ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠰᠢᠨ᠎ᠡ ᠠᠮᠵᠢᠯᠲᠠ ᠶᠢ ᠳᠠᠬᠢᠨᠲᠠ ᠡᠭᠦᠳᠰᠦᠭᠡᠢ
ᠨᠡᠶᠢᠲᠡᠯᠡᠭᠰᠡᠨ ᠴᠠᠭ᠄
2024/5/10
                      - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ ᠨᠢ            ᠡᠷᠴᠢ ᠵᠣᠷᠢᠭ ᠢᠶᠠᠨ ᠬᠥᠪᠴᠢᠯᠡᠨ ᠦᠷᠭᠦᠯᠵᠢᠯᠡᠨ ᠲᠡᠮᠡᠴᠡᠵᠦ ᠳᠠᠬᠢᠨᠲᠠ ᠮᠣᠷᠳᠠᠵᠤ᠂ ᠡᠷᠡᠯᠬᠡᠭᠯᠡᠨ ᠴᠢᠷᠮᠠᠶᠢᠵᠤ ᠳᠠᠷᠪᠠᠭᠤᠯ ᠬᠡᠶᠢᠰᠬᠡᠨ ᠰᠢᠨ᠎ᠡ ᠠᠶᠠᠨ ᠢᠶᠠᠨ ᠡᠬᠢᠯᠡᠭᠦᠯᠦᠨᠡᠮ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠎ ᠠᠴᠠ ᠰᠢᠨ᠎ᠡ ᠨᠢᠭᠡ ᠵᠢᠯ ᠤᠨ ᠬᠥᠭᠵᠢᠯᠲᠡ ᠶᠢᠨ ᠵᠢᠷᠤᠭ ᠲᠥᠰᠥᠪ ᠢ ᠵᠢᠷᠤᠭᠯᠠᠪᠠ᠂ ᠪᠢᠳᠡ ᠴᠢᠷᠮᠠᠶᠢᠭᠰᠠᠨ ᠳᠡᠭᠡᠷ᠎ᠡ ᠎ ᠪᠠᠨ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠳᠠᠭᠢᠨ ᠰᠢᠨ᠎ᠡ ᠳᠡᠭᠲᠡᠷ ᠲᠤ ᠭᠠᠷᠬᠤ ᠶᠢ ᠪᠦᠭᠦ ᠬᠦᠴᠦᠨ ᠢᠶᠠᠷ ᠎ ᠢᠶᠠᠨ ᠠᠬᠢᠭᠤᠯᠬᠤ ᠬᠡᠷᠡᠭᠲᠡᠢ᠃      ᠣᠳᠣᠬᠠᠨ ᠳᠤ᠂ ᠥᠪᠥᠷ ᠮᠣᠩᠭᠤᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠬᠥᠭᠵᠢᠯᠲᠡ ᠶᠢᠨ ᠣᠷᠣᠨ ᠵᠠᠢ ᠲᠠᠰᠤᠷᠠᠯᠲᠠ ᠦᠭᠡᠢ ᠥᠷᠭᠡᠵᠢᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠴᠢᠨᠠᠭᠰᠢᠳᠠ ᠪᠠᠳᠠᠷᠠᠨ᠂ ᠲᠡᠷᠢᠭᠦᠨ ᠤ ᠬᠢ ᠪᠠᠷ ᠪᠠᠷᠢᠮᠵᠢᠶᠠᠯᠠᠬᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ᠂ ᠪᠦᠭᠦ ᠣᠷᠣᠨ ᠳᠠᠶᠠᠭᠠᠷ ᠤᠨ ᠬᠥᠭᠡᠭᠡᠵᠦ ᠭᠦᠢᠴᠡᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠬᠥᠭᠵᠢᠯᠲᠡ ᠶᠢ ᠲᠦᠷᠭᠡᠨ ᠠᠳᠬᠤᠬᠤ ᠠᠭᠤᠷ ᠠᠮᠢᠰᠬᠤᠯ ᠥᠳᠬᠡᠨ ᠵᠤᠵᠠᠭᠠᠨ ᠪᠣᠯᠵᠤ᠂ ᠶᠠᠭ ᠶᠡᠭᠡ ᠦᠢᠯᠡᠰ ᠢ ᠪᠦᠲᠦᠭᠡᠵᠦ᠂ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠤᠯᠬᠤ ᠬᠥᠭᠵᠢᠯᠲᠡ ᠶᠢᠨ ᠰᠢᠵᠢᠷ ᠠᠯᠲᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠪᠢᠳᠡ ᠵᠠᠪᠠᠯ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠠᠶᠢᠨ ᠠᠴᠠ ᠰᠠᠶᠢᠨ ᠬᠢᠵᠦ᠂ ᠲᠦᠷᠭᠡᠨ ᠠᠴᠠ ᠲᠦᠷᠭᠡᠨ ᠬᠥᠳᠡᠯᠦᠯᠴᠡᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ᠂ ᠰᠢᠨ᠎ᠡ ᠠᠮᠵᠢᠯᠲᠠ ᠶᠢ ᠡᠭᠦᠳᠦᠨ ᠪᠦᠲᠦᠭᠡᠵᠦ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠦᠭᠦ ᠤᠯᠤᠰ ᠤᠨ ᠨᠢᠭᠡᠳᠦᠭᠡᠷ ᠡᠩᠨᠡᠭᠡᠨ ᠎ ᠳᠤ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠵᠠᠭᠤᠨ ᠣᠩᠭᠤᠴᠠ ᠥᠷᠢᠰᠦᠯᠳᠦᠨ ᠠᠶᠠᠯᠠᠬᠤᠶ᠎ᠠ᠂ ᠡᠷᠡᠯᠬᠡᠭᠯᠡᠨ ᠲᠡᠮᠡᠴᠡᠭᠰᠡᠳ ᠲᠡᠷᠢᠭᠦᠯᠡᠨ᠎ᠠ᠂ ᠪᠡᠷᠬᠡ ᠳᠠᠪᠠᠭ᠎ᠠ ᠳᠠᠪᠠᠭ᠋ᠤ ᠳᠤ ᠤᠷᠤᠭᠰᠢᠯᠠᠬᠤ ᠦᠭᠡᠢ ᠪᠣᠯᠪᠠᠰᠤ ᠤᠬᠤᠷᠢᠨ᠎ᠠ᠃ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠤ ᠡᠮᠦᠨ᠎ᠡ᠂ ᠪᠢᠳᠠ ᠲᠡᠷᠡ ᠴᠡᠭ ᠢᠶᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠣᠷᠢᠭᠲᠠᠢ ᠬᠢᠵᠦ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠣᠪᠯᠠᠭᠰᠠᠨ ᠶᠠᠪᠤᠳᠠᠯ ᠢᠶᠠᠨ ᠴᠢᠩᠭ᠎ᠠ ᠠᠳᠬᠤᠵᠤ ᠲᠦᠷᠭᠡᠨ ᠬᠢᠵᠦ᠂ ᠤᠷᠤᠭᠰᠢ ᠠᠬᠢᠭᠤᠯᠵᠤ ᠳᠡᠶᠢᠯᠭᠦ ᠶᠢ ᠨᠢ ᠳᠠᠷᠤᠢ ᠲᠦᠷᠭᠡᠨ ᠡᠷᠡᠰ ᠪᠡᠶᠡᠯᠡᠭᠦᠯᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠬᠤᠳᠠᠯ ᠬᠠᠭᠤᠷᠮᠠᠭ᠂ ᠵᠠᠪᠰᠢᠨ ᠳᠠᠯᠢᠮᠳᠠᠭᠤᠯᠬᠤ᠂ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠶᠢ ᠡᠷᠡᠰ ᠲᠡᠪᠴᠢᠨ᠂ ᠠᠪᠤᠨ ᠳᠣᠣᠷ᠎ᠠ ᠪᠠᠨ ᠠᠰᠢᠭ ᠣᠯᠬᠤ ᠶᠢ ᠬᠥᠭᠡᠭᠡᠴᠡᠯᠳᠦᠬᠦ᠂ ᠠᠷᠠᠳ ᠢ ᠵᠦᠳᠡᠭᠡᠵᠦ ᠡᠳ᠋ ᠢ ᠰᠦᠢᠳᠬᠡᠬᠦ᠂ ᠬᠤᠭᠤᠰᠤᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ ᠶᠠᠪᠤᠳᠠᠯ ᠢ ᠶᠠᠭᠠᠬᠢᠭᠰᠠᠨ ᠴᠤ ᠬᠢᠵᠦ ᠪᠤᠯᠬᠤ ᠦᠭᠡᠢ᠂ ︽ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠬᠤ ᠶᠢ ᠡᠷᠡᠰ ᠲᠡᠪᠴᠢᠵᠦ᠂ ︽ᠬᠤᠶᠢᠷᠭᠤ᠂ ᠰᠠᠯᠠᠩ᠂ ᠬᠠᠱᠠᠩ︾ ᠪᠠᠶᠢᠬᠤ ᠶᠢ ᠡᠷᠡᠰ ᠠᠷᠢᠯᠭᠠᠬᠤ ᠬᠡᠷᠡᠭᠲᠡᠢ᠃ ᠮᠣᠩᠭᠤᠯ ᠮᠣᠷᠢᠨ ᠳᠤ ᠣᠨᠴᠠ ᠪᠠᠶᠢᠳᠠᠭ ᠬᠠᠲᠠᠨ ᠵᠣᠷᠢᠭ ᠬᠠᠲᠠᠭᠤ ᠵᠣᠷᠢᠭ ᠢ ᠢᠮᠠᠭᠲᠠ ᠪᠠᠲᠤᠯᠠᠨ᠂ ᠬᠠᠷᠠᠯᠲᠠ ᠪᠠᠨ ᠪᠠᠲᠤ ᠡᠵᠡᠮᠳᠡᠵᠦ᠂ ᠨᠢᠭᠡ ᠯᠡ ᠰᠡᠳᠬᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠨ ᠦᠷ᠎ᠡ ᠳ᠋ᠦᠩ ᠣᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠴᠤᠭ ᠵᠣᠷᠢᠭ ᠪᠠᠳᠠᠷᠠᠩᠭᠤᠢ ᠪᠠᠷ᠂ ᠴᠢᠷᠮᠠᠶᠢᠨ ᠲᠡᠮᠡᠴᠡᠵᠦ ᠠᠮᠵᠢᠯᠲᠠ ᠪᠦᠲᠦᠮᠵᠢ ᠭᠠᠷᠭᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠵᠣᠷᠢᠭᠲᠠᠢ ᠪᠤᠳᠤᠵᠤ ᠵᠣᠷᠢᠭᠲᠠᠢ ᠬᠢᠵᠦ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠣᠷᠣᠨ ᠨᠤᠲᠤᠭ ᠤᠨ ᠬᠥᠭᠵᠢᠯᠲᠡ ᠳᠤ ᠠᠰᠢᠭᠲᠠᠢ᠂ ᠠᠷᠠᠳ ᠤᠯᠠᠨ ᠳᠤ ᠠᠰᠢᠭᠲᠠᠢ ᠶᠠᠪᠤᠳᠠᠯ ᠯᠠ ᠶᠤᠮ ᠪᠣᠯ ᠴᠥᠮ ᠵᠣᠷᠢᠭᠲᠠᠢ ᠲᠤᠷᠰᠢᠵᠤ᠂ ᠵᠣᠷᠢᠭᠲᠠᠢ ᠬᠢᠵᠦ᠂ ᠲᠡᠮᠡᠴᠡᠬᠦ ᠶᠣᠰᠣᠲᠠᠢ ᠪᠠᠶᠢᠪᠠᠯ ᠡᠷᠡᠰ ᠲᠡᠮᠡᠴᠡᠵᠦ᠂ ᠬᠢᠬᠦ ᠶᠣᠰᠣᠲᠠᠢ ᠪᠠᠶᠢᠪᠠᠯ ᠡᠷᠡᠰ ᠰᠢᠭᠤᠷᠬᠠᠢ ᠬᠢᠵᠦ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ᠂ ᠲᠡᠮᠦᠷ ᠪᠠᠷᠢᠪᠠᠯ ᠤᠷᠤᠮ ᠲᠠᠢ ᠪᠠᠶᠢᠬᠤ ᠡᠷᠴᠢ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠂ ᠶᠠᠭᠠᠬᠢᠭᠰᠠᠨ ᠴᠤ ᠠᠵᠢᠯ ᠬᠢᠭᠰᠡᠨ ᠦᠭᠡᠢ ᠪᠠᠶᠢᠳᠠᠯ ᠳᠤ ᠰᠢᠯᠲᠠᠭ ᠡᠷᠢᠵᠦ ᠪᠤᠯᠬᠤ ᠦᠭᠡᠢ᠃      ᠣᠳᠣᠬᠠᠨ ᠤ ᠠᠰᠢᠭᠲᠠᠢ ᠪᠠᠶᠢᠳᠠᠯ ᠢ ᠠᠰᠢᠭᠯᠠᠬᠤ ᠬᠡᠷᠡᠭᠲᠡᠢ ᠪᠥᠭᠡᠳ ᠡᠨᠡ ᠬᠦ ᠡᠷᠬᠢᠮ ᠨᠠᠨᠳᠢᠨ ᠴᠠᠭ ᠲᠤᠭᠢᠶᠠᠯ ᠢ ᠠᠯᠳᠠᠵᠤ ᠪᠤᠯᠬᠤ ᠦᠭᠡᠢ᠃ ᠪᠢᠳᠡ ᠮᠠᠨ ᠤ ᠣᠷᠣᠨ ᠤ ᠲᠦᠷᠭᠡᠨ ᠬᠥᠭᠵᠢᠯᠲᠡ ᠶᠢᠨ ᠬᠠᠨᠳᠤᠰᠢ ᠶᠢᠨ ᠬᠤᠷᠳᠤᠴᠠ ᠪᠠᠨ ᠤᠳᠠᠭᠠᠰᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠮᠠᠨ ᠤ ᠣᠷᠣᠨ ᠤ ᠲᠡᠷᠢᠭᠦᠨ ᠳᠤ ᠣᠷᠣᠬᠤ ᠎ ᠪᠠᠷ ᠴᠢᠷᠮᠠᠶᠢᠬᠤ ᠳᠦᠷᠰᠦ ᠪᠠᠶᠢᠳᠠᠯ ᠢ ᠰᠤᠯᠠᠷᠠᠭᠤᠯᠤᠯ ᠦᠭᠡᠢ ᠪᠠᠲᠤᠯᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠎ ᠠᠴᠠ ᠪᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠣᠯᠠᠨ ᠤ ᠬᠦᠴᠦᠨ ᠢ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠂ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠠᠷᠢᠨ ᠭᠦᠢᠴᠡᠳᠬᠡᠬᠦ ᠪᠠᠴᠢᠮ ᠡᠭᠦᠷᠭᠡ ᠶᠢ ᠪᠠᠷᠢᠨ ᠭᠦᠢᠴᠡᠳᠬᠡᠵᠦ᠂ ᠱᠠᠯᠠᠪᠳᠠᠨ ᠲᠦᠷᠭᠡᠨ ᠭᠦᠢᠴᠡᠳᠬᠡᠵᠦ᠂ ᠠᠯᠭᠤᠷ ᠤᠳᠠᠭᠠᠨ᠂ ᠨᠠᠵᠠᠭᠠᠢ ᠬᠤᠶᠢᠷᠭᠤ ᠪᠠᠶᠢᠵᠤ ᠪᠤᠯᠬᠤ ᠦᠭᠡᠢ᠂ ᠣᠷᠳᠣ ᠬᠤᠭᠤᠴᠠᠭᠠᠨ ᠤ ᠡᠭᠦᠷᠭᠡ ᠳᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠲᠡᠰᠪᠦᠷᠢ ᠲᠡᠪᠴᠢᠶᠡᠷᠢ ᠲᠠᠢ ᠪᠠᠶᠢᠵᠤ᠂ ᠨᠢᠭᠡ ᠵᠢᠷᠤᠭ ᠲᠥᠰᠥᠪ ᠢ ᠡᠴᠦᠰ ᠲᠦᠨᠢ ᠲᠤᠯᠲᠠᠯ᠎ᠠ ᠵᠢᠷᠤᠭᠯᠠᠨ᠂ ᠳᠤᠰᠤᠯ ᠤᠰᠤ ᠪᠠᠷ ᠴᠢᠯᠠᠭᠤ ᠶᠢ ᠴᠤᠭᠤᠯᠵᠤ᠂ ᠣᠷᠳᠣ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠠᠰᠢᠭᠲᠠᠢ ᠲᠥᠷᠥ ᠶᠢᠨ ᠪᠣᠳᠣᠯᠭ᠎ᠠ ᠎ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠶᠡᠭᠡ ᠪᠠᠷ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠎ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠯᠬᠤᠭ᠎ᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ ᠢ ᠬᠤᠷᠢᠭᠯᠠᠵᠤ᠂ ︽ᠭᠠᠷ ᠳᠠᠮᠵᠢᠪᠠᠴᠤ ᠠᠰᠢᠭ ᠦᠯᠦ ᠰᠢᠩᠭᠡᠬᠦ ︾ ᠠᠰᠠᠭᠤᠳᠠᠯ ᠢ ᠦᠨᠡᠨ ᠬᠦ ᠰᠢᠢᠳᠪᠦᠷᠢᠯᠡᠨ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃      ᠰᠢᠨ᠎ᠡ ᠵᠢᠯ ᠤᠨ ᠡᠷᠡᠮᠡᠬᠡᠶᠢᠯᠡᠨ ᠤᠷᠤᠭᠰᠢᠯᠠᠯᠲᠠ ᠶᠠᠭ ᠴᠠᠭ ᠲᠠᠭᠠᠨ ᠪᠠᠶᠢᠵᠤ᠂ ᠤᠷᠤᠭᠰᠢᠯᠠᠬᠤ ᠬᠠᠨᠳᠤᠰᠢ ᠎ ᠪᠠᠨ ᠪᠠᠲᠤ ᠡᠵᠡᠮᠳᠡᠵᠦ ᠳᠠᠭᠢᠨ ᠮᠣᠷᠳᠠᠨ᠎ᠠ᠃ ᠪᠢᠳᠠ ᠲᠡᠮᠡᠴᠡᠯ ᠤᠨ ᠰᠡᠯᠢᠭᠦᠷ ᠢᠶᠠᠨ ᠴᠢᠩᠭ᠎ᠠ ᠠᠳᠬᠤᠵᠤ᠂ ᠪᠣᠳᠠᠲᠠᠢ ᠠᠵᠢᠯᠯᠠᠬᠤ ᠳᠠᠷᠪᠠᠭᠤᠯ ᠢᠶᠠᠨ ᠥᠨᠳᠥᠷ ᠬᠡᠶᠢᠰᠬᠡᠵᠦ᠂ ᠳᠤᠤᠭᠠᠷᠪᠠᠯ ᠳᠠᠭᠤᠨ ᠨᠢᠭᠡᠲᠡᠢ᠂ ᠳᠤᠭᠲᠤᠷᠪᠠᠯ ᠬᠦᠴᠦᠨ ᠨᠢᠭᠡᠲᠡᠢ ᠪᠠᠶᠢᠵᠤ᠂ ᠴᠥᠬᠦᠷᠡᠰᠢ ᠦᠭᠡᠢ ᠴᠢᠷᠮᠠᠶᠢᠨ᠂ ᠴᠥᠬᠦᠷᠡᠰᠢ ᠦᠭᠡᠢ ᠤᠷᠤᠭᠰᠢᠯᠠᠵᠤ᠂ ᠠᠯᠢᠪᠠ ᠠᠰᠢᠭᠲᠠᠢ ᠠᠵᠠ ᠲᠣᠭᠢᠶᠠᠯ ᠢ ᠠᠮᠵᠢᠨ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠲᠣᠪᠯᠠᠭᠰᠠᠨ ᠢᠶᠠᠨ ᠳᠣᠣᠷ᠎ᠠ ᠨᠢ ᠬᠢᠵᠦ᠂ ᠢᠯᠡᠭᠦᠦ ᠬᠢᠵᠦ ᠴᠢᠳᠠᠪᠠᠯ ᠢᠯᠡᠭᠦᠦ ᠬᠢᠵᠦ᠂ ᠰᠢᠨ᠎ᠡ ᠨᠢᠭᠡ ᠵᠢᠯ ᠳᠤ ᠰᠢᠨ᠎ᠡ ᠣᠷᠣᠨ ᠵᠠᠢ ᠶᠢ ᠨᠡᠭᠡᠭᠡᠵᠦ᠂ ᠰᠢᠨ᠎ᠡ ᠦᠢᠯᠡᠰ ᠢ ᠪᠦᠲᠦᠭᠡᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠨᠡᠩ ᠰᠦᠷ ᠳᠠᠯᠠᠶᠢᠴᠠᠲᠠᠢ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠬᠤ ᠶᠢ ᠠᠬᠢᠭᠤᠯᠤᠶ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号