ᠬᠤᠪᠢ ᠲᠠᠭᠢᠨ ᠴᠢᠷᠮᠠᠶᠢᠵᠤ ᠴᠢᠩᠭ᠎ᠠ ᠠᠳᠬᠤᠵᠤ ᠱᠠᠯᠠᠪᠳᠠᠨ ᠬᠥᠳᠡᠯᠦᠯᠴᠡᠰᠦᠭᠡᠢ
ᠨᠡᠶᠢᠲᠡᠯᠡᠭᠰᠡᠨ ᠴᠠᠭ᠄
2024/5/10
                      - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠬᠤᠶᠠᠷᠳᠠ ᠥᠭᠦᠯᠡᠬᠦ ᠨᠢ            ᠠᠯᠤᠰ ᠢᠷᠡᠭᠡᠳᠦᠢ ᠶᠢ ᠵᠢᠷᠤᠭᠯᠠᠵᠤ᠂ ᠰᠠᠯᠬᠢ ᠳᠠᠪᠠᠯᠭᠠᠨ ᠢ ᠵᠦᠰᠦᠨ ᠤᠷᠤᠬᠰᠢᠯᠠᠨᠠᠮ᠂ ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ᠂ ᠨᠡᠩ ᠴᠤ ᠬᠤᠷᠳᠤᠨ ᠮᠣᠷᠢᠨ ᠳᠤ ᠲᠠᠰᠢᠭᠤᠷ ᠲᠠᠯᠪᠢᠬᠤ ᠴᠢᠬᠤᠯᠠᠲᠠᠢ ᠪᠣᠯᠣᠯ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ ᠥᠪᠥᠷ ᠮᠣᠩᠭᠤᠯ ᠤᠨ ᠰᠢᠨ᠎ᠡ ᠨᠢᠭᠡ ᠵᠢᠯ ᠤᠨ ᠬᠥᠭᠵᠢᠯᠲᠡ ᠳᠤ ᠡᠭᠦᠷᠭᠡ ᠶᠢᠨ ᠪᠢᠴᠢᠭ ᠢ ᠲᠣᠳᠣᠷᠬᠠᠶᠢᠯᠠᠵᠤ᠂ ᠪᠠᠷᠢᠯᠭ᠎ᠠ ᠶᠢᠨ ᠵᠢᠷᠤᠭ ᠢ ᠵᠢᠷᠤᠭᠯᠠᠵᠤ᠂ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠳᠠᠷᠤᠶᠢᠬᠠᠨ ᠬᠥᠳᠡᠯᠦᠯᠴᠡᠵᠦ᠂ ᠥᠭᠡᠳᠡᠯᠡᠨ ᠲᠠᠪᠰᠢᠵᠤ ᠦᠢᠯᠡᠰ ᠪᠦᠲᠦᠭᠡᠵᠦ ᠬᠥᠭᠵᠢᠯᠲᠡ ᠶᠢ ᠡᠷᠢᠯᠬᠢᠯᠡᠵᠦ᠂ ᠴᠢᠩᠭ᠎ᠠ ᠠᠳᠬᠤᠵᠤ ᠱᠠᠯᠠᠪᠳᠠᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠯᠲᠠ ᠲᠠᠢ ᠪᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠥᠩᠭᠡᠷᠡᠭᠰᠡᠨ ᠨᠢᠭᠡ ᠵᠢᠯ ᠳᠤ᠂ ᠪᠦᠭᠦ ᠣᠷᠣᠨ ᠤ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠵᠤ᠂ ᠡᠯ᠎ᠡ ᠠᠶᠢᠮᠠᠭ ᠬᠤᠲᠠ ᠶᠢᠨ ᠬᠢᠨ ᠠᠳᠠᠯᠢᠳᠬᠠᠨ ᠰᠤᠷᠴᠤ ᠨᠡᠬᠡᠨ ᠳᠠᠪᠠᠵᠤ᠂ ᠬᠠᠷᠢᠯᠴᠠᠨ ᠥᠷᠢᠰᠦᠯᠳᠦᠨ ᠬᠥᠭᠵᠢᠵᠦ᠂ ᠥᠷᠭᠡᠨ ᠣᠯᠠᠨ ᠺᠠᠳ᠋ᠷ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠪᠥᠷ ᠮᠣᠩᠭᠤᠯ ᠤᠨ ᠬᠥᠭᠵᠢᠯᠲᠡ ᠶᠢᠨ ᠲᠤᠬᠠᠢ ᠢᠲᠡᠭᠡᠯ ᠵᠣᠷᠢᠭ ᠢ ᠶᠡᠭᠡ ᠪᠠᠷ ᠨᠡᠮᠡᠭᠳᠡᠭᠦᠯᠪᠡ᠃ ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ ᠪᠠᠶᠢᠵᠤ᠂ ᠠᠵᠠ ᠲᠣᠭᠢᠶᠠᠯ ᠣᠯᠳᠠᠬᠤᠶ᠎ᠠ ᠪᠡᠷᠬᠡ ᠪᠣᠯᠵᠠᠢ᠃ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠡᠮᠵᠢᠯᠭᠡ ᠎ ᠲᠠᠢ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠎ ᠶᠢᠨ ᠰᠠᠨᠠᠯ︾ ᠪᠣᠯᠣᠨ ᠤᠯᠤᠰ ᠤᠨ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠪᠠᠷ ᠪᠦᠷᠢᠯᠳᠦᠭᠰᠡᠨ ᠯᠤᠲᠤ ᠶᠡᠭᠡ ᠲᠦᠷᠦ ᠶᠢᠨ ᠪᠣᠳᠣᠯᠭ᠎ᠠ ᠶᠢᠨ ᠦᠢᠯᠡᠳᠦᠯ ᠲᠠᠢ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠢᠯᠡᠷᠡᠭᠦᠯᠦᠭᠰᠡᠨ ᠬᠦᠴᠦᠷᠬᠡᠭ ᠶᠡᠭᠡ ᠬᠥᠭᠵᠢᠯᠲᠡ ᠶᠢᠨ ᠰᠦᠷ ᠬᠦᠴᠦᠨ ᠲᠠᠢ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢᠨ ᠤᠷᠮᠠᠰᠢᠭᠤᠯᠤᠭᠰᠠᠨ ᠠᠯᠤᠰ ᠭᠡᠳᠦ ᠶᠢᠨ ᠲᠡᠮᠡᠴᠡᠯ ᠤᠨ ᠵᠣᠷᠢᠯᠲᠠ ᠲᠠᠢ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠤᠷᠠᠮᠳᠤᠭᠤᠯᠤᠭᠰᠠᠨ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠲᠠᠢ ᠁ ᠠᠯᠢ ᠤᠯᠠᠨ ᠠᠰᠢᠭᠲᠠᠢ ᠵᠦᠢᠯ ᠳᠠᠪᠬᠤᠴᠠᠨ ᠴᠤᠭᠯᠠᠷᠠᠵᠤ᠂ ᠥᠪᠥᠷ ᠮᠣᠩᠭᠤᠯ ᠲᠡᠦᠬᠡᠲᠦ ᠴᠢᠨᠠᠷᠲᠠᠢ ᠭᠡᠯᠪᠡᠷᠢ ᠪᠠᠨ ᠬᠤᠪᠢᠷᠠᠭᠤᠯᠵᠤ ᠳᠠᠪᠠᠯᠲᠠ ᠬᠢᠬᠦ ᠴᠣᠩᠬᠤᠪᠴᠢ ᠶᠢᠨ ᠬᠤᠭᠤᠴᠠᠭ᠎ᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠪᠠ᠃      ᠳᠠᠪᠰᠢᠬᠰᠠᠨ ᠳᠡᠭᠡᠷ᠎ᠡ ᠳᠠᠪᠰᠢᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠬᠡᠷᠡᠭᠲᠡᠢ᠃ ᠪᠦᠭᠦ ᠤᠯᠤᠰ ᠤᠨ ᠡᠯ᠎ᠡ ᠭᠠᠵᠠᠷ ᠲᠤ ᠵᠠᠭᠤᠨ ᠣᠩᠭᠤᠴᠠ ᠥᠷᠢᠰᠦᠯᠳᠦᠨ ᠤᠷᠤᠭᠰᠢᠯᠠᠵᠤ᠂ ᠮᠢᠩᠭᠠᠨ ᠳᠠᠷᠪᠠᠭᠤᠯ ᠮᠥᠷᠥᠶᠢᠴᠡᠨ ᠠᠶᠠᠯᠠᠵᠤ ᠪᠠᠶᠢᠭ᠎ᠠ ᠥᠷᠢᠰᠦᠯᠳᠦᠭᠡᠨ ᠤ ᠪᠠᠶᠢᠳᠠᠯ ᠤᠨ ᠡᠮᠦᠨ᠎ᠡ᠂ ᠥᠪᠥᠷ ᠮᠣᠩᠭᠤᠯ ᠤᠨ ᠬᠥᠭᠵᠢᠯᠲᠡ ᠶᠢᠨ ᠭᠠᠯᠲᠤ ᠲᠡᠷᠭᠡ ᠬᠤᠷᠳᠤᠴᠠ ᠪᠠᠨ ᠲᠦᠷᠭᠡᠳᠬᠡᠨ ᠠᠶᠠᠯᠠᠬᠤ ᠨᠢ ᠮᠠᠰᠢ ᠭᠢᠯᠪᠠᠷ ᠪᠤᠰᠤ ᠶᠤᠮ᠂ ᠤᠳᠤ ᠶᠠᠭᠠᠬᠢᠭᠰᠠᠨ ᠴᠤ ᠬᠤᠷᠳᠤᠴᠠ ᠪᠠᠨ ᠤᠳᠠᠭᠠᠰᠢᠷᠠᠭᠤᠯᠵᠤ ᠪᠤᠯᠬᠤ ᠦᠭᠡᠢ᠃ ᠣᠷᠣᠨ ᠳᠠᠶᠠᠭᠠᠷ ᠢᠶᠠᠨ ᠡᠷᠬᠡᠪᠰᠢ ᠬᠤᠪᠢ ᠲᠠᠭᠢᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠬᠠᠮᠤᠭ ᠤᠨ ᠶᠡᠭᠡ ᠤᠯᠤᠰ ᠲᠦᠷᠦ ᠪᠠᠨ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠠᠷ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠰᠢᠪᠲᠤᠯᠵᠤ᠂ ᠲᠣᠭᠲᠠᠭᠤᠨ ᠪᠠᠶᠢᠯᠭᠠᠬᠤ ᠶᠣᠰᠣᠲᠠᠢ ᠶᠢ ᠨᠢ ᠲᠣᠭᠲᠠᠭᠤᠨ ᠪᠠᠶᠢᠯᠭᠠᠵᠤ᠂ ᠠᠬᠢᠭᠤᠯᠬᠤ ᠶᠣᠰᠣᠲᠠᠢ ᠶᠢ ᠨᠢ ᠲᠦᠷᠭᠡᠨ ᠠᠬᠢᠭᠤᠯᠬᠤ᠂ ᠪᠠᠶᠢᠭᠤᠯᠬᠤ ᠶᠣᠰᠣᠲᠠᠢ ᠶᠢ ᠨᠢ ᠳᠠᠷᠤᠶᠢᠬᠠᠨ ᠪᠠᠶᠢᠭᠤᠯᠵᠤ᠂ ᠡᠪᠳᠡᠬᠦ ᠴᠢᠬᠤᠯᠠᠲᠠᠢ ᠶᠢ ᠨᠢ ᠡᠪᠳᠡᠵᠦ᠂ ᠳᠤᠮᠳᠠ ᠲᠦᠪᠰᠢᠨ ᠳᠤ ᠣᠷᠣᠬᠤ ᠤᠷᠢᠳᠴᠢᠯᠠᠭᠰᠠᠨ ᠬᠡᠮᠵᠢᠶ᠎ᠡ ᠶᠢ ᠵᠠᠪᠳᠤᠨ ᠭᠠᠷᠭᠠᠵᠤ᠂ ᠲᠡᠰ ᠳᠡᠪᠰᠢᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃      ᠠᠵᠤ ᠠᠬᠤᠢ ᠨᠡᠶᠢᠭᠡᠮ ᠤᠨ ᠬᠥᠭᠵᠢᠯᠲᠡ ᠮᠢᠩᠭ᠎ᠠ ᠲᠦᠮᠡᠨ ᠵᠦᠢᠯ ᠪᠠᠶᠢᠵᠤ᠂ ᠭᠤᠣᠯᠳᠠᠯᠭ᠎ᠠ ᠶᠢ ᠡᠵᠡᠮᠰᠢᠨ ᠵᠠᠩᠭᠢᠯᠠᠭ᠎ᠠ ᠶᠢ ᠠᠳᠬᠤᠪᠠᠯ ᠰᠠᠶ᠋ᠢ ᠠᠰᠢᠭᠲᠠᠢ ᠰᠢᠲᠠᠷ᠎ᠠ ᠲᠠᠯᠪᠢᠵᠤ᠂ ᠰᠠᠨᠠᠭᠠᠴᠢᠯᠠᠭᠠᠲᠤ ᠡᠷᠬᠡ ᠶᠢ ᠣᠯᠵᠤ ᠴᠢᠳᠠᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ 2024 ᠣᠨ ᠳᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠳᠬᠤᠵᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠨᠠᠷᠢᠨ ᠨᠢᠮᠪᠠᠢ ᠪᠠᠶᠢᠭᠤᠯᠵᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ︽ᠤᠯᠤᠰ ᠤᠨ ᠶᠡᠭᠡ ᠶᠠᠪᠤᠳᠠᠯ︾᠎ ᠤᠨ ᠥᠨᠳᠥᠷᠴᠡ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠴᠢᠬᠤᠯᠠ ᠶᠠᠪᠤᠳᠠᠯ ᠢ ᠪᠣᠳᠠᠲᠠᠢ ᠰᠠᠶᠢᠲᠤᠷ ᠬᠢᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠎ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ᠰᠠᠶᠢᠨ ︽ᠬᠠᠮᠠᠭᠠᠯᠠᠯᠲᠠ ᠶᠢᠨ ᠭᠤᠣᠯ︾ ᠪᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ ᠠᠵᠢᠯ ᠨᠢᠭᠡ ᠪᠦᠷᠢ ᠨᠢ ᠴᠥᠮ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠯᠤᠭ᠎ᠠ ᠨᠢᠭᠲᠠ ᠬᠤᠯᠪᠣᠯᠳᠤᠵᠤ ᠪᠠᠶᠢᠳᠠᠭ᠃ ᠣᠳᠣᠬᠠᠨ ᠤ ᠲᠤᠯᠭᠠᠮ ᠡᠭᠦᠷᠭᠡ ᠪᠣᠯ ᠭᠤᠣᠯᠳᠠᠯᠭ᠎ᠠ ᠶᠢᠨ ᠲᠣᠭᠤᠷᠢᠨ ᠳᠤ᠂ ᠥᠷᠯᠥᠭᠡ ᠦᠳᠡᠰᠢ ᠶᠢ ᠲᠡᠮᠡᠴᠡᠬᠦ᠂ ᠴᠠᠭ ᠪᠢᠳᠡᠨ ᠢ ᠬᠦᠯᠢᠶᠡᠬᠦ ᠦᠭᠡᠢ ᠭᠡᠬᠦ ᠲᠡᠮᠡᠴᠡᠯ ᠤᠨ ᠣᠪᠣᠷ ᠪᠠᠶᠢᠳᠠᠯ ᠪᠠ ᠠᠵᠢᠯ ᠤᠨ ᠰᠤᠷᠲᠠᠯ ᠢᠶᠠᠷ᠂ ᠴᠠᠭ ᠮᠥᠴᠡ ᠶᠢ ᠠᠮᠵᠢᠨ᠂ ᠠᠵᠠ ᠲᠣᠭᠢᠶᠠᠯ ᠢ ᠠᠮᠵᠢᠵᠤ᠂ ᠵᠣᠷᠢᠭᠲᠠᠢ ᠬᠢᠵᠦ ᠵᠣᠷᠢᠭᠲᠠᠢ ᠠᠵᠢᠯᠯᠠᠨ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠵᠦ᠂ ᠲᠠᠰᠤᠷᠠᠯᠲᠠ ᠦᠭᠡᠢ ᠳᠠᠪᠠᠭᠤᠯᠢᠭ ᠢ ᠣᠯᠵᠤ᠂ ᠰᠠᠨᠠᠭᠠᠴᠢᠯᠠᠭᠠᠲᠤ ᠡᠷᠬᠡ ᠶᠢ ᠣᠯᠵᠤ᠂ ᠢᠷᠡᠭᠡᠳᠦᠢ ᠶᠢ ᠲᠡᠮᠡᠴᠡᠨ ᠣᠯᠬᠤ ᠶᠠᠪᠤᠳᠠᠯ ᠪᠣᠯᠣᠨ᠎ᠠ᠃      ᠥᠪᠥᠷ ᠮᠣᠩᠭᠤᠯ ᠢ ᠨᠡᠩ ᠲᠦᠷᠭᠡᠨ ᠨᠡᠩ ᠰᠠᠶᠢᠲᠤᠷ ᠬᠥᠭᠵᠢᠭᠦᠯᠬᠦ ᠳᠤ ᠳᠥᠭᠦᠮ ᠳᠥᠲᠡ ᠠᠷᠭ᠎ᠠ ᠵᠠᠮ ᠪᠠᠶᠢᠬᠤ ᠦᠭᠡᠢ᠂ ᠭᠠᠭᠴᠠ ᠬᠦ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠱᠠᠯᠠᠪᠳᠠᠨ ᠠᠳᠬᠤᠵᠤ ᠲᠦᠷᠭᠡᠨ ᠬᠢᠬᠦ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ ᠳᠤ ᠴᠦ ᠲᠡᠷᠡ᠂ ᠡᠰᠡᠬᠦᠯ᠎ᠡ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠵᠦ᠂ 10 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠳᠤ ᠴᠤ ᠲᠡᠷᠡ᠂ ᠴᠥᠮ ᠭᠢᠯᠪᠠᠷᠬᠠᠨ ᠢᠶᠠᠷ ᠪᠡᠶᠡᠯᠡᠭᠦᠯᠵᠦ ᠳᠡᠶᠢᠯᠭᠦ ᠦᠭᠡᠢ ᠶᠤᠮ᠃ ᠭᠠᠭᠴᠠ ᠬᠦ ᠬᠢᠵᠦ᠂ ᠲᠦᠷᠭᠡᠯᠡᠵᠦ᠂ ︽ᠬᠢᠬᠦ︾ ᠪᠠ ︽ᠲᠦᠷᠭᠡᠯᠡᠬᠦ︾᠎ ᠶᠢ ᠴᠢᠨᠠᠷ ᠰᠠᠶᠢᠲᠠᠢ ᠬᠥᠭᠵᠢᠯᠲᠡ ᠶᠢᠨ ᠪᠦᠭᠦ ᠶᠠᠪᠤᠴᠠ ᠳᠤ ᠲᠤᠭᠤᠰᠢᠯᠠᠭᠤᠯᠵᠤ᠂ ᠠᠷᠭ᠎ᠠ ᠭᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠴᠢᠳᠠᠬᠤ ᠶᠢᠨ ᠬᠢᠷᠢ ᠎ ᠪᠠᠷ ᠢᠶᠠᠨ ᠰᠠᠶᠢᠵᠢᠷᠠᠭᠤᠯᠵᠤ᠂ ᠴᠢᠳᠠᠬᠤ ᠶᠢᠨ ᠬᠢᠷᠢ ᠪᠠᠷ ᠢᠶᠠᠨ ᠲᠦᠷᠭᠡᠯᠡᠵᠦ ᠪᠠᠶᠢᠪᠠᠯ ᠰᠠᠶ᠋ᠢ ᠰᠠᠭᠠᠳ ᠳᠠᠪᠠᠭ᠎ᠠ ᠶᠢ ᠳᠤᠭᠤᠯᠵᠤ ᠳᠠᠪᠠᠯᠲᠠ ᠶᠢ ᠠᠬᠢᠭᠤᠯᠵᠤ᠂ ᠢᠯᠠᠯᠲᠠ ᠣᠯᠬᠤ ᠪᠠᠷ ᠵᠣᠷᠢᠭᠲᠠᠢ ᠲᠡᠮᠡᠴᠡᠵᠦ ᠴᠢᠳᠠᠨ᠎ᠠ᠃ ᠥᠷᠭᠡᠨ ᠣᠯᠠᠨ ᠺᠠᠳ᠋ᠷ ᠣᠯᠠᠨ ᠲᠦᠮᠡᠨ ᠴᠢᠩᠭ᠎ᠠ ᠠᠳᠬᠤᠵᠤ ᠲᠦᠷᠭᠡᠨ ᠬᠢᠬᠦ ᠡᠷᠴᠢ ᠵᠣᠷᠢᠭ ᠢᠶᠠᠨ ᠢᠮᠠᠭᠲᠠ ᠪᠠᠲᠤᠯᠠᠵᠤ᠂ ᠲᠣᠪᠯᠠᠭᠰᠠᠨ ᠢᠶᠠᠨ ᠳᠣᠣᠷ᠎ᠠ ᠨᠢ ᠬᠢᠵᠦ᠂ ᠬᠢᠪᠡᠯ ᠲᠦᠷᠭᠡᠨ ᠬᠢᠵᠦ᠂ ᠰᠠᠶᠢᠲᠤᠷ ᠬᠢᠵᠦ᠂ ᠡᠭᠢᠯᠡᠯᠲᠡ ᠶᠢ ᠵᠠᠪᠳᠤᠵᠤ᠂ ᠬᠥᠭᠵᠢᠭᠦᠯᠬᠦ ᠪᠠᠷ ᠬᠦᠴᠦᠯᠡᠵᠦ᠂ ᠠᠵᠠ ᠲᠣᠭᠢᠶᠠᠯ ᠢ ᠠᠮᠵᠢᠵᠤ᠂ ᠡᠯ᠎ᠡ ᠵᠦᠢᠯ ᠤᠨ ᠠᠵᠢᠯ ᠢᠶᠠᠨ ᠲᠠᠰᠤᠷᠠᠯᠲᠠ ᠦᠭᠡᠢ ᠰᠠᠶᠢᠲᠤᠷ ᠬᠢᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠰᠢᠨ᠎ᠡ ᠵᠠᠮ ᠢ ᠨᠡᠭᠡᠭᠡᠵᠦ᠂ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃      ᠥᠪᠥᠷ ᠮᠣᠩᠭᠤᠯ ᠪᠣᠯ ᠲᠠ ᠪᠢᠳᠡᠨ ᠤ ᠭᠡᠷ ᠣᠷᠣᠨ ᠶᠤᠮ᠂ ᠬᠥᠭᠵᠢᠯᠲᠡ ᠨᠢ ᠤᠯᠠᠨ ᠳᠠᠶᠠᠭᠠᠷ ᠲᠤ ᠲᠦᠰᠢᠭᠯᠡᠨ᠎ᠡ᠃ ᠥᠷᠭᠡᠨ ᠠᠭᠤᠳᠠᠮ ᠰᠦᠷᠯᠢᠭ ᠦᠵᠡᠮᠵᠢᠲᠦ ᠥᠪᠥᠷ ᠮᠣᠩᠭᠤᠯ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠬᠢᠵᠠᠭᠠᠯᠠᠰᠢ ᠦᠭᠡᠢ ᠳᠠᠯᠳᠠ ᠬᠦᠴᠦᠨ ᠲᠠᠢ ᠥᠪᠥᠷ ᠮᠣᠩᠭᠤᠯ ᠢᠶᠠᠨ ᠨᠠᠩ ᠰᠠᠶᠢᠲᠤᠷ ᠬᠥᠭᠵᠢᠭᠦᠯᠬᠦ ᠪᠣᠯ 2400 ᠭᠠᠷᠤᠢ ᠲᠦᠮᠡᠨ ᠤᠮᠠᠷᠠᠲᠤ ᠶᠢᠨ ᠬᠥᠪᠡᠭᠦᠳ ᠥᠬᠢᠳ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠪᠦᠭᠦ ᠣᠷᠣᠨ ᠤ ᠡᠯ᠎ᠡ ᠱᠠᠲᠤᠨ ᠤ ᠬᠢᠨ ᠴᠠᠭ ᠢ ᠠᠮᠵᠢᠨ ᠪᠠᠶᠢᠳᠠᠯ ᠢ ᠰᠠᠶᠢᠲᠤᠷ ᠲᠣᠭᠲᠠᠭᠠᠵᠤ᠂ ᠵᠠᠮ ᠢᠶᠠᠨ ᠰᠢᠯᠤᠭᠤᠳᠬᠠᠵᠤ᠂ ᠵᠥᠪ ᠠᠷᠭ᠎ᠠ ᠬᠡᠮᠵᠢᠶ᠎ᠡ ᠳᠤᠷᠠᠳᠴᠤ᠂ ᠡᠷᠲᠡᠬᠡᠨ ᠭᠠᠷ ᠣᠷᠣᠵᠤ᠂ ᠲᠦᠷᠭᠡᠨ ᠬᠥᠳᠡᠯᠦᠯᠴᠡᠵᠦ᠂ ᠰᠢᠨ᠎ᠡ ᠨᠢᠭᠡ ᠵᠢᠯ ᠳᠤ ᠤᠷᠤᠭᠰᠢᠲᠠᠢ᠂ ᠯᠠᠪᠳᠠᠭᠤᠨ᠂ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠢ᠃ ᠥᠷᠭᠡᠨ ᠤᠯᠠᠨ ᠺᠠᠳ᠋ᠷ ᠤᠯᠠᠨ ᠲᠦᠮᠡᠨ ᠵᠣᠷᠢᠭ ᠢᠶᠠᠨ ᠴᠢᠩᠭᠠᠯᠠᠵᠤ᠂ ᠬᠦᠴᠦᠯᠡᠨ ᠴᠢᠷᠮᠠᠶᠢᠵᠤ᠂ ᠥᠷᠯᠥᠭᠡ ᠦᠳᠡᠰᠢ ᠶᠢ ᠲᠡᠮᠡᠴᠡᠨ᠂ ᠱᠠᠯᠠᠪᠳᠠᠨ ᠠᠵᠢᠯᠯᠠᠵᠤ ᠡᠪᠦᠯ ᠤᠨ ᠡᠷᠡᠮᠡᠯᠵᠡᠯ ᠢ ᠬᠠᠪᠤᠷ ᠤᠨ ᠠᠵᠢᠯᠯᠠᠭ᠎ᠠ ᠪᠣᠯᠭᠠᠳᠠᠭ ᠯᠠ ᠶᠤᠮ ᠪᠣᠯ ᠰᠠᠯᠬᠢ ᠬᠥᠯᠭᠡᠯᠡᠨ ᠤᠷᠤᠭᠰᠢᠯᠠᠵᠤ ᠪᠠᠶᠢᠭ᠎ᠠ ᠥᠪᠥᠷ ᠮᠣᠩᠭᠤᠯ ᠨᠡᠩ ᠰᠡᠳᠬᠢᠯ ᠬᠥᠳᠡᠯᠭᠡᠮ᠎ᠡ ᠪᠣᠯᠵᠤ᠂ ᠳᠠᠪᠠᠯᠭᠠᠨ ᠭᠢᠰᠬᠢᠯᠡᠨ ᠤᠷᠤᠭᠰᠢᠯᠠᠵᠤ ᠪᠠᠶᠢᠭ᠎ᠠ ᠤᠮᠠᠷᠠᠲᠤ ᠬᠢᠯᠢ ᠨᠡᠩ ᠦᠵᠡᠰᠬᠦᠯᠡᠩᠲᠦ ᠰᠠᠶᠢᠬᠠᠨ ᠪᠤᠯᠬᠤ ᠨᠢ ᠯᠠᠪᠲᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号