ᠠᠯᠠᠱᠠ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2024/3/8
  ᠨᠢᠭᠡ᠂ ᠭᠤᠤᠯ ᠡᠭᠦᠷᠭᠡ ᠬᠠᠷᠢᠭᠤᠴᠠᠯᠭ᠎ᠠ     1. ᠤᠯᠤᠰ᠂ ᠥᠪᠡᠷᠲᠡᠭᠡᠨ ᠵᠠᠰᠠᠬᠤ ᠣᠷᠣᠨ᠂  ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      2. ᠪᠦᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠥᠪᠵᠢᠭᠦᠯᠪᠡ ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ᠂ ᠪᠦᠲᠦᠮᠵᠢᠲᠡᠢ ᠲᠤᠬᠢᠷᠠᠭᠤᠯᠤᠯᠲᠠ ᠶᠢ ᠠᠬᠢᠭᠤᠯᠤᠨ᠎ᠠ᠃      3. ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠯᠡᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠬᠤ ᠶᠢ ᠲᠤᠰᠠᠯᠠᠬᠤ ᠳᠦᠷᠢᠮ ᠪᠣᠯᠤᠨ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠲᠤ ᠬᠠᠨᠳᠤᠭᠤᠯᠤᠭᠰᠠᠨ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠤᠨ᠎ᠠ᠃    4. ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠎ᠠ᠃     5᠂ ᠪᠦᠭᠦ ᠬᠤᠰᠢᠭᠤᠨ ᠤ ᠠᠵᠢᠯ ᠣᠯᠭᠤᠯᠲᠠ᠂ ᠠᠵᠢᠯ ᠠᠯᠳᠠᠯᠲᠠ ᠪᠠ ᠬᠤᠯᠪᠣᠭᠳᠠᠯ ᠪᠦᠭᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠬᠤ ᠲᠥᠰᠦᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ ᠪᠠ ᠬᠤᠯᠪᠣᠭᠳᠠᠯ ᠪᠦᠭᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠨ᠎ᠠ᠃     6. ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠲᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠳᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠬᠤᠭᠤᠴᠠᠭᠠᠨ ᠤ ᠲᠦᠷᠢᠮ ᠪᠠ ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠠᠷᠢᠯᠭᠠᠬᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      7. ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠫᠤᠰᠲ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠨ᠂ ᠤᠯᠤᠰ ︵ᠬᠢᠯᠢ︶᠎ ᠤᠨ ᠭᠠᠳᠠᠨᠠᠬᠢ ᠲᠤᠰᠬᠠᠶ ᠮᠡᠷᠭᠡᠵᠢᠯᠲᠡᠨ ᠂ ᠭᠠᠳᠠᠭᠠᠳᠤ ᠳᠤ ᠰᠤᠷᠤᠯᠴᠠᠭᠰᠠᠳ ᠢ ᠪᠠᠭᠠᠷᠢᠨ ᠪᠠᠷᠠᠭᠤᠨ ᠬᠤᠰᠢᠭᠤᠨ ᠳᠤ ᠲᠡᠳᠡᠨ ᠠᠪᠴᠢᠷᠠᠵᠤ ︵ᠤᠯᠤᠰ ᠲᠠᠭᠠᠨ ᠪᠤᠴᠠᠬᠤ︶ ᠠᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠡᠰᠡᠭ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠬᠠᠷᠢᠭᠤᠴᠠᠨ᠎ᠠ᠃ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃     8᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠢᠯᠡ ᠪᠠᠷ ᠤᠷᠢᠨ ᠬᠡᠷᠡᠭᠯᠡᠬᠦ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠤᠯᠭ᠎ᠠ ᠶᠢᠨ ᠦᠢᠯᠡᠴᠢᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠵᠢᠯ  ᠦᠢᠯᠡᠰ  ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠎ᠠ᠃       9᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠬᠥᠬᠢᠭᠦᠯᠦᠨ ᠱᠠᠩᠨᠠᠬᠤ ᠲᠦᠷᠢᠮ ᠢ ᠲᠣᠭᠲᠠᠭᠠᠵᠤ᠂ ᠪᠥᠬᠦ ᠬᠤᠰᠢᠭᠤᠨ ᠤ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠪᠥᠬᠦ ᠬᠤᠰᠢᠭᠤᠨ ᠤ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠵᠦ ᠬᠥᠬᠢᠭᠦᠯᠦᠨ ᠰᠠᠶᠢᠰᠢᠶᠠᠬᠤ ᠵᠡᠷᠭᠡ ᠠᠵᠢᠯ ᠢ ᠡᠭᠦᠷᠭᠡᠯᠡᠵᠦ᠂ ᠡᠷᠬᠡ ᠣᠯᠭᠤᠯᠲᠠ ᠶᠢ ᠦᠨᠳᠦᠰᠦᠯᠡᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠬᠤᠰᠢᠭᠤᠨ ᠤ ᠲᠠᠰ ᠤᠨ ᠬᠥᠬᠢᠭᠦᠯᠦᠨ ᠱᠠᠩᠨᠠᠬᠤ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃     10᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠲᠣᠭᠲᠠᠭᠠᠯ᠂ ᠬᠡᠪ ᠤᠨ ᠨᠡᠮᠡᠭᠳᠡᠯ ᠪᠣᠯᠤᠨ ᠣᠯᠭᠤᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠬᠤ ᠪᠠ ᠠᠵᠢᠯ ᠠᠴᠠ ᠪᠠᠨ ᠪᠠᠭᠤᠵᠤ ᠠᠮᠠᠷᠠᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠠᠰᠠᠷᠠᠮᠵᠢ ᠪᠠ ᠠᠵᠢᠯ ᠠᠴᠠ ᠠᠮᠠᠷᠠᠵᠤ ᠠᠵᠢᠯ ᠠᠴᠠ ᠪᠠᠭᠤᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃     11᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ     12᠂ ᠲᠣᠰ ᠠᠵᠢᠯ ᠲᠥᠷᠥᠯ᠂ ᠲᠣᠰ ᠰᠠᠯᠠᠭ᠎ᠠ ᠮᠥᠴᠢᠷ ᠤᠨ ᠢᠶᠠᠨ ᠠᠶᠦᠯᠬᠦᠢ ᠦᠢᠯᠡᠳᠪᠦᠷᠢᠯᠡᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃     13᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     14᠂ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠂ ᠴᠢᠯᠥᠭᠡᠲᠡᠶ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠭᠠᠳᠠᠭᠠᠳᠤ ᠳᠤ ᠰᠢᠢᠳᠪᠦᠷᠢᠯᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ     1᠂ ᠠᠯᠪᠠᠨ ᠬᠡᠷ᠃     2᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠠᠰᠤᠭ᠃     3᠂ ᠰᠠᠭᠤᠷᠢ ᠮᠥᠩᠭᠦᠨ ᠤ ᠪᠠᠯᠠ ᠮᠥᠩᠭᠦ ᠶᠢ ᠬᠢᠨᠠᠨ ᠬᠠᠮᠢᠶᠠᠷᠬᠤ ᠲᠠᠰᠤᠭ᠃     4᠂ ᠠᠵᠢᠯ ᠣᠯᠭᠤᠯᠲᠠ ᠶᠢ ᠠᠬᠢᠭᠤᠯᠬᠤ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠠᠰᠤᠭ᠃     5᠂ ᠨᠡᠶᠢᠭᠡᠮ ᠤᠨ ᠳᠠᠭᠠᠳᠬᠠᠯ ᠤᠨ ᠲᠠᠰᠤᠭ᠃     6᠂ ᠬᠥᠳᠡᠯᠮᠦᠷᠢ ᠶᠢᠨ ᠬᠠᠷᠢᠴᠠᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠰᠤᠭ ︵ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠃     7᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃     ᠭᠤᠷᠪᠠ᠂ ᠬᠠᠷᠢᠯᠴᠠᠬᠤ ᠠᠷᠭ᠎ᠠ ᠮᠠᠶ᠋ᠢᠭ     ᠠᠵᠢᠯᠯᠠᠬᠤ ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠲᠧᠩ ᠹᠸᠢ ᠵᠡᠭᠦᠨ ᠵᠠᠮ ᠤᠨ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠮᠣ ᠠᠰᠠᠷ ᠠᠵᠢᠯᠯᠠᠬᠤ ᠴᠠᠭ ᠄ 9᠄ 00 — 12᠄ 00  15᠄ 00 — 18᠄ 00     ᠬᠠᠷᠢᠯᠴᠠᠬᠤ ᠤᠲᠠᠰᠤ᠄ 0483-8221806        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号