ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠪᠦᠭᠦ ᠠᠷᠠᠳ ᠢᠶᠠᠷ ᠢᠶᠠᠨ ᠮᠣᠳᠣ ᠳᠠᠷᠢᠵᠤ ᠨᠣᠭᠤᠭᠠᠷᠠᠭᠤᠯᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠢ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠪᠠ
ᠨᠡᠶᠢᠲᠡᠯᠡᠭᠰᠡᠨ ᠴᠠᠭ᠄
2024/4/16
                           ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3᠎ ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠬᠠᠩᠰᠢ ᠶᠢᠨ ᠡᠳᠦᠷ ᠤᠨ ᠤᠷᠢᠳ ᠬᠤᠵᠢᠳ ᠢᠶᠠᠷ ᠳᠤᠮᠳᠠᠳᠤ ᠶᠢᠨ ᠡᠬᠡ ᠭᠠᠵᠠᠷ ᠲᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠶᠠᠭ ᠮᠣᠳᠣ ᠲᠠᠷᠢᠬᠤ ᠰᠠᠶᠢᠬᠠᠨ ᠴᠠᠭ ᠪᠣᠯᠣᠨ᠎ᠠ᠃ ᠡᠨᠡ ᠡᠳᠦᠷ ᠪᠢᠳᠡ ᠬᠠᠮᠲᠤ ᠪᠠᠷ ᠮᠣᠳᠣ ᠲᠠᠷᠢᠬᠤ ᠨᠢ ᠳᠠᠷᠤᠢ ᠤᠯᠠᠨ ᠢᠶᠠᠷ ᠢᠶᠠᠨ ᠬᠥᠳᠡᠯᠦᠯᠴᠡᠵᠦ᠂ ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠥᠨ ᠪᠦᠭᠦᠨ ᠨᠣᠭᠤᠭᠠᠨ ᠥᠩᠭᠡ ᠶᠢᠨ ᠡᠯᠴᠢᠨ᠂ ᠠᠮᠢ ᠠᠬᠤᠢ ᠶᠢᠨ ᠬᠤᠰᠢᠭᠤᠴᠢ ᠪᠤᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠣᠭᠤᠭᠠᠨ ᠥᠩᠭᠡ ᠨᠡᠮᠡᠷᠢᠯᠡᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃                  
                       4 ᠰᠠᠷ᠎ᠠ ᠶᠢᠨ 3᠎ ᠤ ᠡᠳᠦᠷ᠂ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ ᠲᠠᠷᠢᠵᠤ ᠪᠠᠶᠢᠭ᠎ᠠ ᠨᠢ᠃            ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ            ᠪᠡᠭᠡᠵᠢᠩ ᠤᠨ ᠬᠤᠳᠠ ᠶᠢᠨ ᠲᠡᠭᠦᠷᠭᠡ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ ᠡᠮᠦᠨᠡᠬᠢ 10 ᠴᠠᠭ 40 ᠮᠢᠨᠦ᠋ᠲ ᠤᠨ ᠦᠶ᠎ᠡ ᠪᠠᠷ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ᠂ ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃            