ᠠᠯᠠᠱᠠ ᠠᠶᠢᠮᠠᠭ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
                                 4 ᠳ᠋ᠦ᠋ᠭᠡᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠲᠥᠷᠥ ᠶᠢᠨ ᠠᠮᠤᠷ ᠲᠦᠪᠰᠢᠨ ᠤ ᠠᠵᠢᠯ ᠤᠨ ᠠᠯᠪᠠᠨ ᠬᠡᠷ᠂ ᠠᠶᠢᠮᠠᠭ ᠤᠨ ᠤᠯᠤᠰ ᠤᠨ ᠠᠮᠤᠷ ᠲᠦᠪᠰᠢᠨ ᠤ ᠲᠣᠪᠴᠢᠶ᠎ᠠ ᠬᠠᠮᠢᠶ᠎ᠠ ᠪᠥᠬᠦᠶ ᠨᠢᠭᠡᠴᠡ ᠲᠠᠢ ᠬᠠᠮᠲᠤᠷᠠᠨ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ︽4 · 15︾᠎ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ᠂ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠤᠭᠰᠠᠨ 10 ᠵᠢᠯ ᠤᠨ ᠣᠶ︾ ᠭᠡᠬᠦ ᠭᠤᠤᠯ ᠰᠡᠳᠦᠪ ᠤᠨ ᠲᠣᠭᠤᠷᠢᠨ ᠳᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠠᠷᠠᠳ ᠢᠷᠭᠡᠳ ᠲᠤ ᠭᠦᠨᠵᠡᠭᠡᠢ ᠮᠡᠳᠡᠭᠦᠯᠬᠦ ᠠᠵᠢᠯ ᠢ ᠠᠬᠢᠭᠤᠯᠪᠠ᠃ ᠲᠤᠬᠠᠶ ᠶᠢᠨ ᠡᠳᠦᠷ᠂ ᠪᠥᠬᠦ ᠠᠶᠢᠮᠠᠭ ᠤᠨ ᠡᠯ᠎ᠡ ᠬᠤᠰᠢᠭᠤ ᠲᠣᠭᠤᠷᠢᠭ ᠤᠨ ᠬᠢᠨ ᠣᠯᠠᠨ ᠬᠡᠯᠪᠡᠷᠢ ᠶᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪᠯᠡᠷᠡᠭᠦᠯᠦᠨ ᠤᠬᠠᠭᠤᠯᠬᠤ ︵ᠲᠣᠭᠯᠠᠯᠲᠠ︶ ᠠᠵᠢᠯᠯᠠᠭ᠎ᠠ 21 ᠲᠠᠯᠠᠪᠤᠷ ᠶᠠᠪᠤᠭᠳᠠᠭᠤᠯᠵᠤ᠂ 116 ᠦᠵᠡᠭᠦᠯᠦᠯᠭᠡ ᠶᠢᠨ ᠰᠠᠮᠪᠠᠷ᠎ᠠ ᠳᠣᠭᠢᠷᠠᠭᠤᠯᠤᠨ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠢ 1.2 ᠲᠦᠮᠡ ᠭᠠᠷᠤᠶ ᠬᠤᠪᠢ ᠲᠠᠷᠬᠠᠭᠠᠵᠤ᠂ ᠤᠬᠠᠭᠤᠯᠭ᠎ᠠ ᠶᠢᠨ ᠵᠠᠷᠯᠠᠯ 530 ᠭᠠᠷᠤᠶ ᠬᠤᠪᠢ ᠲᠠᠷᠬᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ 7800 ᠭᠠᠷᠤᠶ ᠬᠤᠪᠢ᠂ ᠬᠥᠨᠳᠡᠯᠡᠨ ᠪᠢᠴᠢᠭᠡᠰᠦ ᠶᠢ 110 ᠭᠠᠷᠤᠶ ᠡᠯᠭᠦᠵᠦ᠂ ᠣᠯᠠᠨ ᠲᠦᠮᠡᠨ ᠤ ᠠᠰᠠᠭᠤᠨ ᠯᠠᠪᠯᠠᠬᠤ ᠶᠢ 2400 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ 1.7 ᠲᠦᠮᠡ ᠭᠠᠷᠤᠶ ᠬᠥᠮᠦᠨ ᠣᠷᠣᠯᠴᠠᠵᠠᠶ᠃
       ᠮᠠᠨ ᠤ ᠠᠶᠢᠮᠠᠭ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠭᠤᠯᠭ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠣᠯᠠᠨ ᠡᠰᠢᠵᠢᠭ᠍ᠰᠡᠨ ᠤᠬᠠᠭᠤᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠨ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号