ᠭᠠᠯ ᠤᠨ ᠠᠶᠤᠯ ᠠᠴᠠ ᠠᠮᠢ ᠠᠪᠤᠷᠠᠬᠤ ᠲᠠᠪᠤᠨ ᠵᠦᠢᠯ ᠤᠨ ᠠᠷᠭ᠎ᠠ
ᠨᠡᠶᠢᠲᠡᠯᠡᠭᠰᠡᠨ ᠴᠠᠭ᠄
2024/4/23
           ᠨᠢᠭᠡ᠂ ᠪᠢᠲᠡᠭᠡᠢ ᠠᠶᠤᠵᠤ ᠰᠠᠨᠳᠤᠷᠤᠭᠠᠷᠠᠢ      ᠭᠠᠯ ᠤᠨ ᠠᠶᠤᠯ ᠢ ᠣᠯᠵᠤ ᠮᠡᠳᠡᠪᠡᠯ ᠯᠠᠪᠳᠠᠭᠤᠨ ᠲᠣᠭᠲᠠᠭᠤᠨ ᠢᠶᠠᠷ ᠭᠠᠯ ᠭᠠᠷᠤᠭᠰᠠᠨ ᠭᠠᠵᠠᠷ ᠤᠨ ᠪᠠᠶᠢᠳᠠᠯ ᠤᠨ ᠶᠡᠭᠡ ᠪᠠᠭ᠎ᠠ ᠵᠢᠴᠢ ᠦᠷᠪᠢᠰᠬᠦ ᠴᠢᠭᠯᠡᠯ ᠢ ᠲᠦᠷᠭᠡᠨ ᠮᠠᠭᠠᠳᠯᠠᠭᠰᠠᠨ ᠤ ᠳᠠᠷᠠᠭ᠎ᠠ ᠳᠤᠲᠠᠭᠠᠬᠤ ᠠᠷᠭ᠎ᠠ ᠵᠠᠮ ᠢᠶᠠᠨ ᠲᠣᠭᠲᠠᠭᠠᠬᠤ ᠬᠡᠷᠡᠭᠲᠡᠢ᠃ ᠲᠠᠨᠢᠯ ᠪᠤᠰᠤ ᠣᠷᠴᠢᠨ ᠲᠣᠭᠤᠷᠢᠨ ᠳᠤ ᠣᠷᠣᠬᠤ ᠳᠠᠭᠠᠨ ᠤᠷᠢᠳ ᠢᠶᠠᠷ ᠡᠷᠭᠢᠨ ᠲᠣᠭᠤᠷᠢᠨ ᠤ ᠪᠠᠶᠢᠳᠠᠯ᠂ ᠠᠮᠤᠷ ᠲᠦᠪᠰᠢᠨ ᠭᠠᠷᠬᠤ ᠡᠭᠦᠳᠡ ᠵᠢᠴᠢ ᠠᠰᠠᠷ ᠤᠨ ᠱᠠᠲᠤᠨ ᠤ ᠣᠷᠣᠨ ᠪᠠᠶᠢᠷᠢ ᠶᠢ ᠣᠶᠢᠯᠠᠭᠠᠬᠤ ᠬᠡᠷᠡᠭᠲᠡᠢ᠃      ᠬᠤᠶᠠᠷ᠂ ᠡᠳ᠋ ᠪᠣᠳᠠᠰ ᠲᠠᠭᠠᠨ ᠪᠢᠲᠡᠭᠡᠢ ᠬᠤᠷᠭᠤᠳᠠᠭᠠᠷᠠᠢ      ᠭᠠᠯ ᠤᠨ ᠠᠶᠤᠯ ᠤᠨ ᠳᠤᠮᠳᠠ ᠠᠮᠢ ᠵᠢᠭᠤᠲᠠᠬᠤ ᠨᠥᠬᠦᠴᠡᠯ ᠢ ᠪᠦᠷᠢᠯᠳᠦᠭᠦᠯᠪᠡᠯ ᠳᠠᠷᠤᠢ ᠲᠦᠷᠭᠡᠨ ᠲᠠᠷᠬᠠᠭᠠᠨ ᠶᠠᠪᠤᠭᠤᠯᠬᠤ ᠵᠠᠮ ᠢᠶᠠᠷ ᠪᠥᠬᠦᠶᠢᠨ ᠳᠤᠲᠠᠭᠠᠬᠤ ᠬᠡᠷᠡᠭᠲᠡᠢ᠃ ᠡᠳ᠋ ᠬᠤᠭᠰᠢᠯ ᠳᠤ ᠬᠤᠷᠭᠤᠳᠠᠬᠤ ᠪᠤᠶᠤ ᠭᠠᠯ ᠭᠠᠷᠤᠭᠰᠠᠨ ᠲᠠᠯᠠᠪᠠᠢ ᠳᠤ ᠪᠤᠴᠠᠵᠤ ᠡᠳ᠋ ᠪᠣᠳᠠᠰ ᠠᠪᠬᠤ ᠳᠤ ᠭᠦᠷᠪᠡᠯ ᠭᠠᠯ ᠤᠨ ᠪᠠᠶᠢᠳᠠᠯ ᠲᠦᠷᠭᠡᠨ ᠥᠷᠭᠡᠵᠢᠭᠰᠡᠨ ᠠᠴᠠ ᠪᠣᠯᠵᠤ ᠠᠮᠢ ᠵᠢᠭᠤᠲᠠᠬᠤ ᠬᠠᠮᠤᠭ ᠤᠨ ᠰᠠᠶᠢᠨ ᠲᠣᠭᠢᠶᠠᠯ ᠢ ᠠᠯᠳᠠᠵᠤ ᠮᠡᠳᠡᠨ᠎ᠡ᠃      ᠭᠤᠷᠪᠠ᠂ ᠴᠠᠭᠢᠯᠭᠠᠨ ᠱᠠᠲᠤᠨ ᠳᠤ ᠪᠢᠲᠡᠭᠡᠢ ᠰᠠᠭᠤᠭᠠᠷᠠᠢ      ᠭᠠᠯ ᠤᠨ ᠠᠶᠤᠯ ᠡᠭᠦᠰᠬᠦ ᠦᠶ᠎ᠡ ᠳᠤ ᠲᠠᠷᠬᠠᠭᠠᠬᠤ ᠵᠠᠮ ᠢᠶᠠᠷ ᠠᠮᠤᠷ ᠲᠦᠪᠰᠢᠨ ᠤ ᠭᠠᠷᠬᠤ ᠡᠭᠦᠳᠡ ᠵᠦᠭ ᠠᠮᠢ ᠵᠢᠭᠤᠲᠠᠬᠤ ᠬᠡᠷᠡᠭᠲᠡᠢ᠃ ᠴᠠᠭᠢᠯᠭᠠᠨ ᠱᠠᠲᠤ ᠨᠢ ᠬᠡᠷᠪᠡ ᠴᠠᠭᠢᠯᠭᠠᠨ ᠵᠣᠬᠰᠣᠬᠤ ᠪᠤᠶᠤ ᠪᠤᠰᠤᠳ ᠰᠠᠭᠠᠳ ᠭᠠᠷᠴᠤ ᠮᠡᠳᠡᠬᠦ ᠲᠤᠯᠠ ᠴᠠᠭᠢᠯᠭᠠᠨ ᠱᠠᠲᠤ ᠶᠢᠨ ᠬᠤᠳᠳᠤᠭ᠂ ᠬᠤᠭᠤᠯᠠᠢ ᠶᠢᠨ ᠬᠤᠳᠳᠤᠭ ᠵᠡᠷᠭᠡ ᠭᠠᠵᠠᠷ ᠲᠤ ︽ᠬᠤᠯᠠᠩ︾ ᠎ ᠤᠨ ᠦᠢᠯᠡᠳᠦᠯ ᠠᠮᠠᠷᠬᠠᠨ ᠡᠭᠦᠰᠬᠦ ᠲᠤᠯᠠ ᠬᠠᠰᠢᠭᠳᠠᠭᠠᠳ ᠠᠮᠢ ᠵᠢᠭᠤᠲᠠᠬᠤ ᠳᠤ ᠪᠡᠷᠬᠡ ᠪᠣᠯᠣᠨ᠎ᠠ᠃      ᠳᠥᠷᠪᠡ᠂ ᠡᠭᠦᠳᠡ ᠪᠠᠨ ᠳᠤᠷ᠎ᠠ ᠪᠠᠷ ᠪᠢᠲᠡᠭᠡᠢ ᠨᠡᠬᠡᠭᠡᠷᠡᠢ      ᠭᠡᠷ ᠤᠨ ᠭᠠᠳᠠᠨ᠎ᠠ ᠭᠠᠯ ᠭᠠᠷᠬᠤ ᠦᠶ᠎ᠡ ᠳᠤ ᠬᠡᠷᠪᠡ ᠡᠭᠦᠳᠡ ᠨᠢᠭᠡᠨᠲᠡ ᠬᠠᠯᠠᠭᠤᠨ ᠪᠣᠯᠴᠢᠬᠠᠭᠰᠠᠨ ᠪᠣᠯ ᠶᠡᠭᠡ ᠭᠠᠯ ᠭᠡᠷ ᠳᠣᠲᠣᠷ᠎ᠠ ᠣᠷᠣᠵᠤ ᠢᠷᠡᠬᠦ ᠠᠴᠠ ᠰᠡᠷᠭᠡᠶᠢᠯᠡᠬᠦ ᠶᠢᠨ ᠲᠥᠯᠥᠭᠡ ᠡᠭᠦᠳᠡ ᠪᠠᠨ ᠨᠡᠭᠡᠭᠡᠵᠦ ᠪᠤᠯᠬᠤ ᠦᠭᠡᠢ᠃ ᠳᠡᠪᠲᠦᠭᠡᠭᠰᠡᠨ ᠭᠦᠨᠵᠢᠯᠡ ᠳᠡᠪᠢᠰᠬᠡᠷ᠂ ᠬᠤᠪᠴᠠᠰᠤ ᠬᠤᠨᠠᠷ ᠵᠡᠷᠭᠡ ᠪᠠᠷ ᠡᠭᠦᠳᠡ ᠴᠣᠩᠬᠤ ᠪᠠᠨ ᠪᠥᠭᠯᠡᠬᠦ ᠶᠢᠨ ᠬᠠᠮᠲᠤ ᠤᠰᠤ ᠰᠠᠴᠤᠵᠤ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ᠃      ᠲᠠᠪᠤ᠂ ᠡᠩ ᠤᠨ ᠦᠶ᠎ᠡ ᠳᠤ ᠡᠳᠡᠭᠡᠷ ᠵᠦᠢᠯ ᠢ ᠠᠩᠬᠠᠷᠴᠤ ᠪᠠᠶᠢᠭᠠᠷᠠᠢ      ᠡᠩ ᠤᠨ ᠦᠶ᠎ᠡ ᠳᠤ ᠲᠠᠷᠬᠠᠭᠠᠬᠤ ᠵᠠᠮ ᠱᠤᠭᠤᠮ ᠢ ᠰᠠᠶᠢᠨ ᠮᠡᠳᠡᠵᠦ᠂ ᠲᠠᠷᠬᠠᠭᠠᠬᠤ ᠰᠣᠷᠢᠯᠲᠠ ᠳᠤ ᠢᠳᠡᠪᠬᠢᠲᠡᠢ ᠣᠷᠣᠯᠴᠠᠵᠤ᠂ ᠠᠮᠢ ᠵᠢᠭᠤᠲᠠᠬᠤ ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠰᠤᠷᠴᠤ᠂ ᠳᠡᠭᠡᠰᠦ ᠵᠠᠩᠭᠢᠳᠴᠤ ᠠᠮᠢ ᠵᠢᠭᠤᠲᠠᠬᠤ ᠂ ᠨᠣᠶᠢᠲᠠᠨ ᠠᠯᠴᠢᠭᠤᠷ ᠢᠶᠠᠷ ᠤᠲᠤᠭ᠎ᠠ ᠶᠢ ᠰᠡᠷᠭᠡᠶᠢᠯᠡᠨ ᠪᠥᠬᠦᠶᠢᠨ ᠤᠷᠤᠭᠰᠢᠯᠠᠬᠤ᠂ ᠴᠠᠭᠳᠠᠭ᠎ᠠ ᠳᠤ ᠮᠡᠳᠡᠭᠦᠯᠵᠦ ᠠᠪᠤᠷᠠᠯ ᠭᠤᠶᠤᠬᠤ ᠵᠡᠷᠭᠡ ᠠᠶᠤᠯ ᠠᠴᠠ ᠵᠠᠶᠢᠯᠠᠬᠤ ᠠᠷᠭ᠎ᠠ ᠶᠢ ᠡᠵᠡᠮᠰᠢᠬᠦ ᠬᠡᠷᠡᠭᠲᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号