ᠣᠯᠠᠨ ᠨᠡᠶᠢᠲᠡ ᠶᠢᠨ ᠦᠢᠯᠡᠴᠢᠯᠡᠭᠡᠨ ᠤ ︽ᠲᠠᠰ ᠳᠡᠪᠰᠢᠭᠰᠡᠨ ᠬᠡᠪ︾᠎ ᠢ ᠪᠤᠢ ᠪᠤᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2024/5/10
                      - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ       ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ           • ᠶᠤᠸᠠᠨ ᠪᠤᠤ ᠨᠢᠶᠠᠨ      ᠣᠯᠠᠨ ᠨᠡᠶᠢᠲᠡ ᠶᠢᠨ ᠦᠢᠯᠡᠴᠢᠯᠡᠭᠡ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠢ ᠬᠤᠯᠪᠣᠵᠤ ᠪᠠᠶᠢᠳᠠᠭ᠃ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠬᠢᠴᠠ ᠳᠤ᠂ ᠪᠢᠳᠡ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠪᠢᠳᠡ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠤᠨ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠎ ᠢ ᠦᠨᠡᠨ ᠬᠦ ᠳᠡᠭᠡᠭᠰᠢᠯᠡᠭᠦᠯᠦᠨ᠂ ᠠᠷᠠᠳ ᠣᠯᠠᠨ ᠳᠤ ᠨᠠᠩ ᠣᠯᠠᠨ ᠨᠠᠩ ᠰᠠᠶᠢᠨ ᠨᠠᠩ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ᠃      ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠭᠦ ᠨᠢ ᠠᠵᠤ ᠠᠬᠤᠢ ᠨᠡᠶᠢᠭᠡᠮ ᠎ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ᠂ ᠰᠢᠨ᠎ᠡ ᠶᠢ ᠡᠭᠦᠳᠬᠦ ᠲᠤᠯᠭᠠᠭᠤᠷᠢᠯᠠᠯ ᠬᠠᠩᠭᠠᠬᠤ ᠪᠠᠷ ᠪᠠᠷᠠᠬᠤ ᠦᠭᠡᠢ ᠪᠠᠰᠠ ᠴᠤ ᠠᠷᠠᠳ ᠣᠯᠠᠨ ᠤ ᠬᠦᠰᠡᠨ ᠪᠠᠷᠠᠯᠠᠵᠤ ᠪᠠᠶᠢᠭ᠎ᠠ ᠵᠦᠢᠯ ᠪᠣᠯᠣᠨ᠎ᠠ᠃ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠤᠭ᠎ᠠ ᠪᠠᠶᠢᠭᠤᠯᠬᠤ ᠶᠢ ᠳᠡᠮᠵᠢᠵᠦ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠠᠪᠰᠤᠷᠤᠯᠴᠠᠭ᠎ᠠ ᠪᠠᠶᠢᠭᠤᠯᠤᠨ᠂ ᠥᠪᠥᠷ ᠮᠣᠩᠭᠤᠯ ᠤᠨ ᠣᠷᠣᠨ ᠨᠤᠲᠤᠭ ᠎ ᠤᠨ ᠶᠡᠭᠡ ᠳᠡᠭᠡᠳᠦ ᠰᠤᠷᠭᠠᠭᠤᠯᠢ ᠶᠢ ᠬᠠᠪᠰᠤᠷᠤᠨ ᠲᠡᠳᠬᠦᠬᠦ ᠶᠢ ᠠᠬᠢᠭᠤᠯᠬᠤ ᠬᠡᠷᠡᠭᠲᠡᠢ᠃      ᠥᠪᠥᠷ ᠮᠣᠩᠭᠤᠯ ᠤᠨ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠠᠰᠫᠢᠷᠠᠨᠲ ᠬᠥᠮᠥᠵᠢᠭᠦᠯᠬᠦ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠬᠠᠮᠢᠶ᠎ᠠ ᠪᠦᠬᠦᠢ ᠬᠢᠴᠢᠶᠡᠯ ᠲᠦᠷᠦᠯ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠣᠰ ᠲᠡᠷᠢᠭᠦᠨ︾᠎ ᠤ ᠪᠠᠶᠢᠭᠤᠯᠤᠯᠲᠠ ᠶᠢ ᠴᠢᠩᠭᠠᠳᠬᠠᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠪᠣᠯᠣᠨ ᠵᠢᠩᠬᠢᠨᠢ ᠠᠩᠭᠢ ᠶᠢᠨ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠎ ᠶᠢ ᠪᠠᠶᠢᠭᠤᠯᠤᠨ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠯ᠎ᠡ ᠲᠥᠷᠥᠯ ᠤᠨ ᠥᠨᠳᠥᠷ ᠬᠡᠪ ᠪᠣᠯᠪᠠᠰᠤᠷᠠᠯ ᠪᠦᠬᠦᠢ ᠴᠢᠳᠠᠪᠤᠷᠢᠲᠠᠨ ᠢ ᠬᠦᠷᠭᠡᠬᠦ ᠬᠡᠷᠡᠭᠲᠡᠢ᠃ ᠴᠢᠨᠠᠷ ᠰᠠᠶᠢᠲᠠᠢ ᠥᠨᠳᠥᠷ ᠪᠦᠲᠦᠮᠵᠢᠲᠡᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡᠯ ᠰᠠᠶ᠋ᠢ ᠠᠷᠠᠳ ᠣᠯᠠᠨ ᠤ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ ᠴᠢᠳᠠᠨ᠎ᠠ᠃ ᠲᠥᠯᠦᠪᠵᠢᠭᠦᠯᠭᠡ ᠶᠣᠰᠣᠭᠠᠷ ᠤᠯᠤᠰ ᠎ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠤᠯᠤᠰ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠎ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠎ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠪᠠ ᠴᠢᠳᠠᠪᠤᠷᠢ ᠶᠢ ᠥᠷᠭᠡᠳᠬᠡᠨ ᠳᠡᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠷᠠᠳ ᠤᠯᠠᠨ ᠎ ᠤ ᠴᠢᠨᠠᠷ ᠰᠠᠶᠢᠲᠠᠢ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠵᠣᠬᠢᠴᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ᠂ ᠳᠥᠭᠦᠮ ᠳᠥᠲᠡ ᠪᠠᠶᠢᠬᠤ ᠶᠢ ᠶᠡᠭᠡ ᠪᠠᠷ ᠠᠬᠢᠭᠤᠯᠪᠠᠯ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠣᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号