﹇︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ﹈ ᠬᠤᠪᠢ ᠳᠠᠭᠢᠨ ᠨᠠᠨᠳᠢᠩᠨᠠᠵᠤ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠰᠤᠭᠠᠢ
ᠨᠡᠶᠢᠲᠡᠯᠡᠭᠰᠡᠨ ᠴᠠᠭ᠄
2024/4/23
           ᠨᠠᠮ ᠤᠨ ᠠᠴᠢ ᠳᠤ ᠲᠠᠯᠠᠷᠬᠠᠵᠤ ᠡᠷᠡᠮᠡᠬᠡᠶᠢᠯᠡᠨ ᠤᠷᠤᠭᠰᠢᠯᠠᠬᠤ ᠳᠤ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠨ᠂ ᠶᠡᠷᠦᠩᠬᠡᠢ ᠱᠦᠵᠢ ᠶᠢ ᠡᠷᠡᠰ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠶᠢ ᠤᠮᠠᠷᠠᠲᠤ ᠶᠢᠨ ᠡᠬᠡ ᠭᠠᠵᠠᠷ ᠤᠨ ︽ᠬᠠᠮᠤᠭ ᠬᠦᠴᠦᠷᠬᠡᠭ ᠳᠠᠭᠤᠨ︾ ᠪᠤᠯᠭᠠᠬᠤ ᠬᠡᠷᠡᠭᠲᠡᠢ᠃ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠂ ᠶᠡᠷᠦᠩᠬᠡᠢ ᠱᠦᠵᠢ ᠰᠢ ᠶᠢᠨ ᠫᠢᠩ ᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾᠎ ᠶᠢ ᠴᠢᠷᠮᠠᠶᠢᠨ ᠪᠡᠶᠡᠯᠡᠭᠦᠯᠵᠦ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠰᠢᠨ᠎ᠡ ᠵᠠᠮ ᠢ ᠨᠡᠭᠡᠭᠡᠬᠦ ᠶᠢ ᠠᠬᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠠᠯᠳᠠᠨ ᠱᠣᠰᠢᠭ᠎ᠠ ᠶᠢ ᠨᠡᠩᠭᠢᠯᠠᠯᠵᠠᠭᠤᠯᠬᠤ ᠬᠡᠷᠡᠭᠲᠡᠢ᠃      ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ᠂ ᠤᠯᠤᠰ ᠤᠨ ᠳᠡᠮᠵᠢᠯᠭᠡ ᠶᠢᠨ ᠡᠷᠴᠢᠮ ᠤᠷᠢᠳ ᠡᠮᠦᠨ᠎ᠡ ᠪᠠᠶᠢᠭ᠎ᠠ ᠦᠭᠡᠢ᠂ ᠬᠥᠭᠵᠢᠯᠲᠡ ᠶᠢᠨ ᠴᠢᠬᠤᠯᠠ ᠶᠡᠭᠡ ᠠᠵᠠ ᠲᠣᠭᠢᠶᠠᠯ ᠤᠷᠢᠳ ᠡᠮᠦᠨ᠎ᠡ ᠪᠠᠶᠢᠭ᠎ᠠ ᠦᠭᠡᠢ᠂ ᠠᠵᠢᠯ ᠬᠢᠵᠦ ᠦᠢᠯᠡᠰ ᠪᠦᠲᠦᠭᠡᠬᠦ ᠡᠷᠴᠢ ᠵᠣᠷᠢᠭ ᠤᠷᠢᠳ ᠡᠮᠦᠨ᠎ᠡ ᠪᠠᠶᠢᠭ᠎ᠠ ᠦᠭᠡᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠬᠠᠮᠤᠭ ᠶᠡᠭᠡ ᠬᠥᠳᠡᠯᠭᠡᠬᠦ ᠬᠦᠴᠦᠨ ᠮᠥᠨ᠃ ᠪᠦᠭᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠳᠬᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾᠎ ᠠᠴᠠ ︽ᠪᠣᠳᠠᠲᠠᠢ ᠳᠡᠭᠡᠷ᠎ᠡ︾ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠯᠭᠡ ᠶᠢᠨ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠂ ᠶᠠᠮᠤᠨ ᠪᠠ ᠣᠷᠣᠨ ᠤ ᠬᠠᠮᠲᠤᠷᠠᠯᠴᠠᠭ᠎ᠠ ᠶᠢᠨ ᠵᠥᠪᠯᠡᠯᠴᠡᠭᠡᠷ ᠢ ᠭᠦᠢᠴᠡᠳ ᠰᠠᠶᠢᠲᠤᠷ ᠬᠡᠷᠡᠭᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠮᠠᠨ ᠤ ᠣᠷᠣᠨ ᠤ ᠬᠦᠷᠲᠡᠵᠦ ᠪᠠᠶᠢᠭ᠎ᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠡᠮᠵᠢᠯᠭᠡ ᠶᠢᠨ ᠳᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢᠲᠦ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠣᠷᠣᠨ ᠳᠠᠬᠢ ᠤᠯᠤᠰ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠭᠠᠷᠭᠠᠭᠰᠠᠨ ᠨᠢᠭᠡ ᠪᠦᠯᠦᠭ ᠰᠢᠨ᠎ᠡ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠳᠡᠮᠵᠢᠯᠭᠡ ᠶᠢᠨ ᠲᠥᠷᠥ ᠎ ᠶᠢᠨ ᠪᠣᠳᠣᠯᠭ᠎ᠠ ᠨᠢᠭᠡ ᠪᠦᠷᠢ ᠶᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠡᠮᠵᠢᠯᠭᠡ ᠶᠢᠨ ᠶᠠᠪᠤᠳᠠᠯ ᠪᠣᠯᠭᠠᠨ ᠢ ᠪᠦᠷ ᠨᠢᠳᠦᠨ ᠳᠤ ᠦᠵᠡᠭᠳᠡᠵᠦ ᠭᠠᠷ ᠲᠤ ᠪᠠᠷᠢᠭᠳᠠᠬᠤ ᠲᠦᠷᠦᠯ ᠵᠦᠢᠯ ᠪᠣᠯᠭᠠᠨ ᠬᠤᠪᠢᠷᠠᠭᠤᠯᠬᠤ ᠬᠡᠷᠡᠭᠲᠡᠢ᠃      ᠬᠠᠪᠤᠷ ᠤᠨ ᠤᠷᠢᠬᠠᠨ ᠰᠠᠯᠬᠢᠨ ᠤ ᠬᠦᠴᠦᠨ ᠳᠤ ᠳᠠᠷᠪᠠᠭᠤᠯ ᠬᠡᠶᠢᠰᠬᠡᠨ ᠬᠤᠯ᠎ᠠ ᠠᠶᠠᠯᠠᠨᠠᠮ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠵᠣᠷᠢᠭ ᠰᠠᠨᠠᠭ᠎ᠠ ᠪᠠᠷ ᠬᠦᠴᠢᠷ ᠠᠴᠠ ᠠᠶᠤᠬᠤ ᠦᠭᠡᠢ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠡᠭᠦᠷᠭᠡᠯᠡᠨ᠂ ᠲᠤᠰᠤᠯ ᠤᠰᠤ ᠴᠢᠯᠠᠭᠤ ᠶᠢ ᠴᠤᠭᠤᠯᠬᠤ ᠰᠥᠰᠥ ᠵᠣᠷᠢᠭ ᠢᠶᠠᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠦᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠨ᠂ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ᠂ ᠲᠦᠷᠦ ᠶᠢᠨ ᠪᠣᠳᠣᠯᠭ᠎ᠠ ᠶᠢᠨ ᠠᠰᠢᠭ ᠢ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠪᠣᠯᠭᠠᠨ ᠬᠤᠪᠢᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠪᠠᠯ᠂ ᠥᠪᠥᠷ ᠮᠣᠩᠭᠤᠯ ᠭᠡᠭᠡᠨ ᠰᠠᠷᠠᠭᠤᠯ ᠠᠯᠤᠰ ᠢᠷᠡᠭᠡᠳᠦᠢ ᠲᠠᠢ ᠪᠤᠯᠬᠤ ᠨᠢ ᠯᠠᠪᠲᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号