ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠪᠠᠲᠤ ᠪᠠᠬᠢ ᠰᠦᠯᠵᠢᠬᠦ ᠬᠡᠷᠡᠭᠲᠡᠢ
ᠨᠡᠶᠢᠲᠡᠯᠡᠭᠰᠡᠨ ᠴᠠᠭ᠄
2024/4/23
                      - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ       ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ           • ᠬᠠ ᠯᠢ ᠴᠢᠨ      ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠤ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠤᠨ᠂ ᠪᠠᠶᠢᠷᠢᠯᠠᠭᠤᠯᠤᠯᠲᠠ ᠬᠢᠵᠦ᠂ ᠮᠠᠨ ᠤ ᠣᠷᠣᠨ ᠤ ᠠᠷᠠᠳ ᠤᠨ ᠠᠮᠢᠳᠤᠷᠠᠯ ᠳᠤ ᠤᠯᠠᠮ ᠴᠢᠨᠠᠭᠰᠢᠳᠠ ᠠᠰᠢᠭ ᠬᠦᠷᠲᠡᠭᠡᠨ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠪᠠᠲᠤ ᠰᠦᠯᠵᠢᠬᠦ ᠳᠤ ᠭᠠᠷᠳᠠᠬᠤ ᠴᠡᠭ ᠪᠠ ᠬᠦᠴᠦᠯᠡᠬᠦ ᠴᠡᠭ ᠢ ᠲᠣᠳᠣᠷᠬᠠᠶᠢᠯᠠᠵᠤ ᠥᠭᠴᠡᠢ᠃      ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ ᠣᠯᠭᠤᠯᠲᠠ ᠶᠢ ᠪᠠᠲᠤᠯᠠᠪᠠᠯ ᠳᠠᠷᠤᠢ ᠲᠦᠭ ᠲᠦᠮᠡᠨ ᠠᠶᠢᠯ ᠡᠷᠦᠭᠡ ᠶᠢᠨ ︽ᠪᠤᠳᠠᠭᠠᠨ ᠠᠶᠠᠭ᠎ᠠ︾᠎ ᠶᠢ ᠪᠠᠲᠤᠯᠠᠵᠤ ᠴᠢᠳᠠᠨ᠎ᠠ᠂ ᠡᠷᠬᠡᠪᠰᠢ ᠡᠨᠡ ᠬᠦ ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠥᠯᠥᠰᠦᠨ ᠲᠠᠷᠢᠶᠠᠴᠢᠳ᠂ ᠠᠵᠢᠯ ᠠᠯᠳᠠᠭᠰᠠᠳ ᠵᠡᠷᠭᠡ ᠬᠥᠮᠥᠰ ᠤᠨ ᠠᠵᠢᠯ ᠣᠯᠭᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠭᠡᠷ ᠪᠦᠯᠢ᠂ ᠠᠵᠢᠯ ᠲᠠᠢ ᠬᠥᠮᠥᠨ ᠦᠭᠡᠢ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠥᠰ ᠢ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠣᠨᠣᠴᠠᠲᠠᠢ ᠰᠠᠶᠢᠲᠤᠷ ᠬᠢᠬᠦ ᠬᠡᠷᠡᠭᠲᠡᠢ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠠᠵᠢᠯ ᠣᠯᠭᠤᠯᠲᠠ ᠶᠢᠨ ᠬᠡᠮᠵᠢᠶ᠎ᠡ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ᠃      ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠤᠯᠠᠨ ᠲᠦᠮᠡᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠭᠦ ᠪᠣᠯ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠪᠠᠲᠤ ᠴᠣᠭᠴᠠᠯᠠᠬᠤ ᠶᠢᠨ ᠵᠠᠪᠠᠯ ᠰᠣᠩᠭᠤᠬᠤ ᠵᠦᠢᠯ ᠪᠣᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠲᠠᠭᠤᠳᠠᠯ ᠢ ᠨᠥᠬᠦᠪᠦᠷᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠶᠡᠭᠡ ᠪᠠᠷ ᠬᠡᠷᠡᠭᠵᠢᠭᠦᠯᠦᠨ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠲᠡᠳᠬᠦᠨ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠎ ᠤᠨ ᠣᠷᠳᠣᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠪᠣᠯᠣᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠬᠠᠷᠢᠴᠠᠯ ᠢ ᠵᠣᠬᠢᠰᠲᠠᠢ ᠳᠡᠭᠡᠭᠰᠢᠯᠡᠭᠦᠯᠭᠦ ᠬᠡᠷᠡᠭᠲᠡᠢ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠰᠢᠯᠢᠳᠡᠭᠵᠢᠭᠦᠯᠵᠦ᠂ ︽ᠣᠷᠣᠯᠭ᠎ᠠ ᠶᠢ ᠨᠡᠮᠡᠭᠳᠡᠭᠦᠯᠬᠦ︾ ᠳᠤᠮᠳᠠ ︽ᠬᠠᠮᠲᠤ ᠪᠠᠷ ᠪᠠᠶᠠᠵᠢᠬᠤ︾᠎ ᠶᠢ ᠠᠬᠢᠭᠤᠯᠤᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃      ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠠᠰᠤᠷᠠᠯᠳᠠ ᠦᠭᠡᠢ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡᠯ᠂ ᠥᠪᠥᠷ ᠮᠣᠩᠭᠤᠯ ᠯᠠᠪᠲᠠᠢ ᠣᠯᠠᠨ ᠲᠦᠮᠡᠨ ᠤ ᠠᠮᠤᠷ ᠲᠣᠭᠲᠠᠭᠤᠨ ᠵᠣᠯ ᠵᠢᠷᠭᠠᠯ ᠢ ᠪᠠᠲᠤᠯᠠᠵᠤ᠂ ᠠᠷᠠᠳ ᠤᠨ ᠠᠮᠢᠳᠤᠷᠠᠯ ᠢᠶᠠᠷ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠶᠢ ᠪᠠᠲᠤᠯᠠᠵᠤ ᠴᠢᠳᠠᠬᠤ ᠶᠤᠮ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号