ᠬᠤᠸᠠᠩ ᠶᠠ ᠯᠢ ᠳᠤᠯᠠᠭᠠᠨ ᠪᠦᠯᠢᠶᠡᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/16
      ᠣᠶᠢᠷ᠎ᠠ ᠶᠢᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠪᠠ᠃
      ᠬᠤᠸᠠᠩ ᠶᠠ ᠯᠢ ᠡᠩ ᠲᠡᠷᠢᠭᠦᠨ ᠳᠤ ᠠᠯᠠᠱᠠ ᠠᠶᠢᠮᠠᠭ ᠤᠨ ᠤᠶᠤᠨᠲᠤ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠪᠣᠯᠤᠨ ᠲᠥᠯᠥᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ᠬᠦᠷᠴᠦ᠂ ᠪᠦᠬᠦ ᠠᠶᠢᠮᠠᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠪᠣᠯᠤᠨ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠢ ᠲᠤᠤᠱᠲᠠᠢ ᠣᠶᠢᠯᠠᠭᠠᠪᠠ᠃ ᠳᠠᠷᠠᠭ᠎ᠠ ᠪᠠᠷ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠨ ᠰᠠᠭᠤᠴᠠ ᠶᠢᠨ ᠪᠠᠲᠤᠯᠠᠭ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠳᠤᠯᠠᠭᠠᠨ ᠪᠦᠯᠢᠶᠡᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠄ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠠᠵᠢᠯ ᠨᠢ ᠬᠤᠳᠠ ᠶᠢᠨ ᠠᠯᠤᠰ ᠭᠡᠳᠤ ᠶᠢᠨ ᠬᠥᠭᠵᠢᠯᠲᠡ ᠪᠠ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ ᠪᠣᠯᠬᠤᠷ ᠬᠤᠳᠠ ᠶᠢᠨ ᠠᠵᠢᠯ ᠤᠨ ᠲᠤᠬᠠᠶ ᠰᠢ ᠶᠢᠨ ᠫᠢᠩ ᠤ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ᠂ ᠬᠤᠳᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶ ᠪᠣᠯᠭᠠᠵᠤ᠂ ᠰᠢᠰᠲ᠋ᠧᠮᠲᠦ ᠰᠡᠳᠬᠢᠬᠦᠶ ᠪᠠᠨ ᠴᠢᠩᠭᠠᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷᠲᠠᠶ᠂ ᠤᠬᠠᠭᠠᠯᠢᠭ ᠬᠤᠳᠠ ᠶᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠬᠡᠷᠡᠭᠲᠡᠶ᠃ ᠬᠤᠳᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠵᠦ᠂ ᠬᠤᠳᠠ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠬᠤᠳᠠ ᠶᠢ ᠰᠢᠨᠡᠳᠬᠡᠬᠦ ᠠᠵᠢᠯᠯᠠᠭ᠎ᠠ ᠪᠠ ᠳᠤᠯᠠᠭᠠᠴᠠᠭᠤᠯᠬᠤ ᠢᠨᠵᠧᠨᠧᠷᠢᠩ ᠢ ᠲᠣᠭᠲᠠᠭᠤᠨ ᠢᠶᠠᠷ ᠬᠡᠷᠡᠭᠵᠢᠭᠦᠯᠵᠦ᠂ ᠬᠠᠭᠤᠴᠢᠷᠬᠠᠰᠠᠨ ᠬᠤᠭᠤᠯᠠᠶ ᠶᠢᠨ ᠲᠣᠣᠷ ᠪᠠ ᠬᠠᠭᠤᠴᠢᠨ ᠬᠤᠷᠢᠶᠠᠯᠠᠯ ᠢ ᠥᠭᠡᠷᠡᠴᠢᠯᠡᠬᠦ᠂ ᠬᠠᠷᠮᠠᠨ ᠴᠡᠴᠡᠷᠯᠢᠭ ᠢ ᠪᠦᠳᠦᠭᠡᠨ ᠪᠠᠶᠢᠭᠤᠯᠬᠤ᠂ ᠲᠠᠰᠤᠷᠬᠠᠶ ᠵᠠᠮ ᠢ ᠨᠡᠪᠲᠡᠷᠡᠭᠦᠯᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠲᠦᠷᠭᠡᠪᠴᠢᠯᠡᠨ ᠠᠬᠢᠭᠤᠯᠵᠤ᠂ ᠤᠳᠤ ᠪᠠᠶᠢᠭ᠎ᠠ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ ᠴᠡᠴᠡᠷᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠲᠡᠶ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠤᠰᠤᠳ ᠬᠤᠳᠠ ᠶᠢᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠦ᠂ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠵᠠᠩᠭᠢᠯᠠᠭ᠎ᠠ ᠶᠢᠨ ︽ᠪᠠᠭ᠎ᠠ ᠶᠠᠪᠤᠳᠠᠯ︾᠎ ᠢ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠬᠢᠵᠦ᠂ ᠬᠤᠳᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠴᠢᠩᠭᠠᠳᠬᠠᠵᠤ᠂ ᠬᠠᠨᠤᠮᠵᠢ ᠶᠢᠨ ᠲᠥᠪᠰᠢᠨ ᠢ ᠨᠡᠩ ᠥᠨᠳᠥᠷ ᠪᠣᠯᠭᠠᠬᠤ ᠬᠡᠷᠡᠭᠲᠡᠢ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠰᠡᠳᠬᠢᠴᠡ ᠬᠠᠷᠠᠭ᠎ᠠ ᠪᠠᠨ ᠥᠷᠭᠡᠳᠬᠡᠵᠦ᠂ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠴᠢᠩᠭᠠᠳᠬᠠᠵᠤ᠂ ᠪᠦᠬᠦ ᠠᠶᠢᠮᠠᠭ ᠤᠨ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号