ᠠᠯᠠᠱᠠ ᠵᠡᠭᠦᠨ ᠬᠤᠰᠢᠭᠤ᠄ ᠡᠯᠡᠰᠦᠨ ᠴᠥᠯ ᠢ ᠣᠶᠢᠵᠢᠭᠤᠯᠵᠤ ᠪᠣᠢ
ᠨᠡᠶᠢᠲᠡᠯᠡᠭᠰᠡᠨ ᠴᠠᠭ᠄
2024/4/22
                                 3 ᠳ᠋ᠤᠭᠠᠷ ᠰᠠᠷ᠎ᠠ ᠶᠢᠨ 12᠎ ᠤᠨ ᠡᠳᠦᠷ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ︵ᠬᠤᠶᠠᠳᠤᠭᠠᠷ ᠬᠤᠭᠤᠴᠠᠭ᠎ᠠ︶᠎ ᠤᠨ ᠪᠥᠬᠦ ᠲᠠᠯ᠎ᠠ ᠪᠠᠷ ᠠᠵᠢᠯ ᠡᠬᠢᠯᠡᠬᠦ ᠶᠢ ᠳᠠᠭᠠᠯᠳᠤᠨ᠂ ᠠᠯᠠᠱᠠ ᠵᠡᠭᠦᠨ ᠬᠤᠰᠢᠭᠤ ᠨᠢ ᠪᠥᠬᠦ ᠵᠢᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠬᠥᠰᠢᠭᠡ ᠪᠠᠨ ᠰᠡᠬᠦᠪᠡ᠃ ᠤᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠲᠩᠷᠢ ᠡᠯᠡᠰᠦᠨ ᠴᠦᠯ ᠤᠨ ᠬᠥᠪᠡᠭᠡᠨ ᠳᠤ᠂ ᠮᠣᠳᠣ ᠲᠠᠷᠢᠵᠤ ᠣᠶᠢᠵᠢᠭᠤᠯᠬᠤ ᠶᠠᠭᠠᠷᠠᠯᠲᠠᠢ ᠪᠠᠶᠢᠳᠠᠯ ᠭᠠᠵᠠᠷ ᠪᠣᠯᠭᠠᠨ ᠳᠤ ᠬᠠᠷᠠᠭᠳᠠᠵᠤ᠂ ᠪᠠᠶᠢᠭᠤᠯᠤᠯᠭ᠎ᠠ ᠶᠢᠨ ᠠᠵᠢᠯᠳᠠᠨ᠂ ᠮᠠᠯᠴᠢᠨ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠵᠢᠯᠴᠢᠨ ᠢᠶᠠᠷ ᠪᠦᠷᠢᠯᠳᠦᠭᠰᠡᠨ ᠠᠯᠪᠠᠨ ᠵᠢᠷᠤᠮ ᠤᠨ ᠮᠣᠳᠣ ᠲᠠᠷᠢᠬᠤ ᠶᠡᠭᠡ ᠴᠡᠷᠢᠭ ᠡᠳᠦᠷ ᠪᠦᠷᠢ ᠡᠯᠡᠰᠦᠨ ᠴᠦᠯ ᠳᠤ ᠮᠣᠳᠣ ᠲᠠᠷᠢᠬᠤ ᠨᠢᠭᠡᠳᠦᠭᠡᠷ ᠹᠷᠣᠨᠲ ᠲᠤ ᠶᠠᠭᠠᠷᠠᠯᠲᠠᠢ ᠠᠵᠢᠯᠯᠠᠵᠤ᠂ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠡᠰᠡᠭ ᠬᠡᠰᠡᠭ ᠢᠶᠠᠷ ᠠᠬᠢᠭᠤᠯᠵᠤ ᠪᠠᠶᠢᠨ᠎ᠠ᠃
       ᠠᠯᠠᠱᠠ ᠵᠡᠭᠦᠨ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠬᠠᠲᠤᠨ ᠭᠤᠤᠯ ᠤᠨ ︽ᠵᠢᠢ ᠥᠰᠥᠭ ᠤᠨ ᠮᠤᠷᠦ᠋ᠢᠯᠲᠠ︾᠎ ᠶᠢᠨ ᠣᠷᠣᠨ ᠳᠤ ᠬᠠᠷᠢᠶᠠᠯᠠᠭᠳᠠᠵᠤ᠂ ᠶᠡᠷᠦᠩᠬᠡᠶ ᠲᠠᠯᠠᠪᠠᠶ ᠨᠢ 8.04 