ᠮᠠᠯ ᠤᠨ ᠡᠭᠦᠯᠳᠡᠷ ᠰᠠᠶᠢᠵᠢᠷᠠᠭᠤᠯᠬᠤ ᠭᠡᠳᠡᠭ ᠪᠣᠯ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠪᠠ ᠠᠷᠠᠴᠢᠯᠠᠭ᠎ᠠ | ᠮᠠᠯᠵᠢᠯᠭ᠎ᠠ ᠶᠢᠨ ᠬᠠᠮᠢᠶᠠᠷᠤᠯᠲᠠ ᠵᠡᠷᠭᠡ ᠣᠳᠣ ᠦᠶ᠎ᠡ ᠶᠢᠨ ᠮᠡᠷᠭᠡᠵᠢᠯ ᠤᠨ ᠠᠷᠭ᠎ᠠ ᠪᠠᠷ ᠳᠠᠮᠵᠢᠨ᠂ ᠮᠠᠯ ᠤᠨ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠢᠳᠡᠭ ᠮᠠᠯ ᠤᠨ ᠲᠤᠭ᠎ᠠ ᠨᠣᠷᠮ᠎ᠠ ᠶᠢ ᠥᠷᠭᠡᠳᠬᠡᠵᠦ᠂ | ᠦᠢᠯᠡᠳᠪᠦᠷᠢᠯᠡᠯ ᠤᠨ ᠴᠢᠳᠠᠯ ᠴᠢᠳᠠᠪᠤᠷᠢ ᠶᠢ ᠨᠢ ᠨᠡᠩ ᠶᠡᠬᠡᠪᠡᠷ ᠪᠠᠳᠠᠷᠠᠭᠤᠯᠵᠤ᠂ ᠨᠡᠩ ᠣᠯᠠᠨ᠂ ᠨᠡᠩ ᠰᠠᠶᠢᠨ | ᠮᠠᠯ ᠤᠨ ᠠᠰᠢᠭ ᠰᠢᠮ᠎ᠡ ᠦᠢᠯᠡᠳᠪᠦᠷᠢᠯᠡᠨ ᠭᠠᠷᠭᠠᠵᠤ᠂ ᠨᠡᠶᠢᠭᠡᠮ ᠪᠠ ᠠᠷᠠᠳ ᠤᠨ ᠠᠮᠢᠳᠤᠷᠠᠯ ᠤᠨ ᠡᠳᠦᠷ ᠢᠷᠡᠬᠦᠶ᠎ᠡ | ᠳᠡᠭᠡᠭᠰᠢᠯᠡᠵᠦ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠡᠯᠡᠨ᠎ᠡ᠃ | ᠨᠢᠭᠡ᠂ ᠡᠭᠦᠯᠳᠡᠷ ᠪᠤᠶᠢᠵᠢᠭᠤᠯᠬᠤ | ᠣᠳᠣᠬᠠᠨ ᠳᠤ ᠮᠠᠨ ᠤ ᠠᠶᠢᠮᠠᠭ ᠤᠨ ᠪᠤᠶᠢᠵᠢᠭᠤᠯᠵᠤ ᠪᠠᠶᠢᠭ᠎ᠠ ᠡᠭᠦᠯᠳᠡᠷ ᠲᠤ ᠥᠪᠥᠷ ᠮᠣᠩᠭᠤᠯ ᠤᠨ ᠨᠠᠷᠢᠨ | ᠨᠣᠣᠰᠣᠳᠣ ᠬᠤᠨᠢ᠂ ᠲᠠᠯ᠎ᠠ ᠨᠤᠲᠤᠭ ᠤᠨ ᠤᠯᠠᠭᠠᠨ ᠦᠬᠡᠷ᠂ ᠰᠢᠯᠢ ᠶᠢᠨ ᠭᠤᠣᠯ ᠠᠳᠤᠭᠤ᠂ ᠰᠣᠩᠭᠤᠨ | ᠪᠤᠶᠢᠵᠢᠭᠤᠯᠵᠤ ᠪᠠᠶᠢᠭ᠎ᠠ ᠡᠭᠦᠯᠳᠡᠷ ᠲᠤ ᠦᠵᠦᠮᠦᠴᠢᠨ ᠬᠤᠨᠢ᠂ ᠦᠵᠦᠮᠦᠴᠢᠨ ᠨᠣᠯᠣᠣᠷ ᠤᠨ ᠴᠠᠭᠠᠨ ᠢᠮᠠᠭ᠎ᠠ᠂ | ᠰᠥᠨᠢᠳ ᠬᠤᠨᠢ᠂ ᠤᠷᠢᠶᠠᠩᠬᠠᠨ ᠬᠤᠨᠢ ᠪᠤᠢ᠃ ᠣᠳᠣᠬᠠᠨ ᠪᠠ ᠬᠤᠶᠢᠰᠢᠳᠠ ᠣᠷᠣᠨ ᠨᠤᠲᠤᠭ ᠤᠨ ᠰᠠᠶᠢᠨ | ᠡᠭᠦᠯᠳᠡᠷ ᠤᠨ ᠦᠷ᠎ᠡ ᠶᠢᠨ ᠮᠠᠯ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠱᠠᠯᠠᠪᠳᠠᠨ ᠪᠠᠶᠢᠭᠤᠯᠵᠤ᠂ | ᠦᠵᠦᠮᠦᠴᠢᠨ ᠬᠤᠨᠢᠨ ᠤ ᠣᠭ ᠡᠭᠦᠯᠳᠡᠷ ᠤᠨ ᠲᠠᠯᠠᠪᠠᠢ᠂ ᠦᠵᠦᠮᠦᠴᠢᠨ ᠨᠣᠯᠣᠣᠷ ᠤᠨ ᠴᠠᠭᠠᠨ ᠢᠮᠠᠭᠠᠨ ᠤ ᠣᠭ | ᠡᠭᠦᠯᠳᠡᠷ ᠤᠨ ᠲᠠᠯᠠᠪᠠᠢ᠂ ᠰᠥᠨᠢᠳ ᠬᠤᠨᠢᠨ ᠤ ᠣᠭ ᠡᠭᠦᠯᠳᠡᠷ ᠤᠨ ᠲᠠᠯᠠᠪᠠᠢ ᠪᠠᠷ ᠲᠣᠯᠣᠭᠠᠶᠢᠯᠠᠭᠤᠯᠤᠭᠰᠠᠨ᠂ | ᠡᠭᠦᠯᠳᠡᠷ ᠤᠨ ᠮᠠᠯ ᠤᠨ ᠲᠤᠰᠬᠠᠢ ᠡᠷᠦᠬᠡ ᠪᠠᠷ ᠨᠥᠬᠦᠪᠥᠷᠢ ᠪᠣᠯᠭᠠᠭᠰᠠᠨ ᠡᠭᠦᠯᠳᠡᠷ ᠤᠨ ᠮᠠᠯ ᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠢ ᠱᠠᠯᠠᠪᠳᠠᠨ ᠪᠠᠶᠢᠭᠤᠯᠵᠤ᠂ ᠡᠭᠦᠯᠳᠡᠷ ᠤᠨ ᠮᠠᠯ ᠤᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ | ᠵᠢᠱᠢᠭᠰᠡᠨ ᠦᠷ᠎ᠡ ᠪᠦᠲᠦᠮᠵᠢ ᠪᠠᠨ ᠣᠯᠬᠤ ᠬᠡᠷᠡᠭᠲᠡᠢ᠃ | ᠬᠤᠶᠠᠷ᠂ ᠭᠠᠷ ᠬᠡᠭᠡᠯᠲᠦᠭᠦᠯᠭᠡ ᠬᠢᠬᠦ | ᠭᠠᠷ ᠬᠡᠭᠡᠯᠲᠦᠭᠦᠯᠭᠡ ᠬᠢᠬᠦ ᠭᠡᠳᠡᠭ ᠪᠣᠯ᠂ ᠵᠣᠬᠢᠶᠠᠮᠠᠯ ᠠᠷᠭ᠎ᠠ ᠪᠠᠷ ︵ᠭᠠᠷ ᠢᠶᠠᠷ ᠪᠤᠶᠤ ᠮᠠᠰᠢᠨ ᠢᠶᠠᠷ︶ | ᠠᠶᠠᠨᠳᠠᠭᠠᠨ ᠤ ᠬᠡᠭᠡᠯᠲᠦᠭᠦᠯᠭᠡ ᠶᠢ ᠣᠷᠣᠯᠠᠭᠤᠯᠤᠨ ᠡᠬᠡ ᠮᠠᠯ ᠳᠤ ᠦᠷ᠎ᠡ ᠲᠣᠭᠲᠠᠭᠠᠨ ᠬᠡᠭᠡᠯᠲᠦᠭᠦᠯᠵᠦ ᠦᠷᠡᠵᠢᠭᠦᠯᠬᠦ | ᠨᠢᠭᠡᠨ ᠵᠦᠢᠯ ᠤᠨ ᠮᠡᠷᠭᠡᠵᠢᠯ ᠪᠣᠯᠤᠨ᠎ᠠ᠃ ᠭᠤᠣᠯᠳᠠᠭᠤ ᠦᠷ᠎ᠡ ᠠᠪᠬᠤ᠂ ᠦᠷ᠎ᠡ ᠶᠢ ᠪᠠᠶᠢᠴᠠᠭᠠᠬᠤ᠂ ᠰᠢᠩᠭᠡᠷᠡᠭᠦᠯᠬᠦ᠂ | ᠬᠠᠳᠠᠭᠠᠯᠠᠬᠤ᠂ ᠵᠥᠭᠡᠭᠡᠪᠦᠷᠢᠯᠡᠬᠦ ᠪᠠ ᠦᠷ᠎ᠡ ᠳᠠᠮᠵᠢᠭᠤᠯᠬᠤ ᠵᠡᠷᠭᠡ ᠮᠡᠷᠭᠡᠵᠢᠯ ᠤᠨ ᠭᠤᠣᠯ ᠭᠤᠭᠴᠤᠭ᠎ᠠ ᠪᠤᠢ᠃ ᠲᠡᠷᠡ | ᠪᠣᠯ ᠠᠶᠠᠨᠳᠠᠭᠠᠨ ᠤ ᠬᠡᠭᠡᠯᠲᠦᠭᠦᠯᠭᠡ ᠶᠢᠨ ᠰᠠᠭᠤᠷᠢᠨ ᠳᠡᠭᠡᠷ᠎ᠡ ᠬᠥᠭᠵᠢᠭᠰᠡᠨ ᠨᠢᠭᠡᠨ ᠵᠦᠢᠯ ᠤᠨ ᠰᠢᠨ᠎ᠡ ᠮᠡᠷᠭᠡᠵᠢᠯ | ᠪᠠᠶᠢᠵᠤ᠂ ᠲᠡᠭᠦᠨ ᠢ ᠬᠥᠭᠵᠢᠭᠦᠯᠵᠦ᠂ ᠳᠡᠯᠭᠡᠷᠡᠭᠦᠯᠵᠦ ᠬᠡᠷᠡᠭᠯᠡᠬᠦ ᠨᠢ ᠮᠠᠯ ᠥᠰᠬᠡᠵᠦ ᠦᠷᠡᠵᠢᠭᠦᠯᠬᠦ ᠮᠡᠷᠭᠡᠵᠢᠯ ᠤᠨ | ᠲᠠᠯ᠎ᠠ ᠪᠠᠷ ᠬᠢ ᠴᠢᠬᠤᠯᠠ ᠶᠡᠭᠡ ᠥᠭᠡᠷᠡᠴᠢᠯᠡᠯᠲᠡ ᠪᠣᠯᠵᠤ ᠪᠠᠶᠢᠨ᠎ᠠ᠃ ᠡᠨᠡᠬᠦ ᠮᠡᠷᠭᠡᠵᠢᠯ ᠤᠨ ᠬᠡᠷᠡᠭᠯᠡᠯᠲᠡ ᠨᠢ ᠮᠠᠯ ᠤᠨ | ᠬᠡᠭᠡᠯᠲᠦᠭᠦᠯᠭᠡ ᠶᠢᠨ ᠶᠠᠪᠤᠴᠠ ᠶᠢ ᠪᠦᠲᠦᠮᠵᠢᠲᠡᠢ ᠥᠭᠡᠷᠡᠴᠢᠯᠡᠭᠰᠡᠨ ᠮᠥᠷᠲᠡᠭᠡᠨ ᠡᠷ᠎ᠡ ᠮᠠᠯ ᠤᠨ ᠬᠡᠭᠡᠯᠲᠦᠭᠦᠯᠭᠡ ᠶᠢᠨ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠡᠢ᠃ ᠢᠯᠠᠩᠭᠤᠶ᠎ᠠ ᠢᠴᠡᠭᠡᠯ ᠦᠷ᠎ᠡ ᠶᠢᠨ ᠬᠡᠭᠡᠯᠲᠦᠭᠦᠯᠭᠡ ᠶᠢ ᠬᠡᠷᠡᠭᠯᠡᠭᠰᠡᠨ ᠠᠴᠠ | ᠨᠢᠭᠡ ᠰᠢᠯᠢᠳᠡᠭ ᠪᠤᠬ᠎ᠠ ᠵᠢᠯ ᠳᠤ ᠬᠠᠮᠤᠭ ᠥᠨᠳᠥᠷ ᠲᠡᠭᠡᠨ ᠨᠢᠭᠡ ᠲᠦᠮᠡ ᠭᠠᠷᠤᠢ ᠦᠨᠢᠶᠡᠨ ᠳᠤ ᠬᠡᠬᠡᠯ ᠠᠪᠤᠭᠤᠯᠵᠤ᠂ | ᠡᠭᠦᠨ ᠢᠶᠠᠷ ᠳᠠᠮᠵᠢᠨ ᠦᠷ᠎ᠡ ᠶᠢᠨ ᠮᠠᠯ ᠲᠡᠵᠢᠭᠡᠬᠦ ᠲᠤᠭ᠎ᠠ ᠶᠢ ᠪᠠᠭᠠᠰᠬᠠᠵᠤ᠂ ᠦᠢᠯᠡᠳᠪᠦᠷᠢᠯᠡᠯ ᠤᠨ ᠵᠠᠷᠤᠳᠠᠯ ᠢ | ᠠᠷᠪᠢᠯᠠᠵᠤ ᠴᠢᠳᠠᠵᠠᠢ᠃ ᠮᠠᠨ ᠤ ᠠᠶᠢᠮᠠᠭ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠪᠠ ᠬᠤᠨᠢᠨ ᠤ ᠭᠠᠷ | ᠬᠡᠭᠡᠯᠲᠦᠭᠦᠯᠭᠡ ᠶᠢᠨ ᠲᠠᠯ᠎ᠠ ᠪᠠᠷ ᠢᠯᠡᠳᠲᠡ ᠠᠮᠵᠢᠯᠲᠠ ᠣᠯᠪᠠ᠃ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ | ᠮᠠᠨ ᠤ ᠠᠶᠢᠮᠠᠭ ᠲᠤ ᠨᠢᠭᠡᠨᠲᠡ 30 ᠵᠢᠯ ᠤᠨ ᠬᠥᠭᠵᠢᠯᠲᠡ ᠶᠢᠨ ᠲᠡᠦᠬᠡ ᠲᠠᠢ ᠪᠣᠯᠵᠤ᠂ ᠳᠡᠯᠭᠡᠷᠡᠭᠦᠯᠦᠨ ᠬᠡᠷᠡᠭᠯᠡᠵᠦ | ᠪᠠᠶᠢᠭ᠎ᠠ ᠬᠡᠪᠴᠢ᠊ ᠡᠶ᠎ᠡ ᠤᠯᠠᠮ ᠢᠶᠠᠷ ᠥᠷᠭᠡᠵᠢᠵᠦ᠂ ᠵᠢᠯ ᠪᠦᠷᠢ 8 ᠲᠦᠮᠡᠨ ᠦᠨᠢᠶ᠎ᠡ ᠬᠡᠭᠡᠯᠲᠦᠭᠦᠯᠵᠦ ᠪᠣᠢ᠃ ᠡᠭᠦᠯᠳᠡᠷ | ᠰᠠᠶᠢᠵᠢᠷᠠᠭᠤᠯᠤᠭᠰᠠᠨ ᠦᠬᠡᠷ ᠤᠨ ᠪᠡᠶ᠎ᠡ ᠶᠢᠨ ᠬᠦᠨᠳᠦ᠂ ᠪᠡᠶ᠎ᠡ ᠪᠢᠯᠳᠠᠷ ᠢᠯᠡᠳᠲᠡ ᠳᠡᠭᠡᠭᠰᠢᠯᠡᠨ ᠲᠣᠮᠣᠷᠠᠵᠤ᠂ 18 | ᠰᠠᠷ᠎ᠠ ᠲᠠᠢ ᠯᠢᠮᠣᠽᠠᠠ ᠮᠣᠩᠭᠤᠯ ︵F1︶ ᠡᠷ᠎ᠡ ᠦᠬᠡᠷ ᠪᠠ ᠦᠨᠢ᠊ ᠡᠶ᠎ᠡ ᠶᠢᠨ ᠪᠡᠶ᠎ᠡ ᠶᠢᠨ ᠬᠦᠨᠳᠦ ᠨᠢ ᠲᠤᠰ ᠪᠦᠷᠢ | 289 ᠺᠢᠯᠣᠭ᠍ᠷᠠᠮ᠂ 276 ᠺᠢᠯᠣᠭ᠍ᠷᠠᠮ ᠬᠦᠷᠴᠦ︔ ᠠᠩᠬᠢᠰ ᠮᠣᠩᠭᠤᠯ ︵F1︶ ᠡᠷ᠎ᠡ ᠦᠬᠡᠷ ᠪᠠ ᠦᠨᠢᠶᠡᠨ ᠤ | ᠪᠡᠶ᠎ᠡ ᠶᠢᠨ ᠬᠦᠨᠳᠦ ᠨᠢ ᠲᠤᠰ ᠪᠦᠷᠢ 273 ᠺᠢᠯᠣᠭ᠍ᠷᠠᠮ᠂ 262 ᠺᠢᠯᠣᠭ᠍ᠷᠠᠮ ᠬᠦᠷᠴᠦ᠂ ᠠᠳᠠᠯᠢ ᠨᠠᠰᠤᠨ ᠤ ᠮᠣᠩᠭᠤᠯ | ᠦᠬᠡᠷ ᠲᠠᠢ ᠠᠳᠠᠯᠢᠳᠬᠠᠪᠠᠯ ᠲᠤᠰ ᠪᠦᠷᠢ 33.16%᠂ 29.69%᠂ 25.91%᠂ 25.14% | ᠳᠡᠭᠡᠭᠰᠢᠯᠡᠵᠡᠢ᠃ ᠦᠨ᠎ᠡ ᠬᠠᠩᠰᠢ ᠨᠢ ᠴᠣ᠋ ᠮᠣᠩᠭᠤᠯ ᠦᠬᠡᠷ ᠲᠠᠢ ᠬᠠᠷᠢᠴᠠᠭᠤᠯᠪᠠᠯ 800-900 ᠲᠥᠭᠦᠷᠢᠭ | ᠥᠨᠳᠥᠷ ᠪᠠᠶᠢᠳᠠᠭ᠃ ᠬᠤᠨᠢᠨ ᠤ ᠭᠠᠷ ᠬᠡᠭᠡᠯᠲᠦᠭᠦᠯᠭᠡ ᠶᠢᠨ ᠮᠡᠷᠭᠡᠵᠢᠯ ᠢ ᠮᠠᠨ ᠤ ᠠᠶᠢᠮᠠᠭ ᠬᠤᠷᠢᠳᠤᠭᠠᠷ ᠵᠠᠭᠤᠨ ᠤ | ᠲᠠᠪᠢᠭᠠᠳ ᠣᠨ ᠠᠴᠠ ᠡᠬᠢᠯᠡᠨ ᠬᠡᠷᠡᠭᠯᠡᠵᠦ᠂ ᠠᠩᠬ᠎ᠠ ᠲᠤᠷᠰᠢᠯᠲᠠ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠴᠠ | ᠣᠳᠣ ᠪᠣᠯᠲᠠᠯ᠎ᠠ ᠨᠢᠭᠡᠨᠲᠡ ᠨᠢᠭᠡᠨ ᠡᠩ ᠤᠨ ᠮᠡᠷᠭᠡᠵᠢᠯ ᠪᠣᠯᠵᠤ᠂ ᠥᠪᠥᠷ ᠮᠣᠩᠭᠤᠯ ᠤᠨ ᠨᠠᠷᠢᠨ ᠨᠣᠣᠰᠣᠳᠣ ᠬᠤᠨᠢ ᠶᠢ | ᠪᠤᠶᠢᠵᠢᠭᠤᠯᠬᠤ ᠳᠤᠮᠳᠠ᠂ ᠡᠨᠡᠬᠦ ᠮᠡᠷᠭᠡᠵᠢᠯ ᠳᠤ ᠲᠦᠰᠢᠭᠯᠡᠨ ᠡᠭᠦᠯᠳᠡᠷ ᠪᠤᠶᠢᠵᠢᠭᠤᠯᠬᠤ᠂ ᠨᠠᠷᠢᠨ ᠨᠣᠣᠰᠣᠳᠣ | ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠳᠣᠯᠠᠬᠤ᠂ ᠠᠦ᠋ᠰᠳ᠋ᠷᠡᠯᠢᠶ᠎ᠠ ᠮᠧᠷᠢᠨᠣᠰ ᠬᠤᠨᠢ ᠶᠢ | ᠡᠷᠯᠢᠰᠵᠢᠬᠦᠯᠬᠦ ᠵᠡᠷᠭᠡ ᠠᠵᠢᠯ ᠳᠤ ᠴᠢᠬᠤᠯᠠ ᠦᠢᠯᠡᠳᠦᠯ ᠦᠵᠡᠭᠦᠯᠵᠡᠢ᠃ ᠡᠭᠦᠯᠳᠡᠷ ᠰᠠᠶᠢᠵᠢᠷᠠᠭᠤᠯᠤᠭᠰᠠᠨ ᠨᠠᠰᠤ | ᠭᠦᠢᠴᠡᠭᠰᠡᠨ ᠨᠠᠷᠢᠨ ᠨᠣᠣᠰᠣᠳᠣ ᠬᠤᠨᠢᠨ ᠤ ᠳᠤᠮᠳᠠᠴᠢ ᠨᠣᠣᠰᠣᠨ ᠤ ᠤᠷᠲᠤ ᠨᠢ 8.53 ᠰᠡᠡᠲ᠋ᠢᠮᠧᠳ᠋ᠷ ᠬᠦᠷᠴᠦ᠂ | ᠨᠣᠣᠰᠣᠨ ᠤ ᠭᠠᠷᠣᠴᠠ ᠨᠢ 5. 24 ᠺᠢᠯᠣᠭ᠍ᠷᠠᠮ ᠬᠦᠷᠴᠦ᠂ ᠴᠡᠪᠡᠷ ᠨᠣᠣᠰᠣᠨ ᠤ ᠨᠣᠷᠮ᠎ᠠ ᠨᠢ 50.2% ᠬᠦᠷᠴᠡᠢ᠃ | ᠣᠳᠣ ᠵᠢᠯ ᠪᠦᠷᠢ 40 ᠲᠦᠮᠡ ᠣᠷᠴᠢᠮ ᠬᠤᠨᠢᠨ ᠳᠤ ᠭᠠᠷ ᠬᠡᠭᠡᠯᠲᠦᠭᠦᠯᠭᠡ ᠬᠢᠵᠦ᠂ ᠬᠤᠴᠠ ᠶᠢᠨ ᠵᠢᠯ ᠤᠨ | ᠬᠡᠭᠡᠯᠲᠦᠭᠦᠯᠭᠡ ᠶᠢᠨ ᠲᠤᠭ᠎ᠠ ᠬᠠᠮᠤᠭ ᠥᠨᠳᠥᠷ ᠲᠡᠭᠡᠨ 2300 ᠬᠦᠷᠴᠦ ᠪᠤᠢ᠃ | ᠭᠤᠷᠪᠠ᠂ ᠬᠦᠪᠦᠷᠡᠯ ᠰᠢᠯᠵᠢᠭᠦᠯᠬᠦ | ᠬᠦᠪᠦᠷᠡᠯ ᠰᠢᠯᠵᠢᠭᠦᠯᠬᠦ ᠭᠡᠳᠡᠭ ᠪᠣᠯ ᠰᠢᠨ᠎ᠡ ᠪᠠᠷ ᠪᠦᠷᠢᠯᠳᠦᠭᠰᠡᠨ ᠮᠥᠷᠲᠡᠭᠡᠨ ᠬᠡᠪᠡᠯᠢ ᠳᠡᠭᠡᠨ ᠬᠠᠷᠠᠬᠠᠨ | ᠬᠡᠯᠪᠡᠷᠢᠵᠢᠵᠦ ᠲᠣᠭᠲᠠᠭᠠᠳᠤᠢ ᠡᠬᠢᠨ ᠤ ᠬᠤᠭᠤᠴᠠᠭᠠᠨ ᠤ ᠬᠦᠪᠦᠷᠡᠯ ᠢ ᠠᠪᠴᠤ ᠭᠠᠷᠭᠠᠨ᠂ ᠥᠭᠡᠷ᠎ᠡ ᠨᠢᠭᠡᠨ ᠠᠳᠠᠯᠢ | ᠲᠥᠷᠥᠯ ᠤᠨ ᠢᠵᠢᠯ ᠹᠢᠽᠢᠣᠯᠣᠭᠢ ᠶᠢᠨ ᠪᠠᠶᠢᠳᠠᠯ ᠲᠠᠢ ᠦᠨᠢᠶᠡᠨ ᠳᠤ ᠰᠢᠯᠵᠢᠭᠦᠯᠵᠦ᠂ ᠪᠤᠶᠢᠵᠢᠭᠤᠯᠤᠨ | ᠲᠥᠯᠯᠡᠭᠦᠯᠬᠦ ᠶᠢ ᠵᠢᠭᠠᠵᠤ ᠪᠠᠶᠢᠨ᠎ᠠ᠃ ᠬᠦᠪᠦᠷᠡᠯ ᠬᠠᠩᠭᠠᠭᠰᠠᠨ ᠡᠬᠡ ᠮᠠᠯ ᠢ ᠬᠠᠩᠭᠠᠭᠴᠢ ᠪᠡᠶ᠎ᠡ ᠭᠡᠵᠦ᠂ ᠬᠦᠪᠦᠷᠡᠯ | ᠰᠢᠯᠵᠢᠭᠦᠯᠵᠦ ᠪᠤᠶᠢᠵᠢᠭᠤᠯᠤᠭᠰᠠᠨ ᠡᠬᠡ ᠮᠠᠯ ᠢ ᠬᠦᠯᠢᠶᠡᠨ ᠠᠪᠤᠭᠴᠢ ᠪᠡᠶ᠎ᠡ ᠭᠡᠳᠡᠭ᠃ | ᠬᠦᠪᠦᠷᠡᠯ ᠰᠢᠯᠵᠢᠭᠦᠯᠬᠦ ᠨᠢ ᠰᠢᠯᠢᠳᠡᠭ ᠡᠬᠡ ᠮᠠᠯ ᠤᠨ ᠦᠷᠡᠵᠢᠯᠲᠡ ᠶᠢᠨ ᠨᠥᠭᠡᠴᠡ ᠬᠦᠴᠦᠨ ᠢ ᠭᠦᠢᠴᠡᠳ | ᠪᠠᠳᠠᠷᠠᠭᠤᠯᠵᠤ᠂ ᠡᠭᠦᠯᠳᠡᠷ ᠤᠨ ᠮᠡᠯ ᠣᠷᠣᠭᠤᠯᠬᠤ ᠶᠢ ᠣᠷᠣᠯᠠᠭᠤᠯᠵᠤ᠂ ᠡᠭᠦᠯᠳᠡᠷ ᠤᠨ ᠡᠬᠢ ᠰᠤᠷᠪᠤᠯᠵᠢ ᠶᠢ ᠨᠡᠩ | ᠰᠠᠶᠢᠨ ᠪᠠᠲᠤᠯᠠᠵᠤ ᠴᠢᠳᠠᠨ᠎ᠠ᠃ ᠲᠡᠭᠦᠨ ᠤ ᠮᠡᠷᠭᠡᠵᠢᠯ ᠤᠨ ᠠᠯᠬᠤᠮ ᠳᠠᠷᠠᠭ᠎ᠠ ᠳᠤ ᠭᠤᠣᠯᠳᠠᠭᠤ ᠬᠦᠪᠦᠷᠡᠯ | ᠴᠤᠭᠯᠠᠭᠤᠯᠬᠤ᠂ ᠪᠠᠶᠢᠴᠠᠭᠠᠬᠤ᠂ ᠪᠤᠶᠢᠵᠢᠭᠤᠯᠤᠨ ᠬᠠᠳᠠᠭᠠᠯᠠᠬᠤ ᠪᠠ ᠰᠢᠯᠵᠢᠭᠦᠯᠬᠦ ᠵᠡᠷᠭᠡ ᠲᠠᠯ᠎ᠠ ᠪᠠᠭᠲᠠᠨ᠎ᠠ᠃ | ᠢᠷᠡᠯᠲᠡ᠄ ︽ᠥᠪᠥᠷ ᠮᠣᠩᠭᠤᠯ ᠤᠨ ᠮᠠᠯ ᠠᠵᠤ ᠠᠬᠤᠢ︾ ᠰᠡᠳᠬᠦᠯ |