ᠣᠷᠣᠨ ᠪᠦᠰᠡ ᠶᠢᠨ ᠬᠠᠮᠵᠢᠯᠴᠠᠭ᠎ᠠ ᠶᠢᠨ ᠬᠥᠯᠭᠡ ᠰᠢᠲᠠᠷ᠎ᠠ ᠶᠢ ᠰᠠᠶᠢᠲᠤᠷ ᠲᠠᠯᠪᠢᠬᠤ ᠬᠡᠷᠡᠭᠲᠡᠢ
ᠨᠡᠶᠢᠲᠡᠯᠡᠭᠰᠡᠨ ᠴᠠᠭ᠄
2024/4/22
       - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ       ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ                         ᠶᠤᠸᠠᠨ ᠪᠦᠦ ᠨᠢᠶᠠᠨ            ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠣᠯ ᠪᠠᠰᠠ ᠴᠤ ᠨᠡᠭᠡᠭᠡᠯᠲᠡ ᠮᠥᠨ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠤ ᠣᠷᠣᠨ ᠪᠦᠰᠡ ᠶᠢᠨ ᠬᠠᠮᠵᠢᠯᠴᠠᠭ᠎ᠠ ᠬᠤᠷᠰᠢᠯᠴᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠨᠡᠭᠡᠭᠡᠯᠲᠡ ᠪᠠᠨ ᠥᠷᠭᠡᠳᠬᠡᠬᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠰᠠᠶᠢᠲᠤᠷ ᠠᠭᠤᠰᠤᠯᠴᠠᠬᠤ ᠳᠤ ᠬᠦᠴᠦᠷᠬᠡᠭ ᠶᠡᠭᠡ ᠢᠲᠡᠭᠡᠯ ᠵᠣᠷᠢᠭ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃      ᠥᠪᠥᠷ ᠮᠣᠩᠭᠤᠯ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠳᠤ᠂ ᠡᠷᠬᠡᠪᠰᠢ ᠥᠷᠭᠡᠨ ᠠᠭᠤᠳᠠᠮ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠰᠠᠭᠤᠷᠢᠯᠠᠵᠤ᠂ ᠪᠠᠶᠢᠳᠠᠯ ᠢ ᠠᠰᠢᠭᠯᠠᠨ ᠬᠦᠴᠦᠯᠡᠵᠦ᠂ ᠣᠩᠭᠤᠴᠠ ᠵᠢᠭᠡᠯᠡᠵᠦ ᠲᠠᠯᠠᠢ ᠳᠤ ᠭᠠᠷᠴᠤ᠂ ᠱᠠᠲᠤ ᠵᠢᠭᠡᠯᠡᠵᠦ ᠥᠨᠳᠥᠷ ᠲᠤ ᠭᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ ᠪᠣᠯ ᠥᠪᠥᠷ ᠮᠣᠩᠭᠤᠯ ᠤᠨ ᠬᠥᠷᠰᠢ ᠵᠡᠷᠭᠡᠯᠡᠳᠡᠭᠡ ᠬᠠᠮᠤᠭ ᠤᠨ ᠶᠡᠭᠡ ᠵᠠᠬ᠎ᠠ ᠳᠡᠯᠭᠡᠭᠦᠷ ᠪᠣᠯᠣᠨ᠎ᠠ᠃ ᠥᠪᠥᠷ ᠮᠣᠩᠭᠤᠯ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠪᠡᠭᠡᠵᠢᠩ ᠯᠦᠭᠡ ᠶᠢᠨ ᠠᠵᠢᠯ ᠲᠦᠷᠦᠯ ᠢᠶᠠᠷ ᠢᠶᠠᠨ ᠬᠠᠮᠲᠤᠷᠠᠯᠴᠠᠬᠤ᠂ ᠲᠢᠶᠠᠨᠵᠢᠨ᠂ ᠾᠧᠪᠧᠢ᠂ ᠯᠢᠶᠣᠤᠨᠢᠩ ᠵᠡᠷᠭᠡ ᠮᠤᠵᠢ ᠬᠤᠳᠠ ᠶᠢᠨ ᠭᠠᠷᠠᠮ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠣᠲᠣᠭᠠᠳᠤ ᠬᠠᠭᠤᠷᠠᠢ ᠶᠢᠨ ᠭᠠᠷᠠᠮ ᠤᠨ ᠬᠠᠮᠵᠢᠯᠴᠠᠭ᠎ᠠ ᠶᠢ ᠭᠦᠨᠵᠡᠭᠡᠢ ᠥᠷᠨᠢᠭᠦᠯᠵᠦ᠂ ᠭᠠᠳᠠᠭᠠᠳᠤ ᠨᠡᠭᠡᠭᠡᠯᠲᠡ ᠪᠠ ᠳᠣᠲᠣᠭᠠᠳᠤ ᠳᠠᠭᠠᠨ ᠨᠡᠭᠡᠭᠡᠯᠲᠡ ᠬᠢᠬᠦ ᠣᠷᠭᠠᠨᠢᠭ ᠠᠭᠤᠰᠤᠯᠴᠠᠭᠰᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠶᠢᠨ ᠬᠠᠷᠢᠯᠴᠠᠨ ᠬᠠᠷᠠᠭᠠᠯᠵᠠᠯ ᠦᠵᠡᠭᠦᠯᠭᠦ ᠬᠠᠮᠵᠢᠯᠴᠠᠭ᠎ᠠ ᠶᠢ ᠴᠢᠩᠭᠠᠳᠬᠠᠨ᠂ ᠴᠢᠭᠤᠯᠤᠯᠲᠤ ᠬᠠᠭᠠᠯᠭ᠎ᠠ᠂ ᠴᠧᠩᠳᠧ᠂ ᠳ᠋ᠠᠲ᠋ᠦ᠋ᠩ᠂ ᠰᠢᠨᠵᠧᠦ᠂ ᠢᠦᠢ ᠯᠢᠨ᠂ ᠱᠢ ᠽᠦᠢ ᠱᠠᠨ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ᠂ ᠰᠠᠭᠤᠷᠢ ᠲᠥᠬᠦᠭᠡᠷᠦᠮᠵᠢ ᠶᠢ ᠬᠤᠯᠪᠣᠯᠳᠤᠭᠤᠯᠤᠨ ᠨᠡᠪᠲᠡᠷᠡᠭᠦᠯᠬᠦ ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠷᠠᠯᠴᠠᠨ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠪᠣᠭᠤᠮᠲᠠ ᠶᠢᠨ ᠳᠠᠶᠢᠴᠢᠯᠠᠬᠤ᠂ ᠳᠣᠲᠣᠷ ᠭᠠᠵᠠᠷ ᠤᠨ ᠲᠤᠯᠭᠠᠭᠤᠷᠢᠯᠠᠬᠤ᠂ ᠵᠠᠬ᠎ᠠ ᠬᠢᠵᠠᠭᠠᠷ ᠳᠣᠲᠣᠷ ᠭᠠᠵᠠᠷ ᠤᠨ ᠬᠠᠷᠢᠯᠴᠠᠨ ᠬᠥᠳᠡᠯᠦᠯᠴᠡᠭᠰᠡᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃      ᠤᠯᠤᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠠᠯᠬᠤᠭ᠎ᠠ ᠪᠠᠨ ᠲᠦᠷᠭᠡᠳᠬᠡᠬᠦ ᠳᠤ᠂ ᠥᠪᠥᠷ ᠮᠣᠩᠭᠤᠯ ᠣᠷᠣᠨ ᠪᠦᠰᠡ ᠶᠢᠨ ᠬᠠᠮᠲᠤᠷᠠᠯᠴᠠᠭᠠᠨ ᠤ ᠬᠦᠷᠢᠶ᠎ᠡ ᠪᠠᠨ ᠢᠳᠡᠪᠬᠢᠲᠡᠢ ᠥᠷᠭᠡᠳᠬᠡᠨ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠪᠦᠭᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠪᠦᠭᠦ ᠲᠠᠯ᠎ᠠ ᠪᠠᠷ ᠵᠣᠯᠭᠠᠭᠤᠯᠵᠤ᠂ ᠭᠦᠨᠵᠡᠭᠡᠢ ᠠᠭᠤᠰᠤᠯᠴᠠᠭᠤᠯᠬᠤ ᠬᠡᠷᠡᠭᠲᠡᠢ᠃ ᠥᠪᠥᠷ ᠮᠣᠩᠭᠤᠯ ᠤᠨ ᠵᠡᠭᠦᠨ ᠬᠡᠰᠡᠭ ︵ᠤᠯᠠᠭᠠᠨᠬᠠᠳᠠ - ᠲᠦᠩᠯᠢᠶᠣᠣ︶᠎ ᠢ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠭᠦ ᠣᠷᠣᠨ ᠲᠠᠢ ᠵᠣᠯᠭᠠᠭᠤᠯᠬᠤ ᠶᠢ ᠲᠦᠷᠭᠡᠳᠬᠡᠨ ᠪᠠᠶᠢᠭᠤᠯᠵᠤ᠂ ᠬᠦᠷᠢᠶᠡᠯᠡᠩ ᠲᠣᠭᠤᠷᠢᠭ᠂ ᠣᠷᠣᠨ ᠠᠯᠤᠰᠯᠠᠭᠰᠠᠨ ᠠᠵᠤ ᠠᠬᠤᠢ᠂ ᠣᠨᠳᠣᠣ ᠭᠠᠵᠠᠷ ᠨᠡᠪᠴᠢᠭᠦᠯᠬᠦ ᠵᠡᠷᠭᠡ ᠭᠡᠯᠪᠡᠷᠢ ᠪᠠᠷ ᠳᠠᠮᠵᠢᠭᠤᠯᠤᠨ ᠠᠵᠤ ᠦᠢᠯᠡᠰ ᠤᠨ ᠰᠢᠯᠵᠢᠯᠲᠡ ᠲᠠᠢ ᠵᠣᠯᠭᠠᠭᠤᠯᠬᠤ ᠬᠡᠷᠡᠭᠲᠡᠢ᠃ ᠮᠠᠨᠵᠤᠤᠷ᠂ ᠡᠷᠢᠶᠡᠨ ᠬᠤᠲᠠ᠂ ᠭᠠᠭᠴᠠᠮᠣᠳᠤ᠂ ᠴᠡᠭᠡ ᠵᠡᠷᠭᠡ ᠬᠢᠯᠢ ᠳᠠᠭᠠᠤ ᠭᠠᠵᠠᠷ ᠣᠷᠣᠨ ᠳᠤ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠳ ᠢ ᠨᠡᠶᠢᠳᠬᠡᠨ ᠪᠦᠲᠦᠭᠡᠨ ᠪᠠᠶᠢᠭᠤᠯᠵᠤ᠂ ᠬᠢᠯᠢ ᠳᠠᠭᠠᠤ ᠶᠢᠨ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠤᠶ ᠪᠤᠯᠭᠠᠬᠤ ᠬᠡᠷᠡᠭᠲᠡᠢ᠃      ᠲᠦᠷᠦ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠮᠤᠵᠢ᠂ ᠬᠤᠳᠠ ᠂ ᠣᠷᠣᠨ ᠲᠠᠢ ᠬᠠᠮᠵᠢᠯᠴᠠᠵᠤ᠂ ᠬᠥᠭᠵᠢᠯᠲᠡ ᠶᠢ ᠠᠰᠢᠭᠯᠠᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠪᠠᠯ᠂ ᠥᠪᠥᠷ ᠮᠣᠩᠭᠤᠯ ᠯᠠᠪᠲᠠᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ ᠴᠢᠳᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号