯ ᠴᠢᠯᠠᠭᠤ ᠮᠠᠯᠲᠠᠵᠤ ᠰᠢᠯᠢᠬᠦ ᠵᠢᠴᠢ ᠳᠤᠤᠷᠠᠲᠤ ᠲᠠᠯ᠎ᠠ ᠶᠢᠨ | ᠪᠦᠲᠦᠭᠡᠭᠳᠡᠭᠦᠨ ᠢ ᠨᠡᠭᠡᠭᠡᠨ ᠬᠦᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠯᠠᠱᠠ ᠠᠭᠤᠯᠠ ᠶᠢᠨ ᠨᠡᠭᠦᠷᠡᠰᠦᠨ | ᠳᠠᠪᠬᠤᠷᠭ᠎ᠠ ᠶᠢᠨ ᠬᠡᠢ᠂ ᠣᠯᠠᠨᠪᠤᠯᠠᠭ ᠣᠷᠣᠨ ᠤ ᠪᠢᠮᠠᠤᠰ ᠬᠡᠶ ᠵᠡᠷᠭᠡ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ | ᠠᠰᠢᠭᠯᠠᠨ᠎ᠠ᠃ ᠠᠯᠠᠱᠠ ᠵᠡᠭᠦᠨ ᠬᠤᠰᠢᠭᠤᠨ ᠤ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ | ᠪᠠ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ︵ᠲᠠᠪᠤ︶ ᠣᠨᠴᠠᠯᠢᠭᠲᠤ ᠠᠮᠢ ᠠᠬᠤᠶ ᠶᠢᠨ ᠡᠯᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ | ᠠᠯᠠᠱᠠ ᠶᠢᠨ ᠴᠠᠭᠠᠨ ᠭᠤᠶᠣᠣ︾᠂ ︽ᠠᠯᠠᠱᠠ ᠶᠢᠨ ᠤᠯᠠᠭᠠᠨ ᠭᠤᠶᠣᠣ︾ ᠶᠢᠨ ᠭᠠᠵᠠᠷ ᠵᠦᠶ ᠶᠢᠨ ᠪᠡᠯᠭᠡ | ᠲᠡᠮᠳᠡᠭ ᠤᠨ ᠦᠢᠯᠡᠳᠦᠯ ᠢ ᠪᠠᠳᠠᠷᠠᠭᠤᠯᠵᠤ᠂ ᠡᠯᠡᠰᠦᠨ ᠴᠦᠯ ᠤᠨ ᠴᠠᠭᠠᠨ ᠭᠤᠶᠣᠣ᠂ ᠤᠯᠠᠭᠠᠨ ᠭᠤᠶᠤᠤ ᠶᠢᠨ | ᠲᠠᠷᠢᠯᠭ᠎ᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠤᠨᠴᠠᠯᠢᠬᠳᠤ ᠡᠯᠡᠰᠦᠨ ᠤ ᠠᠵᠤ ᠦᠢᠯᠡᠰ ᠤᠨ | ᠬᠡᠪᠴᠢᠶᠡᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠡᠯᠪᠡᠷᠢ ᠶᠢᠨ ᠠᠵᠤ ᠠᠬᠤᠶᠢᠯᠠᠯ ᠤᠨ ᠠᠯᠠᠱᠠ ᠵᠡᠭᠦᠨ ᠬᠤᠰᠢᠭᠤᠨ ᠳᠤ ᠡᠯᠡᠰᠦᠨ ᠤ | ᠴᠠᠭᠠᠨ ᠭᠤᠶᠣᠣ ᠰᠤᠳᠤᠯᠬᠤ ᠲᠥᠪ ᠪᠠᠶᠢᠭᠤᠯᠬᠤ ᠶᠢ ᠵᠣᠷᠢᠭᠵᠢᠭᠤᠯᠤᠨ᠎ᠠ᠃ ᠠᠯᠠᠱᠠ ᠶᠢᠨ ᠴᠠᠭᠠᠨ ᠨᠤᠤᠯᠤᠭᠤᠷᠲᠤ | ᠢᠮᠠᠭ᠎ᠠ᠂ ᠬᠤᠣᠰ ᠪᠥᠬᠦᠲᠦ ᠲᠡᠮᠡᠭᠡ᠂ ᠠᠯᠠᠱᠠ ᠶᠢᠨ ᠦᠬᠡᠷ ᠵᠡᠷᠭᠡ ᠲᠤᠰ ᠭᠠᠵᠠᠷ ᠤᠨ ᠰᠢᠯᠢᠳᠡᠭ ᠮᠠᠯ ᠤᠨ | ᠡᠭᠦᠯᠳᠡᠷ ᠢ ᠬᠠᠮᠠᠭᠠᠯᠠᠨ ᠥᠷᠭᠡᠳᠬᠡᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠳᠡᠮᠵᠢᠨ᠎ᠡ᠃ ᠠᠯᠠᠱᠠ ᠵᠡᠭᠦᠨ | ᠬᠤᠰᠢᠭᠤᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ | ᠡᠯᠡᠰᠦᠨ ᠤ ᠠᠵᠤ ᠦᠢᠯᠡᠰ ᠤᠨ ᠲᠤᠰᠬᠠᠶ ᠮᠡᠷᠭᠡᠵᠢᠯ ᠤᠨ ᠤᠷᠤᠯᠳᠤᠭᠠᠨ ᠢ ᠰᠠᠶᠢᠲᠤᠷ ᠡᠷᠭᠢᠯᠡᠬᠦ ᠶᠢ ᠳᠡᠮᠵᠢᠨ᠎ᠡ᠃ | ︵ᠵᠢᠷᠭᠤᠭ᠎ᠠ︶ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠠᠵᠤ ᠦᠢᠯᠡᠰ ᠢ ᠲᠦᠷᠭᠡᠪᠴᠢᠯᠡᠨ | ᠬᠦᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ | ᠣᠨᠴᠠᠯᠢᠭᠲᠤ ᠬᠤᠲᠠᠬᠠᠨ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠭᠤᠯᠬᠤ ᠶᠢ ᠳᠡᠮᠵᠢᠵᠦ᠂ ᠴᠡᠷᠢᠭ | ᠠᠷᠠᠳ ᠤᠨ ᠬᠡᠷᠡᠭᠯᠡᠭᠡ ᠶᠢ ᠤᠶᠠᠯᠳᠤᠭᠤᠯᠵᠤ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠤᠨ᠂ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠢ ᠨᠡᠪᠴᠢᠭᠦᠯᠬᠦ ᠲᠣᠭᠲᠠᠴᠠ ᠶᠢ ᠪᠠᠶᠢᠭᠤᠯᠵᠤ᠂ | ᠨᠢᠭᠡ ᠪᠦᠯᠦᠭ ᠠᠵᠤ ᠦᠢᠯᠡᠰ ᠤᠨ ᠳᠠᠪᠠᠭᠤᠯᠢᠭ ᠲᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ | ᠥᠨᠳᠥᠷ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ | ᠬᠡᠷᠡᠭᠯᠡᠵᠦ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ᠂ ᠰᠤᠳᠤᠯᠤᠨ | ᠰᠤᠷᠤᠯᠴᠠᠬᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠠᠱᠠ ᠶᠢᠨ ᠬᠦᠰᠡᠯ | ᠮᠦᠷᠦᠭᠡᠳᠦᠯ ᠤᠨ ᠡᠯᠡᠰᠦ ᠮᠠᠩᠬᠠᠨ ᠤ ᠴᠡᠴᠡᠷᠯᠢᠭ ᠲᠤ ᠲᠦᠰᠢᠭᠯᠡᠨ ᠠᠯᠠᠱᠠ ᠬᠡᠷᠡᠭᠯᠡᠭᠡᠨ ᠤ ᠠᠭᠠᠷ ᠤᠨ ᠠᠶᠠᠯᠠᠯ ᠤᠨ | ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠨᠢᠰᠬᠡᠯ ᠤᠨ ᠪᠦᠬᠦᠯᠢ ᠮᠠᠰᠢᠨ | ᠦᠢᠯᠡᠳᠬᠦ ᠪᠠ ᠤᠭᠰᠠᠷᠠᠬᠤ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠭᠦᠯᠦᠨ᠂ ᠪᠠᠭ᠎ᠠ ᠤᠪᠤᠷ ᠤᠨ ᠵᠢᠯᠣᠭᠤᠴᠢ | ᠦᠭᠡᠶ ᠨᠢᠰᠬᠡᠯ ᠤᠨ ᠰᠣᠷᠢᠯᠲᠠ᠂ ᠳᠤᠤᠭᠤᠷ ᠨᠢᠰᠦᠯᠭᠡ ᠶᠢᠨ ᠠᠭᠠᠷ ᠤᠨ ᠵᠢᠭᠤᠯᠴᠢᠯᠠᠯ᠂ ᠠᠭᠠᠷ ᠤᠨ ᠠᠶᠠᠯᠠᠯ ᠤᠨ | ᠵᠢᠯᠣᠭᠤᠴᠢ ᠶᠢᠨ ᠦᠨᠡᠮᠯᠡᠯ ᠤᠨ ᠪᠣᠯᠪᠠᠰᠤᠷᠠᠭᠤᠯᠤᠯ ᠵᠡᠷᠭᠡ ᠠᠵᠤ ᠦᠢᠯᠡᠰ ᠢ ᠰᠦᠪᠡᠭᠴᠢᠯᠡᠨ ᠬᠥᠭᠵᠢᠭᠦᠯᠦᠨ᠎ᠡ᠃ | ᠠᠯᠠᠱᠠ ᠵᠡᠭᠦᠨ ᠬᠤᠰᠢᠭᠤ ᠠᠴᠠ ᠳᠤᠮᠳᠠᠳᠤ ᠤᠯᠤᠰ · ᠠᠯᠠᠱᠠ ᠶᠢᠨ ᠣᠯᠠᠨ ᠤᠯᠤᠰ ᠤᠨ ᠲᠤᠨᠤᠭ | ᠲᠦᠬᠦᠭᠡᠷᠦᠮᠵᠢ ᠶᠢᠨ ᠦᠵᠡᠰᠬᠦᠯᠡᠩ ᠤᠨ ᠬᠤᠷᠠᠯ ᠢ ᠭᠤᠶᠤᠴᠢᠯᠠᠨ ᠡᠷᠬᠢᠯᠡᠬᠦ ᠶᠢ ᠳᠡᠮᠵᠢᠨ᠎ᠡ᠃ ᠠᠯᠠᠱᠠ ᠵᠡᠭᠦᠨ | ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠯᠵᠢᠭᠦᠯᠦᠨ ᠥᠭᠬᠦ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠶᠢ ᠴᠢᠷᠮᠠᠶᠢᠨ ᠤᠯᠬᠤ ᠶᠢ ᠳᠡᠮᠵᠢᠨ᠎ᠡ᠃ | ︵ᠳᠤᠯᠤᠭ᠎ᠠ︶ ᠥᠨᠳᠥᠷ ᠲᠦᠪᠰᠢᠨ ᠪᠦᠬᠦᠢ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠠᠯᠠᠱᠠ | ᠵᠡᠭᠦᠨ ᠬᠤᠰᠢᠭᠤᠨ ᠤ ᠥᠯᠵᠡᠶ ᠪᠣᠭᠤᠮᠲᠠ - ᠣᠯᠠᠨᠪᠤᠯᠠᠭ ᠵᠠᠬ᠎ᠠ ᠳᠠᠭᠠᠤ ᠶᠢᠨ ᠠᠵᠤ ᠦᠢᠯᠡᠰ ᠤᠨ ᠬᠦᠷᠢᠶᠡᠯᠡᠩ᠂ | ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠬᠦᠷᠢᠶᠡᠯᠡᠩ᠂ ᠪᠠᠶᠠᠨᠬᠤᠲᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦᠤ᠋ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠬᠤ ᠶᠢ ᠳᠡᠮᠵᠢᠨ᠎ᠡ᠃ ᠥᠯᠵᠡᠶ ᠪᠣᠭᠤᠮᠲᠠ - ᠣᠯᠠᠨᠪᠤᠯᠠᠭ ᠢ ᠨᠢᠭᠡ ᠴᠤᠭᠴᠠᠵᠢᠭᠤᠯᠤᠨ | ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠬᠢᠯᠢ ᠤᠷᠤᠨ ᠪᠠ ᠳᠤᠲᠤᠷ ᠭᠠᠵᠠᠷ ᠤᠨ | ᠬᠠᠮᠲᠤᠷᠠᠯᠴᠠᠭ᠎ᠠ ᠶᠢ ᠠᠬᠢᠭᠤᠯᠤᠨ᠂ ︽ᠨᠢᠭᠡ ᠪᠦᠰᠡ ᠨᠢᠭᠡ ᠵᠠᠮ︾ ᠤᠨ ᠰᠢᠨ᠎ᠡ ᠠᠽᠢᠶ᠎ᠠ ᠧᠦ᠋ᠷᠣᠫᠠ ᠶᠢᠨ ᠡᠬᠡ | ᠬᠠᠭᠤᠷᠠᠶ ᠶᠢᠨ ᠬᠥᠭᠦᠷᠭᠡ ᠶᠢᠨ ᠣᠯᠠᠨ ᠤᠯᠤᠰ ᠤᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠢ ᠪᠣᠶ ᠪᠣᠯᠭᠠᠨ᠎ᠠ | ᠃ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠨᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | B ᠬᠡᠯᠪᠡᠷᠢ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠨᠡᠭᠦᠷᠡᠰᠦ ᠨᠥᠭᠡᠴᠡᠯᠡᠵᠦ ᠠᠷᠠᠯᠵᠢᠶᠠᠯᠠᠬᠤ | ᠪᠠᠷᠠᠭᠠᠨ ᠤ ᠭᠦᠢᠯᠭᠡᠭᠡᠨ ᠤ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠡᠭᠦᠷᠡᠰᠦᠲᠥ᠋ᠷᠥᠭᠴᠢ ᠶᠢᠨ | ᠪᠤᠬᠢᠷᠳᠤᠯ ᠦᠭᠡᠢ︾ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ | ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠤᠨ ᠤᠯᠤᠰ ᠤᠨ ᠲᠠᠰ ᠤᠨ ᠤᠳᠤᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ | ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠶᠢ ᠳᠡᠮᠵᠢᠨ᠎ᠡ᠃ | ᠭᠤᠷᠪᠠ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠬᠥᠭᠵᠢᠭᠦᠯᠦᠨ᠎ᠡ | ︵ᠨᠠᠢᠮᠠ︶ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ | ᠠᠯᠠᠱᠠ ᠵᠡᠭᠦᠨ ᠬᠤᠰᠢᠭᠤᠨ ᠤ ︽ᠠᠯᠠᠱᠠ ᠶᠢᠨ ᠡᠯᠡᠰᠦᠨ ᠴᠦᠯ ᠤᠨ ᠪᠠᠶᠠᠰᠤᠯᠲᠤ ᠤᠯᠠᠨ ᠤᠯᠤᠰ ᠤᠨ | ᠵᠢᠭᠤᠯᠴᠢᠯᠠᠯ ᠤᠨ ᠠᠮᠠᠷᠠᠯᠲᠠ ᠶᠢᠨ ᠤᠷᠤᠨ︾ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ | ᠬᠤᠰᠢᠭᠤᠨ ᠤ A ᠲᠠᠰ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ᠂ ᠣᠶᠤᠨᠴᠢ | ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠵᠦ᠂ ᠡᠯᠡᠰᠦᠨ ᠴᠦᠯ ᠤᠨ ᠬᠠᠴᠢᠨ | ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠵᠡᠷᠭᠡ ᠦᠵᠡᠮᠵᠢ ᠶᠢᠨ ᠣᠷᠣᠨ ᠤ ᠪᠠᠶᠢᠭᠤᠯᠤᠯᠲᠠ ᠶᠢ ᠠᠬᠢᠭᠤᠯᠤᠨ᠎ᠠ᠃ | ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢᠨ ᠵᠢᠭᠤᠯᠴᠢᠯᠠᠯ ᠤᠨ ᠲᠣᠭᠤᠷᠢᠭ ᠢᠶᠠᠷ | ᠭᠤᠶᠤᠴᠢᠯᠠᠨ ᠮᠡᠳᠡᠭᠦᠯᠵᠦ ᠤᠯᠤᠰ ᠤᠨ ᠳᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ | ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠦᠪᠯᠡᠷᠡᠭᠰᠡᠨ ᠲᠣᠭᠤᠷᠢᠭ᠂ ᠵᠢᠭᠤᠯᠴᠢᠯᠠᠯ ᠤᠨ ᠠᠮᠠᠷᠠᠯᠲᠠ ᠶᠢᠨ | ᠲᠣᠭᠤᠷᠢᠭ ᠪᠠᠶᠢᠭᠤᠯᠬᠤ ᠪᠠᠷ ᠭᠤᠶᠤᠴᠢᠯᠠᠬᠤ ᠶᠢ ᠳᠡᠮᠵᠢᠨ᠎ᠡ᠃ ᠪᠠᠶᠠᠨᠬᠤᠲᠠ ᠪᠠᠯᠭᠠᠰᠤ ᠶᠢᠨ ᠪᠥᠬᠦ ᠤᠯᠤᠰ ᠤᠨ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ ᠶᠢ ᠭᠤᠶᠤᠴᠢᠯᠠᠨ ᠮᠡᠳᠡᠭᠦᠯᠵᠦ ᠡᠭᠦᠳᠦᠨ | ᠪᠠᠶᠢᠭᠤᠯᠬᠤ ᠶᠢ ᠠᠬᠢᠭᠤᠯᠤᠨ᠎ᠠ᠃ ︽ᠠᠯᠠᠱᠠ ᠶᠢᠨ ᠪᠡᠯᠡᠭ︾ ᠨᠡᠷᠡᠮᠵᠢᠲᠦ ᠪᠣᠳᠠᠲᠤ ᠴᠣᠭᠴᠠ ᠶᠢᠨ ᠳᠡᠯᠭᠡᠭᠦᠷ ᠤᠨ | ᠠᠯᠠᠱᠠ ᠵᠡᠭᠦᠨ ᠬᠤᠰᠢᠭᠤᠨ ᠳᠤ ᠪᠠᠶᠢᠷᠢᠰᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠥᠪᠡᠰᠦᠪᠡᠨ ᠲᠡᠷᠭᠡ | ᠵᠢᠯᠦᠭᠤᠳᠤᠨ ᠵᠢᠭᠤᠯᠴᠢᠯᠠᠬᠤ ᠠᠮᠢ ᠠᠬᠤᠶ ᠶᠢᠨ ᠡᠷᠡᠭᠦᠯᠵᠢᠯ ᠰᠤᠪᠢᠯᠠᠯᠲᠠ᠂ ᠨᠠᠭᠤᠷ ᠴᠥᠭᠦᠷᠥᠮ ᠤᠨ ᠰᠡᠯᠡᠭᠦᠴᠡᠯ | ᠠᠮᠠᠷᠠᠯᠲᠠ ᠵᠡᠷᠭᠡ ᠪᠠᠷ ᠭᠤᠤᠯ ᠰᠡᠳᠦᠪ ᠪᠣᠯᠭᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ | ᠬᠥᠭᠵᠢᠭᠦᠯᠬᠦ ᠶᠢ ᠠᠬᠢᠭᠤᠯᠤᠨ᠎ᠠ᠃ ᠡᠯᠡᠰᠦᠨ ᠴᠦᠯ ᠤᠨ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ᠂ | ᠬᠤᠯᠠᠳᠠᠬᠢᠨ ᠢ ᠲᠤᠭᠲᠠᠭᠠᠭᠴᠢ ᠬᠤᠷᠢᠶ᠎ᠠ ᠡᠷᠲᠡᠨ ᠤ ᠬᠤᠲᠠ ᠪᠠ ᠬᠠᠴᠢᠨ ᠴᠢᠯᠠᠭᠤᠨ ᠤ ᠭᠠᠷᠤᠯᠲᠠ ᠶᠢᠨ ᠣᠷᠣᠨ ᠢ | ᠬᠤᠯᠪᠣᠭᠠᠯᠠᠨ ᠡᠵᠡᠩᠨᠡᠬᠦ ᠶᠢ ᠠᠬᠢᠭᠤᠯᠵᠤ᠂ ᠬᠠᠰ ᠴᠢᠯᠠᠭᠤ ᠶᠢᠨ ᠪᠠᠶᠢᠴᠠᠭᠠᠨ ᠬᠡᠮᠵᠢᠬᠦ ᠲᠥᠪ᠂ ᠴᠠᠬᠢᠮ | ᠬᠤᠳᠠᠯᠳᠤᠭᠠᠨ ᠤ ᠪᠣᠷᠣᠯᠠᠭᠤᠯᠭ᠎ᠠ ᠶᠢᠨ ᠰᠠᠭᠤᠷᠢᠨ ᠭᠠᠵᠠᠷ ᠪᠠ ᠬᠠᠴᠢᠨ ᠴᠢᠯᠠᠭᠤᠨ ᠤ ᠪᠠᠷᠠᠭᠠᠨ ᠤ ᠭᠦᠢᠯᠭᠡᠭᠡᠨ ᠤ | ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠯᠠᠱᠠ ᠵᠡᠭᠦᠨ ᠬᠤᠰᠢᠭᠤᠨ ᠤ ᠠᠯᠠᠱᠠ ᠶᠢᠨ | ᠪᠠᠭᠠᠲᠤᠷᠴᠤᠳ ᠤᠨ ᠴᠤᠭᠯᠠᠭᠠᠨ᠂ ᠠᠯᠠᠱᠠ ᠶᠢᠨ ᠬᠠᠰ ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ | ᠨᠠᠶᠢᠷ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠬᠦ ᠶᠢ ᠳᠡᠮᠵᠢᠨ᠎ᠡ᠃ | ︵ᠶᠢᠰᠦ︶ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠠᠱᠠ ᠵᠡᠭᠦᠨ | ᠬᠤᠰᠢᠭᠤᠨ ᠤ ᠡᠯᠡᠰᠦᠨ ᠵᠠᠰᠠᠯ ᠢ ᠪᠡᠶᠡᠴᠢᠯᠡᠨ ᠣᠶᠢᠯᠠᠭᠠᠬᠤ᠂ ᠬᠢᠲᠠᠳ ᠡᠮᠨᠡᠯᠭᠡ ᠶᠢᠨ ᠵᠠᠰᠠᠯ᠂ ᠡᠷᠡᠭᠦᠯᠵᠢᠯ ᠡᠷᠡᠭᠦᠯᠵᠢᠯ | ᠂ ᠢᠳᠡᠭᠡᠨ ᠤᠮᠳᠠᠭᠠᠨ ᠤ ᠡᠮ ᠤᠨ ᠵᠦᠢᠯᠡᠰ ᠢ ᠨᠢᠭᠡ ᠴᠤᠭᠴᠠᠵᠢᠭᠤᠯᠤᠭᠰᠠᠨ ᠡᠯᠡᠰᠦᠨ ᠵᠠᠰᠠᠯ ᠤᠨ ᠡᠷᠡᠭᠦᠯᠵᠢᠯ | ᠰᠤᠪᠢᠯᠠᠯᠲᠠ ᠶᠢᠨ ᠣᠷᠣᠨ ᠪᠠᠶᠢᠭᠤᠯᠬᠤ ᠶᠢ ᠳᠡᠮᠵᠢᠵᠦ᠂ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ | ᠡᠯᠡᠰᠦᠨ ᠵᠠᠰᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠠᠯᠠᠱᠠ ᠠᠭᠤᠯᠠ ᠶᠢᠨ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ ᠲᠥᠪ ᠢ ᠪᠥᠲᠥᠭᠡᠨ ᠪᠠᠶᠢᠭᠤᠯᠵᠤ᠂ | ᠤᠯᠤᠰ ᠤᠨ ᠳᠣᠲᠣᠭᠠᠳᠤ ᠶᠢᠨ ᠨᠠᠷᠠᠲᠤ ᠡᠷᠡᠭᠦᠯᠵᠢᠯ ᠰᠤᠪᠢᠯᠠᠯᠲᠠ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠦᠢᠯᠡᠰ ᠪᠤᠰᠬᠠᠬᠤ ᠲᠥᠪ ᠢ ᠣᠷᠣᠭᠤᠯᠤᠨ ᠠᠪᠴᠢᠷᠠᠵᠤ᠂ ᠡᠯᠡᠰᠦᠨ ᠴᠥᠯ ᠤᠨ | ᠠᠮᠢᠳᠤ ᠪᠣᠳᠠᠰ᠂ ᠡᠷᠡᠭᠦᠯ ᠮᠡᠨᠳᠦ ᠶᠢᠨ ᠢᠳᠡᠭᠡᠨ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠡᠯᠡᠰᠦᠨ | ᠴᠥᠯ ᠤᠨ ᠬᠥᠳᠡᠯᠭᠡᠭᠡᠨ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ | ᠤᠯᠤᠰ ᠤᠨ ᠲᠠᠰ ᠤᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠭᠤᠶᠤᠴᠢᠯᠠᠨ | ᠡᠷᠭᠢᠯᠡᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠠᠰ ᠤᠨ ᠡᠷᠡᠭᠦᠯᠵᠢᠯ ᠰᠤᠪᠢᠯᠠᠯᠲᠠ ᠶᠢᠨ | ᠨᠠᠷᠠᠲᠤ ᠲᠡᠮᠳᠡᠭᠲᠦ ᠶᠢ ᠭᠤᠶᠤᠴᠢᠯᠠᠨ ᠡᠭᠦᠳᠦᠨ ᠪᠠᠶᠢᠭᠤᠯᠤᠨ᠎ᠠ᠃ | ︵ᠠᠷᠪᠠ︶ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠠᠶᠠᠨᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠪᠥᠬᠦ ᠠᠶᠢᠮᠠᠭ ᠲᠤ ᠦᠢᠯᠡᠴᠢᠯᠡᠬᠦ᠂ ᠡᠷᠬᠢᠨ ᠲᠣᠭᠤᠷᠢᠨ ᠢ | ᠨᠥᠯᠥᠭᠡᠯᠡᠬᠦ ᠪᠠᠷᠠᠭᠠᠨ ᠤ ᠭᠦᠢᠯᠭᠡᠭᠡᠨ ᠤ ᠨᠢᠭᠡᠳᠦᠯᠲᠡᠢ ᠵᠤᠬᠢᠴᠠᠭᠤᠯᠬᠤ ᠲᠥᠪ ᠪᠠ ᠰᠤᠷᠭᠤᠭ ᠢᠶᠠᠷ ᠨᠢ ᠬᠠᠳᠠᠭᠠᠯᠠᠬᠤ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠢ ᠪᠣᠶ ᠪᠣᠯᠭᠠᠨ᠎ᠠ᠃ ᠣᠯᠠᠨᠪᠤᠯᠠᠭ ᠪᠠᠯᠭᠠᠰᠤᠨ ᠤ ᠤᠳᠤᠬᠢᠴᠢᠯᠠᠭᠰᠠᠨ | ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢ ᠳᠡᠮᠵᠢᠵᠦ᠂ ︽ᠨᠢᠭᠡ ᠪᠦᠰᠡ ᠨᠢᠭᠡ ᠵᠠᠮ︾ | ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ᠂ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡᠨ ᠤ ᠬᠦᠢᠰᠦ ᠪᠣᠯᠬᠤ ᠮᠧᠩ ᠰᠢ ᠵᠠᠩᠭᠢᠯᠠᠭ᠎ᠠ ᠶᠢᠨ ᠴᠡᠭ ᠪᠠ ᠣᠷᠣᠨ ᠪᠦᠰᠡ ᠶᠢᠨ | ᠴᠢᠨᠠᠷᠲᠠᠶ ᠨᠡᠭᠦᠷᠡᠰᠦ᠂ ᠣᠯᠠᠨ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠥᠭᠡᠴᠡᠯᠡᠬᠦ | ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠨᠢᠭᠡᠳᠦᠯᠲᠡᠢ ᠵᠤᠬᠢᠴᠠᠭᠤᠯᠬᠤ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ᠃ ᠥᠯᠵᠡᠶ ᠪᠣᠭᠤᠮᠲᠠ - ᠣᠯᠠᠨᠪᠤᠯᠠᠭ ᠵᠠᠬ᠎ᠠ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠤᠨ | ᠬᠥᠭᠵᠢᠯᠲᠡ ᠶᠢ ᠳᠡᠮᠵᠢᠵᠦ᠂ ᠳᠤᠮᠳᠠᠳᠤ ᠮᠣᠩᠭᠤᠯ ᠣᠷᠣᠰ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ | ᠬᠦᠢᠰᠦ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | ᠳᠥᠷᠪᠡ᠂ ᠶᠡᠷᠦᠩᠬᠡᠢ ᠳᠠᠭᠠᠭᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ︵ᠠᠷᠪᠠᠨ ᠨᠢᠭᠡ︶ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ | ᠪᠠᠷᠠᠭᠤᠨ ᠣᠷᠣᠨ ᠤ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ︽ | ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ | ᠪᠠ ᠤᠯᠠᠭᠠᠨᠪᠤᠬ᠎ᠠ᠂ ᠲᠩᠷᠢ ᠡᠯᠡᠰᠦᠨ ᠴᠥᠯ ᠤᠨ ᠵᠠᠬᠠᠲ᠋ᠠᠭᠠᠤ ᠶᠢᠨ ᠢᠨᠵᠧᠨᠧᠷᠢᠩ ᠵᠡᠷᠭᠡ ᠤᠯᠤᠰ ᠤᠨ ᠴᠢᠬᠤᠯᠠ ᠶᠡᠭᠡ | ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠨ᠎ᠡ᠃ ᠠᠯᠠᠱᠠ ᠠᠭᠤᠯᠠ ᠶᠢᠨ | ᠬᠠᠮᠠᠭᠠᠯᠠᠯᠲᠠ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠠᠯᠠᠱᠠ ᠠᠭᠤᠯᠠᠨ ᠤ ᠤᠯᠤᠰ ᠤᠨ ᠴᠡᠴᠡᠷᠯᠢᠭ ᠢ ᠭᠤᠶᠤᠴᠢᠯᠠᠨ ᠮᠡᠳᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠮᠢ | ᠠᠬᠤᠶ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠬᠥᠷᠥᠰᠥ ᠰᠢᠷᠣᠶ ᠶᠢ | ᠬᠠᠮᠠᠭᠠᠯᠠᠬᠤ᠂ ᠲᠠᠴᠢᠷᠳᠠᠭᠰᠠᠨ ᠣᠶ ᠰᠢᠭᠤᠶ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠠᠵᠢᠯ ᠥᠷᠨᠢᠭᠦᠯᠬᠦ ᠶᠢ | ᠳᠡᠮᠵᠢᠵᠦ᠂ ᠠᠯᠠᠱᠠ ᠠᠭᠤᠯᠠ ᠶᠢᠨ ᠴᠥᠯᠡᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠪᠥᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠤᠪᠢᠶᠠᠷᠢ ᠲᠥᠪ ᠢ ᠪᠥᠲᠥᠭᠡᠨ ᠪᠠᠶᠢᠭᠤᠯᠤᠨ᠎ᠠ | ᠃ | ︵ᠠᠷᠪᠠᠨ ᠬᠤᠶᠠᠷ︶ ᠣᠷᠣᠨ ᠨᠤᠲᠤᠭ ᠤᠨ ᠵᠠᠮ ᠬᠠᠷᠢᠯᠴᠠᠭᠠᠨ ᠤ ᠲᠤᠤᠷᠵᠢᠯᠲᠠ ᠶᠢ ᠲᠡᠭᠦᠯᠳᠡᠷᠵᠢᠭᠦᠯᠦᠨ᠎ᠡ᠃ | ᠠᠯᠠᠱᠠ ᠵᠡᠭᠦᠨ ᠬᠤᠰᠢᠭᠤ ᠬᠢᠭᠡᠳ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠯᠦᠭᠡ ᠭᠦᠨᠵᠡᠭᠡᠶ | ᠬᠠᠮᠲᠤᠷᠠᠯᠴᠠᠬᠤ ᠶᠢ ᠳᠡᠮᠵᠢᠵᠦ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠭᠤᠤᠯ ᠪᠣᠯᠬᠤ ᠬᠤᠲᠠ ᠯᠤᠭ᠎ᠠ ᠶᠢᠨ | ᠡᠭᠡᠯᠵᠢ ᠶᠢᠨ ᠨᠢᠰᠬᠡᠯ ᠤᠨ ᠠᠶᠠᠯᠠᠯ ᠤᠨ ᠱᠤᠭᠤᠮ ᠢ ᠡᠷᠲᠡᠬᠡᠨ ᠨᠡᠪᠲᠡᠷᠡᠭᠦᠯᠬᠦ ᠪᠠᠷ ᠴᠢᠷᠮᠠᠶᠢᠨ᠎ᠠ᠃ ᠠᠯᠠᠱᠠ ᠵᠡᠭᠦᠨ | ᠬᠤᠰᠢᠭᠤᠨ ᠤ ᠨᠢᠰᠬᠡᠯ ᠤᠨ ᠪᠠᠭᠤᠳᠠᠯ ᠪᠣᠯᠤᠨ ᠬᠤᠷᠳᠤᠨ ᠤ ᠭᠠᠯᠲᠤ ᠳᠡᠷᠭᠡᠨ ᠵᠠᠮ᠂ ᠬᠤᠷᠳᠤᠨ ᠤ ᠵᠠᠰᠠᠮᠠᠯ ᠵᠠᠮ ᠢ | ᠲᠦᠷᠭᠡᠨ ᠨᠡᠪᠲᠡᠷᠡᠬᠦ ᠪᠠᠷᠢᠯᠭ᠎ᠠ ᠶᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠪᠠᠶᠠᠨᠬᠤᠲᠠ ᠠᠴᠠ ᠢᠷᠭᠠᠶ | ᠬᠦᠷᠬᠦ ᠬᠤᠷᠳᠤᠨ ᠤ ᠭᠠᠯᠲᠤ ᠳᠡᠷᠭᠡᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠥᠯᠵᠡᠶ ᠪᠣᠭᠤᠮᠲᠠ ᠠᠴᠠ ᠪᠠᠶᠠᠨᠬᠤᠲᠠ᠂ ᠪᠠᠶᠠᠨᠬᠤᠲᠠ ᠠᠴᠠ ᠳᠡᠷᠡᠰᠤᠨ ᠬᠤᠲᠠ ᠬᠥᠷᠬᠦ ᠲᠡᠮᠦᠷ ᠵᠠᠮ᠂ S315 | ᠵᠠᠰᠠᠮᠠᠯ ᠵᠠᠮ ᠵᠢᠴᠢ ᠥᠯᠵᠡᠶ ᠪᠣᠭᠤᠮᠲᠠ ᠶᠢᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠲᠥᠯᠥᠪᠯᠡᠨ ᠪᠠᠶᠢᠭᠤᠯᠤᠨ᠎ᠠ᠃ | ᠲᠠᠪᠤ᠂ ᠰᠠᠭᠤᠷᠢᠰᠢᠬᠤ ᠳᠤ ᠲᠣᠬᠢᠷᠠᠮᠵᠢᠲᠠᠶ ᠠᠮᠢ ᠠᠬᠤᠶ ᠶᠢᠨ ᠬᠤᠲᠠᠬᠠᠨ ᠢ ᠲᠦᠷᠭᠡᠳᠭᠡᠨ ᠪᠠᠶᠢᠭᠤᠯᠤᠨ᠎ᠠ | ︵ᠠᠷᠪᠠᠨ ᠭᠤᠷᠪᠠ︶ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠠᠶᠠᠨᠬᠤᠲᠠ ᠪᠠᠯᠭᠠᠰᠤ ᠶᠢᠨ ᠴᠡᠴᠡᠷᠯᠢᠭ᠂ ᠠᠭᠤᠯᠠ᠂ ᠵᠡᠭᠡᠯᠢ ᠭᠤᠳᠤᠮᠵᠢ ᠵᠡᠷᠭᠡ | ᠴᠡᠴᠡᠷᠯᠢᠭᠵᠢᠭᠦᠯᠦᠯᠲᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠵᠦ᠂ ᠬᠠᠭᠤᠴᠢᠨ ᠬᠤᠷᠢᠶᠠᠯᠠᠯ᠂ | ᠬᠤᠲᠠ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠤᠤᠷᠵᠢᠯᠲᠠ᠂ ︽ᠨᠢᠭᠡᠳᠦᠯᠲᠡᠶ ᠪᠠᠷᠢᠭᠰᠠᠨ ᠠᠰᠠᠷ︾ ᠵᠡᠷᠭᠡ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ | ᠃ ᠪᠠᠶᠠᠨᠬᠤᠲᠠ ᠪᠠᠯᠭᠠᠰᠤ ᠶᠢᠨ ᠮᠤᠬᠤᠷ ᠵᠠᠮ ᠨᠡᠪᠲᠡᠷᠡᠭᠦᠯᠬᠦ᠂ ᠪᠤᠭᠤᠭᠳᠠᠮᠠᠯ ᠵᠠᠮ ᠢ ᠥᠷᠭᠡᠳᠬᠡᠬᠦ᠂ ᠬᠠᠭᠤᠴᠢᠷᠬᠠᠰᠠᠨ | ᠵᠠᠮ ᠢ ᠵᠠᠰᠠᠬᠤ ᠶᠢ ᠳᠡᠮᠵᠢᠵᠦ᠂ ᠨᠠᠨ ᠲᠢᠶᠠᠨ ᠲᠣᠰᠬᠤᠨ ᠤ ᠪᠠᠶᠢᠭᠠᠯᠢᠭ ᠶᠡᠷᠦᠩᠬᠡᠶᠢᠯᠡᠭᠰᠡᠨ ᠴᠣᠭᠴᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ ᠲᠣᠭᠤᠷᠢᠭ ᠤᠨ ᠳᠦᠷᠢ ᠪᠠᠶᠢᠳᠠᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠪᠠᠶᠠᠨᠬᠤᠲᠠ ᠪᠠᠯᠭᠠᠰᠤ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠶᠢᠯᠠᠭᠤᠯᠬᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠪᠣᠷᠣᠭᠠᠨ ᠤ ᠤᠰᠤ ᠪᠠ ᠪᠣᠬᠢᠷ | ᠤᠰᠤ ᠶᠢ ᠰᠠᠯᠭᠠᠨ ᠭᠠᠷᠭᠠᠬᠤ ᠥᠭᠡᠷᠡᠴᠢᠯᠡᠯᠲᠡ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠪᠠ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠠᠨᠬᠤᠲᠠ ᠪᠠᠯᠭᠠᠰᠤ ᠶᠢ ᠵᠢᠯᠣᠭᠤᠳᠤᠨ ᠬᠤᠲᠠ | ᠪᠠᠯᠭᠠᠰᠤ ᠶᠢᠨ ᠬᠦᠪᠡᠭᠡ ᠭᠠᠵᠠᠷ᠂ ᠬᠠᠶᠠᠭᠳᠠᠮᠠᠯ ᠭᠠᠵᠠᠷ᠂ ᠰᠤᠯᠠ ᠪᠠᠶᠢᠬᠤ ᠭᠠᠵᠠᠷ ᠢ ᠵᠦᠶ ᠵᠣᠬᠢᠰᠲᠠᠶ ᠠᠰᠢᠭᠯᠠᠵᠤ᠂ | ᠴᠢᠳᠠᠮᠵᠢ ᠨᠢ ᠪᠦᠷᠢᠨ ᠲᠡᠭᠦᠯᠳᠡᠷ᠂ ᠣᠨᠴᠠᠯᠢᠭ ᠨᠢ ᠢᠯᠡ ᠲᠣᠳᠣ᠂ ᠳᠥᠭᠦᠮ ᠳᠥᠲᠡ ᠪᠥᠭᠡᠳ ᠪᠣᠳᠠᠲᠤ | ᠬᠡᠷᠡᠭᠴᠡᠭᠡ ᠲᠠᠢ ᠨᠢᠭᠡ ᠪᠦᠯᠦᠭ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠥᠯᠥᠪᠵᠢᠭᠦᠯᠦᠨ | ᠪᠥᠲᠥᠭᠡᠨ ᠪᠠᠶᠢᠭᠤᠯᠤᠨ᠎ᠠ᠃ ᠪᠠᠶᠠᠨᠬᠤᠲᠠ ᠪᠠᠯᠭᠠᠰᠤ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ | ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠠᠶᠢᠮᠠᠭ ᠤᠨ ᠳᠣᠲᠣᠷᠠᠬᠢ ᠲᠣᠮᠣ ᠬᠡᠯᠪᠡᠷᠢ ᠶᠢᠨ | ᠭᠤᠤᠯᠯᠠᠭᠴᠢ ᠠᠵᠤ ᠠᠬᠤᠶᠢᠯᠠᠯ ᠢ ᠪᠠᠶᠠᠨᠬᠤᠲᠠ ᠪᠠᠯᠭᠠᠰᠤᠨ ᠳᠤ ᠵᠠᠰᠠᠭ ᠵᠠᠬᠢᠷᠭᠠᠨ ᠤ ᠠᠮᠢᠳᠤᠷᠠᠯ ᠤᠨ ᠲᠣᠭᠤᠷᠢᠭ | ᠪᠠᠶᠢᠭᠤᠯᠬᠤ ᠶᠢ ᠵᠣᠷᠢᠭᠵᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠬᠥᠮᠦᠨ ᠠᠮᠠ ᠶᠢᠨ ᠡᠷᠦᠬᠡ ᠠᠮᠠ | ᠣᠷᠣᠭᠤᠯᠬᠤ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠳᠡᠮᠵᠢᠵᠦ᠂ ᠳᠤᠲᠠᠭᠳᠠᠵᠤ ᠪᠠᠶᠢᠭ᠎ᠠ ᠴᠢᠳᠠᠪᠤᠷᠢᠲᠠᠨ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠠᠲᠠᠵᠤ ᠪᠠᠶᠠᠨᠬᠤᠲᠠ ᠪᠠᠯᠭᠠᠰᠤᠨ ᠳᠤ ᠲᠥᠪᠯᠡᠷᠡᠭᠦᠯᠦᠨ᠎ᠡ᠃ | ︵ᠠᠷᠪᠠᠨ ᠳᠥᠷᠪᠡᠳᠦᠭᠡᠷ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠠᠯᠠᠱᠠ ᠵᠡᠭᠦᠨ ᠬᠤᠰᠢᠭᠤᠨ ᠤ ᠬᠡᠪᠴᠢᠶ᠎ᠡ ᠪᠠᠷ ᠲᠣᠬᠢᠷᠠᠮᠵᠢᠲᠠᠶ᠂ ᠴᠢᠳᠠᠮᠵᠢ ᠪᠠᠷ ᠣᠷᠣᠨ ᠪᠠᠶᠢᠷᠢ ᠬᠤᠪᠢᠶᠠᠨ᠂ | ᠳᠠᠶᠢᠴᠢᠯᠠᠯᠲᠠ ᠪᠠᠷ ᠬᠦᠴᠦᠲᠡᠶ ᠣᠨᠴᠠᠯᠢᠭᠲᠤ ᠪᠠᠯᠭᠠᠰᠤ ᠶᠢ ᠬᠥᠭᠵᠢᠭᠦᠯᠬᠦ ᠶᠢ ᠳᠡᠮᠵᠢᠵᠦ᠂ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠢᠶᠠᠷ ᠪᠠᠯᠭᠠᠰᠤ ᠶᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ | ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ | ᠨᠡᠶᠢᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠤᠰᠤ ᠴᠠᠬᠢᠯᠭᠠᠨ ᠵᠠᠮ ᠨᠡᠪᠲᠡᠷᠡᠯᠭᠡ ᠶᠢᠨ ᠰᠠᠭᠤᠷᠢ | ᠪᠡᠯᠡᠳᠬᠡᠮᠵᠢ ᠶᠢ ᠲᠠᠰ ᠳᠡᠪᠰᠢᠭᠦᠯᠬᠦ ᠶᠢ ᠠᠬᠢᠭᠤᠯᠤᠨ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ | ︵ᠠᠷᠪᠠᠨ ᠲᠠᠪᠤ︶ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷᠯᠢᠭ ᠲᠡᠩᠴᠡᠭᠦᠷᠢᠲᠡᠢ ᠬᠥᠭᠵᠢᠬᠦ ᠶᠢ | ᠠᠬᠢᠭᠤᠯᠤᠨ᠎ᠠ᠃ ᠠᠯᠠᠱᠠ ᠵᠡᠭᠦᠨ ᠬᠤᠰᠢᠭᠤ ᠶᠢ ᠬᠠᠪᠰᠤᠷᠤᠨ ᠲᠥᠷᠥᠯ ᠵᠦᠢᠯ ᠤᠨ ᠪᠠᠯᠠ ᠮᠥᠩᠭᠦ ᠣᠯᠵᠤ᠂ ᠰᠠᠭᠤᠷᠢ | ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠳᠡᠮᠵᠢᠨ᠎ᠡ᠃ ᠠᠯᠠᠱᠠ | ᠵᠡᠭᠦᠨ ᠬᠤᠰᠢᠭᠤᠨ ᠤ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠲᠥᠯᠥᠪᠵᠢᠭᠦᠯᠬᠦ ᠶᠢ ᠵᠢᠯᠣᠭᠤᠳᠴᠤ᠂ ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ᠂ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠵᠡᠷᠭᠡ ᠰᠠᠭᠤᠷᠢ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ | ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠪᠦᠯᠦᠭᠵᠢᠭᠰᠡᠨ ᠰᠤᠷᠭᠠᠭᠤᠯᠢ ᠡᠷᠭᠢᠯᠡᠬᠦ ᠪᠠ ᠰᠤᠷᠭᠠᠨ | ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠲᠠᠯᠠᠪᠤᠷ ᠤᠨ | ᠪᠡᠯᠡᠳᠬᠡᠮᠵᠢ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ ᠶᠢ ᠳᠡᠮᠵᠢᠨ᠎ᠡ᠃ ︽ᠡᠷᠡᠭᠦᠯ ᠡᠩᠬᠡ ᠠᠯᠠᠱᠠ ᠵᠡᠭᠦᠨ | ᠬᠤᠰᠢᠭᠤ︾ ᠶᠢᠨ ᠪᠠᠶᠢᠭᠤᠯᠤᠯᠲᠠ ᠶᠢ ᠠᠬᠢᠭᠤᠯᠵᠤ᠂ ᠢᠷᠭᠠᠶ᠂ ᠯᠠᠨᠵᠧᠤ ᠵᠡᠷᠭᠡ ᠡᠷᠬᠢᠨ ᠲᠣᠭᠤᠷᠢᠨ ᠤ ᠮᠤᠵᠢ | ᠬᠤᠲᠠ ᠶᠢᠨ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠡᠮᠴᠢᠯᠡᠭᠡᠨ ᠤ | ᠭᠤᠤᠯᠳᠠᠯᠭ᠎ᠠ ᠲᠠᠢ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ᠂ ᠮᠡᠳᠡᠭᠡ ᠵᠠᠩᠭᠢᠵᠢᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ | ᠠᠯᠠᠱᠠ ᠵᠡᠭᠦᠨ ᠬᠤᠰᠢᠭᠤᠨ ᠤ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠬᠥᠭᠵᠢᠭᠦᠯᠬᠦ ᠶᠢ ᠳᠡᠮᠵᠢᠵᠦ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠢ ᠬᠠᠷᠢᠯᠴᠠᠨ ᠵᠣᠬᠢᠴᠠᠭᠤᠯᠤᠭᠰᠠᠨ᠂ | ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ | ︵ᠠᠷᠪᠠᠨ ᠵᠢᠷᠭᠤᠭ᠎ᠠ︶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠠᠯᠠᠱᠠ | ᠵᠡᠭᠦᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠭᠤᠶᠤᠴᠢᠯᠠᠨ ᠮᠡᠳᠡᠭᠦᠯᠬᠦ ᠶᠢ ᠵᠢᠯᠣᠭᠤᠳᠤᠨ᠎ᠠ᠃ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠲᠥᠯᠥᠪᠯᠡᠭᠡ︾ ᠨᠢ ᠠᠯᠠᠱᠠ ᠵᠡᠭᠦᠨ | ᠬᠤᠰᠢᠭᠤᠨ ᠤ ᠰᠤᠳᠤᠯᠭᠠᠨ ᠤ ᠰᠠᠭᠤᠷᠢᠨ ᠭᠠᠵᠠᠷ ᠪᠠ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ | ᠭᠠᠵᠠᠷ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ ᠬᠤᠰᠢᠭᠤᠨ ᠤ ᠬᠤᠲᠠ ᠶᠢᠨ ᠠᠮᠤᠷ ᠲᠦᠪᠰᠢᠨ ᠤ ᠤᠶᠠᠨ | ᠬᠠᠳᠠᠨ ᠴᠢᠨᠠᠷ ᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠪᠠᠶᠢᠭᠤᠯᠤᠯᠲᠠ ᠶᠢᠨ ᠰᠦᠯᠵᠢᠶᠡᠨ ᠤ ᠬᠡᠷᠡᠭᠯᠡᠯᠲᠡ᠂ ᠣᠶᠤᠨᠴᠢ ᠠᠮᠤᠷ ᠲᠦᠪᠰᠢᠨ ᠤ | ᠰᠡᠷᠭᠡᠶᠢᠯᠡᠯᠲᠡ ᠶᠢᠨ ᠨᠢᠭᠡᠴᠢ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠬᠦ ᠶᠢ ᠵᠢᠯᠣᠭᠤᠳᠴᠤ᠂ ︽ | ᠠᠮᠤᠷ ᠠᠮᠤᠭᠤᠯᠠᠩ ᠠᠯᠠᠱᠠ ᠵᠡᠭᠦᠨ ᠬᠤᠰᠢᠭᠤ︾᠂ ︽ᠬᠠᠤᠯᠢ ᠪᠠᠷ ᠵᠠᠰᠠᠬᠤ ᠠᠯᠠᠱᠠ ᠵᠡᠭᠦᠨ ᠬᠤᠰᠢᠭᠤ︾ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠵᠠᠬ᠎ᠠ ᠳᠠᠭᠠᠤ ᠣᠷᠣᠨ ᠢ ᠬᠥᠭᠵᠢᠭᠦᠯᠵᠦ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠬᠢᠯᠢ ᠬᠢᠵᠠᠭᠠᠷ ᠤᠨ ᠰᠤᠮᠤ ᠪᠠᠯᠭᠠᠰᠤ ᠵᠢᠴᠢ | ᠭᠠᠴᠠᠭᠠᠨ ᠤ ᠤᠰᠤ ᠴᠠᠬᠢᠯᠭᠠᠨ ᠵᠠᠮ ᠤᠨ ᠮᠡᠳᠡᠭᠡ ᠵᠠᠩᠭᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠬᠢᠯᠢ ᠬᠢᠵᠠᠭᠠᠷ ᠣᠷᠣᠨ ᠤ ᠬᠥᠮᠦᠨ ᠠᠮᠠ ᠶᠢᠨ ︽ᠴᠦᠬᠡᠨ︾᠂ ᠨᠠᠰᠤᠵᠢᠬᠤ ᠵᠡᠷᠭᠡ | ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | ᠵᠢᠷᠭᠤᠭ᠎ᠠ᠂ ᠭᠠᠳᠠᠭᠠᠳᠤ ᠨᠡᠭᠡᠭᠡᠯᠲᠡ ᠶᠢ ᠥᠨᠳᠥᠷ ᠬᠢᠷᠢ ᠲᠦᠪᠰᠢᠨ ᠢᠶᠠᠷ ᠠᠬᠢᠭᠤᠯᠤᠨ᠎ᠠ | ︵ᠠᠷᠪᠠᠨ ᠳᠣᠯᠤᠭ᠎ᠠ︶ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠥᠯᠵᠡᠶ ᠪᠣᠭᠤᠮᠲᠠ ᠶᠢᠨ | ᠰᠠᠭᠤᠷᠢ ᠪᠡᠯᠡᠳᠬᠡᠮᠵᠢ ᠶᠢᠨ ᠲᠥᠷᠥᠯ ᠵᠦᠢᠯ᠂ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ | ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠮᠣᠩᠭᠤᠯ ᠤᠨ ᠲᠠᠯ᠎ᠠ ᠶᠢᠨ ᠨᠢᠭᠡ ᠲᠠᠯ᠎ᠠ ᠶᠢᠨ ᠲᠤᠰᠠᠯᠠᠨ ᠪᠠᠶᠢᠭᠤᠯᠬᠤ ᠲᠥᠷᠥᠯ ᠵᠦᠢᠯ ᠢ | ᠵᠣᠬᠢᠴᠠᠭᠤᠯᠤᠨ ᠠᠬᠢᠭᠤᠯᠵᠤ᠂ 2024 ᠣᠨ ᠳᠤ ᠪᠣᠭᠤᠮᠲᠠ ᠪᠠᠷ ᠥᠩᠭᠡᠷᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠥᠯᠵᠡᠶ ᠪᠣᠭᠤᠮᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ | ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠶᠢᠨ ᠬᠠᠳᠠᠭᠠᠯᠠᠯᠲᠠ᠂ ᠡᠳ᠋ᠰᠢᠭᠦᠯᠬᠦ᠂ ᠠᠷᠠᠯᠵᠢᠶᠠᠯᠠᠬᠤ ᠵᠡᠷᠭᠡ | ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢ ᠰᠦᠪᠡᠭᠴᠢᠯᠡᠨ ᠪᠠᠶᠢᠭᠤᠯᠤᠨ᠎ᠠ᠃ ᠥᠯᠵᠡᠶ ᠪᠣᠭᠤᠮᠲᠠ ᠶᠢᠨ | ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠲᠣᠭᠠᠴᠢᠯᠠᠭᠰᠠᠨ ᠪᠠ ᠤᠶᠤᠨᠲᠤ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠠᠯᠤᠰᠯᠠᠭᠰᠠᠨ ᠴᠠᠬᠢᠮ ᠬᠤᠳᠠᠯᠳᠤᠭ᠎ᠠ ᠶᠢ | ᠬᠥᠭᠵᠢᠭᠦᠯᠦᠨ᠎ᠡ᠃ | ︵ᠠᠷᠪᠠᠨ ᠨᠠᠢᠮᠠ︶ ᠤᠷᠤᠨ ᠨᠤᠲᠤᠭ ᠤᠨ ᠬᠠᠮᠲᠤ ᠶᠢᠨ ᠠᠵᠢᠯᠯᠠᠭ᠎ᠠ ᠶᠢ ᠪᠠᠨ ᠡᠷᠴᠢᠮᠵᠢᠭᠦᠯᠦᠨ᠎ᠡ᠃ ᠠᠯᠠᠱᠠ | ᠵᠡᠭᠦᠨ ᠬᠤᠰᠢᠭᠤᠨ ᠤ ᠬᠥᠬᠡᠬᠤᠲᠠ ᠪᠤᠭᠤᠲᠤ ᠢᠷᠭᠠᠢ ᠶᠢᠨ ᠠᠵᠤ ᠠᠬᠤᠶ ᠶᠢᠨ ᠣᠷᠣᠨ᠂ ᠢᠷᠭᠠᠢ ᠬᠤᠲᠠ ᠶᠢᠨ | ᠲᠣᠭᠤᠷᠢᠭ᠂ ᠯᠢᠶᠠᠨ ᠶᠦᠨ ᠭᠠᠩ ᠠᠴᠠ ᠭᠠᠨᠰᠤ ᠰᠢᠨᠵᠢᠶᠠᠩ ᠬᠦᠷᠬᠦ ᠵᠠᠮ ᠳᠠᠭᠠᠤ ᠤᠷᠤᠨ ᠤ ᠠᠵᠤ ᠠᠬᠤᠶ ᠶᠢᠨ | ᠪᠦᠰᠡ ᠳᠤ ᠭᠦᠨᠵᠡᠭᠡᠶ ᠠᠭᠤᠰᠤᠯᠴᠠᠬᠤ ᠶᠢ ᠳᠡᠮᠵᠢᠵᠦ᠂ ᠣᠷᠣᠨ ᠪᠦᠰᠡ ᠶᠢᠨ ᠪᠣᠬᠢᠷᠲᠤᠯ ᠦᠭᠡᠢ ᠡᠨᠧᠷᠭᠢ ᠶᠢᠨ | ᠬᠠᠮᠲᠤᠷᠠᠯᠴᠠᠭ᠎ᠠ᠂ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠰᠠᠭᠤᠷᠢ ᠲᠥᠬᠦᠭᠡᠷᠦᠮᠵᠢ ᠶᠢᠨ ᠬᠤᠯᠪᠣᠭᠠᠯᠠᠬᠤ᠂ | ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠠᠲᠤᠨ ᠭᠤᠣᠯ ᠤᠨ ᠣᠷᠣᠨ | ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠴᠦᠯᠯᠡᠷᠭᠡᠭᠵᠢᠯ ᠢ ᠵᠠᠰᠠᠬᠤ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ | ︵ᠠᠷᠪᠠ ᠶᠢᠰᠦ︶ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠤᠷᠴᠢᠨ ᠢ ᠰᠢᠯᠢᠳᠡᠭᠵᠢᠭᠦᠯᠦᠨ᠎ᠡ᠃ | ᠠᠯᠠᠱᠠ ᠵᠡᠭᠦᠨ ᠬᠤᠰᠢᠭᠤᠨ ᠤ ︽ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠨᠢᠭᠡ ᠯᠡ | ᠳᠡᠭᠡᠷ᠎ᠡ ᠭᠦᠢᠴᠡᠳᠭᠡᠬᠦ᠂ ᠬᠠᠪᠰᠤᠷᠤᠨ ᠭᠦᠢᠴᠡᠳᠭᠡᠬᠦ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ | ᠵᠢᠯᠣᠭᠤᠳᠴᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠠᠯᠳᠠ | ᠪᠠᠷᠢᠮᠵᠢᠶ᠎ᠠ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ | ᠪᠠᠶᠢᠩᠭᠤᠵᠢᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ | ᠳᠣᠯᠤᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ | ︵ᠬᠤᠷᠢ︶ ᠡᠳ᠋ ᠤᠨ ᠵᠠᠰᠠᠭ ᠤᠨ ᠪᠠᠲᠤᠯᠠᠭ᠎ᠠ ᠶᠢ ᠡᠷᠴᠢᠮᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ | ᠡᠳ᠋ ᠤᠨ ᠵᠠᠰᠠᠭ ᠤᠨ ᠡᠩ ᠤᠨ ᠴᠢᠨᠠᠷᠲᠠᠶ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠡᠩᠴᠡᠭᠦᠷᠢᠲᠦ ᠴᠢᠨᠠᠷᠲᠠᠶ᠂ ᠬᠢᠯᠢ ᠬᠢᠵᠠᠭᠠᠷ ᠣᠷᠣᠨ ᠵᠡᠷᠭᠡ ᠳᠤ | ᠰᠢᠯᠵᠢᠭᠦᠯᠦᠨ ᠥᠭᠬᠦ ᠶᠢ ᠬᠤᠪᠢᠶᠠᠷᠢᠯᠠᠬᠤ ᠳᠤ ᠠᠯᠠᠱᠠ ᠵᠡᠭᠦᠨ ᠬᠤᠰᠢᠭᠤ ᠳᠠᠰᠢ ᠬᠡᠯᠪᠠᠶᠢᠯᠭᠡᠬᠦ ᠶᠢ ᠵᠣᠬᠢᠴᠠᠭᠤᠯᠬᠤ ᠪᠠᠷ | ᠴᠢᠷᠮᠠᠶᠢᠨ᠎ᠠ᠃ ᠠᠯᠠᠱᠠ ᠵᠡᠭᠦᠨ ᠬᠤᠰᠢᠭᠤ ᠶᠢ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠣᠰ | ᠱᠠᠲᠤᠨ ᠤ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠨᠠᠷᠢᠨ ᠲᠠᠩᠰᠠ ᠶᠢᠨ ᠬᠡᠪᠴᠢᠶᠡᠨ ᠳᠤ | ᠣᠷᠣᠭᠤᠯᠤᠭᠰᠠᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠠᠶᠢᠮᠠᠭ ᠬᠤᠰᠢᠭᠤᠨ ᠤ 2᠄ 8 ᠢᠵᠢ ᠪᠥᠷᠢᠳᠦᠭᠦᠯᠬᠦ | ᠬᠠᠷᠢᠴᠠᠯ ᠠᠴᠠ 5᠄ 5 ᠢᠵᠢ ᠪᠥᠷᠢᠳᠦᠭᠦᠯᠬᠦ ᠬᠠᠷᠢᠴᠠᠯ ᠪᠣᠯᠭᠠᠨ ᠲᠤᠬᠢᠷᠠᠭᠤᠯᠤᠨ᠎ᠠ᠃ ᠪᠠᠶᠠᠨᠬᠤᠲᠠ ᠪᠠᠯᠭᠠᠰᠤᠨ ᠤ | ᠬᠤᠲᠠ ᠶᠢᠨ ᠶᠠᠪᠤᠳᠠᠯ ᠤᠨ ᠬᠠᠮᠠᠭᠠᠯᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠠᠯᠠᠱᠠ ᠵᠡᠭᠦᠨ | ᠬᠤᠰᠢᠭᠤᠨ ᠤ ᠬᠡᠪᠴᠢᠶᠡᠨ ᠳᠣᠲᠣᠷᠠᠬᠢ ᠠᠭᠤᠷᠬᠠᠶ ᠶᠢᠨ ᠦᠢᠯᠡᠰ ᠤᠨ ᠡᠷᠬᠡ ᠶᠢ ᠬᠤᠳᠠᠯᠳᠤᠭᠰᠠᠨ ᠤ ᠠᠰᠢᠭ | ᠣᠷᠣᠯᠭ᠎ᠠ ︵ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠥᠯᠳᠦᠨ | ᠣᠯᠤᠭᠰᠠᠨ ᠠᠭᠤᠷᠬᠠᠶ ᠶᠢᠨ ᠦᠢᠯᠡᠰ ᠤᠨ ᠡᠷᠬᠡ ᠨᠢ ᠡᠭᠦᠨ ᠳᠤ ᠪᠠᠭᠲᠠᠬᠤ ᠥᠬᠡᠶ᠃︶ ᠠᠶᠢᠮᠠᠭ ᠤᠨ ᠲᠣᠰ | ᠱᠠᠲᠤᠨ ᠤ ᠦᠯᠡᠳᠡᠭᠡᠭᠰᠡᠨ ᠬᠡᠰᠡᠭ ᠢ ᠴᠥᠮ ᠠᠯᠠᠱᠠ ᠵᠡᠭᠦᠨ ᠬᠤᠰᠢᠭᠤᠨ ᠤ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ | ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠬᠦᠦ ᠮᠥᠩᠭᠦ ᠶᠢ ᠪᠠᠭᠤᠷᠠᠭᠤᠯᠤᠨ ᠬᠦᠦ | ᠮᠥᠩᠭᠦ ᠶᠢ ᠬᠡᠯᠲᠦᠷᠢᠭᠦᠯᠬᠦ᠂ ᠵᠢᠭᠡᠯᠡᠯᠭᠡ ᠶᠢ ᠤᠷᠲᠤᠳᠬᠠᠬᠤ᠂ ᠥᠷᠢ ᠥᠭᠴᠡᠭᠡ ᠶᠢ ᠤᠷᠲᠤᠳᠬᠠᠬᠤ ᠬᠤᠭᠤᠴᠠᠭ᠎ᠠ ᠶᠢ | ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠯᠠᠱᠠ ᠵᠡᠭᠦᠨ ᠬᠤᠰᠢᠭᠤᠨ ᠤ ᠥᠷᠢ | ᠥᠭᠴᠡᠭᠡ ᠶᠢ ᠲᠥᠯᠥᠬᠦ ᠳᠠᠷᠤᠯᠲᠠ ᠶᠢ ᠬᠦᠩᠭᠡᠷᠡᠭᠦᠯᠦᠨ᠎ᠡ᠃ ᠠᠯᠠᠱᠠ ᠵᠡᠭᠦᠨ ᠬᠤᠰᠢᠭᠤᠨ ᠠᠴᠠ ᠠᠯᠠᠱᠠ ᠪᠠᠷᠠᠭᠤᠨ | ᠬᠤᠰᠢᠭᠤ᠂ ᠡᠵᠡᠨ᠎ᠡ ᠬᠤᠰᠢᠭᠤᠨ ᠬᠦᠷᠬᠦ ᠠᠭᠠᠷ ᠤᠨ ᠠᠶᠠᠯᠠᠯ ᠤᠨ ᠨᠥᠬᠦᠪᠥᠷᠢ ᠮᠥᠩᠭᠦ ᠶᠢ ᠠᠯᠠᠱᠠ ᠵᠡᠭᠦᠨ | ᠬᠤᠰᠢᠭᠤᠨ ᠠᠴᠠ ᠡᠭᠦᠷᠭᠡᠯᠡᠬᠦ ᠥᠬᠡᠶ᠃ | ︵ᠬᠤᠷᠢᠨ ᠨᠢᠭᠡ︶ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠨ᠎ᠠ᠃ ᠬᠠᠲᠤᠨ ᠭᠤᠤᠯ ᠤᠨ | ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠵᠣᠬᠢᠴᠠᠭᠤᠯᠤᠨ ᠴᠢᠷᠮᠠᠶᠢᠨ ᠣᠯᠵᠤ᠂ ᠭᠠᠵᠠᠷ ᠣᠷᠣᠨ ᠠᠯᠤᠰᠯᠠᠭᠰᠠᠨ | ᠤᠰᠤᠨ ᠤ ᠠᠰᠢᠭᠯᠠᠯᠠᠲᠠ ᠶᠢᠨ ᠡᠷᠬᠡ ᠰᠣᠯᠢᠬᠤ ᠪᠠ ᠤᠰᠤᠨ ᠤ ᠠᠰᠢᠭᠯᠠᠯᠲᠠ ᠶᠢᠨ ᠡᠷᠬᠡ ᠶᠢᠨ ᠠᠷᠠᠯᠵᠢᠶ᠎ᠠ ᠶᠢ | ᠥᠷᠨᠢᠭᠦᠯᠵᠦ᠂ ᠣᠯᠠᠨᠪᠤᠯᠠᠭ ᠤᠨ ᠠᠵᠤ ᠦᠢᠯᠡᠰ ᠤᠨ ᠬᠦᠷᠢᠶᠡᠯᠡᠩ᠂ ᠪᠠᠶᠠᠨᠮᠣᠳᠣ ᠤᠨ ᠲᠠᠷᠢᠶᠠᠯᠠᠩ ᠤᠨ ᠲᠠᠯᠠᠪᠠᠶ᠂ | ᠤᠨᠳᠤᠷᠤᠯᠲᠤ ᠤᠨ ᠳᠡᠯ ᠬᠠᠷ᠎ᠠ ᠶᠢᠨ ᠬᠦᠳᠡᠭᠡ ᠵᠡᠷᠭᠡ ᠭᠠᠵᠠᠷ ᠣᠷᠣᠨ ᠤ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢᠨ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠳᠡᠯ ᠬᠠᠷ᠎ᠠ ᠶᠢᠨ ᠬᠦᠳᠡᠭᠡ ᠬᠠᠲᠤᠨ ᠭᠤᠤᠯ ᠤᠨ | ᠤᠰᠤᠯᠠᠯᠲᠠ ᠶᠢᠨ ᠣᠷᠣᠨ ᠵᠡᠷᠭᠡ 3 ᠤᠰᠤᠯᠠᠯᠲᠠ ᠶᠢᠨ ᠣᠷᠣᠨ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠦᠭᠡᠪᠦᠷᠢ ᠶᠢᠨ ᠬᠦᠳᠡᠭᠡ ᠤᠨ ᠦᠶᠡᠷ ᠰᠠᠯᠭᠠᠬᠤ ᠣᠷᠣᠨ ᠤ | ᠪᠦᠳᠦᠭᠡᠨ ᠪᠠᠢᠭᠤᠯᠥᠯᠳᠡ ᠶᠢ ᠳᠡᠮᠵᠢᠵᠦ᠂ ᠣᠷᠣᠨ ᠪᠦᠰᠡ ᠶᠢᠨ ᠣᠰᠣᠨ ᠤ ᠡᠬᠢ ᠰᠣᠷᠪᠤᠯᠵᠢ ᠶᠢ ᠲᠣᠬᠢᠷᠡᠭᠤᠯᠬᠤ | ᠢᠨᠵᠧᠨᠧᠷᠢᠩ ᠤᠨ ᠪᠦᠳᠦᠭᠡᠨ ᠪᠠᠢᠭᠤᠯᠥᠯᠳᠡ ᠶᠢ ᠠᠬᠢᠭᠤᠯᠥᠨ᠎ᠠ᠃ ᠠᠯᠠᠱᠠ ᠵᠡᠭᠦᠨ ᠬᠤᠰᠢᠭᠤᠨ ᠤ ᠭᠤᠤᠯᠳᠠᠯᠭ᠎ᠠ ᠲᠠᠢ | ᠬᠤᠲᠠ ᠪᠠᠯᠭᠠᠰᠤ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠦᠶᠡᠷ ᠢ ᠰᠡᠷᠭᠡᠶᠢᠯᠡᠬᠦ᠂ ᠤᠰᠤ ᠭᠠᠳᠠᠭᠰᠢᠯᠠᠭᠤᠯᠬᠤ᠂ | ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠢᠨᠵᠧᠨᠧᠷᠢᠩ ᠬᠡᠷᠡᠭᠵᠢᠭᠦᠯᠬᠦ ᠶᠢ ᠳᠡᠮᠵᠢᠨ᠎ᠡ᠃ ᠪᠠᠶᠠᠨᠬᠤᠲᠠ | ᠪᠠᠯᠭᠠᠰᠤ ᠶᠢ ᠵᠢᠯᠣᠭᠤᠳᠤᠨ ᠤᠰᠤ ᠬᠠᠩᠭᠠᠬᠤ ᠲᠤᠤᠷᠵᠢᠯᠲᠠ ᠶᠢ ᠰᠢᠨᠡᠳᠬᠡᠨ ᠥᠭᠡᠷᠡᠴᠢᠯᠡᠬᠦ᠂ | ᠴᠡᠴᠡᠷᠯᠢᠭᠵᠢᠭᠦᠯᠦᠯᠲᠡ ᠶᠢᠨ ᠤᠰᠤᠯᠠᠯᠲᠠ ᠶᠢᠨ ᠲᠥᠬᠦᠭᠡᠷᠦᠮᠵᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ | ᠠᠬᠢᠭᠤᠯᠵᠤ᠂ ᠤᠰᠤ ᠠᠷᠪᠢᠯᠠᠬᠤ ᠬᠡᠮᠵᠢᠶ᠎ᠡ ᠶᠢ ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ | ︵ᠬᠤᠷᠢᠨ ᠬᠤᠶᠠᠷ︶ ᠭᠠᠵᠠᠷ ᠰᠢᠷᠣᠶ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠠᠯᠠᠱᠠ ᠵᠡᠭᠦᠨ | ᠬᠤᠰᠢᠭᠤᠨ ᠳᠤ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ | ᠲᠤᠭ᠎ᠠ ᠶᠢ ᠤᠷᠢᠳᠠᠪᠠᠷ ᠳᠣᠭᠢᠷᠠᠭᠤᠯᠵᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠱᠠᠭᠠᠷᠳᠠᠯᠭ᠎ᠠ ᠳᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ | ᠬᠡᠷᠡᠭᠵᠢᠭᠦᠯᠦᠨ᠎ᠡ᠃ ᠪᠠᠶᠠᠨᠬᠤᠲᠠ ᠪᠠᠯᠭᠠᠰᠤ ᠶᠢᠨ ᠬᠤᠲᠠ ᠶᠢᠨ ᠲᠣᠭᠤᠷᠢᠭ ᠲᠠᠬᠢ ᠲᠠᠲᠠᠪᠤᠷᠢᠯᠠᠭᠰᠠᠨ ᠭᠠᠵᠠᠷ | ᠰᠢᠷᠣᠶ ᠶᠢ ᠰᠢᠯᠵᠢᠭᠦᠯᠦᠨ ᠥᠭᠬᠦ ᠮᠥᠩᠭᠦ ᠶᠢ ᠠᠶᠢᠮᠠᠭ ᠤᠨ ᠲᠣᠰ ᠱᠠᠲᠤᠨ ᠠᠴᠠ ᠲᠣᠭᠲᠠᠭᠠᠨ᠎ᠠ᠃ | ︵ᠬᠤᠷᠢᠨ ᠭᠤᠷᠪᠠᠨ︶ ᠴᠢᠳᠠᠪᠤᠷᠢᠲᠠᠨ ᠤ ᠲᠤᠯᠭᠠᠭᠤᠷᠢᠯᠠᠯ ᠢ ᠡᠷᠴᠢᠮᠵᠢᠭᠦᠯᠦᠨ᠎ᠡ᠃ ᠠᠯᠠᠱᠠ ᠵᠡᠭᠦᠨ | ᠬᠤᠰᠢᠭᠤᠨ ᠤ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ | ᠴᠢᠳᠠᠪᠤᠷᠢᠲᠠᠨ ᠢ ᠣᠯᠠᠨ ᠠᠷᠭ᠎ᠠ ᠵᠠᠮ ᠢᠶᠠᠷ ᠵᠠᠯᠠᠵᠤ ᠠᠪᠴᠢᠷᠠᠬᠤ ᠶᠢ ᠳᠡᠮᠵᠢᠵᠦ᠂ ᠣᠷᠣᠨ ᠲᠤᠭ᠎ᠠ ᠶᠢ ᠬᠡᠷᠡᠭᠯᠡᠬᠦ ᠨᠡᠩ | ᠴᠢᠯᠦᠭᠡᠲᠡᠢ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ | ᠨᠠᠢᠮᠠ᠂ ᠪᠠᠲᠤᠯᠠᠭᠠᠲᠤ ᠠᠷᠭ᠎ᠠ ᠬᠡᠮᠵᠢᠶ᠎ᠡ | ︵ᠬᠤᠷᠢᠨ ᠳᠦᠷᠪᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ | ᠨᠠᠮ ᠤᠨ ᠬᠤᠷᠢᠶ᠎ᠠ ᠬᠠᠭᠠᠰ ᠵᠢᠯ ᠪᠦᠷᠢ ᠨᠢᠭᠡ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠯᠠᠱᠠ | ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠤᠨ᠎ᠠ᠃ ᠵᠠᠬᠢᠷᠭ᠎ᠠ ᠨᠢ ᠤᠯᠠᠷᠢᠯ ᠪᠦᠷᠢ ᠨᠢᠭᠡ ᠤᠳᠠᠭ᠎ᠠ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠪᠣᠳᠠᠲᠠᠶ | ᠶᠠᠪᠤᠳᠠᠯ ᠢ ᠰᠤᠳᠤᠯᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠠᠯᠪᠠᠨ | ᠬᠡᠷ᠂ ᠵᠠᠬᠢᠷᠭ᠎ᠠ ᠶᠢᠨ ᠠᠯᠪᠠᠨ ᠬᠡᠷ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠮᠥᠷᠳᠡᠨ ᠵᠣᠬᠢᠴᠠᠭᠤᠯᠬᠤ ᠪᠠᠨ ᠴᠢᠩᠭᠠᠳᠬᠠᠨ᠎ᠠ᠃ ᠴᠢᠬᠤᠯᠠ ᠶᠡᠭᠡ | ᠠᠰᠠᠭᠤᠳᠠᠯ᠂ ᠴᠢᠬᠤᠯᠠ ᠬᠡᠷᠡᠭ ᠶᠠᠪᠤᠳᠠᠯ ᠢ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ | ᠮᠡᠳᠡᠭᠦᠯᠦᠨ᠎ᠡ᠃ | ︵ᠬᠤᠷᠢᠨ ᠲᠠᠪᠤ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠤᠨ᠎ᠠ᠃ ᠠᠶᠢᠮᠠᠭ ᠤᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ | ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠪᠠ ᠲᠥᠷᠥᠯ ᠵᠦᠢᠯ ᠤᠨ ᠨᠠᠷᠢᠨ ᠬᠠᠭᠤᠳᠠᠰᠤ ᠶᠢ ᠱᠠᠯᠠᠪᠳᠠᠨ ᠢᠵᠢ ᠪᠥᠷᠢᠳᠦᠭᠦᠯᠦᠨ ᠲᠣᠭᠲᠠᠭᠠᠵᠤ᠂ ᠵᠦᠢᠯ | ᠳᠠᠷᠠᠭᠠᠯᠠᠨ ᠴᠠᠭ ᠤᠨ ᠬᠦᠰᠦᠨᠦᠭᠲᠦ᠂ ᠵᠠᠮ ᠤᠨ ᠵᠢᠷᠤᠭᠯᠠᠯ᠂ ᠬᠠᠷᠢᠭᠤᠴᠠᠯᠭᠠᠲᠠᠨ ᠢ ᠲᠤᠳᠤᠷᠬᠠᠶᠢᠯᠠᠨ᠎ᠠ᠃ | ︵ᠬᠤᠷᠢᠨ ᠵᠢᠷᠭᠤᠭ᠎ᠠ︶ ᠭᠤᠤᠯ ᠴᠤᠭᠴᠠᠲᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠠᠯᠠᠱᠠ ᠵᠡᠭᠦᠨ | ᠬᠤᠰᠢᠭᠤ ᠬᠠᠷᠢᠭᠤᠴᠠᠯᠭ᠎ᠠ ᠶᠢᠨ ᠤᠬᠠᠮᠰᠠᠷ᠂ ᠠᠵᠠ ᠲᠣᠬᠢᠶᠠᠯ ᠤᠨ ᠤᠬᠠᠮᠰᠠᠷ᠂ ᠪᠣᠭᠤᠮᠲᠠ ᠰᠢᠪᠲᠤᠯᠬᠤ | ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠯᠳᠤᠨ ᠬᠥᠳᠡᠯᠦᠯᠴᠡᠬᠦ ᠪᠠᠨ ᠴᠢᠩᠭᠠᠳᠬᠠᠨ᠂ ᠳᠡᠮᠵᠢᠬᠦ ᠲᠥᠷᠥ ᠶᠢᠨ | ᠪᠣᠳᠣᠯᠭ᠎ᠠ ᠶᠢ ᠪᠣᠳᠠᠲᠠᠶ ᠢᠨᠵᠧᠨᠧᠷᠢᠩ᠂ ᠪᠣᠳᠠᠲᠠᠶ ᠲᠥᠷᠥᠯ ᠵᠦᠢᠯ᠂ ᠪᠣᠳᠠᠲᠠᠶ ᠡᠭᠦᠷᠭᠡ ᠪᠣᠯᠭᠠᠨ ᠬᠤᠪᠢᠷᠠᠭᠤᠯᠵᠤ᠂ | ᠦᠪᠡᠷ ᠤᠨ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃ | ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ [ᠵᠢᠷᠤᠭᠲᠤ ᠳᠠᠶᠢᠯᠤᠮᠵᠢ ᠬᠤᠶᠠᠷ] | ᠠᠯᠠᠱᠠ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ ᠨᠢ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠢ | ᠬᠦᠭᠵᠢᠯᠲᠡ ᠶᠢ ᠳᠠᠮᠵᠢᠬᠦ ᠲᠤᠬᠠᠢ ᠰᠠᠨᠠᠯ | |