ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠵᠡᠷᠭᠡ ᠶᠢ ᠰᠤᠳᠤᠯᠪᠠ
ᠨᠡᠶᠢᠲᠡᠯᠡᠭᠰᠡᠨ ᠴᠠᠭ᠄
2024/4/16
                       ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 12᠎ ᠤᠨ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 12᠎ ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠬᠤ ᠬᠤᠯᠪᠣᠭᠳᠠᠯ ᠪᠦᠬᠦᠢ ᠠᠵᠢᠯ᠂ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠦᠷᠨᠢᠭᠦᠯᠬᠦ ᠶᠢ ᠪᠠᠶᠢᠷᠢᠯᠠᠭᠤᠯᠪᠠ᠃            ᠬᠤᠷᠠᠯ ᠳᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠬᠤᠯᠠ ᠶᠡᠭᠡ ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠰᠠᠶᠢᠲᠤᠷ ᠠᠳᠬᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠪᠠᠷ ᠬᠦᠴᠦᠯᠡᠵᠦ᠂ ᠨᠡᠩ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠤᠮᠳᠠ ᠬᠡᠰᠡᠭ ᠤᠨ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠡᠮᠵᠢᠵᠤ᠂ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃            ᠬᠤᠷᠠᠯ ᠳᠤ᠂ ᠠᠵᠤ ᠠᠬᠤᠶᠢᠯᠠᠯ ᠤᠨ ᠳᠠᠩᠰᠠᠨ ᠵᠣᠭᠤᠰ ᠢ ᠦᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠨᠢ ᠬᠤᠳᠠᠯᠳᠤᠭᠠᠨ ᠤ ᠣᠷᠴᠢᠨ ᠨᠦᠬᠦᠴᠡᠯ ᠤᠨ ᠰᠠᠶᠢᠵᠢᠷᠠᠯᠲᠠ ᠲᠠᠢ ᠬᠤᠯᠪᠣᠭᠳᠠᠵᠤ᠂ ᠠᠵᠤ ᠠᠬᠤᠢ ᠶᠢᠨ ᠰᠠᠶᠢᠵᠢᠷᠠᠯᠲᠠ ᠶᠢᠨ ᠶᠡᠭᠡ ᠲᠠᠯ᠎ᠠ ᠲᠠᠢ ᠬᠤᠯᠪᠣᠭᠳᠠᠵᠤ᠂ ᠵᠠᠰᠠᠭ ᠤᠨ ᠣᠷᠳᠣᠨ ᠤ ᠳᠦᠷᠢ ᠲᠥᠷᠬᠦ ᠪᠠ ᠨᠡᠶᠢᠲᠡ ᠳᠤ ᠢᠲᠡᠭᠡᠭᠦᠯᠬᠦ ᠬᠦᠴᠦᠨ ᠲᠠᠢ ᠬᠤᠯᠪᠣᠭᠳᠠᠨ᠎ᠠ᠃ ᠥᠷᠢ ᠰᠢᠷᠢ ᠶᠢ ᠠᠷᠢᠯᠭᠠᠬᠤ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠣᠳᠣᠬᠠᠨ ᠤ ᠥᠷᠢ ᠰᠢᠷᠢ ᠶᠢ ᠠᠷᠢᠯᠭᠠᠬᠤ ᠬᠡᠷᠡᠭᠲᠡᠢ ᠮᠥᠷᠲᠡᠭᠡᠨ ᠪᠠᠰᠠ ᠬᠦᠴᠦ ᠣᠷᠣᠭᠤᠯᠵᠤ ᠪᠠᠶᠢᠭᠠᠳ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ︽ᠴᠡᠪᠡᠷᠯᠡᠬᠦ ᠶᠢᠨ ᠳᠠᠭᠠᠤ ᠥᠷᠢᠲᠦᠬᠦ︾᠂ ︽ᠴᠡᠪᠡᠷᠯᠡᠭᠰᠡᠨ ᠴᠦ ᠳᠠᠬᠢᠭᠠᠳ ᠥᠷᠢᠲᠦᠬᠦ︾ ᠎ ᠶᠢ ᠡᠷᠡᠰ ᠬᠤᠷᠢᠭᠯᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠪᠠ ᠲᠣᠮᠣ ᠬᠡᠯᠪᠡᠷᠢ ᠶᠢᠨ ᠠᠵᠤ ᠠᠬᠤᠶᠢᠯᠠᠯ ᠨᠢ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠢ ᠲᠠᠢ ᠭᠤᠣᠯ ᠴᠣᠭᠴᠠ ᠶᠢᠨ ᠲᠣᠭᠲᠠᠭᠠᠯ ᠠᠴᠠ ᠵᠦᠷᠢᠴᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠪᠴᠠᠭ᠎ᠠ ᠲᠠᠢ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠨᠵᠧᠨᠧᠷᠢᠩ ᠤᠨ ᠦᠨ᠎ᠡ ᠶᠢᠨ ᠵᠣᠭᠤᠰ ᠢ ᠳ᠋ᠦᠩᠨᠡᠨ ᠪᠣᠳᠣᠬᠤ᠂ ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠶᠢ ᠬᠠᠮᠢᠶᠠᠷᠬᠤ ᠵᠡᠷᠭᠡ ᠳᠦᠷᠢᠮ ᠲᠣᠭᠲᠠᠭᠠᠯ ᠢ ᠱᠠᠯᠠᠪᠳᠠᠨ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠢ ᠲᠦᠷᠭᠡᠨ ᠢᠶᠠᠷ ᠰᠠᠭᠠᠳ ᠦᠭᠡᠢ ᠠᠵᠢᠯᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯ ᠳᠤ ︽2024 — 2025 ᠣᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯᠯᠠᠭ᠎ᠠ ᠶᠢᠨ ᠲᠥᠰᠥᠯ︾ ᠪᠠ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠠᠵᠢᠯ ᠤᠨ ᠲᠥᠰᠥᠯ︾ ᠎ ᠢ ᠬᠢᠨᠠᠨ ᠵᠥᠪᠯᠡᠵᠦ ᠪᠠᠲᠤᠯᠠᠪᠠ᠃ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠵᠤ᠂ ᠲᠡᠭᠦᠨ ᠢ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠯᠦᠭᠡ ᠤᠶᠠᠯᠳᠤᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠷᠡᠭᠯᠡᠭᠡᠨ ᠤ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠤᠨ ᠪᠠᠶᠢᠳᠠᠯ ᠤᠨ ᠪᠤᠲᠠᠲᠠᠢ ᠳᠤ ᠰᠠᠭᠤᠷᠢᠯᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠥᠭᠡᠷᠡᠴᠢᠯᠡᠬᠦ ᠶᠢ ᠪᠠᠷᠢᠮᠲᠠᠯᠠᠵᠤ᠂ ᠠᠵᠢᠯ ᠤᠨ ᠡᠷᠴᠢᠮ ᠬᠢᠭᠡᠳ ᠠᠶᠢᠵᠠᠮ ᠢ ᠯᠠᠪᠳᠠᠭᠤᠨ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠨᠧᠷᠭᠢ ᠶᠢᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃            ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠠᠴᠠ ᠨᠠᠭᠠᠰᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠠᠴᠠ ᠪᠣᠯᠤᠭᠰᠠᠨ ᠭᠠᠯ ᠤᠨ ᠠᠶᠤᠯ ᠤᠨ ᠠᠳᠡᠯ ᠲᠦᠷᠭᠡᠨ ᠢᠶᠠᠷ ᠨᠡᠮᠡᠭᠳᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ ᠪᠠᠶᠢᠭ᠎ᠠ ᠪᠣᠯᠬᠤᠷ ᠡᠷᠬᠡᠪᠰᠢ ᠵᠣᠷᠢᠭ ᠰᠢᠭᠤᠳᠤᠨ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠦᠯᠡᠳᠡᠭᠡᠯ ᠲᠦᠭᠰᠢᠭᠦᠷᠢ ᠶᠢ ᠲᠦᠷᠭᠡᠳᠬᠡᠨ ᠠᠷᠢᠯᠭᠠᠵᠤ᠂ ᠨᠡᠮᠡᠭᠳᠡᠯ ᠲᠦᠭᠰᠢᠭᠦᠷᠢ ᠶᠢ ᠦᠨᠡᠨ ᠬᠦ ᠬᠤᠷᠢᠭᠯᠠᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ ᠶᠢ ᠴᠢᠬᠤᠯᠠᠴᠢᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠤᠭᠠᠬᠤ᠂ ᠴᠡᠨᠡᠭᠯᠡᠬᠦ᠂ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ ᠵᠡᠷᠭᠡ ᠡᠯ᠎ᠡ ᠭᠤᠭᠴᠣᠭᠠᠨ ᠤ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠭᠦᠯᠬᠦ ᠪᠠ ᠬᠤᠷᠢᠭᠯᠠᠬᠤ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠢᠵᠢ ᠲᠦᠬᠦᠷ ᠦᠢᠯᠡᠴᠢᠯᠡᠭᠡ ᠪᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠡᠯᠬᠢᠶ᠎ᠡ ᠴᠡᠨᠡᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠢ ᠶᠡᠭᠡ ᠪᠠᠷ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃            ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号