ᠯᠢᠦ ᡁᠢ ᠴᠢᠶᠠᠩ ᠪᠠᠶᠠᠨᠬᠤᠲᠠ ᠶᠢᠨ ᠬᠡᠰᠡᠭ ᠰᠤᠷᠭᠠᠭᠤᠯᠢ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/16
                     ᠣᠶᠢᠷ᠎ᠠ ᠶᠢᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠯᠦ ᠮᠢᠩ ᠰᠢᠨ ᠶᠤᠸᠠᠨ ᠬᠡᠤᠬᠡᠳ ᠤᠨ ᠴᠡᠴᠡᠷᠯᠢᠭ᠂ ᠨᠢᠭᠡᠳᠦᠭᠡᠷ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃             ᠯᠦ ᠮᠢᠩ ᠰᠢᠨ ᠶᠤᠸᠠᠨ ᠴᠡᠴᠡᠷᠯᠢᠭ ᠤᠨ ᠴᠡᠴᠡᠷᠯᠢᠭ ᠪᠣᠯᠤᠨ ᠮᠣᠩᠭᠤᠯ ᠦᠨᠳᠦᠰᠦᠲᠡᠨ ᠤ ᠰᠤᠷᠭᠠᠭᠤᠯᠢ ᠳᠤ᠂ ᠯᠢᠦ ᡁᠢ ᠴᠢᠶᠠᠩ ᠬᠤᠭᠤᠯᠠᠨ ᠬᠡᠷ ᠤᠨ ᠬᠤᠭᠤᠯᠠ ᠪᠤᠳᠠᠭ᠎ᠠ ᠡᠳ᠋ᠰᠢᠭᠦᠯᠦᠨ ᠦᠶᠯᠡᠳᠬᠦ᠂ ᠬᠠᠳᠠᠭᠠᠯᠠᠬᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ ᠵᠡᠷᠭᠡ ᠡᠯ᠎ᠡ ᠵᠠᠩᠭᠢᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠤᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠭᠰᠡᠨ ᠪᠥᠭᠡᠳ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠦᠵᠡᠯ ᠤᠬᠠᠮᠰᠠᠷ ᠤᠨ ᠬᠥᠮᠦᠵᠢᠯ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠶ ᠪᠠᠶᠢᠴᠠᠭᠠᠨ  ᠰᠤᠳᠤᠯᠵᠠᠢ᠃ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠯᠢᠦ ᡁᠢ ᠴᠢᠶᠠᠩ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠠᠭᠤᠷᠢ ᠲᠥᠬᠦᠭᠡᠷᠦᠮᠵᠢ ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠵᠢᠴᠢ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠨ ᠰᠤᠳᠤᠯᠪᠠ᠃             ᠯᠢᠦ ᡁᠢ ᠴᠢᠶᠠᠩ ᠠᠴᠠ᠂ ᠰᠤᠷᠭᠠᠭᠤᠯᠢ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠬᠥᠮᠦᠵᠢᠯ ᠢ ᠥᠷᠨᠢᠭᠦᠯᠬᠦ ᠴᠢᠬᠤᠯᠠ ᠵᠢᠭᠰᠠᠭᠠᠯ ᠤᠨ ᠭᠠᠵᠠᠷ ᠮᠥᠨ᠂ ᠡᠯ᠎ᠡ ᠱᠠᠲᠤᠨ ᠤ ᠰᠤᠷᠭᠠᠭᠤᠯᠢ ᠨᠤᠭᠤᠳ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠶᠠᠪᠤᠳᠠᠯ ᠢ ᠰᠠᠨᠠᠭᠠᠴᠢᠯᠠᠭ᠎ᠠ ᠠᠴᠠ ᠪᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠬᠦᠷᠢᠶᠡᠨ ᠤ ᠪᠦᠭᠦ ᠶᠠᠪᠤᠴᠠ ᠳᠤ ᠲᠤᠤᠱᠯᠠᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠪᠠ ᠪᠦᠭᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠠᠮᠤᠷ ᠲᠦᠪᠰᠢᠨ ᠳᠤ ᠪᠠᠭ᠎ᠠ ᠤᠴᠢᠷ ᠭᠡᠵᠦ ᠪᠠᠶᠢᠬᠤ ᠦᠭᠡᠢ᠂ ᠬᠡᠤᠬᠡᠳ ᠤᠨ ᠠᠮᠤᠷ ᠲᠦᠪᠰᠢᠨ ᠨᠢ ᠨᠠᠩ ᠴᠤ ᠬᠡᠷ ᠪᠦᠯᠢ ᠨᠢᠭᠡᠪᠦᠷᠢ ᠶᠢᠨ ᠰᠡᠳᠬᠢᠯ ᠢ ᠲᠠᠲᠠᠵᠤ ᠪᠠᠶᠢᠳᠠᠭ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠬᠤᠷᠢᠭ᠎ᠠ ᠱᠤᠭᠤᠮ ᠤᠨ ᠰᠡᠳᠬᠢᠬᠦᠶ ᠶᠢ ᠤᠯᠠᠮ ᠪᠠᠲᠤ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠵᠦᠶᠯ ᠤᠨ ᠠᠮᠤᠷ ᠲᠦᠪᠰᠢᠨ ᠤ ᠬᠠᠷᠢᠭᠤᠴᠠᠯᠭ᠎ᠠ ᠪᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠲᠠᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠬᠡᠷᠡᠭᠲᠡᠶ᠃ ᠪᠥᠬᠦ ᠬᠤᠰᠢᠭᠤ ᠪᠠᠷ ᠢᠶᠠᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠶᠯᠡᠰ ᠤᠨ ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠦᠷᠭᠦᠯᠵᠢᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠠᠭᠰᠢ ᠶᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠬᠤᠰᠢᠭᠤᠨ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠪᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠡᠷᠭᠢᠯᠡᠬᠦ ᠬᠡᠷᠡᠭᠲᠡᠶ ᠭᠡᠯ᠎ᠡ᠃                         ᠮᠡᠳᠡᠭᠡ ᠵᠠᠩᠭᠢ ᠶᠢᠨ ᠢᠷᠡᠯᠲᠡ᠄ ᠲᠡᠮᠡᠭᠡᠲᠦ ᠨᠤᠲᠤᠭ ᠨᠡᠶᠢᠲᠡᠯᠡᠯ      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号