﹇ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ﹈ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠡᠯ᠎ᠡ ᠵᠦᠢᠯ ᠤᠨ ᠠᠵᠢᠯ ᠤᠨ ᠳᠤᠮᠳᠠ ᠪᠦᠭᠦ ᠲᠠᠯ᠎ᠠ ᠪᠠᠷ ᠭᠦᠨᠵᠡᠭᠡᠢ ᠪᠣᠳᠠᠲᠠᠢ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2024/4/23
                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ            2023 ᠣᠨ ᠤ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ ᠭᠡᠵᠦ ᠠᠩᠬ᠎ᠠ ᠤᠳᠠᠭ᠎ᠠ ᠳᠤᠷᠠᠳᠴᠠᠢ᠃ ᠡᠨᠡ ᠬᠦ ᠴᠢᠬᠤᠯᠠ ᠶᠡᠭᠡ ᠨᠤᠲᠠᠯᠠᠯᠲᠠ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠭᠠᠵᠠᠷ ᠣᠷᠣᠨ ᠤ ᠠᠵᠢᠯ ᠢ ᠰᠠᠶᠢᠲᠤᠷ ᠬᠢᠬᠦ ᠳᠤ ᠬᠠᠨᠳᠤᠯᠭᠠᠲᠤ ᠵᠠᠮᠴᠢᠯᠠᠭ᠎ᠠ ᠶᠢᠨ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠯ ᠤᠨ ᠳᠤᠮᠳᠠ ᠪᠦᠭᠦᠳᠡ ᠬᠤᠷᠠᠯ ᠬᠤᠷᠠᠯᠳᠤᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠪᠦᠭᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠬᠥᠳᠡᠯᠦᠯᠴᠡᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠵᠡᠷᠭᠡ ᠬᠦᠷᠢᠶᠡᠨ ᠳᠤ ᠠᠯᠢ ᠣᠯᠠᠨ ᠠᠵᠢᠯ ᠢ ᠳᠡᠯᠭᠡᠷᠡᠭᠦᠯᠪᠡ᠃ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠦᠢᠯᠡᠳᠦᠯᠭᠡ ᠶᠢᠨ ᠳᠤᠮᠳᠠᠬᠢ ᠬᠠᠶᠢᠨ ᠰᠦᠪᠡᠭᠴᠢᠯᠡᠯᠲᠡ ᠲᠠᠢ ᠤᠶᠠᠯᠳᠤᠭᠤᠯᠤᠨ᠂ ᠵᠢᠯ ᠤᠨ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠰᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠠᠷᠭ᠎ᠠ ᠬᠡᠮᠵᠢᠶ᠎ᠡ ᠨᠦᠭᠦᠳ︾᠎ ᠢ ᠲᠣᠭᠲᠠᠭᠠᠵᠤ᠂ ᠡᠨᠡ ᠬᠦ ᠭᠤᠣᠯ ᠱᠤᠭᠤᠮ ᠢ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠳᠤ ᠪᠦᠭᠦ ᠬᠦᠴᠦᠨ ᠢᠶᠠᠷ ᠨᠠᠶᠢᠳᠠᠪᠤᠷᠢᠵᠢᠭᠤᠯᠪᠠ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠠᠨᠳᠤᠭᠤᠯᠵᠤ ᠳᠤᠷᠠᠳᠤᠭᠰᠠᠨ ᠠᠯᠤᠰ ᠭᠡᠳᠦ ᠶᠢᠨ ᠠᠷᠭ᠎ᠠ ᠪᠣᠳᠣᠯᠭ᠎ᠠ ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠣᠯᠠᠨ ᠲᠠᠯᠠᠪᠤᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠳᠠᠭᠢᠨ ᠳᠠᠪᠲᠠᠨ ᠴᠢᠬᠤᠯᠠᠴᠢᠯᠠᠵᠤ᠂ 2021 ᠣᠨ ᠳᠤ ᠬᠤᠷᠠᠯᠳᠤᠭᠰᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ︽ᠳᠥᠷᠪᠡᠨ ᠵᠠᠶᠢᠯᠠᠰᠢ ᠦᠭᠡᠢ ᠱᠠᠭᠠᠷᠳᠠᠯᠭ᠎ᠠ︾᠎ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠪᠥᠭᠡᠳ ᠲᠡᠭᠦᠨ ᠢ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ︾᠎ ᠢᠶᠠᠷ ᠲᠣᠭᠲᠠᠭᠠᠵᠤ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠭᠢᠯᠡᠯᠲᠡ ᠶᠢᠨ ᠵᠠᠩᠭᠢᠯᠠᠭ᠎ᠠ ᠶᠢᠨ ᠴᠠᠭ ᠦᠶ᠎ᠡ ᠳᠤ᠂ ᠶᠡᠷᠦᠩᠬᠡᠢ ᠱᠦᠵᠢ ᠰᠢ ᠶᠢᠨ ᠫᠢᠩ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ︽ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ︾ ᠪᠤᠯᠭᠠᠵᠤ᠂ ᠦᠨᠳᠦᠰᠦᠲᠡᠨ ᠤ ᠣᠷᠣᠨ ᠳᠤ ᠰᠢᠨ᠎ᠡ ᠡᠭᠦᠷᠭᠡ ᠳᠠᠭᠠᠭᠠᠯᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠡᠨᠡ ᠬᠦ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠨᠢ ᠥᠪᠥᠷ ᠮᠣᠩᠭᠤᠯ ᠤᠨ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠰᠠᠶᠢᠲᠤᠷ ᠵᠠᠮᠨᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ ᠳᠤ ᠣᠨᠴᠠᠭᠠᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠬᠤ ᠶᠢ ᠭᠦᠨᠵᠡᠭᠡᠢ ᠲᠠᠨᠢᠨ ᠣᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠥᠨᠳᠥᠷᠴᠡ ᠠᠴᠠ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠥᠨᠳᠥᠷᠴᠡ ᠠᠴᠠ᠂ ᠶᠡᠷᠦᠩᠬᠡᠢ ᠱᠦᠵᠢ ᠰᠢ ᠎ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠥᠨᠳᠥᠷᠴᠡ ᠠᠴᠠ ᠡᠨᠡ ᠬᠦ ᠭᠤᠣᠯ ᠱᠤᠭᠤᠮ ᠢ ᠡᠵᠡᠮᠳᠡᠵᠦ᠂ ᠡᠨᠡ ᠬᠦ ᠭᠤᠣᠯ ᠱᠤᠭᠤᠮ ᠢ ᠲᠤᠭᠤᠰᠢᠯᠠᠭᠤᠯᠤᠨ᠂ ᠠᠯᠢᠪᠠ ᠠᠰᠠᠭᠤᠳᠠᠯ ᠢ ᠪᠣᠳᠣᠯᠬᠢᠯᠠᠬᠤ᠂ ᠠᠯᠢᠪᠠ ᠰᠢᠢᠳᠪᠦᠷᠢ ᠭᠠᠷᠭᠠᠬᠤ ᠳᠤ᠂ ᠠᠯᠢᠪᠠ ᠠᠵᠢᠯ ᠢ ᠬᠢᠬᠦ ᠳᠤ ᠴᠥᠮ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ ᠥᠷᠨᠢᠭᠦᠯᠬᠦ ᠶᠢ ᠢᠮᠠᠭᠲᠠ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ︾ ︽ᠠᠨᠠᠷ ᠤᠨ ᠴᠡᠴᠡᠭ ᠳᠡᠯᠭᠡᠷᠡᠬᠦᠢ︾ ︽ᠭᠡᠷ ᠣᠷᠣᠨ︾ ᠵᠡᠷᠭᠡ ᠲᠤᠰᠬᠠᠢ ᠪᠤᠯᠤᠩ ᠭᠠᠷᠭᠠᠵᠤ᠂ ᠥᠨᠳᠥᠷ ᠳᠠᠪᠲᠠᠮᠵᠢ ᠥᠨᠳᠥᠷ ᠨᠢᠭᠲᠠᠴᠠ ᠪᠠᠷ ᠤᠬᠠᠭᠤᠯᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤ ᠮᠡᠳᠡᠭᠦᠯᠦᠯᠲᠡ ᠶᠢ ᠣᠯᠠᠨ ᠤᠳᠠᠭ᠎ᠠ ᠰᠣᠨᠣᠰᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠬᠤ ᠶᠢ ᠱᠠᠯᠠᠪᠳᠠᠭᠤᠯᠤᠨ᠂ ᠪᠦᠭᠦ ᠣᠷᠣᠨ ᠳᠠᠶᠠᠭᠠᠷ ᠢᠶᠠᠨ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠬᠦ᠂ ᠪᠦᠭᠦ ᠲᠠᠯ᠎ᠠ ᠪᠠᠷ ᠪᠦᠷᠬᠦᠭᠦᠯᠬᠦ᠂ ᠪᠣᠳᠠᠲᠠᠢ ᠨᠠᠶᠢᠳᠠᠪᠤᠷᠢᠵᠢᠭᠤᠯᠬᠤ ᠶᠢ ᠭᠦᠨᠵᠡᠭᠡᠢ ᠠᠳᠬᠤᠬᠤ ᠶᠢ ᠠᠬᠢᠭᠤᠯᠪᠠ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠨᠳᠦᠰᠦᠨ ᠠᠭᠤᠯᠤᠭᠳᠠᠬᠤᠨ ᠢ ᠪᠦᠭᠦ ᠲᠠᠯ᠎ᠠ ᠪᠠᠷ ᠡᠵᠡᠮᠳᠡᠨ᠎ᠡ      ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢᠨ ᠠᠭᠤᠯᠤᠭᠳᠠᠬᠤᠨ ᠡᠯᠪᠡᠭ ᠪᠠᠶᠠᠯᠢᠭ᠂ ᠤᠳᠬ᠎ᠠ ᠰᠠᠨᠠᠭ᠎ᠠ ᠭᠦᠨ ᠭᠦᠨᠵᠡᠭᠡᠢ ᠪᠠᠶᠢᠵᠤ᠂ ᠪᠢᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠡᠷᠦᠩᠬᠡᠢ ᠵᠢᠷᠤᠮᠯᠠᠯ ᠶᠡᠷᠦᠩᠬᠡᠢ ᠬᠥᠲᠥᠯᠥᠨ ᠳᠠᠭᠠᠭᠤᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠡᠭᠦᠨ ᠢ ᠨᠠᠮ ᠤᠨ ᠭᠡᠰᠢᠭᠦᠨ ᠺᠠᠳ᠋ᠷ ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ ᠪᠣᠯᠪᠠᠰᠤᠷᠠᠯ ᠤᠨ ᠲᠥᠯᠦᠪᠵᠢᠭᠦᠯᠭᠡ ᠳᠤ ᠣᠷᠣᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠤᠶᠠᠯᠳᠤᠭᠤᠯᠤᠨ ᠥᠷᠨᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠳᠤ ᠲᠤᠰᠬᠠᠢ ᠬᠢᠴᠢᠶᠡᠯ ᠲᠣᠬᠢᠷᠠᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠡᠵᠡᠮᠰᠢᠨ᠂ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠶᠢ ᠬᠥᠲᠥᠯᠥᠨ ᠵᠢᠯᠤᠭᠤᠳᠴᠤ᠂ ︽ᠭᠤᠷᠪᠠᠨ ᠰᠠᠯᠵᠤ ᠴᠢᠳᠠᠬᠤ ᠦᠭᠡᠢ︾ ︽ᠳᠥᠷᠪᠡᠨ ᠬᠠᠮᠲᠤ ᠪᠠᠷ︾ ︽ᠳᠥᠷᠪᠡᠨ ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠲᠠ︾ ︽ᠲᠠᠪᠤᠨ ᠦᠵᠡᠯᠲᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢᠨ ᠲᠤᠬᠠᠢ ᠣᠶᠢᠯᠠᠭᠠᠯᠲᠠ ᠡᠵᠡᠮᠰᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠲᠡᠭᠦᠨ ᠤ ᠯᠣᠭᠢᠭ ᠬᠠᠷᠢᠴᠠᠭ᠎ᠠ ᠪᠠ ᠳᠣᠲᠣᠭᠠᠳᠤ ᠬᠠᠷᠢᠴᠠᠭ᠎ᠠ ᠶᠢ ᠭᠦᠨᠵᠡᠭᠡᠢ ᠣᠶᠢᠯᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠡᠳᠡᠭ ᠨᠢ ᠶᠠᠭᠤ ᠶᠢ ᠵᠢᠭᠠᠵᠤ ᠪᠠᠶᠢᠬᠤ ᠶᠢ ᠦᠨᠡᠨ ᠬᠦ ᠲᠣᠳᠣᠷᠬᠠᠢ ᠣᠶᠢᠯᠠᠭᠠᠨ᠂ ᠦᠭᠡ ᠶᠢ ᠨᠢ ᠮᠡᠳᠡᠬᠦ ᠪᠠᠷ ᠪᠠᠷᠠᠬᠤ ᠦᠭᠡᠢ ᠨᠡᠩ ᠴᠤ ᠤᠳᠬ᠎ᠠ ᠶᠢ ᠨᠢ ᠣᠶᠢᠯᠠᠭᠠᠵᠤ᠂ ᠲᠡᠶᠢᠮᠦ ᠪᠤᠯᠬᠤ ᠶᠢ ᠮᠡᠳᠡᠬᠦ ᠪᠠᠷ ᠪᠠᠷᠠᠬᠤ ᠦᠭᠡᠢ ᠨᠡᠩ ᠴᠤ ᠴᠣᠬᠤᠮ ᠶᠠᠭᠠᠬᠢᠭᠠᠳ ᠳᠡᠶᠢᠮᠦ ᠪᠤᠯᠬᠤ ᠶᠢ ᠮᠡᠳᠡᠬᠦ ᠶᠢ ᠴᠢᠷᠮᠠᠶᠢᠨ ᠪᠡᠶᠡᠯᠡᠭᠦᠯᠪᠡ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠣᠭᠲᠠᠭᠠᠯ︾᠎ ᠢ ᠲᠣᠭᠲᠠᠭᠠᠨ ᠨᠡᠶᠢᠲᠡᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠤᠯᠬᠤ︾᠎ ᠶᠢ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠬᠠᠷᠠᠯᠲᠠ ᠶᠢᠨ ᠨᠢᠭᠡ ᠪᠠᠷ ᠲᠣᠭᠲᠠᠭᠠᠵᠤ᠂ ᠪᠦᠭᠦ ᠣᠷᠣᠨ ᠳᠠᠶᠠᠭᠠᠷ ᠡᠨᠡ ᠬᠦ ᠭᠤᠣᠯ ᠱᠤᠭᠤᠮ ᠢ ᠲᠤᠭᠤᠰᠢᠯᠠᠭᠤᠯᠬᠤ ᠳᠤ ᠶᠠᠭᠤ ᠬᠢᠬᠦ ᠴᠢᠬᠤᠯᠠᠲᠠᠢ ᠪᠠᠶᠢᠬᠤ ᠶᠢ ᠲᠣᠳᠣᠷᠬᠠᠢ ᠣᠶᠢᠯᠠᠭᠠᠵᠤ᠂ ᠬᠠᠷᠠᠯᠲᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠬᠥᠲᠥᠯᠥᠨ ᠳᠠᠭᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠪᠦᠯᠦᠭ ᠣᠨᠣᠯ ᠪᠠ ᠬᠡᠷᠡᠭᠯᠡᠭᠡᠨ ᠤ ᠰᠤᠳᠤᠯᠭᠠᠨ ᠤ ᠦᠷ᠎ᠡ ᠪᠦᠲᠦᠭᠡᠯ ᠢ ᠭᠠᠷᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠳᠤ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠨᠢᠭᠡᠨ ᠦᠷᠭᠦᠯᠵᠢᠯᠡᠨ ᠭᠦᠨᠵᠡᠭᠡᠶᠢᠷᠡᠭᠦᠯᠬᠦ ᠶᠠᠪᠤᠴᠠ ᠮᠥᠨ᠂ ᠪᠢᠳᠡ ᠬᠥᠮᠦᠵᠢᠯ ᠪᠣᠯᠪᠠᠰᠤᠷᠠᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠯ᠎ᠡ ᠱᠠᠲᠤᠨ ᠤ ᠬᠢᠨ ᠢ ᠦᠷᠭᠦᠯᠵᠢᠯᠡᠨ ᠵᠣᠬᠢᠶᠠᠨ ᠪᠠᠶᠢᠭᠤᠯᠵᠤ ᠰᠤᠷᠤᠯᠴᠠᠨ ᠰᠤᠳᠤᠯᠵᠤ ᠰᠣᠯᠢᠯᠴᠠᠬᠤ ᠠᠵᠢᠯ ᠢ ᠭᠦᠨᠵᠡᠭᠡᠢ ᠥᠷᠨᠢᠭᠦᠯᠵᠦ᠂ ᠡᠨᠡ ᠬᠦ ᠭᠤᠣᠯ ᠱᠤᠭᠤᠮ ᠤᠨ ᠦᠨᠳᠦᠰᠦᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠰᠠᠶᠢᠲᠤᠷ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠶᠢᠯᠠᠭᠠᠵᠤ᠂ ᠦᠵᠡᠯ ᠰᠠᠨᠠᠭᠠᠨ ᠤ ᠰᠠᠭᠤᠷᠢ ᠪᠠᠨ ᠲᠠᠰᠤᠷᠠᠯᠳᠠ ᠦᠭᠡᠢ ᠪᠠᠲᠤᠳᠬᠠᠨ᠎ᠠ᠃      ᠬᠦᠴᠦᠯᠡᠬᠦ ᠴᠡᠭ ᠢ ᠣᠨᠣᠪᠴᠢᠲᠠᠶ ᠣᠯᠵᠤ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠨ᠎ᠡ      ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠪᠣᠳᠠᠲᠠᠢ ᠠᠵᠢᠯ ᠲᠠᠢ ᠴᠢᠩᠭ᠎ᠠ ᠤᠶᠠᠯᠳᠤᠭᠰᠠᠨ ᠡᠰᠡᠬᠦ᠂ ᠭᠦᠨᠵᠡᠭᠡᠢ ᠠᠭᠤᠰᠤᠯᠴᠠᠭᠰᠠᠨ ᠡᠰᠡᠬᠦ ᠶᠢ ᠦᠵᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠳᠤᠯᠤᠨ ᠨᠡᠶᠢᠲᠡᠯᠡᠭᠰᠡᠨ ︽28 ᠵᠤᠷᠪᠤᠰ ᠪᠣᠳᠠᠲᠠᠢ ᠠᠷᠭ᠎ᠠ ᠬᠡᠮᠵᠢᠶ᠎ᠡ︾᠎ ᠨᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠠᠴᠠ ᠡᠬᠢᠯᠡᠨ ᠠᠳᠬᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠠᠯᠪᠠᠨ ᠭᠡᠷ︶᠎ ᠳᠤ ᠡᠯ᠎ᠡ ᠵᠦᠢᠯ ᠤᠨ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠣᠭᠴᠠᠯᠠᠬᠤ ᠭᠤᠣᠯ ᠱᠤᠭᠤᠮ ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠪᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠪᠢᠴᠢᠨ ᠣᠷᠣᠭᠤᠯᠵᠤ᠂ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠳᠦᠷᠢᠮ ᠵᠢᠴᠢ ᠪᠠᠶᠢᠩᠭᠤ ᠶᠢᠨ ᠬᠡᠷᠡᠭ ᠡᠷᠭᠢᠯᠡᠭᠦ ᠪᠠᠶᠢᠭᠤᠯᠤᠮᠵᠢ ᠶᠢᠨ ᠠᠵᠢᠯ ᠤᠨ ᠨᠠᠷᠢᠨ ᠳᠦᠷᠢᠮ ᠳᠤ ᠪᠢᠴᠢᠨ ᠣᠷᠣᠭᠤᠯᠵᠤ᠂ ᠡᠯ᠎ᠡ ᠠᠵᠢᠯ ᠲᠦᠷᠦᠯ ᠤᠨ ᠳᠦᠷᠢᠮ ᠲᠣᠭᠲᠠᠭᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠣᠯᠣᠨ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ ᠳᠤ ᠪᠢᠴᠢᠵᠦ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠡᠨᠡ ᠬᠦ ᠠᠵᠢᠯ ᠢ ᠬᠡᠨ ᠬᠢᠬᠦ᠂ ᠶᠠᠭᠤ ᠬᠢᠬᠦ ᠶᠢ ᠴᠢᠨᠠᠭᠰᠢᠳᠠ ᠲᠣᠳᠣᠷᠬᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠠᠵᠢᠯᠯᠠᠭᠠᠨ ᠤ ᠪᠠᠷᠢᠮᠵᠢᠶ᠎ᠠ ᠪᠣᠯᠣᠨ ᠡᠳᠦᠷ ᠲᠤᠳᠤᠮ ᠤᠨ ᠳᠠᠳᠬᠠᠯ ᠪᠣᠯᠭᠠᠨ᠎ᠠ᠃ ᠡᠭᠦᠨ ᠤ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠵᠤ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠪᠦᠭᠦ ᠶᠠᠪᠤᠴᠠ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠶᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠠᠵᠢᠯ ᠪᠠ ᠠᠵᠢᠯ ᠤᠨ ᠬᠢᠷᠢ ᠪᠦᠲᠦᠮᠵᠢ ᠶᠢ ᠬᠢᠨᠠᠨ ᠰᠢᠯᠭᠠᠬᠤ ᠠᠵᠢᠯ ᠳᠤ ᠣᠷᠣᠭᠤᠯᠵᠤ᠂ ᠬᠠᠷᠢᠭᠤᠴᠠᠯᠭ᠎ᠠ ᠶᠢ ᠲᠠᠰᠤᠷᠠᠯᠳᠠ ᠦᠭᠡᠢ ᠪᠣᠳᠠᠲᠠᠶᠢᠵᠢᠭᠤᠯᠵᠤ᠂ ᠤᠬᠠᠮᠰᠠᠷ ᠢᠶᠠᠨ ᠴᠢᠩᠭᠠᠷᠠᠭᠤᠯᠵᠤ᠂ ᠡᠭᠦᠨ ᠤ ᠤᠯᠠᠮ ᠠᠴᠠ ᠠᠶᠠᠨᠳᠠᠭᠠᠨ ᠤ ᠪᠠᠶᠢᠳᠠᠯ ᠪᠣᠯᠭᠠᠨ᠎ᠠ᠃       ︽ᠬᠠᠮᠲᠤ ᠶᠢᠨ︾ ᠪᠠᠶᠢᠬᠤ ᠠᠵᠢᠯ ᠢ ᠰᠠᠶᠢᠲᠤᠷ ᠬᠢᠵᠦ ᠪᠣᠳᠠᠲᠠᠢ ᠠᠷᠭ᠎ᠠ ᠬᠡᠮᠵᠢᠶ᠎ᠡ ᠠᠪᠤᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ᠂ ︽ᠬᠠᠮᠲᠤ ᠶᠢᠨ︾ ᠪᠠᠶᠢᠬᠤ ᠪᠣᠯ ᠤᠷᠢᠲᠠᠯ ᠮᠥᠨ ᠪᠠᠰᠠ ᠴᠤ ᠵᠣᠷᠢᠯᠭ᠎ᠠ ᠮᠥᠨ᠃ ᠪᠢᠳᠡ ᠦᠨᠳᠦᠰᠦᠲᠡᠨ ᠨᠦᠭᠦᠳ ᠤᠨ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠶᠢᠨ ᠲᠣᠭᠤᠷᠢᠨ ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠡᠮᠬᠢᠯᠡᠨ ᠢᠯᠭᠠᠷᠠᠭᠤᠯᠵᠤ᠂ ᠦᠨᠳᠦᠰᠦᠲᠡᠨ ᠨᠦᠭᠦᠳ ᠲᠤ ᠠᠷᠠᠳᠴᠢᠯᠠᠯ ᠤᠨ ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠭᠦᠢᠴᠡᠳ ᠡᠳ᠋ᠯᠡᠭᠦᠯᠭᠦ ᠶᠢ ᠦᠨᠡᠨ ᠬᠦ ᠪᠠᠲᠤᠯᠠᠪᠠ᠃ ᠡᠯ᠎ᠡ ᠦᠨᠳᠦᠰᠦᠲᠡᠨ ᠤ ᠬᠠᠮᠲᠤ ᠶᠢᠨ ᠪᠦᠯᠬᠦᠮᠳᠡᠯ ᠲᠡᠮᠡᠴᠡᠯ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠰᠡᠭᠦᠯᠴᠢ ᠶᠢᠨ ᠬᠠᠭᠠᠰ ᠬᠤᠭᠤᠴᠠᠭᠠᠨ ᠳᠤ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠭᠦᠷᠲᠡᠯ᠎ᠡ ᠤᠷᠲᠤᠳᠬᠠᠵᠤ᠂ ᠬᠥᠭᠵᠢᠭᠦᠯᠦᠯᠲᠡ ᠶᠢᠨ ᠳᠠᠩᠰᠠ᠂ ᠠᠷᠠᠳ ᠲᠤ ᠠᠰᠢᠭ ᠬᠦᠷᠲᠡᠭᠡᠬᠦ ᠳᠠᠩᠰᠠ ᠶᠢ ᠪᠤᠳᠤᠬᠤ ᠪᠠ ︽ᠵᠢᠷᠭᠤᠭᠠᠨ ᠥᠭᠦᠯᠡᠪᠦᠷᠢ ᠳᠠᠬᠢ ᠪᠣᠳᠠᠲᠤ ᠶᠠᠪᠤᠳᠠᠯ ᠪᠠ ᠶᠣᠰᠣ ᠤᠴᠢᠷ︾ ︵ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶ᠎ᠠ ᠶᠢᠨ ᠳᠡᠮᠵᠢᠯᠭᠡ ᠳᠣᠣᠷ᠎ᠠ ᠬᠥᠭᠵᠢᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠤᠢ︶᠎ ᠢ ᠶᠡᠭᠡ ᠬᠦᠴᠦᠨ ᠢᠶᠠᠷ ᠤᠬᠠᠭᠤᠯᠤᠨ ᠲᠠᠶᠢᠯᠪᠤᠷᠢᠯᠠᠵᠤ᠂ ᠥᠷᠭᠡᠨ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠳᠠᠭᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ︽ᠬᠤᠶᠠᠷ ᠶᠡᠭᠡ ᠶᠠᠪᠤᠳᠠᠯ︾ ᠎ ᠢ ᠰᠠᠶᠢᠲᠤᠷ ᠭᠢᠯᠭᠡᠵᠦ᠂ ᠪᠦᠯᠬᠦᠮᠳᠡᠨ ᠲᠡᠮᠡᠴᠡᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠤᠨ᠎ᠠ᠃ ᠦᠨᠳᠦᠰᠦᠲᠡᠨ ᠨᠦᠭᠦᠳ ᠤᠨ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢ ᠠᠬᠢᠭᠤᠯᠬᠤ ᠪᠠᠷ ᠭᠤᠣᠯ ᠪᠤᠯᠭᠠᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠦᠨᠡᠯᠡᠨ ᠵᠢᠱᠢᠬᠦ ᠪᠠ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠠᠷᠠᠴᠢᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠵᠡᠷᠭᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠲᠠᠷᠢᠵᠦ ᠲᠡᠵᠢᠭᠡᠬᠦ ᠣᠷᠣᠯᠭ᠎ᠠ ᠶᠢᠨ ︽ᠬᠠᠮᠤᠭ ᠥᠨᠳᠥᠷ ᠲᠦᠪᠰᠢᠨ︾ ᠎ ᠢ ᠬᠦᠴᠦᠯᠡᠨ ᠡᠪᠳᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠯᠭ᠎ᠠ ᠶᠢ ᠬᠠᠮᠲᠤ ᠪᠠᠷ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ︽ᠬᠠᠮᠲᠤ ᠶᠢᠨ︾ ᠠᠵᠢᠯ ᠢ ᠬᠡᠳᠦᠢ ᠪᠣᠳᠠᠲᠠᠢ ᠬᠢᠬᠦ ᠲᠤᠳᠤᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠡᠳᠦᠢ ᠪᠠᠲᠤᠳᠬᠠᠬᠳᠠᠬᠤ ᠶᠤᠮ᠃ ᠪᠢᠳᠡ ᠴᠢᠨᠠᠭᠰᠢᠳᠠ ᠨᠥᠬᠦᠴᠡᠯ ᠪᠦᠷᠢᠯᠳᠦᠭᠦᠯᠵᠦ ᠪᠠᠶᠢᠭᠠᠳ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠥᠷᠭᠡᠨ ᠳᠡᠯᠭᠡᠷᠡᠩᠭᠦᠢ ᠪᠠᠷ ᠬᠠᠮᠲᠤ ᠰᠠᠭᠤᠵᠤ ᠬᠠᠮᠲᠤ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠵᠤ᠂ ᠤᠯᠠᠨ ᠢᠶᠠᠷ ᠢᠶᠠᠨ ᠶᠠᠪᠤᠳᠠᠯ ᠤᠴᠢᠷ ᠪᠠᠶᠢᠪᠠᠯ ᠬᠠᠮᠲᠤ ᠪᠠᠷ ᠬᠢᠵᠦ᠂ ᠬᠦᠴᠢᠷᠳᠡᠯ ᠪᠠᠶᠢᠪᠠᠯ ᠬᠠᠮᠲᠤ ᠪᠠᠷ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃      ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠪᠢᠳᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠬᠤᠪᠢᠰᠬᠠᠯᠲᠤ ᠰᠣᠶᠣᠯ ᠪᠠ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠣᠯ ᠤᠨ ᠰᠣᠶᠣᠯ᠂ ᠤᠷᠲᠤ ᠴᠠᠭᠠᠨ ᠬᠡᠷᠡᠮ ᠤᠨ ᠰᠣᠶᠣᠯ ᠵᠡᠷᠭᠡ ᠰᠣᠶᠣᠯ ᠤᠨ ᠭᠡᠯᠪᠡᠷᠢ ᠶᠢ ᠰᠢᠰᠲ᠋ᠧᠮ ᠲᠠᠢ ᠨᠡᠶᠢᠳᠬᠡᠵᠦ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠦᠢᠯᠡᠳᠦᠯᠭᠡ ᠶᠢᠨ ᠳᠤᠮᠳᠠ ᠠᠴᠠ ᠣᠶᠣᠨ ᠰᠠᠨᠠᠭᠠᠨ ᠤ ᠰᠢᠮ᠎ᠡ ᠲᠡᠵᠢᠭᠡᠯ ᠰᠢᠩᠭᠡᠬᠡᠨ ᠠᠪᠴᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠤᠯᠭᠠᠬᠰᠠᠨ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠬᠦᠴᠦᠯᠡᠨ ᠴᠣᠭᠴᠠᠯᠠᠨ᠎ᠠ᠃ ᠰᠤᠳᠤᠯᠤᠨ ᠲᠠᠶᠢᠯᠪᠤᠷᠢᠯᠠᠬᠤ ᠲᠠᠯ᠎ᠠ ᠪᠠᠷ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠢ ᠪᠠᠶᠢᠭᠤᠯᠵᠤ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠲᠠᠢ ᠬᠠᠮᠲᠤᠷᠠᠨ ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠢ ᠡᠷᠭᠢᠯᠡᠵᠦ᠂ ᠲᠤᠰᠬᠠᠢ ᠮᠡᠷᠭᠡᠵᠢᠯᠲᠡᠨ ᠡᠷᠳᠡᠮᠲᠡᠳ ᠢ ᠤᠷᠢᠵᠤ ᠲᠤᠰᠬᠠᠢ ᠰᠡᠳᠦᠪ ᠲᠤ ᠣᠷᠣᠯᠴᠠᠭᠤᠯᠬᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠬᠦ ᠵᠡᠷᠭᠡ ᠭᠡᠯᠪᠡᠷᠢ ᠪᠠᠷ ᠳᠠᠮᠵᠢᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠪᠠ ᠣᠶᠤᠨ ᠰᠠᠨᠠᠭᠠᠨ ᠤ ᠣᠨᠴᠠᠯᠢᠭ ᠰᠢᠨᠵᠢ ᠶᠢ ᠭᠦᠨᠵᠡᠭᠡᠢ ᠰᠤᠳᠤᠯᠤᠨ ᠠᠭᠤᠳᠠᠯᠤᠨ᠎ᠠ᠃ ᠤᠬᠠᠭᠤᠯᠤᠨ ᠳᠡᠯᠭᠡᠷᠡᠭᠦᠯᠬᠦ ᠲᠠᠯ᠎ᠠ ᠪᠠᠷ᠂ ᠰᠢᠷᠢᠰ ᠣᠯᠠᠨ ᠬᠠᠷᠠᠭᠠᠰᠤ ᠠᠴᠠ ᠤᠮᠠᠷᠠᠲᠤ ᠬᠢᠯᠢ ᠶᠢᠨ ᠰᠣᠶᠣᠯ ᠢ ᠳᠡᠯᠭᠡᠨ ᠦᠵᠡᠭᠦᠯᠦᠭᠰᠡᠨ ᠰᠣᠨᠢᠨ ᠮᠡᠳᠡᠭᠡ᠂ ᠰᠢᠭᠦᠮᠵᠢ ᠪᠠ ᠰᠢᠨ᠎ᠡ ᠵᠠᠭᠤᠴᠢᠯᠠᠭᠤᠷ ᠤᠨ ᠦᠢᠯᠡᠳᠬᠦᠨ ᠢ ᠭᠠᠷᠭᠠᠵᠤ᠂ ᠤᠮᠠᠷᠠᠲᠤ ᠬᠢᠯᠢ ᠶᠢᠨ ᠰᠣᠶᠣᠯ ᠤᠨ ᠵᠣᠬᠢᠶᠠᠨ ᠪᠦᠲᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠠᠷᠠᠯᠵᠢᠶᠠᠨ ᠤ ᠴᠤᠭᠯᠠᠭᠠᠨ ᠢ ᠡᠷᠭᠢᠯᠡᠨ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠪᠠᠷ ᠭᠤᠣᠯ ᠰᠡᠳᠦᠪ ᠪᠤᠯᠭᠠᠬᠰᠠᠨ ᠣᠯᠠᠨ ᠲᠦᠮᠡᠨᠴᠢ ᠰᠣᠶᠣᠯ ᠲᠠᠮᠢᠷ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠨᠢᠭᠡᠳᠬᠡᠨ᠂ ᠣᠶᠤᠨ ᠰᠠᠨᠠᠭ᠎ᠠ ᠶᠢ ᠬᠠᠷᠢᠯᠴᠠᠨ ᠲᠦᠰᠢᠯᠴᠡᠬᠦ ᠶᠢ ᠠᠬᠢᠭᠤᠯᠤᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠰᠤᠳᠤᠯᠤᠨ ᠲᠠᠶᠢᠯᠪᠤᠷᠢᠯᠠᠬᠤ᠂ ᠳᠠᠮᠵᠢᠭᠤᠯᠤᠨ ᠳᠡᠯᠭᠡᠷᠡᠭᠦᠯᠬᠦ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠲᠤᠯᠭᠠᠭᠤᠷᠢᠯᠠᠨ ᠪᠠᠲᠤᠯᠠᠬᠤ ᠲᠣᠭᠲᠠᠴᠠ ᠶᠢ ᠤᠯᠠᠮ ᠪᠦᠷᠢᠨᠰᠢᠭᠦᠯᠵᠦ᠂ ᠨᠡᠩ ᠣᠯᠠᠨ ᠳᠤᠮᠳᠠᠳᠤ ᠶᠢᠨ ᠰᠣᠶᠣᠯ ᠤᠨ ᠠᠭᠤᠯᠤᠭᠳᠠᠬᠤᠨ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠲᠠᠢ ᠲᠡᠮᠳᠡᠭ ᠪᠠ ᠳᠦᠷᠢ ᠲᠥᠷᠬᠦ ᠶᠢ ᠬᠦᠴᠦᠯᠡᠨ ᠪᠤᠶ ᠪᠤᠯᠭᠠᠬᠤ ᠶᠢᠨ ᠬᠠᠮᠲᠤ ᠲᠡᠭᠦᠨ ᠢ ᠬᠤᠲᠠ ᠶᠢᠨ ᠵᠡᠭᠡᠯᠢ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠢᠯᠢ ᠶᠢᠨ ᠪᠣᠭᠤᠮᠲᠠ᠂ ᠣᠨᠴᠠᠯᠢᠭᠲᠤ ᠲᠣᠰᠬᠤᠨ ᠪᠠᠯᠭᠠᠰᠤ ᠵᠡᠷᠭᠡ ᠶᠢᠨ ᠪᠦᠲᠦᠭᠡᠨ ᠪᠠᠶᠢᠭᠤᠯᠤᠯᠲᠠ ᠳᠤ ᠭᠦᠢᠴᠡᠳ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠭᠦᠭ ᠠᠶᠠᠰ᠂ ᠦᠨᠳᠦᠰᠦᠲᠡᠨ ᠤ ᠠᠭᠤᠰᠤᠯᠴᠠᠯ᠂ ᠬᠥᠮᠥᠨ ᠨᠡᠶᠢᠭᠡᠮ ᠤᠨ ᠭᠤᠸ᠎ᠠ ᠰᠠᠶᠢᠬᠠᠨ ᠢ ᠨᠡᠩ ᠰᠠᠶᠢᠲᠤᠷ ᠬᠠᠷᠠᠭᠤᠯᠤᠨ᠎ᠠ᠃ ᠡᠭᠦᠨ ᠤ ᠬᠠᠮᠲᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠪᠣᠯ ᠤᠷᠳᠤ ᠬᠤᠭᠤᠴᠠᠭᠠᠨ ᠤ ᠡᠭᠦᠷᠭᠡ᠂ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠳᠦᠷᠢᠮ ᠤᠨ ᠠᠯᠤᠰ ᠭᠡᠳᠤ ᠶᠢ ᠬᠠᠮᠢᠶᠠᠷᠬᠤ᠂ ᠦᠨᠳᠦᠰᠦ ᠶᠢ ᠪᠠᠬᠢᠵᠢᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠶᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠤᠯᠭᠠᠵᠤ᠂ ᠴᠢᠬᠤᠯᠠ ᠶᠡᠭᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠵᠤ᠂ ᠪᠤᠶ ᠪᠦᠬᠦᠢ ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾᠎ ᠤᠨ ᠬᠢᠨᠠᠨ ᠬᠠᠷᠭᠤᠭᠤᠯᠬᠤ᠂ ᠦᠨᠡᠯᠡᠨ ᠵᠢᠱᠢᠬᠦ᠂ ᠢᠯᠭᠠᠷᠠᠭᠤᠯᠤᠨ ᠳᠢᠭᠯᠡᠭᠦ ᠲᠣᠭᠲᠠᠴᠠ ᠶᠢ ᠪᠠᠶᠢᠭᠤᠯᠵᠤ᠂ ᠴᠢᠬᠤᠯᠠ ᠶᠡᠭᠡ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠎ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠬᠢᠨᠠᠨ ᠬᠠᠷᠭᠤᠭᠤᠯᠬᠤ ᠲᠣᠭᠲᠠᠴᠠ ᠶᠢ ᠲᠤᠭᠤᠰᠢᠯᠠᠭᠤᠯᠵᠤ᠂ ᠡᠨᠡ ᠬᠦ ᠠᠵᠢᠯ ᠢ ᠬᠡᠵᠢᠶ᠎ᠡ᠂ ᠬᠡᠨ ᠬᠢᠭᠰᠡᠨ ᠴᠦ ᠴᠥᠮ ᠵᠢᠷᠤᠮᠯᠠᠬᠤ ᠶᠣᠰᠣ ᠳᠦᠷᠢᠮ ᠲᠠᠢ᠂ ᠪᠠᠶᠢᠩᠭᠤ ᠪᠥᠭᠡᠳ ᠣᠷᠳᠣ ᠬᠤᠭᠤᠴᠠᠭ᠎ᠠ ᠪᠠᠷ ᠠᠳᠬᠤᠵᠤ ᠳᠡᠶᠢᠯᠭᠦ ᠶᠢ ᠪᠠᠲᠤᠯᠠᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠡᠯ᠎ᠡ ᠲᠥᠷᠥᠯ ᠤᠨ ᠲᠥᠯᠦᠪᠵᠢᠭᠦᠯᠭᠡ ᠪᠣᠯᠣᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠶᠢ ᠬᠢᠨᠠᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠬᠤ ᠭᠤᠣᠯᠳᠠᠯᠭ᠎ᠠ ᠲᠠᠢ ᠡᠭᠦᠷᠭᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠶᠢᠨ ᠬᠠᠮᠲᠤ ᠦᠢᠯᠡᠳᠦᠯᠭᠡ ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠵᠡᠷᠭᠡ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠡᠨᠡ ᠬᠦ ᠭᠤᠣᠯ ᠱᠤᠭᠤᠮ ᠢ ᠦᠨᠡᠨ ᠪᠣᠳᠠᠲᠠᠢ ᠥᠷᠥ ᠵᠢᠷᠦᠬᠡᠨ ᠠᠴᠠ ᠪᠠᠨ ᠦᠷ᠎ᠡ ᠪᠦᠲᠦᠮᠵᠢᠲᠡᠶ ᠪᠠᠷ ᠤᠮᠠᠷᠠᠲᠤ ᠬᠢᠯᠢ ᠶᠢᠨ ᠡᠬᠡ ᠭᠠᠵᠠᠷ ᠲᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号