﹇ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ﹈ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/23
                   ᠵᠣᠬᠢᠶᠠᠯ ᠳᠤ᠂ ᠡᠷᠲᠡᠨ ᠠᠴᠠ ᠠᠪᠤᠭᠠᠳ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠡᠭᠦᠳᠴᠦ᠂ ᠠᠭᠤᠤ ᠶᠡᠭᠡ ᠳᠤᠮᠳᠠᠳᠤ ᠶᠢᠨ ᠦᠨᠳᠦᠰᠦᠲᠡᠨ ᠢ ᠪᠦᠲᠦᠭᠡᠵᠡᠢ᠃ ᠮᠠᠨ ᠤ ᠨᠠᠮ ᠪᠠᠶᠢᠭᠤᠯᠤᠭᠳᠠᠭᠰᠠᠨ ᠲᠡᠷᠡ ᠡᠳᠦᠷ ᠠᠴᠠ ᠪᠠᠨ ᠠᠪᠤᠭᠠᠳ ᠦᠨᠳᠦᠰᠦᠲᠡᠨ ᠤ ᠠᠰᠠᠭᠤᠳᠠᠯ᠂ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠲᠡᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠭᠰᠡᠭᠡᠷ ᠢᠷᠡᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠮᠰᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠣᠶᠢᠯᠠᠭᠠᠭᠳᠠᠬᠤᠨ ᠢ ᠴᠢᠬᠤᠯᠠᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠤᠯᠭᠠᠵᠤ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠤᠯᠭᠠᠬᠤ ᠶᠢ ᠢᠯᠡ ᠲᠣᠳᠣ ᠪᠠᠷ ᠳᠤᠷᠠᠳᠤᠨ ᠭᠠᠷᠭᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠲᠠᠢ ᠵᠥᠪ ᠵᠠᠮ ᠢ ᠴᠢᠨᠠᠭᠰᠢᠳᠠ ᠥᠷᠭᠡᠳᠬᠡᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠵᠦ᠂ ᠨᠠᠮ ᠤᠨ ᠦᠨᠳᠦᠰᠦᠲᠡᠨ ᠤ ᠠᠵᠢᠯ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠠᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠬᠤ ᠶᠠᠪᠤᠳᠠᠯ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠠ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠤᠯᠭᠠᠬᠤ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ︾᠎ ᠶᠢ ᠪᠠᠷᠢᠮᠲᠠᠯᠠᠵᠤ᠂ ︽ᠬᠤᠶᠠᠷ ᠶᠡᠭᠡ ᠲᠠᠯ᠎ᠠ︾᠎ ᠶᠢ ᠪᠣᠳᠣᠯᠬᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠨᠳᠦᠰᠦᠲᠡᠨ ᠤ ᠠᠵᠢᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠠᠵᠢᠭᠯᠠᠵᠤ ᠣᠯᠣᠭᠰᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠦᠷ᠎ᠡ ᠪᠦᠲᠦᠭᠡᠯ ᠪᠣᠯᠣᠨ᠎ᠠ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠪᠦᠭᠦ ᠤᠯᠤᠰ ᠤᠨ ᠦᠨᠳᠦᠰᠦᠲᠡᠨ ᠎ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠮᠣᠷᠳᠠᠵᠤ᠂ ᠨᠠᠮ ᠤᠨ ᠦᠨᠳᠦᠰᠦᠲᠡᠨ ᠤ ᠠᠵᠢᠯ ᠳᠤ ᠰᠢᠨ᠎ᠡ ᠪᠠᠶᠢᠳᠠᠯ ᠪᠠ ᠡᠭᠦᠷᠭᠡ ᠲᠤᠯᠭᠠᠷᠠᠵᠤ ᠪᠠᠶᠢᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠤᠯᠬᠤ ᠦᠭᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠦᠨᠳᠦᠰᠦᠲᠡᠨ ᠤ ᠠᠵᠢᠯ ᠤᠨ ᠱᠠᠲᠤ ᠦᠶᠠᠴᠢ ᠴᠢᠨᠠᠷᠲᠠᠢ ᠰᠢᠨ᠎ᠡ ᠣᠨᠴᠠᠯᠢᠭ ᠢ ᠣᠨᠣᠪᠴᠢᠲᠠᠶ ᠡᠵᠡᠮᠳᠡᠵᠦ᠂ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠂ ᠨᠠᠮ ᠤᠨ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠳᠤ ᠰᠠᠭᠤᠷᠢᠯᠠᠵᠤ᠂ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠥᠪᠡᠷ ᠤᠨ ᠢᠶᠠᠨ ᠥᠪᠡᠷᠮᠢᠴᠡ ᠤᠨᠴᠠᠭᠠᠢ ᠲᠡᠦᠬᠡ ᠲᠠᠢ ᠪᠠᠶᠢᠳᠠᠭ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠵᠠᠳᠠᠯᠤᠨ ᠰᠢᠨᠵᠢᠯᠡᠬᠦ ᠳᠤ ᠥᠷᠥᠨᠡᠳᠠᠬᠢᠨ ᠤ ᠲᠡᠷᠡ ᠬᠦ ᠦᠨᠳᠦᠰᠦᠲᠡᠨ ᠤ ᠤᠨᠤᠯ ᠢ ᠲᠤᠬᠤᠵᠤ ᠬᠡᠷᠡᠭᠯᠡᠵᠦ ᠪᠤᠯᠬᠤ ᠦᠭᠡᠢ ᠶᠤᠮ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠳᠤ ᠰᠠᠭᠤᠷᠢᠯᠠᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢᠨ ᠯᠣᠭᠢᠭ᠂ ᠣᠨᠣᠯ ᠤᠨ ᠯᠣᠭᠢᠭ ᠢ ᠵᠢᠷᠤᠮᠯᠠᠵᠤ᠂ ᠳᠤᠮᠳᠠᠳᠤ ᠶᠢᠨ ᠦᠨᠳᠦᠰᠦᠲᠡᠨ ᠤ ᠪᠦᠷᠢᠯᠳᠦᠯ ᠪᠠ ᠬᠥᠭᠵᠢᠯᠲᠡ ᠶᠢᠨ ᠶᠣᠰᠣ ᠤᠴᠢᠷ᠂ ᠤᠨᠤᠯ ᠰᠤᠷᠭᠠᠯ᠂ ᠭᠦᠨ ᠶᠣᠰᠣ ᠶᠢ ᠰᠢᠨᠵᠢᠯᠡᠬᠦ ᠤᠬᠠᠭᠠᠨᠴᠢ ᠪᠠᠷ ᠢᠯᠡᠷᠡᠭᠦᠯᠬᠦ ᠬᠡᠷᠡᠭᠲᠡᠢ᠃ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠲᠠᠢ ᠵᠥᠪ ᠵᠠᠮ ᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠴᠢᠬᠤᠯᠠ ᠦᠵᠡᠯ ᠰᠠᠨᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠢᠰᠲ᠋ᠧᠮ ᠤᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠣᠭᠤᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠲᠠᠰᠤᠷᠠᠯᠳᠠ ᠦᠭᠡᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠮᠠᠨᠤᠰ ᠰᠢᠭ᠋ ᠡᠶᠢᠮᠦᠷᠬᠦᠦ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠤᠯᠤᠰ ᠤᠨ ᠣᠮᠣᠭᠯᠠᠩ ᠰᠦᠷᠯᠢᠭ ᠠᠵᠢᠯᠯᠠᠭ᠎ᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠪᠠᠰᠤ ᠵᠣᠬᠢᠬᠤ ᠴᠢᠬᠤᠯᠠ ᠠᠭᠤᠯᠭ᠎ᠠ ᠮᠥᠨ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠲᠡᠦᠬᠡ ᠠᠴᠠ ᠢᠷᠡᠭᠡᠳᠦᠢ ᠲᠡᠶᠢᠰᠢ ᠤᠷᠤᠭᠰᠢᠯᠠᠬᠤ᠂ ᠤᠯᠠᠮᠵᠢᠯᠠᠯᠲᠤ ᠪᠠᠶᠢᠳᠠᠯ ᠠᠴᠠ ᠪᠠᠨ ᠤᠳᠤ ᠦᠶ᠎ᠡ ᠶᠢᠨ ᠲᠡᠶᠢᠰᠢ ᠤᠷᠤᠭᠰᠢᠯᠠᠬᠤ᠂ ᠤᠯᠠᠨ ᠡᠰᠢᠵᠢᠭᠦᠯᠦᠨ ᠨᠢᠭᠲᠠᠷᠠᠭᠤᠯᠬᠤ ᠠᠴᠠ ᠨᠢᠭᠡ ᠴᠣᠭᠴᠠᠵᠢᠭᠤᠯᠬᠤ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠢ ᠭᠦᠨᠵᠡᠭᠡᠢ ᠣᠶᠢᠯᠠᠭᠠᠨ ᠡᠵᠡᠮᠰᠢᠵᠦ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠲᠠᠰᠤᠷᠠᠯᠳᠠ ᠦᠭᠡᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠪᠠᠲᠤ ᠪᠠᠬᠢ ᠤᠶᠤᠨ ᠰᠠᠨᠠᠭᠠᠨ ᠤ ᠪᠠ ᠰᠣᠶᠣᠯ ᠤᠨ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠴᠣᠭᠴᠠᠯᠠᠭᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠪᠡᠶᠡᠯᠡᠭᠳᠡᠬᠦ ᠨᠢ ᠯᠠᠪᠲᠠᠢ᠃ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠤᠷᠢᠲᠠᠯ ᠪᠠ ᠰᠠᠭᠤᠷᠢ ᠮᠥᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠪᠣᠯ ᠵᠠᠶᠢᠯᠠᠰᠢ ᠦᠭᠡᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠶᠠᠪᠤᠴᠠ ᠮᠥᠨ᠂ ᠵᠠᠶᠢᠯᠠᠰᠢ ᠦᠭᠡᠢ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠠᠪᠤᠴᠠ ᠮᠥᠨ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠢ ᠰᠢᠨ᠎ᠡ ᠠᠶᠠᠨ ᠳᠠᠬᠢ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠤ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠶᠡᠭᠡ ᠪᠠᠷ ᠤᠬᠠᠭᠤᠯᠤᠨ ᠲᠠᠨᠢᠯᠴᠠᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠪᠣᠯ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠬᠠᠮᠲᠤᠷᠠᠭᠤᠯᠬᠤ ᠠᠵᠢᠯ ᠮᠥᠨ᠃ ᠡᠷᠬᠡᠪᠰᠢ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠶᠡᠭᠡ ᠪᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠢ ᠶᠡᠭᠡ ᠪᠠᠷ ᠤᠬᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠶᠡᠭᠡ ᠪᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠶᠡᠭᠡ ᠪᠠᠷ ᠤᠬᠠᠭᠤᠯᠬᠤ ᠬᠡᠷᠡᠭᠲᠡᠢ᠃ ᠦᠨᠳᠦᠰᠦᠲᠡᠨ ᠤ ᠤᠬᠠᠭᠤᠯᠭ᠎ᠠ ᠳᠤ ᠬᠤᠯᠪᠣᠭᠳᠠᠭᠰᠠᠨ ᠳᠠᠮᠵᠢᠭᠤᠯᠭ᠎ᠠ ᠶᠢᠨ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮ ᠣᠨ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠪᠠᠷ ᠬᠥᠭᠵᠢᠨ ᠳᠠᠪᠰᠢᠬᠤ ᠶᠢᠨ ᠨᠠᠶᠢᠳᠠᠪᠤᠷᠢᠲᠠᠢ ᠪᠠᠲᠤᠯᠠᠭ᠎ᠠ ᠮᠥᠨ ᠭᠡᠳᠡᠭ ᠢ ᠲᠣᠳᠣᠷᠬᠠᠢ ᠶᠠᠷᠢᠵᠤ᠂ ᠳᠤᠮᠳᠠᠳᠤ ᠶᠢᠨ ᠦᠨᠳᠦᠰᠦᠲᠡᠨ ᠪᠣᠯ ᠬᠦᠴᠦᠷᠬᠡᠭ ᠶᠡᠭᠡ ᠬᠠᠮᠲᠤ ᠶᠢᠨ ᠲᠠᠨᠢᠯᠲᠠ ᠪᠠ ᠨᠢᠭᠲᠠᠷᠠᠯ ᠤᠨ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠲᠣᠳᠣᠷᠬᠠᠢ ᠶᠠᠷᠢᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠲᠠᠢ ᠵᠥᠪ ᠵᠠᠮ ᠤᠨ ᠢᠯᠡᠷᠬᠡᠢ ᠳᠠᠪᠠᠭᠤᠯᠢᠭ ᠴᠢᠨᠠᠷ ᠢ ᠲᠣᠳᠣᠷᠬᠠᠢ ᠶᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠡᠭᠦᠷᠭᠡ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠲᠠᠢ ᠵᠥᠪ ᠵᠠᠮ ᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠠᠵᠢᠯ ᠤᠨ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠲᠤᠰ ᠨᠢᠭᠡᠴᠢ ᠶᠢᠨ ᠢᠶᠠᠨ ᠦᠨᠳᠦᠰᠦᠲᠡᠨ ᠤ ᠠᠵᠢᠯ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠦᠢᠯᠡᠰ ᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号