ᠠᠷᠠᠳ ᠤᠨ ᠲᠥᠯᠥᠭᠡ ᠭᠡᠬᠦ ᠤᠭ ᠰᠠᠨᠠᠭ᠎ᠠ ᠪᠠᠨ ᠪᠠᠲᠤ ᠰᠠᠬᠢᠵᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ
ᠨᠡᠶᠢᠲᠡᠯᠡᠭᠰᠡᠨ ᠴᠠᠭ᠄
2024/4/23
        - ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2023 ᠣᠨ ᠤ ᠲᠥᠯᠥᠭᠡᠯᠡᠭᠴᠢᠳ ᠤᠨ ᠠᠵᠢᠯ ᠤᠨ ᠡᠷᠭᠢᠴᠡᠭᠦᠯᠦᠯ      ᠴᠠᠭ ᠮᠥᠴᠡ ᠥᠩᠭᠡᠷᠡᠭᠰᠡᠨ ᠤ ᠤᠯᠠ ᠮᠥᠷ ᠢ ᠲᠡᠮᠳᠡᠭᠯᠡᠨ᠎ᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠴᠠ ᠲᠤᠰᠢᠶᠠᠭᠰᠠᠨ 18 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠪᠦᠭᠦᠨ ᠢ ᠬᠢᠨᠠᠨ ᠵᠥᠪᠯᠡᠵᠦ ᠳᠠᠭᠤᠰᠬᠠᠨ᠂ ᠲᠥᠯᠥᠭᠡᠯᠡᠭᠴᠢᠳ ᠤᠨ ᠳᠤᠷᠠᠳᠤᠭᠰᠠᠨ 691 ᠬᠤᠪᠢ ᠰᠠᠨᠠᠭᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠳᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠪᠥᠭᠡᠳ ᠬᠠᠷᠢᠭᠤᠯᠲᠠ ᠥᠭᠴᠡᠢ᠂ ᠲᠥᠯᠥᠭᠡᠯᠡᠭᠴᠢ ᠰᠠᠭᠤᠭ᠎ᠠ ᠨᠡᠶᠢᠭᠡᠮ ᠲᠣᠭᠤᠷᠢᠭ ᠲᠠᠭᠠᠨ ᠬᠦᠷᠴᠦ ᠨᠡᠷ᠎ᠡ ᠮᠡᠳᠡᠭᠦᠯᠬᠦ ᠵᠡᠷᠭᠡ ᠳᠥᠷᠪᠡᠨ ᠵᠦᠢᠯ ᠤᠨ ᠲᠥᠯᠥᠭᠡᠯᠡᠭᠴᠢ ᠶᠢᠨ ᠠᠵᠢᠯ ᠤᠨ ᠰᠢᠨ᠎ᠡ ᠲᠣᠭᠲᠠᠴᠠ ᠶᠢ ᠪᠠᠶᠢᠭᠤᠯᠵᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠵᠡᠷᠭᠡ 6 ᠬᠤᠰᠢᠭᠤ ᠰᠢᠶᠠᠨ ᠲᠣᠭᠤᠷᠢᠭ ᠲᠤ ᠵᠠᠷᠭᠤᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠠᠵᠢᠯ ᠳᠤ ᠲᠥᠯᠥᠭᠡᠯᠡᠭᠴᠢ ᠶᠢ ᠣᠷᠣᠯᠴᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠰᠦᠪᠡᠭᠴᠢᠯᠡᠨ ᠥᠷᠨᠢᠭᠦᠯᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠤᠷᠤᠯᠴᠠᠯᠭ᠎ᠠ ᠪᠣᠯᠪᠠᠰᠤᠷᠠᠯ ᠢ 5 ᠬᠤᠭᠤᠴᠠᠭ᠎ᠠ ᠡᠷᠭᠢᠯᠡᠵᠦ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠣᠯᠪᠠᠰᠤᠷᠠᠯ ᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠪᠡ ᠁      ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠤᠯᠭᠠᠵᠤ᠂ ᠵᠠᠮ ᠨᠡᠭᠡᠭᠡᠨ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ᠂ ᠪᠠᠶᠢᠩᠭᠤ ᠭᠦᠢᠴᠡᠳᠬᠡᠬᠦ ᠳᠤ ᠦᠢᠯᠡᠴᠢᠯᠡᠨ ᠪᠠᠲᠤᠯᠠᠭ᠎ᠠ ᠬᠠᠩᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃      ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠠᠵᠢᠯ ᠤᠨ ᠦᠷᠭᠦᠯᠵᠢᠯᠡᠨ ᠠᠮᠢᠵᠢᠷᠠᠯ ᠤᠨ ᠬᠦᠴᠦᠨ ᠲᠠᠢ ᠪᠠᠶᠢᠬᠤ ᠶᠢ ᠠᠬᠢᠭᠤᠯᠪᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠥᠯᠥᠭᠡᠯᠡᠭᠴᠢᠳ ᠤᠨ ᠠᠵᠢᠯ ᠤᠨ ᠲᠤᠬᠠᠢ ᠲᠤᠰᠬᠠᠶᠢᠯᠠᠨ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠂ ᠡᠨᠡ ᠨᠢ ᠮᠠᠨ ᠤ ᠣᠷᠣᠨ ᠳᠤ ᠠᠪᠴᠤ ᠬᠡᠯᠡᠪᠡᠯ ᠠᠩᠬ᠎ᠠ ᠤᠳᠠᠭ᠎ᠠ ᠶᠤᠮ᠃ ᠲᠥᠯᠥᠭᠡᠯᠡᠭᠴᠢ ᠰᠠᠭᠤᠭ᠎ᠠ ᠨᠡᠶᠢᠭᠡᠮ ᠲᠣᠭᠤᠷᠢᠭ ᠲᠠᠭᠠᠨ ᠬᠦᠷᠴᠦ ᠨᠡᠷ᠎ᠡ ᠮᠡᠳᠡᠭᠦᠯᠬᠦ ᠳᠦᠷᠢᠮ᠂ ᠵᠠᠷᠭᠤᠯᠳᠤᠬᠤ ᠠᠴᠠ ᠡᠮᠦᠨᠡᠬᠢ ᠡᠶᠡᠳᠡᠭᠦᠯᠭᠡ ᠳᠤ ᠲᠥᠯᠥᠭᠡᠯᠡᠭᠴᠢ ᠣᠷᠤᠯᠴᠠᠬᠤ᠂ ᠲᠥᠯᠥᠭᠡᠯᠡᠭᠴᠢᠳ ᠬᠢᠨᠠᠯᠲᠠ ᠲᠠᠯᠪᠢᠬᠤ ᠵᠦᠢᠯᠡᠰ ᠢ ᠲᠤᠰᠬᠠᠬᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠳᠤ ᠲᠥᠯᠥᠭᠡᠯᠡᠭᠴᠢ ᠣᠷᠤᠯᠴᠠᠬᠤ ᠵᠡᠷᠭᠡ ᠲᠦᠷᠪᠡᠨ ᠵᠦᠢᠯ ᠤᠨ ᠲᠥᠯᠥᠭᠡᠯᠡᠭᠴᠢ ᠶᠢᠨ ᠠᠵᠢᠯ ᠤᠨ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠯᠥᠭᠡᠯᠡᠭᠴᠢᠳ ᠤᠨ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠶᠢ ᠪᠠᠶᠠᠯᠢᠭᠵᠢᠭᠤᠯᠤᠨ᠂ ᠲᠥᠯᠥᠭᠡᠯᠡᠭᠴᠢᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠤᠯᠴᠠᠬᠤ ᠠᠷᠭ᠎ᠠ ᠮᠠᠶ᠋ᠢᠭ ᠢ ᠥᠷᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃ ᠨᠡᠶᠢᠲᠡᠯᠡᠭᠡᠳ ᠠᠷᠪᠠᠭ᠋ᠠᠨ ᠡᠳᠦᠷ ᠪᠣᠯᠣᠮᠠᠭᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠷᠭᠤᠯᠳᠤᠬᠤ ᠠᠴᠠ ᠡᠮᠦᠨᠡᠬᠢ ᠡᠶᠡᠳᠡᠭᠦᠯᠭᠡ ᠳᠤ ᠣᠷᠤᠯᠴᠠᠬᠤ ᠠᠵᠢᠯᠯᠠᠬᠤ ᠠᠷᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠥᠰᠥᠯ︾᠎ ᠢ ᠰᠤᠳᠤᠯᠤᠨ ᠪᠠᠲᠤᠯᠠᠵᠤ᠂ 9 ᠰᠠᠷ᠎ᠠ ᠶᠢᠨ ᠴᠠᠭ ᠢ ᠬᠡᠷᠡᠭᠰᠡᠵᠦ ᠬᠢᠩᠭᠠᠨ ᠠᠶᠢᠮᠠᠭ ᠤᠨ ᠲᠦᠴᠢᠦᠸᠠᠨ ᠰᠢᠶᠠᠨ ᠵᠡᠷᠭᠡ 6 ᠬᠤᠰᠢᠭᠤ ᠰᠢᠶᠠᠨ ᠲᠣᠭᠤᠷᠢᠭ ᠲᠤ ᠲᠥᠯᠥᠭᠡᠯᠡᠭᠴᠢᠳ ᠤᠨ ᠰᠢᠭᠦᠬᠦ ᠬᠤᠷᠢᠶ᠎ᠠ ᠶᠢᠨ ᠵᠠᠷᠭᠤᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠠᠵᠢᠯ ᠳᠤ ᠣᠷᠤᠯᠴᠠᠬᠤ ᠲᠤᠷᠰᠢᠯᠲᠠ ᠶᠢᠨ ᠴᠡᠭ ᠎ ᠤᠨ ᠠᠵᠢᠯ ᠢ ᠥᠷᠨᠢᠭᠦᠯᠬᠦ ᠪᠠᠷ ᠲᠣᠭᠲᠠᠪᠠ᠃        ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠪᠦᠭᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠥᠯᠥᠭᠡᠯᠡᠭᠴᠢᠳ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠥᠯᠥᠭᠡᠯᠡᠭᠴᠢᠳ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠵᠠᠢ᠃ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ︽1 ᠲᠥᠪ + 16 ᠡᠷᠦᠭᠡ + 32 ᠬᠤᠯᠪᠤᠭ᠎ᠠ ᠠᠪᠬᠤ ᠥᠷᠲᠡᠭᠡ︾᠎ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ ᠪᠠᠶᠢᠭᠤᠯᠤᠭᠳᠠᠵᠤ᠂ ᠲᠥᠯᠥᠭᠡᠯᠡᠭᠴᠢ ᠰᠠᠭᠤᠭ᠎ᠠ ᠨᠡᠶᠢᠭᠡᠮ ᠲᠣᠭᠤᠷᠢᠭ ᠲᠠᠭᠠᠨ ᠨᠡᠷ᠎ᠡ ᠮᠡᠳᠡᠭᠦᠯᠬᠦ ᠶᠢ ᠪᠦᠭᠦᠨ ᠢ ᠪᠦᠷᠭᠦᠭᠦᠯᠪᠡ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠷᠭᠤᠯᠳᠤᠬᠤ ᠶᠢ ᠡᠶᠡᠳᠡᠭᠦᠯᠬᠦ ᠠᠵᠢᠯᠯᠠᠬᠤ ᠲᠠᠰᠤᠭ︾᠎ ᠶᠢᠨ ᠲᠦᠷᠦᠭᠦᠦ ᠪᠦᠯᠦᠭ 20 ᠠᠷᠠᠳ ᠤᠨ ᠲᠥᠯᠥᠭᠡᠯᠡᠭᠴᠢ ᠶᠢ ᠰᠣᠩᠭᠤᠨ ᠡᠶᠡᠳᠡᠭᠦᠯᠦᠭᠴᠢ ᠪᠤᠯᠭᠠᠵᠤ᠂ ᠠᠵᠢᠯᠯᠠᠬᠤ ᠲᠠᠰᠤᠭ ᠪᠠᠶᠢᠭᠤᠯᠤᠭᠳᠠᠭᠰᠠᠨ ᠲᠡᠷᠡ ᠡᠳᠦᠷ ᠲᠡᠭᠡᠨ ᠠᠵᠤ ᠠᠬᠤᠶᠢᠯᠠᠯ ᠳᠤ ᠬᠤᠯᠪᠣᠭᠳᠠᠭᠰᠠᠨ ᠭᠦᠳᠡᠯᠮᠦᠷᠢ ᠶᠢᠨ ᠮᠠᠷᠭᠤᠯᠳᠤᠭᠠᠨ ᠤ 3 ᠬᠡᠷᠡᠭ ᠢ ᠡᠶᠡᠳᠡᠭᠦᠯᠦᠨ᠂ ᠵᠠᠬᠢᠳᠠᠯ ᠰᠣᠷᠪᠤᠯᠵᠢᠯᠠᠭ᠎ᠠ ᠶᠢᠨ ᠭᠡᠮ ᠰᠣᠭᠤᠭ ᠲᠠᠢ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ 2 ᠬᠡᠷᠡᠭ ᠢ ᠰᠢᠢᠳᠪᠦᠷᠢᠯᠡᠵᠡᠢ᠂ ᠪᠠᠶᠠᠨᠨᠠᠭᠤᠷ ᠬᠤᠲᠠ᠂ ᠣᠷᠳᠣᠰ ᠬᠤᠲᠠ ᠣᠯᠠᠨ ᠲᠦᠮᠡᠨ ᠤ ︽ᠺᠣᠳ᠋ ᠢᠶᠠᠷ ᠵᠠᠬᠢᠳᠠᠯ ᠰᠤᠷᠪᠤᠯᠵᠢᠯᠠᠯ ᠬᠢᠬᠦ︾᠎ ᠳᠤ ᠦᠢᠯᠡᠴᠢᠯᠡᠵᠦ᠂ ︽ᠰᠦᠯᠵᠢᠶᠡᠨ ᠳᠡᠭᠡᠷᠡᠬᠢ ᠲᠥᠯᠥᠭᠡᠯᠡᠭᠴᠢ ᠶᠢᠨ ᠭᠡᠷ︾᠎ ᠢᠶᠠᠷ ᠳᠠᠮᠵᠢᠭᠤᠯᠤᠨ ᠲᠥᠯᠥᠭᠡᠯᠡᠭᠴᠢᠳ ᠲᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠤᠰᠬᠠᠪᠠ᠂ ᠭᠦᠯᠥᠨ ᠪᠤᠶᠢᠷ ᠬᠤᠲᠠ᠂ ᠠᠯᠠᠱᠠ ᠠᠶᠢᠮᠠᠭ ᠲᠥᠯᠥᠭᠡᠯᠡᠭᠴᠢᠳ ᠤᠨ ᠲᠤᠰᠬᠠᠭᠰᠠᠨ ᠬᠢᠨᠠᠯᠲᠠ ᠲᠠᠯᠪᠢᠬᠤ ᠵᠦᠢᠯᠡᠰ ᠤᠨ ᠠᠵᠢᠯ ᠤᠨ ᠵᠣᠯᠭᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠬᠠᠮᠢᠶ᠎ᠠ ᠪᠦᠬᠦᠢ ᠠᠵᠢᠯ ᠤᠨ ᠲᠠᠰ ᠳᠠᠷᠠᠭᠠᠯᠠᠯ᠂ ᠬᠡᠪᠴᠢᠶ᠎ᠡ ᠪᠠ ᠶᠠᠪᠤᠴᠠ ᠶᠢ ᠲᠣᠳᠣᠷᠬᠠᠶᠢᠯᠠᠪᠠ ᠁      ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠶᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠤᠨ ᠳᠤᠷᠠᠳᠤᠭᠰᠠᠨ 18 ᠬᠤᠪᠢ ᠰᠠᠨᠠᠯ ᠵᠥᠪᠯᠡᠯᠭᠡ ᠪᠠ 691 ᠬᠤᠪᠢ ᠰᠠᠨᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠭᠲᠠᠭᠠᠭᠰᠠᠨ 8 ᠬᠤᠪᠢ ᠰᠠᠨᠠᠭᠤᠯᠭ᠎ᠠ ᠶᠢ ᠭᠤᠣᠯᠳᠠᠯᠭ᠎ᠠ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠰᠠᠨᠠᠭᠤᠯᠭ᠎ᠠ ᠪᠣᠯᠭᠠᠪᠠ᠃ ᠰᠢᠢᠳᠪᠦᠷᠢᠯᠡᠭᠰᠡᠨ ᠦᠷ᠎ᠡ ᠳ᠋ᠦᠩ ᠠᠴᠠ ᠦᠵᠡᠪᠡᠯ᠂ ᠲᠥᠯᠥᠭᠡᠯᠡᠭᠴᠢᠳ ᠤᠨ ᠥᠭᠭᠦᠭᠰᠡᠨ ᠵᠥᠪᠯᠡᠯᠭᠡ ᠳᠤ ᠬᠤᠯᠪᠣᠭᠳᠠᠭᠰᠠᠨ 10 ᠬᠠᠤᠯᠢ ᠲᠣᠭᠲᠠᠭᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠲᠥᠯᠦᠪᠵᠢᠭᠦᠯᠭᠡ ᠶᠢᠨ ᠲᠥᠯᠥᠪᠯᠡᠭᠡ ᠳᠤ ᠣᠷᠣᠭᠤᠯᠪᠠ᠂ ᠡᠭᠦᠨ ᠳᠤ 5 ᠵᠦᠢᠯ ᠢ ᠨᠢ ᠪᠠᠶᠢᠩᠭᠤ ᠶᠢᠨ ᠬᠤᠷᠢᠶ᠎ᠠ ᠨᠢᠭᠡᠨᠲᠡ ᠪᠠᠲᠤᠯᠠᠭᠰᠠᠨ ᠪᠤᠶᠤ ᠬᠢᠨᠠᠨ ᠶᠠᠷᠢᠯᠴᠠᠵᠤ ᠪᠠᠶᠢᠨ᠎ᠠ᠂ 630 ᠬᠤᠪᠢ ᠰᠠᠨᠠᠭᠤᠯᠭ᠎ᠠ ᠶᠢ ᠰᠢᠢᠳᠪᠦᠷᠢᠯᠡᠭᠰᠡᠨ ᠪᠤᠶᠤ ᠲᠥᠯᠥᠪᠯᠡᠭᠡᠨ ᠳᠤ ᠣᠷᠣᠭᠤᠯᠤᠨ ᠠᠯᠬᠤᠮ ᠠᠯᠬᠤᠮ ᠢᠶᠠᠷ ᠰᠢᠢᠳᠪᠦᠷᠢᠯᠡᠭᠰᠡᠨ ᠨᠢ ᠪᠦᠭᠦ ᠰᠠᠨᠠᠭᠤᠯᠭ᠎ᠠ ᠶᠢᠨ 91.2 %᠎ ᠢ ᠡᠵᠡᠯᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ᠂ ᠠᠵᠢᠯ ᠤᠨ ᠵᠥᠪᠯᠡᠯ ᠪᠣᠯᠣᠨ ᠲᠥᠯᠥᠭᠡᠯᠡᠭᠴᠢ ᠶᠢᠨ ᠰᠠᠨᠠᠭᠤᠯᠭ᠎ᠠ ᠶᠢ ᠳᠠᠭᠠᠭᠠᠴᠢᠯᠠᠨ ᠰᠢᠢᠳᠪᠦᠷᠢᠯᠡᠬᠦ 83 ᠨᠢᠭᠡᠴᠢ᠂ ︽ᠠᠭᠤᠯᠭ᠎ᠠ ᠨᠢ ᠴᠢᠨᠠᠷ ᠲᠠᠢ᠂ ᠰᠢᠢᠳᠪᠦᠷᠢᠯᠡᠬᠦ ᠨᠢ ᠴᠢᠨᠠᠷ ᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠠᠵᠢᠯ ᠢᠶᠠᠨ ᠰᠠᠶᠢᠵᠢᠷᠠᠭᠤᠯᠬᠤ᠂ ᠲᠦᠷᠦ ᠶᠢᠨ ᠪᠣᠳᠣᠯᠭ᠎ᠠ ᠪᠠᠨ ᠲᠡᠭᠦᠯᠳᠡᠷᠵᠢᠭᠦᠯᠬᠦ᠂ ᠲᠣᠭᠲᠠᠴᠠ ᠪᠠᠨ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠬᠤᠯᠪᠣᠭᠳᠠᠯ ᠪᠦᠬᠦᠢ ᠬᠢᠨᠠᠨ ᠶᠠᠷᠢᠯᠴᠠᠬᠤ᠂ ᠰᠢᠢᠳᠪᠦᠷᠢᠯᠡᠬᠦ ᠪᠠ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠢ ᠰᠠᠶᠢᠲᠤᠷ ᠬᠢᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠰᠢᠢᠳᠪᠦᠷᠢᠯᠡᠬᠦ ᠶᠠᠪᠤᠴᠠ ᠪᠠᠨ ᠰᠢᠯᠢᠳᠡᠭᠵᠢᠭᠦᠯᠵᠦ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠰᠠᠨᠠᠭᠤᠯᠭ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠪᠡ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠰᠠᠨᠠᠭᠤᠯᠭ᠎ᠠ ᠳᠤ ᠬᠠᠷᠢᠭᠤᠯᠲᠠ ᠥᠭᠭᠦᠭᠰᠡᠨ ᠤ ᠲᠠᠷᠠᠭ᠎ᠠ᠂ ᠴᠥᠭᠡᠨ ᠪᠤᠰᠤ ᠲᠥᠯᠥᠭᠡᠯᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢᠦ ᠢ ᠶᠢᠨ ᠦᠵᠡᠬᠦ ᠪᠠᠷ᠂ ᠳᠠᠭᠠᠭᠠᠴᠢᠯᠠᠨ ᠰᠢᠢᠳᠪᠦᠷᠢᠯᠡᠬᠦ ᠨᠢᠭᠡᠴᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠮᠠᠰᠢ ᠴᠢᠬᠤᠯᠠᠴᠢᠯᠠᠵᠤ᠂ ᠳᠤᠷᠠᠳᠤᠭᠰᠠᠨ ᠰᠠᠨᠠᠭᠤᠯᠭ᠎ᠠ ᠳᠤ ᠪᠦᠭᠦ ᠲᠠᠯ᠎ᠠ ᠶᠢᠨ ᠵᠠᠳᠠᠯᠤᠯᠲᠠ ᠬᠢᠭᠰᠡᠨ ᠪᠥᠭᠡᠳ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ ᠴᠠᠭ ᠬᠤᠭᠤᠴᠠᠭ᠎ᠠ ᠲᠣᠭᠲᠠᠭᠠᠵᠤ᠂ ᠲᠣᠳᠣᠷᠬᠠᠢ ᠪᠥᠭᠡᠳ ᠪᠣᠳᠠᠲᠠᠢ ᠬᠠᠷᠢᠭᠤᠯᠲᠠ ᠥᠭᠭᠦᠭᠰᠡᠨ ᠪᠠᠶᠢᠨ᠎ᠠ᠃      ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠤᠷᠤᠯᠴᠠᠯᠭ᠎ᠠ ᠶᠢ ᠲᠡᠷᠢᠭᠦᠨ ᠳᠤ ᠲᠠᠯᠪᠢᠬᠤ ᠬᠡᠷᠡᠭᠲᠡᠢ᠃ ᠣᠯᠠᠨᠲᠠ ᠥᠷᠨᠢᠭᠦᠯᠦᠭᠰᠡᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠭᠰᠠᠨ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠪᠣᠯᠪᠠᠰᠤᠷᠠᠯ ᠢ ᠪᠦᠭᠦᠨ ᠢ ᠪᠦᠷᠬᠦᠭᠦᠯᠦᠭᠰᠡᠨ ᠨᠢ 2023 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠪᠣᠯᠪᠠᠰᠤᠷᠠᠯ ᠤᠨ ᠠᠵᠢᠯ ᠤᠨ ᠢᠯᠡ ᠲᠣᠳᠣ ᠣᠨᠴᠠᠯᠢᠭ ᠪᠣᠯᠤᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠪ ᠬᠤᠷᠢᠶ᠎ᠠ ᠶᠢᠨ ᠬᠠᠮᠤᠭ ᠰᠢᠨ᠎ᠡ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠥᠯᠥᠭᠡᠯᠡᠭᠴᠢᠳ ᠤᠨ ᠰᠤᠷᠤᠯᠴᠠᠯᠭ᠎ᠠ ᠪᠣᠯᠪᠠᠰᠤᠷᠠᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠲᠥᠯᠥᠪᠯᠡᠨ ᠠᠬᠢᠭᠤᠯᠵᠤ᠂ ᠤᠷᠢᠳ ᠬᠤᠵᠢᠳ 4 ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠭᠦ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠪᠠ 1 ᠬᠤᠭᠤᠴᠠᠭᠠᠨ ᠤ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠭᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠪᠣᠯᠪᠠᠰᠤᠷᠠᠯ ᠤᠨ ᠬᠢᠴᠢᠶᠡᠯ ᠢ ᠨᠢᠮᠪᠠᠢ ᠲᠣᠬᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠤᠯᠪᠣᠭᠳᠠᠯ ᠪᠦᠬᠦᠢ ᠮᠡᠳᠡᠯᠭᠡ ᠶᠢ ᠰᠠᠶᠢᠲᠤᠷ ᠡᠵᠡᠮᠰᠢᠬᠦ ᠳᠤᠨᠢ ᠬᠠᠪᠰᠤᠷᠤᠨ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠨᠠᠭᠰᠢᠳᠠ ᠨᠡᠪᠳᠡᠷᠡᠳᠡᠯ᠎ᠠ ᠣᠶᠢᠯᠠᠭᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠵᠡᠯ ᠰᠠᠨᠠᠭᠠᠨ ᠤ ᠰᠠᠭᠤᠷᠢ ᠪᠣᠯᠣᠨ ᠴᠢᠳᠠᠪᠤᠷᠢ ᠶᠢᠨ ᠰᠠᠭᠤᠷᠢ ᠶᠢ ᠪᠠᠲᠤᠳᠬᠠᠪᠠ᠃      ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ︽ᠬᠦᠴᠦ ᠨᠡᠮᠡᠵᠦ︾ ︽ᠴᠠᠭᠢᠯᠭᠠᠨ ᠴᠡᠨᠡᠭᠯᠡᠬᠦ︾᠎ ᠶᠢᠨ ᠵᠡᠷᠭᠡ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠦᠨ ᠲᠠᠪᠴᠠᠩ ᠪᠠᠶᠢᠭᠤᠯᠤᠨ᠂ ᠪᠠᠶᠢᠩᠭᠤ ᠶᠢᠨ ᠬᠤᠷᠢᠶ᠎ᠠ ᠪᠣᠯᠣᠨ ᠲᠥᠯᠥᠭᠡᠯᠡᠭᠴᠢᠳ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠳᠤ ᠣᠷᠤᠯᠴᠠᠬᠤ ᠶᠢ ᠦᠷᠭᠦᠯᠵᠢᠯᠡᠨ ᠥᠷᠭᠡᠳᠬᠡᠪᠡ᠃ ᠪᠦᠭᠦ ᠵᠢᠯ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 59 ᠲᠥᠯᠥᠭᠡᠯᠡᠭᠴᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠰᠤᠯᠠ ᠣᠷᠣᠯᠴᠠᠭᠤᠯᠵᠤ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠪᠣᠯᠣᠨ ᠰᠤᠯᠠ ᠣᠷᠣᠯᠴᠠᠬᠰᠠᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ ᠪᠠᠶᠢᠩᠭᠤᠵᠢᠭᠤᠯᠤᠨ ᠬᠤᠷᠠᠯᠳᠤᠭᠤᠯᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠢᠭᠤᠷᠳᠠᠨ ᠰᠣᠨᠣᠰᠴᠤ᠂ 26 ᠲᠥᠯᠥᠭᠡᠯᠡᠭᠴᠢ ᠶᠢᠨ ᠳᠤᠷᠠᠳᠤᠭᠰᠠᠨ 54 ᠵᠤᠷᠪᠤᠰ ᠰᠠᠨᠠᠭᠤᠯᠭ᠎ᠠ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠤᠳᠤᠯᠤᠨ ᠰᠢᠢᠳᠪᠦᠷᠢᠯᠡᠭᠦᠯᠬᠦ ᠶᠢᠨ ᠵᠡᠷᠭᠡ ᠪᠠᠷ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠮᠥᠷᠳᠡᠨ ᠳᠠᠭᠠᠪᠠ᠃      ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 284 ᠬᠥᠮᠥᠨ ᠤᠳᠠᠭ᠎ᠠ ᠤᠷᠢᠵᠤ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ᠂ ᠲᠤᠰᠬᠠᠢ ᠰᠡᠳᠦᠪᠲᠦ ᠯᠠᠪᠯᠠᠨ ᠠᠰᠠᠭᠤᠬᠤ ᠵᠢᠴᠢ ᠰᠠᠨᠠᠯ ᠬᠤᠷᠢᠶᠠᠬᠤ ᠶᠠᠷᠢᠯᠴᠠᠬᠤ ᠬᠤᠷᠠᠯ ᠵᠡᠷᠭᠡ ᠠᠵᠢᠯ ᠳᠤ ᠣᠷᠣᠯᠴᠠᠭᠤᠯᠵᠠᠢ᠃ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠨᠠᠷ ᠤᠲᠠᠰᠤ᠂ ᠵᠢᠷᠭᠢᠶ᠎ᠡ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠤᠷᠢᠵᠤ ᠶᠠᠷᠢᠯᠴᠠᠬᠤ ᠵᠡᠷᠭᠡ ᠭᠡᠯᠪᠡᠷᠢ ᠪᠠᠷ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠲᠠᠢ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠰᠣᠨᠣᠰᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 184 ᠨᠡᠷᠡᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠵᠡᠷᠭᠡ ᠣᠯᠠᠨ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠵᠦ ᠂ 