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠣᠲᠣᠷ᠎ᠠ ᠨᠢ ᠲᠩᠷᠢ᠂ ᠤᠯᠠᠭᠠᠨᠪᠤᠬ᠎ᠠ ᠵᠡᠷᠭᠡ ᠬᠤᠶᠠᠷ ᠶᠡᠭᠡ ᠡᠯᠡᠰᠦᠨ ᠴᠥᠯ ᠪᠥᠬᠦ ᠬᠢᠯᠢ ᠪᠠᠷ ᠬᠥᠨᠳᠡᠯᠢᠰᠴᠦ᠂ ᠤᠯᠤᠰ ᠤᠨ ᠨᠤᠲᠤᠭ ᠳᠡᠪᠢᠰᠬᠡᠷ ᠤᠨ ᠭᠤᠷᠪᠠᠨ ᠤ ᠨᠢᠭᠡ ᠬᠤᠪᠢ ᠶᠢ ᠡᠵᠡᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠲᠦᠢᠯ ᠤᠨ ᠬᠡᠪᠡᠷᠡᠭ ᠪᠠᠶᠢᠳᠠᠭ᠃        ᠣᠶᠢᠷ᠎ᠠ ᠶᠢᠨ ᠵᠢᠯ ᠤᠳ ᠲᠤ᠂ ᠠᠯᠠᠱᠠ ᠵᠡᠭᠦᠨ ᠬᠤᠰᠢᠭᠤ ᠨᠢᠰᠬᠡᠯ ᠢᠶᠠᠷ ᠣᠶᠢᠵᠢᠭᠤᠯᠬᠤ ᠡᠪᠡᠰᠦ ᠳᠠᠷᠢᠬᠤ᠂ ᠬᠠᠰᠢᠶᠠᠯᠠᠨ ᠪᠢᠲᠡᠭᠦᠮᠵᠢᠯᠡᠵᠦ ᠪᠤᠶᠢᠵᠢᠭᠤᠯᠬᠤ᠂ ᠬᠥᠮᠦᠨ ᠤ ᠬᠦᠴᠦ ᠪᠠᠷ ᠣᠶᠢᠵᠢᠭᠤᠯᠵᠤ ᠡᠪᠡᠰᠦ ᠳᠠᠷᠢᠬᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠮᠢ ᠠᠬᠤᠶ ᠶᠢᠨ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠶᠢ ᠠᠮᠤᠷᠵᠢᠭᠤᠯᠤᠨ ᠰᠡᠷᠭᠦᠭᠡᠪᠡ᠃        ᠴᠦᠯᠯᠡᠷᠬᠡᠭᠵᠢᠯ ᠢ ᠵᠠᠰᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠬᠡᠭᠵᠢᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠠᠯᠠᠱᠠ ᠵᠡᠭᠦᠨ ᠬᠤᠰᠢᠭᠤᠨ ᠤ ᠵᠠᠯᠭᠠᠯᠳᠤᠭᠰᠠᠨ ᠣᠷᠣᠨ ᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 8.8154 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠠᠴᠠ 2025 ᠣᠨ ᠪᠣᠯᠲᠠᠯᠠᠬᠢ ᠬᠤᠭᠤᠴᠠᠭᠠᠨ ᠳᠤ᠂ ᠭᠤᠣᠯᠳᠠᠭᠤ ᠡᠯᠡᠰᠦ ᠮᠠᠩᠬ᠎ᠠ ᠶᠢᠨ ᠵᠠᠬ᠎ᠠ ᠬᠢᠵᠠᠭᠠᠷ ᠣᠷᠣᠨ᠂ ᠴᠢᠬᠤᠯᠠ ᠵᠠᠮ ᠤᠨ ᠬᠤᠶᠠᠷ ᠲᠠᠯ᠎ᠠ᠂ ᠭᠤᠣᠯ ᠬᠤᠲᠠ ᠪᠠᠯᠭᠠᠰᠤ ᠶᠢᠨ ᠲᠣᠭᠤᠷᠢᠨ ᠳᠤ ᠨᠢᠰᠬᠡᠯ ᠢᠶᠠᠷ ᠳᠠᠷᠢᠵᠤ ᠣᠶᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠳᠠᠷᠢᠬᠤ᠂ ᠡᠯᠡᠰᠦ ᠶᠢ ᠪᠢᠲᠡᠭᠦᠮᠵᠢᠯᠡᠨ ᠤᠢ ᠮᠣᠳᠣ ᠪᠤᠶᠢᠵᠢᠭᠤᠯᠬᠤ ᠂ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠵᠡᠷᠭᠡ ᠶᠡᠷᠦᠩᠬᠡᠶᠢᠯᠡᠭᠰᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃ 2024 ᠣᠨ ᠳᠤ ᠠᠯᠠᠱᠠ ᠵᠡᠭᠦᠨ ᠬᠤᠰᠢᠭᠤᠨ ᠤ ᠲᠥᠯᠥᠪᠯᠡᠭᠡ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ 179.1 ᠲᠦᠮᠡᠨ ᠮᠥ ᠳᠤ ᠬᠦᠷᠴᠦ᠂ ᠨᠢᠰᠬᠡᠯ ᠢᠶᠠᠷ ᠳᠠᠷᠢᠵᠤ ᠣᠶᠢᠵᠢᠭᠤᠯᠬᠤ 29.1 ᠲᠦᠮᠡᠨ ᠮᠥ ᠶᠢ ᠪᠠᠭᠲᠠᠭᠠᠵᠤ᠂ 71.7 ᠲᠦᠮᠡᠨ ᠮᠥ ᠶᠢ ᠢᠨᠵᠧᠨᠧᠷᠢᠩ ᠢᠶᠠᠷ ᠲᠣᠭᠲᠠᠪᠤᠷᠢᠵᠢᠭᠤᠯᠵᠤ᠂ 55.3 ᠲᠦᠮᠡᠨ ᠮᠥ ᠶᠢ ᠬᠥᠮᠦᠨ ᠤ ᠬᠦᠴᠦ ᠪᠠᠷ ᠳᠠᠷᠢᠵᠤ᠂ 3 ᠲᠦᠮᠡᠨ ᠮᠥ ᠶᠢ ᠬᠠᠰᠢᠶᠠᠯᠠᠨ ᠪᠢᠲᠡᠭᠦᠮᠵᠢᠯᠡᠵᠦ᠂ 20 ᠲᠦᠮᠡᠨ ᠮᠥ ᠶᠢᠨ ᠣᠶ ᠶᠢ ᠨᠥᠬᠦᠨ ᠰᠡᠷᠭᠦᠭᠡᠬᠦ ᠶᠢ ᠪᠠᠭᠲᠠᠭᠠᠨ᠎ᠠ᠃        ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ︵ᠬᠤᠶᠠᠳᠤᠭᠠᠷ ᠬᠤᠭᠤᠴᠠᠭ᠎ᠠ︶᠎ ᠤᠨ ᠠᠯᠠᠱᠠ ᠵᠡᠭᠦᠨ ᠬᠤᠰᠢᠭᠤᠨ ᠤ ᠵᠠᠯᠭᠠᠯᠳᠤᠭᠰᠠᠨ ᠣᠷᠣᠨ ᠳᠤ 63 ᠠᠵᠢᠯᠯᠠᠬᠤ ᠲᠣᠭᠤᠷᠢᠭ ᠢ ᠵᠢᠷᠤᠭᠯᠠᠨ ᠲᠥᠯᠥᠪᠯᠡᠵᠦ᠂ 52 ᠠᠵᠢᠯᠯᠠᠬᠤ ᠲᠣᠭᠤᠷᠢᠭ ᠢ ᠨᠢᠭᠡᠨᠲᠡ ᠠᠵᠢᠯ ᠡᠬᠢᠯᠡᠭᠦᠯᠵᠦ᠂ ᠨᠡᠶᠢᠲᠡ 13.9655 ᠲᠦᠮᠡᠨ ᠮᠥ ᠶᠢ ᠪᠡᠶᠡᠯᠡᠭᠦᠯᠪᠡ᠂ ᠡᠭᠦᠨ ᠳᠤ᠄ 11.6935 ᠲᠦᠮᠡᠨ ᠮᠥ ᠳᠤ ᠬᠥᠮᠦᠨ ᠤ ᠬᠦᠴᠦ ᠪᠠᠷ ᠡᠪᠡᠰᠦ ᠳᠠᠷᠢᠵᠤ᠂ 2.272 ᠲᠦᠮᠡᠨ ᠮᠥ ᠶᠢᠨ ᠡᠯᠡᠰᠦ ᠶᠢ ᠲᠣᠭᠲᠠᠪᠤᠷᠢᠵᠢᠭᠤᠯᠤᠨ᠎ᠠ᠃        
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号