ᠮᠣᠳᠣ ᠲᠠᠷᠢᠬᠤ ᠭᠠᠵᠠᠷ ᠨᠢ ᠪᠡᠭᠡᠵᠢᠩ ᠬᠤᠳᠠ ᠶᠢᠨ ᠲᠦᠩᠵᠸᠤ ᠲᠣᠭᠤᠷᠢᠭ ᠪᠣᠯᠣᠨ ᠾᠧᠪᠧᠢ ᠮᠤᠵᠢ ᠶᠢᠨ ᠯᠠᠩᠹᠠᠩ ᠬᠤᠳᠠ ᠶᠢᠨ ᠬᠤᠶᠢᠲᠤ ᠭᠤᠷᠪᠠᠨ ᠰᠢᠶᠠᠨ ᠤ ᠠᠭᠤᠯᠵᠠᠷ ᠲᠠᠬᠢ ᠴᠤᠤ ᠪᠠᠢ ᠾᠧ ᠭᠤᠣᠯ ᠤᠨ ᠬᠥᠪᠡᠭᠡᠨ ᠳᠠᠬᠢ ᠪᠡᠭᠡᠵᠢᠩ ᠾᠧᠪᠧᠢ ᠶᠢᠨ ᠠᠩᠬᠠᠳᠠᠭᠴᠢ ᠬᠢᠯᠢ ᠠᠯᠤᠰᠯᠠᠨ ᠬᠠᠮᠲᠤ ᠪᠠᠷ ᠪᠠᠶᠢᠭᠤᠯᠤᠭᠰᠠᠨ ᠤᠢ ᠰᠢᠭᠤᠢ ᠶᠢᠨ ᠴᠡᠴᠡᠷᠯᠢᠭ ᠲᠤ ᠪᠠᠶᠢᠷᠢᠯᠠᠵᠤ ᠂ ᠤᠰᠤ ᠶᠢ ᠬᠠᠪᠢᠳᠠᠭᠰᠠᠨ ᠮᠠᠰᠢ ᠰᠠᠶᠢᠨ ᠠᠮᠢ ᠠᠬᠤᠢ ᠶᠢᠨ ᠨᠥᠬᠦᠴᠡᠯ ᠲᠠᠢ ᠶᠤᠮ᠃            ᠶᠡᠷᠦᠩᠬᠡᠢ ᠱᠦᠵᠢ ᠢᠷᠡᠭᠰᠡᠨ ᠢ ᠦᠵᠡᠭᠡᠳ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠪᠡ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠲᠤ ᠬᠦᠷᠴᠦ᠂ ᠪᠡᠭᠡᠵᠢᠩ ᠬᠤᠳᠠ᠂ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ᠃            ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠶᠢᠨ ᠫᠢᠩ ᠨᠠᠷᠠᠰᠤᠨ ᠮᠣᠳᠣ᠂ ᠰᠢᠷ᠎ᠠ ᠴᠠᠶᠢᠷ ᠮᠣᠳᠣ᠂ ᠬᠠᠲᠠᠭᠤ ᠴᠠᠭᠠᠨ᠂ ᠢᠩᠲᠣᠣᠷ᠂ ᠤᠯᠠᠭᠠᠨ ᠨᠠᠪᠴᠢᠲᠤ ᠪᠢᠨᠳᠡᠷ ᠴᠡᠴᠡᠭ᠂ ᠬᠠᠪᠲᠠᠭᠠᠢ ᠠᠷᠴᠠ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ ᠪᠠᠷ ᠲᠠᠷᠢᠪᠠ᠃ ᠰᠢ ᠶᠢᠨ ᠫᠢᠩ ᠮᠣᠳᠣ ᠳᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ᠂ ᠬᠠᠷᠠᠬᠠᠨ ᠪᠠᠭ᠎ᠠ ᠠᠴᠠ ᠪᠠᠨ ᠭᠦᠳᠡᠯᠮᠦᠷᠢ ᠳᠤ ᠢᠳᠡᠪᠬᠢᠲᠡᠢ ᠣᠷᠣᠯᠴᠠᠵᠤ᠂ ᠮᠣᠳᠣ ᠳᠠᠷᠢᠵᠤ ᠣᠶᠢᠵᠢᠭᠤᠯᠤᠨ᠂ ᠨᠣᠭᠤᠭᠠᠨ ᠦᠷ᠎ᠡ ᠶᠢ ᠰᠡᠳᠬᠢᠯ ᠳᠡᠭᠡᠨ ᠲᠠᠷᠢᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠶᠢᠷᠠᠯᠠᠬᠤ ᠤᠬᠠᠮᠰᠠᠷ ᠲᠠᠢ ᠪᠣᠯᠵᠤ᠂ ᠰᠢᠷᠭᠠᠭᠤ ᠰᠤᠷᠤᠯᠴᠠᠵᠤ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠢᠳᠡᠷᠡᠭᠦᠨ ᠢᠶᠠᠷ ᠦᠰᠦᠨ ᠪᠤᠶᠢᠵᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠵᠦ᠂ ᠤᠯᠤᠰ ᠤᠨ ᠨᠢᠷᠤᠭᠤ ᠲᠤᠯᠭᠠᠭᠤᠷᠢ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡ ᠭᠦᠭ ᠲᠠᠢ ᠬᠥᠳᠡᠯᠮᠦᠷᠢᠯᠡᠵᠡᠭᠡᠵᠦ᠂ ᠤᠳᠤᠷᠢᠳᠬᠤ ᠨᠥᠬᠦᠳ ᠤᠯᠠᠨ ᠲᠠᠢ ᠬᠠᠮᠲᠤ ᠰᠢᠷᠣᠢ ᠨᠡᠮᠡᠨ ᠤᠰᠤ ᠬᠢᠵᠦ᠂ ᠭᠦᠷ ᠬᠥᠭᠵᠢᠶᠡᠨ ᠲᠠᠢ ᠠᠵᠢᠯᠯᠠᠨ᠎ᠠ᠃            ᠮᠣᠳᠣ ᠲᠠᠷᠢᠬᠤ ᠬᠤᠭᠤᠴᠠᠭᠠᠨ ᠳᠤ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠲᠥᠪ ᠬᠤᠷᠢᠶ᠎ᠠ ᠳᠤ ᠢᠷᠡᠵᠦ ᠠᠵᠢᠯᠯᠠᠭᠰᠠᠨ ᠤ ᠲᠠᠷᠠᠭ᠎ᠠ ᠨᠢᠭᠡᠨᠲᠡ 17 ᠵᠢᠯ ᠳᠠᠷᠠᠭᠠᠯᠠᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ ᠪᠠᠶᠢᠨ᠎ᠠ ᠭᠡᠪᠡ᠃ ᠲᠡᠷᠡ ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠮᠣᠳᠣ ᠲᠠᠷᠢᠬᠤ ᠡᠳᠦᠷ ᠢ ᠲᠣᠭᠲᠠᠭᠠᠭᠰᠠᠨ 45 ᠵᠢᠯ ᠤᠨ ᠤᠢ ᠪᠣᠯᠣᠨ᠎ᠠ᠃ ᠪᠦᠭᠦ ᠤᠯᠤᠰ ᠤᠨ ᠠᠷᠠᠳ ᠲᠦᠮᠡᠨ ᠮᠣᠳᠣ ᠲᠠᠷᠢᠵᠤ ᠣᠶᠢᠵᠢᠭᠤᠯᠬᠤ ᠶᠢ ᠪᠠᠷᠢᠮᠲᠠᠯᠠᠵᠤ᠂ ᠬᠤᠪᠠᠭ᠋ᠠᠢ ᠠᠭᠤᠯᠠ ᠦᠵᠡᠰᠭᠦᠯᠡᠩ ᠰᠠᠶᠢᠬᠠᠨ ᠪᠣᠯᠵᠤ᠂ ᠡᠯᠡᠰᠦ ᠮᠠᠩᠬ᠎ᠠ ᠨᠣᠭᠤᠭᠠᠨ ᠪᠦᠷᠢᠳᠦ ᠪᠣᠯᠵᠤ᠂ ᠣᠯᠣᠭᠰᠠᠨ ᠠᠮᠵᠢᠯᠲᠠ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠠᠢ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ ᠶᠢᠨ ᠨᠣᠭᠤᠭᠠᠷᠠᠭᠤᠯᠤᠯᠲᠠ ᠲᠤᠲᠠᠭᠳᠠᠵᠤ ᠪᠠᠶᠢᠭ᠎ᠠ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠣᠶ ᠰᠢᠭᠤᠢ ᠶᠢᠨ ︽ᠡᠷᠳᠡᠨᠢ ᠶᠢᠨ ᠬᠥᠮᠥᠷᠭᠡ︾ ᠎ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠨᠣᠭᠤᠭᠠᠷᠠᠭᠤᠯᠬᠤ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ ᠮᠣᠳᠣ ᠳᠠᠷᠢᠬᠤ ᠪᠣᠯ ᠢᠷᠡᠭᠡᠳᠦᠢ ᠶᠢ ᠳᠠᠷᠢᠵᠤ ᠪᠠᠶᠢᠭ᠎ᠠ ᠶᠠᠪᠤᠳᠠᠯ ᠮᠥᠨ᠃ ᠨᠢᠭᠡ ᠨᠢᠭᠡ ᠡᠭᠡᠯᠵᠢ ᠪᠠᠷ ᠲᠠᠷᠢᠵᠤ᠂ ᠦᠶ᠎ᠡ ᠶᠢᠨ ᠦᠶ᠎ᠡ ᠵᠠᠯᠭᠠᠮᠵᠢᠯᠠᠨ ᠠᠵᠢᠯᠯᠠᠵᠤ᠂ ᠮᠠᠨ ᠤ ︽ᠨᠣᠮᠢᠨ ᠨᠣᠭᠤᠭᠠᠨ ᠬᠥᠷᠥᠩᠭᠡ︾ ᠎ ᠪᠠᠨ ᠲᠠᠰᠤᠷᠠᠯᠳᠠ ᠦᠭᠡᠢ ᠵᠤᠵᠠᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠨᠣᠭᠤᠭᠠᠷᠠᠭᠤᠯᠤᠯᠲᠠ ᠶᠢ ᠥᠷᠭᠡᠳᠬᠡᠵᠦ᠂ ᠨᠣᠭᠤᠭᠠᠷᠠᠭᠤᠯᠤᠯᠲᠠ ᠶᠢ ᠬᠥᠭᠵᠢᠭᠦᠯᠵᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ ᠳᠤ ᠳᠠᠷᠤᠢ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠶᠢ ᠳᠠᠷᠢᠵᠤ᠂ ᠲᠣᠬᠢᠷᠠᠮᠵᠢᠲᠠᠢ ᠴᠠᠭ ᠲᠤ ᠲᠣᠬᠢᠷᠠᠮᠵᠢᠲᠠᠢ ᠠᠷᠭ᠎ᠠ ᠠᠪᠴᠤ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠶᠢ ᠡᠳᠡᠭᠡᠭᠡᠵᠦ᠂ ᠨᠢᠭᠡ ᠬᠡᠰᠡᠭ ᠣᠶᠢᠵᠢᠭᠤᠯᠪᠠᠯ ᠨᠢᠭᠡ ᠬᠡᠰᠡᠭ ᠢ ᠨᠣᠭᠤᠭᠠᠷᠠᠭᠤᠯᠬᠤ ᠬᠡᠷᠡᠭᠲᠡᠢ᠃ ᠨᠣᠭᠤᠭᠠᠷᠠᠭᠤᠯᠤᠯᠲᠠ ᠶᠢ ᠬᠥᠭᠵᠢᠭᠦᠯᠬᠦ ᠳᠤ ᠳᠠᠷᠤᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠤᠯᠭᠠᠬᠤ ᠠᠷᠭ᠎ᠠ ᠵᠠᠮ ᠢ ᠥᠷᠭᠡᠳᠬᠡᠵᠦ᠂ ᠤᠢ ᠰᠢᠭᠤᠢ ︽ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ︾ ᠎ ᠶᠢᠨ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠨᠣᠭᠤᠭᠠᠷᠠᠭᠤᠯᠤᠯᠲᠠ ᠶᠢ ᠬᠠᠮᠠᠭᠠᠯᠠᠬᠤ ᠳᠤ ᠳᠠᠷᠤᠢ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠢᠯᠪᠠᠷ ᠪᠤᠰᠤ ᠪᠠᠷ ᠣᠯᠣᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠤᠮᠠᠷᠠᠲᠤ ᠶᠢᠨ ᠭᠤᠷᠪᠠᠨ ᠣᠷᠣᠨ ᠪᠣᠯ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠭᠤᠣᠯ ᠲᠡᠶᠢᠨ ᠤ ᠲᠠᠯᠠᠪᠤᠷ ᠮᠥᠨ᠂ ᠨᠠᠩ ᠣᠯᠠᠨ ᠬᠦᠴᠦᠨ ᠢ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠮᠠᠷᠠᠲᠤ ᠬᠢᠯᠢ ᠶᠢᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃            ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠣᠯᠠᠨ ᠲᠦᠮᠡᠨ ᠤ ᠣᠷᠤᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠭᠡᠯᠪᠡᠷᠢ ᠶᠢᠨ ᠰᠢᠨ᠎ᠡ ᠶᠢ ᠡᠭᠦᠳᠴᠦ᠂ ᠣᠶ ᠶᠢᠨ ᠳᠠᠷᠤᠭ᠎ᠠ ᠶᠢᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃            
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号