15 ᠬᠤᠪᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠲᠤᠭᠤᠷᠪᠢᠪᠠ᠃ ᠡᠯ᠎ᠡ ᠭᠠᠵᠠᠷ ᠤᠨ ᠬᠢᠨ ᠲᠠᠢ ᠬᠠᠷᠢᠯᠴᠠᠵᠤ ᠵᠢᠯᠣᠭᠤᠳᠤᠨ ᠠᠵᠢᠯᠯᠠᠭ᠎ᠠ ᠵᠣᠬᠢᠶᠠᠨ ᠪᠠᠶᠢᠭᠤᠯᠬᠤ ᠪᠠ ᠥᠷᠨᠢᠭᠦᠯᠬᠦ ᠳᠤ ᠲᠥᠭᠦᠮ ᠪᠠᠶᠢᠯᠭᠠᠬᠤ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 30 ᠳᠤᠭᠤᠶᠢᠯᠠᠩ ᠢ ᠪᠠᠶᠢᠭᠤᠯᠵᠤ᠂ ᠡᠯ᠎ᠡ ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠶᠢᠨ ᠭᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠲᠣᠳᠣᠷᠬᠠᠢ ᠱᠠᠭᠠᠷᠳᠠᠪᠠ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠥᠯᠥᠭᠡᠯᠡᠭᠴᠢ ᠪᠢᠯᠧᠲ ᠥᠭᠴᠦ ᠲᠣᠭᠲᠠᠭᠠᠬᠤ ᠳᠦᠷᠢᠮ ᠤᠨ ᠠᠵᠢᠯ ᠢ ᠦᠷᠭᠦᠯᠵᠢᠯᠡᠨ ᠠᠬᠢᠭᠤᠯᠵᠤ᠂ ᠪᠦᠭᠦ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠪᠢᠯᠧᠲ ᠥᠭᠴᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ 889 ᠲᠣᠭᠲᠠᠭᠠᠵᠤ᠂ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠪᠢᠯᠧᠲ ᠥᠭᠴᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ 2783 ᠲᠣᠭᠲᠠᠭᠠᠵᠤ᠂ ᠨᠡᠯᠢᠶᠡᠳ ᠰᠠᠶᠢᠨ ᠨᠡᠶᠢᠭᠡᠮ ᠤᠨ ᠦᠷ᠎ᠡ ᠪᠦᠲᠦᠮᠵᠢ ᠣᠯᠪᠠ᠃      2024 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠴᠠᠭ ᠦᠶ᠎ᠡ ᠶᠢᠨ ᠬᠥᠭᠵᠢᠯᠲᠡ ᠳᠤ ᠵᠣᠬᠢᠴᠠᠵᠤ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠲᠥᠯᠥᠭᠡᠯᠡᠭᠴᠢᠳ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠨᠡᠩ ᠰᠠᠶᠢᠲᠤᠷ ᠭᠦᠢᠴᠡᠳᠬᠡᠬᠦ ᠶᠢ ᠳᠡᠮᠵᠢᠬᠦ ᠪᠠ ᠪᠠᠲᠤᠯᠠᠵᠤ᠂ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠬᠤ ᠶᠢ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢᠨ ᠴᠢᠬᠤᠯᠠ ᠢᠯᠡᠷᠡᠯ ᠪᠤᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号