ᠠᠯᠠᠱᠠ ᠵᠡᠭᠦᠨ ᠬᠤᠰᠢᠭᠤᠨ ᠤ 2024 ᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠤᠨ ᠡᠬᠢᠯᠡᠯᠲᠡ
ᠨᠡᠶᠢᠲᠡᠯᠡᠭᠰᠡᠨ ᠴᠠᠭ᠄
2024/4/16
              ᠠᠯᠠᠱᠠ ᠠᠶᠢᠮᠠᠭ ᠤᠨ ᠬᠥᠮᠦᠨ ᠪᠣᠯᠤᠨ ᠰᠢᠨ᠎ᠡ ᠡᠨᠧᠷᠭᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢ ᠦᠢᠯᠡᠳᠬᠦ ᠲᠦᠷᠦᠯ ᠵᠦᠢᠯ ︵ᠨᠢᠭᠡᠳᠦᠭᠡᠷ ᠬᠤᠭᠤᠴᠠᠭ᠎ᠠ︶᠎ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠠᠯᠠᠱᠠ ᠠᠶᠢᠮᠠᠭ ᠤᠨ ᠬᠥᠮᠦᠨ ᠪᠣᠯᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠮᠠᠨ ᠤ ᠠᠶᠢᠮᠠᠭ ᠤᠨ ᠠᠩᠬᠠᠳᠠᠭᠴᠢ ᠰᠢᠨ᠎ᠡ ᠡᠨᠧᠷᠭᠢ ᠶᠢᠨ ᠲᠣᠨᠣᠭᠯᠠᠯ ᠢ ᠰᠤᠳᠤᠯᠤᠨ ᠨᠡᠭᠡᠭᠡᠬᠦ᠂ ᠦᠶᠯᠡᠳᠬᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ᠂ ᠰᠠᠯᠬᠢᠨ ᠬᠦᠴᠦᠨ ᠤ ᠮᠠᠰᠢᠨ ᠤ ᠰᠡᠯᠪᠢᠭ ᠲᠣᠨᠤᠭ ᠦᠶᠯᠡᠳᠬᠦ᠂ ᠬᠡᠷᠡᠯ ᠢᠯᠴᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠶᠯᠡᠳᠬᠦ᠂ ᠠᠵᠢᠯᠯᠠᠭᠤᠯᠵᠤ ᠬᠠᠮᠠᠭᠠᠯᠠᠬᠤ ᠵᠢᠴᠢ ᠪᠣᠬᠢᠷᠲᠤᠯ ᠥᠬᠡᠶ ᠴᠠᠬᠢᠯᠭᠠᠨ ᠤ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠᠷ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢᠶᠠᠨ ᠪᠣᠯᠭᠠᠭᠰᠠᠨ ᠪᠠᠶᠢᠨ᠎ᠠ᠃ ᠲᠥᠷᠥᠯ ᠵᠦᠶᠯ ᠢ ᠬᠤᠶᠠᠳᠤᠭᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ ᠳᠠᠭᠤᠰᠬᠠᠭᠠᠳ᠂ ᠣᠳᠣᠬᠠᠨ ᠳᠤ᠂ ᠲᠥᠷᠥᠯ ᠵᠦᠶᠯ ︵ᠨᠢᠭᠡᠳᠦᠭᠡᠷ ᠬᠤᠭᠤᠴᠠᠭ᠎ᠠ︶᠎ ᠢ ᠨᠢᠭᠡᠨᠲᠡ ᠪᠥᠬᠦ ᠲᠠᠯ᠎ᠠ ᠪᠠᠷ ᠠᠵᠢᠯ ᠡᠬᠢᠯᠡᠭᠦᠯᠪᠡ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ 600 ᠢᠵᠢ ︵20 ᠲᠦᠮᠡᠨ ᠲᠣᠨ︶ ᠦᠶᠯᠡᠳᠪᠦᠷᠢᠯᠡᠯ ᠤᠨ ᠱᠤᠭᠤᠮ ᠵᠢᠴᠢ ᠳᠠᠭᠠᠯᠲᠠ ᠲᠥᠬᠦᠭᠡᠷᠦᠮᠵᠢ ᠶᠢ ᠦᠶᠯᠡᠳᠪᠦᠷᠢᠯᠡᠬᠦ ᠶᠢ ᠪᠡᠶᠡᠯᠡᠭᠦᠯᠵᠦ᠂ ᠡᠭᠦᠨ ᠤ ᠤᠯᠠᠮ ᠢᠶᠠᠷ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠲᠣᠨᠣᠭᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ᠂ ᠦᠶᠯᠡᠳᠬᠦ ᠬᠤᠭᠤᠰᠣᠨ ᠢ ᠨᠥᠬᠦᠪᠥᠷᠢᠯᠡᠬᠦ ᠪᠣᠯᠤᠨ᠎ᠠ᠃
                 
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号