ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠦᠯᠵᠡᠢ ᠰᠤᠮᠤᠨ ᠳᠤ ᠭᠦᠨᠵᠡᠭᠡᠶᠢᠷᠡᠨ ᠲᠡᠮᠡᠭᠡᠨ ᠤ ᠠᠵᠤ ᠦᠶᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/16
          ᠪᠠᠢ ᠬᠠᠢ ᠯᠢᠨ ᠠᠯᠠᠱᠠ ᠠᠶᠢᠮᠠᠭ ᠤᠨ ᠭᠤᠪᠢ ᠶᠢᠨ ᠲᠡᠮᠡᠭᠡᠨ ᠰᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠷᠰᠢᠶ᠎ᠠ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠲᠤᠤᠱᠲᠠᠢ ᠰᠣᠯᠢᠯᠴᠠᠵᠤ᠂ ᠲᠡᠮᠡᠭᠡᠨ ᠰᠦ ᠪᠣᠯᠪᠠᠰᠤᠷᠠᠭᠤᠯᠬᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠲᠤᠯᠭᠠᠷᠠᠵᠤ ᠪᠠᠶᠢᠭ᠎ᠠ ᠬᠦᠴᠢᠷᠳᠡᠯ᠂ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠶᠢᠮᠠᠭ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠱᠠᠯᠠᠪᠳᠠᠭᠤᠯᠤᠨ ᠱᠠᠭᠠᠷᠳᠠᠪᠠ᠃
            ᠪᠠᠢ ᠬᠠᠢ ᠯᠢᠨ᠂ ᠦᠯᠵᠡᠢ ᠰᠤᠮᠤ ᠶᠢᠨ ᠣᠷᠣᠨ ᠪᠠᠶᠢᠷᠢ ᠶᠢᠨ ᠨᠥᠬᠦᠴᠡᠯ ᠰᠠᠶᠢᠨ᠂ ᠲᠡᠮᠡᠭᠡᠨ ᠤ ᠲᠤᠭ᠎ᠠ ᠤᠯᠠᠨ ᠪᠠᠶᠢᠵᠤ᠂ ᠠᠯᠠᠱᠠ ᠵᠡᠭᠦᠨ ᠬᠤᠰᠢᠭᠤᠨ ᠤ ᠬᠤᠶᠢᠲᠤ ᠬᠡᠰᠡᠭ ᠤᠨ ᠰᠤᠮᠤ ᠶᠢ ᠨᠥᠯᠥᠭᠡᠯᠡᠨ ᠳᠠᠶᠢᠴᠢᠯᠠᠬᠤ ᠴᠢᠳᠠᠪᠤᠷᠢ ᠰᠠᠶᠢᠨ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠮᠡᠳᠡᠭᠳᠡᠮ᠎ᠡ ᠪᠠᠶᠢᠨ᠎ᠠ᠃ ᠬᠠᠷᠠᠯᠲᠠ ᠪᠠᠨ ᠲᠣᠭᠲᠠᠭᠠᠵᠤ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ ᠵᠢᠯᠣᠭᠤᠳᠴᠤ᠂ ᠲᠡᠮᠡᠭᠡ ᠲᠡᠵᠢᠭᠡᠨ ᠦᠷᠡᠵᠢᠭᠦᠯᠬᠦ᠂ ᠲᠡᠮᠡᠭᠡᠨ ᠰᠦ ᠡᠳ᠋ᠰᠢᠭᠦᠯᠬᠦ᠂ ᠲᠡᠮᠡᠭᠡ ᠰᠢᠷᠢᠰ ᠪᠦᠲᠦᠭᠡᠭᠳᠡᠬᠦᠨ ᠤ ᠪᠣᠷᠣᠯᠠᠭᠤᠯᠭ᠎ᠠ ᠵᠡᠷᠭᠡ ᠶᠢᠨ ᠬᠡᠪᠴᠢᠶᠡᠵᠢᠯᠲᠡ᠂ ᠠᠵᠤ ᠦᠶᠯᠡᠰᠵᠢᠯᠲᠡ ᠶᠢᠨ ᠬᠥᠭᠵᠢᠯᠲᠡ ᠶᠢ ᠳᠥᠯᠭᠢᠨ ᠠᠬᠢᠭᠤᠯᠪᠠ᠃ ᠠᠯᠠᠱᠠ ᠵᠡᠭᠦᠨ ᠬᠤᠰᠢᠭᠤ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠰᠢᠶᠳᠪᠦᠷᠢᠯᠡᠬᠦ︾ ᠰᠡᠳᠬᠢᠬᠦᠶ ᠪᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ᠂ ᠪᠠᠯᠠ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠪᠡᠷᠬᠡ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠮᠠᠯᠴᠢᠨ ᠲᠠᠷᠢᠶᠠᠴᠢᠨ ᠯᠤᠭ᠎ᠠ ᠶᠢᠨ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠲᠡᠮᠡᠭᠡᠨ ᠤ ᠠᠵᠤ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠠᠬᠢᠭᠤᠯᠪᠠ᠃                                          
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号