ᠠᠯᠠᠱᠠ ᠵᠡᠭᠦᠨ ᠬᠤᠰᠢᠭᠤ᠄ ᠠᠳᠠᠯ ᠠᠬᠤᠶ ᠶᠢᠨ ᠦᠶᠯᠡᠴᠢᠯᠡᠭᠡ ᠪᠠᠷ ᠠᠷᠠᠳ ᠤᠨ ᠬᠠᠨᠤᠮᠵᠢ ᠶᠢᠨ ᠲᠥᠪᠰᠢᠨ ᠢ ᠳᠡᠭᠡᠭᠰᠢᠯᠡᠭᠦᠯᠵᠦ ᠪᠣᠢ
ᠨᠡᠶᠢᠲᠡᠯᠡᠭᠰᠡᠨ ᠴᠠᠭ᠄
2024/4/22
                     ᠵᠦᠩ ᠰᠢᠨ ᠠᠳᠠᠯ ᠠᠬᠤᠢ ᠶᠢᠨ ᠭᠠᠵᠠᠷ ᠯᠢᠦᠢ ᠰᠧ ᡁᠢ ᠭᠤᠸᠠᠩ ᠬᠤᠷᠢᠶᠠᠯᠠᠯ ᠤᠨ ᠬᠤᠶᠢᠲᠤ ᠲᠣᠭᠤᠷᠢᠭ ᠲᠤ ᠠᠵᠢᠯᠯᠠᠭᠰᠠᠨ ᠠᠴᠠ ᠨᠠᠰᠢ᠂ ᠬᠤᠷᠢᠶᠠᠯᠠᠯ ᠤᠨ ᠳᠦᠷᠰᠦ ᠪᠠᠶᠢᠳᠠᠯ ᠡᠳᠦᠷ ᠢᠷᠡᠬᠦᠶ᠎ᠡ ᠰᠢᠨᠡᠳᠴᠦ᠂ ᠰᠢᠨ᠎ᠡ ᠰᠠᠨᠳᠠᠯᠢ᠂ ᠤᠷᠳᠤ ᠰᠠᠨᠳᠠᠯᠢ᠂ ᠰᠢᠲᠠᠷ᠎ᠠ ᠶᠢᠨ ᠰᠢᠷᠡᠭᠡ ᠪᠣᠯᠤᠨ ᠪᠡᠶ᠎ᠡ ᠴᠢᠭᠢᠷᠠᠭᠵᠢᠭᠤᠯᠬᠤ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠵᠢᠴᠢ ᠭᠤᠶᠤ ᠰᠠᠶᠢᠬᠠᠨ ᠪᠥᠭᠡᠳ ᠡᠯ᠎ᠡ ᠲᠦᠷᠦᠯ ᠤᠨ ᠮᠡᠳᠡᠯᠭᠡ ᠶᠢ ᠲᠦᠭᠡᠮᠡᠯᠵᠢᠭᠦᠯᠦᠭᠰᠡᠨ ᠤᠬᠠᠭᠤᠯᠭ᠎ᠠ ᠶᠢᠨ ᠫᠠᠶᠢᠰᠠ ᠨᠢ ᠴᠥᠮ ᠬᠤᠷᠢᠶᠠᠯᠠᠯ ᠤᠨ ᠰᠢᠨ᠎ᠡ ᠳᠦᠷᠰᠦ ᠪᠠᠶᠢᠳᠠᠯ ᠳᠤ ᠦᠡᠭᠭᠡ ᠭᠢᠯᠪᠠᠭ᠎ᠠ ᠨᠡᠮᠡᠷᠢᠯᠡᠵᠡᠢ᠃ ᠡᠭᠦᠨ ᠢᠶᠠᠷ ᠪᠠᠷᠠᠬᠤ ᠥᠬᠡᠶ᠂ ᠠᠳᠠᠯ ᠠᠬᠤᠶ ᠶᠢᠨ ᠺᠣᠮᠫᠠᠨᠢ ᠦᠶᠯᠡᠴᠢᠯᠡᠭᠡᠨ ᠤ ᠬᠢᠷᠢ ᠲᠦᠪᠰᠢᠨ ᠪᠠ ᠰᠠᠭᠤᠭᠠᠯᠢ ᠡᠷᠦᠬᠡ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠵᠣᠷᠢᠯᠭ᠎ᠠ ᠪᠠᠷ᠂ ᠬᠤᠷᠢᠶᠠᠯᠠᠯ ᠳᠤ ᠪᠥᠬᠦ ᠲᠠᠯ᠎ᠠ ᠶᠢᠨ ᠣᠨᠣᠰᠢᠯᠠᠯᠲᠠ ᠬᠢᠵᠦ᠂ ᠣᠯᠠᠨ ᠲᠦᠮᠡᠨ ᠤ ᠰᠠᠨᠠᠯ ᠢ ᠭᠦᠶᠴᠡᠳ ᠬᠤᠷᠢᠶᠠᠵᠤ᠂ ᠵᠢᠯ ᠲᠤᠷᠰᠢ ᠴᠡᠪᠡᠷᠯᠡᠭᠡᠳᠦᠶ ᠪᠣᠬᠢᠷ ᠤᠰᠤᠨ ᠤ ᠬᠤᠳᠳᠤᠭ ᠪᠠ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠣᠷᠣᠨ ᠢ ᠪᠥᠬᠦ ᠲᠠᠯ᠎ᠠ ᠪᠠᠷ ᠴᠡᠪᠡᠷᠯᠡᠵᠦ᠂ ᠬᠤᠷᠢᠶᠠᠯᠠᠯ ᠳᠤ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠨᠡᠮᠡᠵᠦ ᠪᠠᠶᠢᠭᠤᠯᠬᠤ ᠶᠢᠨ ᠬᠠᠮᠲᠤ ᠭᠠᠯ ᠤᠨᠲᠠᠷᠠᠭᠠᠭᠤᠷ ᠤᠭᠰᠠᠷᠠᠵᠤ᠂ ᠬᠤᠷᠢᠶᠠᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾᠎ ᠢ ᠪᠠᠬᠢᠵᠢᠭᠦᠯᠪᠡ᠃ ᠳᠣᠲᠣᠨᠣ ᠦᠢᠯᠡᠴᠢᠯᠡᠭᠡ ᠨᠢ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ ᠪᠠᠶᠢᠨ᠎ᠠ᠃
     
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号