ᠠᠯᠠᠱᠠ ᠵᠡᠭᠦᠨ ᠬᠤᠰᠢᠭᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠠᠶᠢᠵᠢᠷᠠᠭᠤᠯᠵᠤ᠂ ᠣᠯᠠᠨ ᠲᠦᠮᠡᠨ ᠤ ᠰᠡᠳᠬᠢᠯ ᠳᠤ ᠵᠣᠯ ᠵᠢᠷᠭᠠᠯᠲᠤ ᠰᠢᠨ᠎ᠡ ᠠᠮᠢᠳᠤᠷᠠᠯ ᠢ ᠴᠣᠭᠴᠠᠯᠠᠵᠤ ᠪᠣᠢ
ᠨᠡᠶᠢᠲᠡᠯᠡᠭᠰᠡᠨ ᠴᠠᠭ᠄
2024/4/16
      ᠠᠯᠠᠱᠠ ᠵᠡᠭᠦᠨ ᠬᠤᠰᠢᠭᠤᠨ ᠤ ᠮᠥᠩᠭᠦᠨ ᠴᠡᠴᠡᠷᠯᠢᠭ ᠬᠤᠷᠢᠶᠠᠯᠠᠯ ᠢ 1994 ᠣᠨ ᠳᠤ ᠪᠠᠶᠢᠭᠤᠯᠵᠤ᠂ 7 ᠰᠠᠭᠤᠷᠢ ᠣᠷᠣᠨ ᠰᠠᠭᠤᠴᠠ ᠶᠢᠨ ᠠᠰᠠᠷ᠂ 152 ᠡᠷᠦᠬᠡ ᠰᠠᠭᠤᠭᠠᠯᠢ ᠠᠷᠠᠳ ᠲᠠᠢ᠃ ᠣᠲᠣ ᠨᠢᠭᠡᠨᠲᠡ 30 ᠭᠠᠷᠤᠶ ᠵᠢᠯ ᠤᠨ ᠪᠠᠯᠠ ᠣᠷᠣᠭᠤᠯᠤᠯᠲᠠ ᠬᠢᠵᠦ᠂ ᠬᠤᠷᠢᠶᠠᠯᠠᠯ ᠤᠨ ᠰᠠᠭᠤᠷᠢ ᠲᠥᠬᠦᠭᠡᠷᠦᠮᠵᠢ ᠬᠠᠭᠤᠴᠢᠷᠠᠭᠰᠠᠨ ᠵᠡᠷᠭᠡ ᠠᠰᠠᠭᠤᠳᠠᠯ ᠲᠣᠪᠤᠶᠢᠮ᠎ᠠ ᠣᠷᠣᠰᠢᠵᠤ᠂ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠳ ᠬᠤᠷᠢᠶᠠᠯᠠᠯ ᠳᠤ ᠬᠦᠷᠴᠦ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠ ᠠᠰᠠᠭᠤᠳᠠᠯ ᠢ ᠭᠦᠶᠴᠡᠳ ᠤᠶᠢᠯᠠᠭᠠᠨ ᠰᠣᠨᠣᠰᠤᠭᠰᠠᠨ ᠪᠥᠭᠡᠳ ᠣᠲᠣ ᠶᠢᠨ ᠥᠭᠡᠷᠡᠴᠢᠯᠡᠨ ᠪᠠᠶᠢᠭᠤᠯᠬᠤ ᠠᠭᠤᠯᠭ᠎ᠠ ᠳᠤ ᠨᠠᠷᠢᠨ ᠲᠣᠳᠣᠷᠬᠠᠶ ᠬᠠᠷᠢᠭᠤᠯᠲᠠ ᠥᠭᠭᠦᠭᠰᠡᠨ ᠪᠠᠶᠢᠨ᠎ᠠ᠃ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠩᠬᠢ ᠶᠢᠨ ᠬᠢᠨ ᠬᠤᠷᠢᠶᠠᠯᠠᠯ ᠤᠨ ᠤᠰᠤᠨ ᠤ ᠲᠣᠣᠷ ᠲᠤ ᠥᠭᠡᠷᠡᠴᠢᠯᠡᠯᠲᠡ ᠬᠢᠵᠦ ᠪᠤᠢ᠃ ᠬᠤᠷᠢᠶᠠᠯᠠᠯ ᠤᠨ ᠰᠢᠨ᠎ᠡ ᠬᠤᠪᠢᠷᠠᠯᠲᠠ ᠶᠢ ᠬᠠᠷᠠᠭᠠᠳ ᠰᠠᠭᠤᠭᠠᠯᠢ ᠠᠷᠠᠳ ᠤᠨ ᠰᠡᠳᠬᠢᠯ ᠳᠤ ᠴᠦ ᠬᠦᠰᠡᠯ ᠡᠷᠡᠮᠡᠯᠵᠡᠯ ᠲᠠᠢ ᠪᠣᠯᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号