ᠠᠯᠠᠱᠠ ᠵᠡᠭᠦᠨ ᠬᠤᠰᠢᠭᠤ᠄ ᠣᠶᠣᠨᠴᠢ ᠮᠠᠰᠢᠨ ᠢᠶᠠᠷ ᠲᠠᠷᠢᠶᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/4/22
                       ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠬᠠᠪᠤᠷ ᠤᠨ ᠤᠯᠠᠷᠢᠯ ᠤᠨ ᠲᠠᠷᠢᠶᠠᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠤᠶᠤᠨᠴᠢᠯᠠᠭᠰᠠᠨ ᠲᠠᠷᠢᠶᠠᠯᠠᠩ ᠤᠨ ᠮᠠᠰᠢᠨ ᠪᠠᠭᠠᠵᠢ ᠵᠠᠯᠭᠠᠭ᠎ᠠ ᠪᠠᠷ ᠠᠵᠢᠯ ᠤᠨ ᠪᠠᠶᠢᠷᠢ ᠳᠤ ᠭᠠᠷᠴᠤ᠂ ᠲᠠᠷᠢᠶᠠᠴᠢᠨ ᠡᠷᠦᠬᠡ ︽ᠳᠣᠬᠢᠭᠤᠷ ᠲᠤᠯᠤᠭᠠᠨ ᠣᠲᠣ︾ ᠨᠡᠷᠡᠮᠵᠢᠲᠦ ᠳᠠᠭᠠᠭᠤᠯᠢ ᠣᠳᠣᠨ ᠤ ᠣᠷᠣᠨ ᠪᠠᠶᠢᠷᠢ ᠲᠣᠭᠲᠠᠭᠠᠨ ᠠᠶᠠᠯᠠᠯ ᠵᠢᠯᠣᠭᠤᠳᠬᠤ ᠬᠠᠪᠰᠤᠷᠤᠨ ᠵᠢᠯᠣᠭᠤᠳᠬᠤ ᠰᠢᠰᠲ᠋ᠧᠮ ᠤᠭᠰᠠᠷᠠᠭᠰᠠᠨ ᠲᠷᠠᠺᠲ᠋ᠣᠷ ᠢ ᠵᠢᠯᠣᠭᠤᠳᠤᠨ ᠭᠠᠵᠠᠷ ᠬᠠᠭᠠᠯᠪᠤᠷᠢᠯᠠᠵᠤ ᠪᠣᠢ᠃
       ︽ᠳᠣᠬᠢᠭᠤᠷ ᠲᠤᠯᠤᠭᠠᠨ ᠣᠲᠣ︾ ᠨᠡᠷᠡᠮᠵᠢᠲᠦ ᠳᠠᠭᠠᠭᠤᠯᠢ ᠣᠳᠣᠨ ᠤ ᠠᠶᠠᠯᠠᠯ ᠵᠠᠯᠠᠬᠤ ᠰᠢᠰᠲ᠋ᠧᠮ ᠢ ᠤᠭᠰᠠᠷᠠᠭᠰᠠᠨ ᠤ ᠳᠠᠷᠠᠭ᠎ᠠ᠂ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠲᠷᠠᠺᠲ᠋ᠣᠷ ᠨᠢ ᠦᠨᠳᠦᠰᠦᠨ ᠳᠡᠭᠡᠨ ᠵᠠᠯᠠᠭᠤᠷ ᠵᠢᠯᠣᠭᠤᠳᠬᠤ ᠥᠬᠡᠶ ᠪᠣᠯᠵᠠᠶ᠂ ᠲᠠᠷᠢᠶᠠᠴᠢᠳ ᠵᠥᠪᠬᠡᠨ ᠲᠷᠠᠺᠲ᠋ᠣᠷ ᠤᠨ ᠵᠢᠯᠣᠭᠤᠴᠢ ᠶᠢᠨ ᠥᠷᠥᠭᠡᠨ ᠳᠤ ᠰᠠᠭᠤᠵᠤ᠂ ︽ᠳᠣᠬᠢᠭᠤᠷ ᠲᠤᠯᠤᠭᠠᠨ ᠣᠲᠣ︾ ᠨᠡᠷᠡᠮᠵᠢᠲᠦ ᠳᠠᠭᠠᠭᠤᠯᠢ ᠣᠳᠣᠨ ᠤ ᠠᠶᠠᠯᠠᠯ ᠵᠠᠯᠠᠬᠤ ᠳᠡᠯᠭᠡᠴᠡᠨ ᠳᠤ ᠲᠤᠭ᠎ᠠ ᠪᠠᠷᠢᠮᠲᠠ᠂ ᠣᠷᠣᠨ ᠪᠠᠶᠢᠷᠢ ᠪᠠᠨ ᠣᠷᠣᠭᠤᠯᠪᠠᠯ᠂ ᠲᠷᠠᠺᠲ᠋ᠣᠷ ᠨᠢ ᠲᠠᠷᠢᠶᠠᠨ ᠭᠠᠵᠠᠷ ᠲᠤ ᠠᠵᠢᠯᠯᠠᠳᠠᠭ᠂ ᠤᠶᠤᠨᠲᠤ ᠲᠠᠷᠢᠶᠠᠯᠠᠩ ᠤᠨ ᠮᠠᠰᠢᠨ ᠪᠣᠶ ᠪᠣᠯᠤᠭᠰᠠᠨ ᠠᠴᠠ ︽ᠲᠠᠷᠢᠶᠠᠯᠠᠩ ᠤᠨ ᠠᠵᠢᠯ︾᠎ ᠨᠢ ᠲᠡᠶᠢᠮᠦ ᠶᠠᠭᠠᠷᠠᠯᠲᠠᠶ ᠪᠢᠰᠢ ᠪᠣᠯᠵᠠᠶ ᠃ ᠣᠶᠢᠷ᠎ᠠ ᠶᠢᠨ ᠬᠡᠳᠦᠨ ᠵᠢᠯ ᠳᠤ᠂ ︽ᠳᠣᠬᠢᠭᠤᠷ ᠲᠤᠯᠤᠭᠠᠨ ᠣᠲᠣ︾ ᠨᠡᠷᠡᠮᠵᠢᠲᠦ ᠳᠠᠭᠠᠭᠤᠯᠢ ᠣᠳᠣᠨ ᠤ ᠰᠢᠰᠲ᠋ᠧᠮ ᠤᠭᠰᠠᠷᠠᠭᠰᠠᠨ ᠠᠦ᠋ᠲ᠋ᠣᠴᠢᠯᠠᠭᠰᠠᠨ ᠲᠠᠷᠢᠶᠠᠯᠠᠩ ᠤᠨ ᠮᠠᠰᠢᠨ ᠤᠯᠠᠮ ᠢᠶᠠᠷ ᠠᠯᠠᠱᠠ ᠵᠡᠭᠦᠨ ᠬᠤᠰᠢᠭᠤᠨ ᠳᠤ ᠲᠦᠭᠡᠮᠡᠯᠵᠢᠬᠦ ᠶᠢ ᠳᠠᠭᠠᠯᠳᠤᠨ᠂ ᠲᠠᠷᠢᠮᠠᠯ ᠢ ᠤᠶᠤᠨᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠣᠳᠣᠬᠢᠴᠢᠯᠠᠭᠰᠠᠨ ︽ᠲᠦᠷᠭᠡᠨ ᠤ ᠵᠠᠮ︾ ᠳᠠᠰᠢ ᠬᠥᠭᠵᠢᠭᠦᠯᠵᠦ᠂ ︽ᠳᠣᠬᠢᠭᠤᠷ ᠲᠤᠯᠤᠭᠠᠨ ᠣᠲᠣ︾ ᠨᠡᠷᠡᠮᠵᠢᠲᠦ ᠳᠠᠭᠠᠭᠤᠯᠢ ᠣᠳᠣᠨ ᠤ ᠵᠢᠯᠣᠭᠤᠴᠢ ᠥᠬᠡᠶ ᠵᠢᠯᠣᠭᠤᠳᠬᠤ ᠰᠢᠰᠲ᠋ᠧᠮ᠂ ᠵᠢᠯᠣᠭᠤᠴᠢ ᠥᠬᠡᠶ ᠨᠢᠰᠬᠡᠯ ᠤᠨ ᠨᠢᠰᠦᠯᠲᠡ ᠶᠢᠨ ᠰᠡᠷᠭᠡᠶᠢᠯᠡᠯᠲᠡ ᠶᠢᠨ ᠠᠵᠢᠯ ᠵᠡᠷᠭᠡ ᠤᠶᠤᠨᠲᠤ ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ ᠨᠢ ᠴᠦ ᠲᠠᠷᠢᠶᠠᠯᠠᠩ ᠤᠨ ᠦᠶᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠶᠯᠡᠳᠪᠦᠷᠢᠯᠡᠯ ᠢ ︽ᠤᠯᠠᠮᠵᠢᠯᠠᠯᠲᠤ ᠲᠠᠷᠢᠶᠠᠯᠠᠩ︾᠎ ᠠᠴᠠ ︽ᠤᠶᠤᠨᠲᠤ ᠲᠠᠷᠢᠶᠠᠯᠠᠩ︾ ᠳᠠᠰᠢ ᠲᠦᠷᠭᠡᠨ ᠬᠤᠪᠢᠷᠠᠭᠤᠯᠤᠭᠰᠠᠨ ᠪᠠᠶᠢᠨ᠎ᠠ        ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠬᠢᠨ ᠣᠶᠤᠨᠴᠢ ᠲᠠᠷᠢᠶᠠᠯᠠᠩ ᠤᠨ ᠮᠠᠰᠢᠨ ᠢ ᠲᠠᠰᠤᠷᠠᠯᠲᠠ ᠦᠭᠡᠶ ᠳᠡᠯᠭᠡᠷᠡᠭᠦᠯᠦᠨ ᠬᠡᠷᠡᠭᠯᠡᠵᠦ ᠲᠠᠷᠢᠶᠠᠯᠠᠩ ᠤᠨ ᠦᠢᠯᠡᠳᠪᠦᠷᠢᠯᠡᠯ ᠳᠤ ᠳᠥᠭᠦᠮ ᠦᠵᠡᠭᠦᠯᠵᠦ᠂ ᠵᠢᠱᠢᠶᠡᠯᠡᠪᠡᠯ ᠵᠢᠯᠣᠭᠤᠴᠢ ᠥᠬᠡᠶ ᠰᠢᠰᠲ᠋ᠧᠮ᠂ ᠵᠢᠯᠣᠭᠤᠴᠢ ᠥᠬᠡᠶ ᠨᠢᠰᠬᠡᠯ ᠤᠨ ᠨᠢᠭᠡᠳᠦᠯᠲᠡᠶ ᠰᠡᠷᠭᠡᠶᠢᠯᠡᠯᠲᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠵᠡᠷᠭᠡ ᠨᠢ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠬᠠᠪᠤᠷ ᠤᠨ ᠲᠠᠷᠢᠶᠠᠯᠠᠭ᠎ᠠ ᠶᠢ ᠤᠶᠤᠨᠴᠢᠯᠠᠬᠤ᠂ ᠥᠨᠳᠥᠷ ᠠᠰᠢᠭᠯᠠᠮᠵᠢ ᠲᠠᠢ ᠪᠣᠯᠭᠠᠬᠤ ᠪᠠ ᠨᠠᠷᠢᠯᠢᠭ ᠣᠨᠣᠴᠠᠲᠠᠶ ᠪᠣᠯᠭᠠᠬᠤ ᠶᠢ ᠪᠡᠶᠡᠯᠡᠭᠦᠯᠵᠦ᠂ ᠲᠠᠷᠢᠶᠠᠯᠠᠩ ᠤᠨ ᠦᠶᠯᠡᠳᠪᠦᠷᠢᠯᠡᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠯᠠᠩ ᠤᠨ ᠦᠶᠯᠡᠳᠪᠦᠷᠢᠯᠡᠯ ᠤᠨ ᠥᠪᠡᠷ ᠤᠨ ᠥᠷᠲᠡᠭ ᠪᠠ ᠠᠶᠤᠯ ᠲᠦᠭᠰᠢᠭᠦᠷᠢ ᠶᠢ ᠪᠠᠭᠤᠷᠠᠭᠤᠯᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃        ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠢ ᠠᠬᠢᠭᠤᠯᠬᠤ ᠶᠢᠨ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤ ᠨᠢᠭᠡᠨᠲᠡ 2236 ᠲᠦᠮᠡᠨ ᠲᠥᠭᠦᠷᠢᠭ ᠤᠨ ᠡᠯ᠎ᠡ ᠵᠦᠶᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠤ᠂ ᠨᠡᠶᠢᠲᠡ 330 ᠬᠥᠮᠦᠨ ᠤᠳᠠᠭ᠎ᠠ ᠲᠠᠷᠢᠶᠠᠴᠢᠨ ᠡᠷᠦᠬᠡ ᠶᠢ ᠪᠣᠯᠪᠠᠰᠤᠷᠠᠭᠤᠯᠵᠤ᠂ 3000 ᠭᠠᠷᠤᠶ ᠬᠤᠪᠢ ᠮᠡᠷᠭᠡᠵᠢᠯ ᠤᠨ ᠮᠠᠲ᠋ᠧᠷᠢᠶᠠᠯ ᠲᠠᠷᠬᠠᠭᠠᠵᠤ᠂ 100 ᠬᠥᠮᠦᠨ ︵ᠤᠳᠠᠭ᠎ᠠ︶᠎ ᠤ ᠲᠤᠬᠠᠶ ᠶᠢᠨ ᠭᠠᠵᠠᠷ ᠤᠨ ᠮᠡᠷᠭᠡᠵᠢᠯ ᠤᠨ ᠵᠢᠯᠣᠭᠤᠳᠣᠯᠭ᠎ᠠ ᠶᠢ ᠥᠷᠨᠢᠭᠦᠯᠵᠦ᠂ ᠪᠥᠬᠦ ᠬᠤᠰᠢᠭᠤ ᠪᠠᠷ ᠢᠶᠠᠨ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠤᠨ ᠲᠷᠠᠺᠲ᠋ᠣᠷ 1520᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠤᠨ ᠢᠵᠢ ᠪᠥᠷᠢᠳᠦᠭᠰᠡᠨ ᠲᠠᠷᠢᠶᠠᠯᠠᠩ ᠤᠨ ᠮᠠᠰᠢᠨ ᠪᠠᠭᠠᠵᠢ ᠶᠢ 4403 ᠰᠠᠤᠷᠢ ᠣᠷᠣᠭᠤᠯᠵᠤ ᠪᠣᠯᠤᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号