ᠠᠯᠠᠱᠠ ᠵᠡᠭᠦᠨ ᠬᠤᠰᠢᠭᠤ᠄ ︽ᠪᠣᠬᠢᠷᠳᠣᠯ ᠦᠭᠡᠢ ᠴᠠᠬᠢᠯᠭᠠᠨ︾ ᠡᠯᠡᠰᠦᠨ ᠴᠥᠯ ᠤᠨ ᠮᠠᠯᠴᠢᠳ ᠤᠨ ᠰᠢᠨ᠎ᠡ ᠠᠮᠢᠳᠤᠷᠠᠯ ᠢ ᠴᠡᠨᠡᠭᠯᠡᠪᠡ
ᠨᠡᠶᠢᠲᠡᠯᠡᠭᠰᠡᠨ ᠴᠠᠭ᠄
2024/4/16
                ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠨᠢ ᠲᠩᠷᠢ ᠡᠯᠡᠰᠦᠨ ᠴᠦᠯ ᠳᠤ ᠪᠠᠶᠢᠷᠢᠯᠠᠵᠤ᠂ 300 ᠭᠠᠷᠤᠢ ᠡᠷᠤᠬᠡ ᠪᠠᠶᠢᠩᠭᠤ ᠰᠠᠭᠤᠭ᠎ᠠ ᠡᠷᠤᠬᠡ ᠲᠠᠷᠠᠬᠠᠢ ᠪᠤᠲᠠᠷᠬᠠᠢ᠂ ᠵᠠᠮ ᠬᠠᠷᠢᠯᠴᠠᠭ᠎ᠠ ᠳᠥᠭᠦᠮ ᠦᠭᠡᠢ ᠵᠡᠷᠭᠡ ᠡᠯᠧᠮᠧᠨ᠋ᠲ ᠤᠨ ᠬᠢᠵᠠᠭᠠᠷᠯᠠᠯ ᠠᠴᠠ ᠪᠤᠯᠵᠤ᠂ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠳᠤ ᠬᠦᠴᠢᠷᠲᠡᠢ᠂ ᠡᠯᠡᠰᠦᠨ ᠴᠦᠯ ᠤᠨ ᠭᠦᠨ ᠳᠠᠬᠢ ᠮᠠᠯᠴᠢᠳ ᠲᠤ ᠴᠠᠬᠢᠯᠭᠠᠨ ᠬᠡᠷᠡᠭᠯᠡᠭᠦᠯᠬᠦ ᠵᠣᠷᠢᠯᠭ᠎ᠠ ᠪᠠᠷ᠂ ᠰᠤᠮᠤ ᠶᠢᠨ ᠬᠢᠨ ᠲᠠᠷᠬᠠᠮᠠᠯ ᠬᠡᠯᠪᠡᠷᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠢ ᠰᠦᠪᠡᠭᠴᠢᠯᠡᠨ ᠬᠡᠷᠡᠭᠯᠡᠵᠦ᠂ ︽ᠪᠣᠬᠢᠷᠳᠣᠯ ᠦᠭᠡᠢ ᠴᠠᠬᠢᠯᠭᠠᠨ︾᠎ ᠢᠶᠠᠷ ᠮᠠᠯᠴᠢᠳ ᠤᠨ ᠰᠢᠨ᠎ᠡ ᠠᠮᠢᠳᠤᠷᠠᠯ ᠢ ᠦᠨᠡᠨᠬᠦ ᠴᠡᠨᠡᠭᠯᠡᠵᠡᠢ᠃
    ᠡᠷᠬᠡᠬᠠᠰᠢᠬ᠎ᠠ ᠰᠤᠮᠤᠨ ᠤ ᠭᠡᠳᠢᠩ ᠭᠠᠴᠠᠭᠠᠨ ᠤ ᠮᠠᠯᠴᠢᠨ ᠬᠠᠰᠪᠥ᠋ᠬᠡ ᠶᠢᠨ ᠬᠡᠷ ᠲᠤ ᠴᠠᠬᠢᠯᠭᠠᠨ ᠳᠤᠯᠠᠭᠠᠮᠵᠢ᠂ ᠤᠰᠤ ᠬᠠᠯᠠᠭᠠᠭᠤᠷ᠂ ᠬᠥᠷᠥᠭᠡᠭᠦᠷ ᠵᠡᠷᠭᠡ ᠬᠡᠷ ᠤᠨ ᠴᠠᠬᠢᠯᠭᠠᠨ ᠬᠡᠷᠡᠭᠰᠡᠯ ᠪᠦᠷᠢᠨ ᠪᠠᠶᠢᠵᠤ᠂ ᠪᠣᠷᠳᠤᠭ᠎ᠠ ᠬᠡᠮᠬᠡᠯᠬᠦ ᠮᠠᠰᠢᠨ ᠵᠡᠷᠭᠡ ᠶᠢ ᠴᠤ ᠪᠦᠷᠢᠨ ᠬᠡᠷᠡᠭᠯᠡᠬᠦ ᠨᠥᠬᠦᠴᠡᠯ ᠲᠠᠢ ᠪᠣᠯᠵᠠᠢ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号