ᠤᠨᠳᠤᠷᠤᠮᠠᠯ᠄ ᠠᠷᠠᠰᠤᠨ ᠤᠷᠠᠯᠠᠯ ᠤᠨ ᠦᠢᠯᠡᠰ ᠢᠶᠠᠨ ᠠᠯᠳᠠᠯ ᠦᠭᠡᠢ ᠵᠠᠯᠭᠠᠮᠵᠢᠯᠠᠵᠤ ᠶᠠᠪᠤᠨ᠎ᠠ
ᠨᠡᠶᠢᠲᠡᠯᠡᠭᠰᠡᠨ ᠴᠠᠭ᠄
2024/5/10
      ᠰᠤᠷᠪᠤᠯᠵᠢᠯᠠᠬᠴᠢ ᠴ᠊ · ᠰᠣᠳᠣᠨ            ᠠᠷᠪᠠᠨ ᠵᠢᠷᠭᠤᠭᠠᠨ ᠵᠢᠯ ᠤᠨ ᠡᠮᠦᠨ᠎ᠡ ᠰᠤᠷᠪᠤᠯᠵᠢᠯᠠᠬᠴᠢ ᠤᠨᠳᠤᠷᠤᠮᠠᠯ ᠢ ᠠᠩᠬ᠎ᠠ ᠤᠳᠠᠭ᠎ᠠ ᠰᠤᠷᠪᠤᠯᠵᠢᠯᠠᠵᠤ ᠪᠠᠶᠢᠭᠰᠠᠨ ᠢᠶᠠᠨ ᠰᠠᠨᠠᠵᠤ ᠪᠠᠶᠢᠨ᠎ᠠ᠃ ᠲᠡᠷᠡ ᠦᠶ᠎ᠡ ᠳᠤ ᠤᠨᠳᠤᠷᠤᠮᠠᠯ ᠭᠡᠭᠴᠢ ᠶᠠᠭ ᠣᠶᠤᠲᠠᠨ ᠠᠮᠢᠳᠤᠷᠠᠯ ᠢᠶᠠᠨ ᠲᠡᠭᠦᠰᠬᠡᠭᠡᠳ ᠨᠤᠲᠤᠭ ᠲᠠᠭᠠᠨ ᠪᠤᠴᠠᠨ ᠢᠷᠡᠭᠰᠡᠨ ᠵᠢᠭᠠᠬᠠᠨ ᠵᠠᠯᠠᠭᠤ ᠠᠷᠠᠰᠤᠨ ᠤᠷᠠᠯᠠᠯ ᠬᠢᠵᠦ ᠦᠢᠯᠡᠰ ᠪᠦᠲᠦᠭᠡᠬᠦ ᠠᠩᠬᠠᠨ ᠤ ᠪᠤᠳᠤᠯ ᠬᠦᠰᠡᠯ ᠢᠶᠠᠨ ᠶᠠᠷᠢᠵᠤ ᠪᠠᠶᠢᠭᠰᠠᠨ ᠪᠥᠭᠡᠳ ᠵᠢᠵᠢᠭᠬᠡᠨ ᠠᠵᠢᠯᠯᠠᠬᠤ ᠦᠷᠦᠭᠡ ᠭᠠᠷᠭᠠᠨ ᠠᠵᠢᠯ ᠢᠶᠠᠨ ᠨᠢᠭᠡᠨᠲᠡ ᠡᠬᠢᠯᠡᠭᠦᠯᠴᠢᠬᠡᠭᠡᠳ ᠪᠠᠶᠢᠭᠰᠠᠨ ᠶᠤᠮ᠃ ᠬᠥᠬᠡ ᠯᠤᠤ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠤᠨᠳᠤᠷᠤᠮᠠᠯ ᠢ ᠳᠠᠬᠢᠨᠲᠠ ᠰᠤᠷᠪᠤᠯᠵᠢᠯᠠᠵᠤ ᠠᠮᠵᠢᠯᠲᠠ ᠣᠯᠣᠯᠲᠠ ᠵᠢᠴᠢ ᠢᠷᠡᠬᠦ ᠰᠢᠨ᠎ᠡ ᠨᠢᠭᠡᠨ ᠵᠢᠯ ᠳᠡᠭᠡᠨ ᠶᠠᠮᠠᠷᠰᠢᠤᠬᠠᠨ ᠰᠢᠨ᠎ᠡ ᠪᠤᠳᠤᠯ ᠬᠦᠰᠡᠯ ᠲᠠᠢ ᠪᠠᠶᠢᠭ᠎ᠠ ᠶᠢ ᠣᠶᠢᠯᠠᠭᠠᠵᠤ ᠪᠢᠯᠡ᠃      - ᠥᠩᠭᠡᠷᠡᠬᠦ‍ ᠨᠢᠭᠡ ᠵᠢᠯ ᠤᠨ ᠠᠮᠵᠢᠯᠲᠠ ᠪᠦᠳᠦᠮᠵᠢ ᠦᠯᠡᠮᠵᠢ᠂ ᠤᠷᠤᠯᠭ᠎ᠠ ᠴᠦ ᠨᠡᠯᠢᠶᠡᠳ ᠰᠠᠶᠢᠨ ᠳᠠᠭᠠᠨ ᠲᠣᠭᠠᠴᠠᠭᠳᠠᠨ᠎ᠠ᠃ ᠨᠢᠭᠡ ᠵᠢᠯ ᠤᠨ ᠲᠤᠷᠰᠢ ᠬᠤᠷᠢᠭᠠᠳ ᠰᠤᠷᠤᠬᠴᠢ ᠳᠠᠭᠠᠭᠤᠯᠤᠨ ᠬᠥᠮᠥᠵᠢᠭᠦᠯᠵᠦ᠂ ᠤᠳᠤ ᠪᠦᠷ ᠪᠡᠶ᠎ᠡ ᠪᠠᠨ ᠳᠠᠭᠠᠭᠠᠨ ᠠᠷᠠᠰᠤᠨ ᠤᠷᠠᠯᠠᠯ ᠬᠢᠵᠦ ᠴᠢᠳᠠᠬᠤ ᠪᠣᠯᠵᠤ᠂ ᠵᠠᠷᠢᠮ ᠨᠢ ᠨᠤᠲᠤᠭ ᠲᠠᠭᠠᠨ ᠪᠤᠴᠠᠵᠤ ᠦᠢᠯᠡᠰ ᠢᠶᠠᠨ ᠡᠬᠢᠯᠡᠭᠦᠯᠦᠭᠰᠡᠨ ᠰᠢᠤ᠃      - ᠪᠠᠰᠠ ᠭᠤᠴᠢ ᠭᠠᠷᠤᠢ ᠵᠡᠮᠳᠡᠭ ᠬᠥᠮᠥᠰ ᠢ ᠲᠠᠮᠵᠢᠵᠦ ᠭᠠᠷ ᠤᠷᠠᠯᠠᠯ ᠬᠢᠬᠦ ᠳᠤᠨᠢ ᠵᠢᠯᠣᠭᠤᠳᠤᠯᠭ᠎ᠠ ᠪᠤᠯᠬᠤ ᠪᠤᠶᠤ ᠪᠦᠲᠦᠭᠡᠯ ᠢ ᠨᠢ ᠲᠡᠮᠵᠢᠨ ᠪᠣᠷᠣᠯᠠᠭᠤᠯᠵᠤ ᠲᠡᠳᠡᠨ ᠤ ᠦᠢᠯᠡᠰ ᠪᠦᠲᠦᠭᠡᠨ ᠤᠷᠤᠯᠭ᠎ᠠ ᠪᠠᠨ ᠨᠡᠮᠡᠭᠳᠡᠭᠦᠯᠬᠦ ᠳᠤᠨᠢ ᠳᠡᠮᠵᠢᠯᠭᠡ ᠪᠣᠯᠣᠭᠰᠠᠭᠠᠷ ᠢᠷᠡᠭᠰᠡᠨ᠃      - ᠤᠳᠤ ᠮᠥᠨ ᠯᠡ ᠠᠯᠠᠱᠠ ᠠᠶᠢᠮᠠᠭ ᠤᠨ ᠭᠠᠷ ᠤᠷᠠᠯᠢᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠢᠨ ᠠᠵᠢᠯ ᠢ ᠡᠭᠦᠷᠭᠡᠯᠡᠭᠰᠡᠭᠡᠷ ᠪᠠᠶᠢᠨ᠎ᠠ᠃ ᠥᠩᠭᠡᠷᠡᠬᠦ ᠵᠢᠯ ᠠᠯᠠᠱᠠ ᠠᠶᠢᠮᠠᠭ ᠤᠨ ᠭᠠᠷ ᠤᠷᠠᠯᠠᠯ ᠤᠷᠠᠨ ᠵᠢᠷᠤᠭᠴᠢᠳ ᠤᠨ ᠨᠡᠶᠢᠭᠡᠮᠯᠢᠭ ᠢ ᠪᠠᠶᠢᠭᠤᠯᠤᠭᠰᠠᠨ᠂ ᠪᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠡᠯᠰᠡᠭᠳᠡᠭᠰᠡᠨ᠂ ᠪᠠᠰᠠ ᠲᠤᠮᠳᠠᠳᠦ ᠤᠯᠤᠰ ᠤᠨ ᠵᠠᠭᠤᠨ ᠤᠯᠠᠮᠵᠢᠯᠠᠯᠲᠤ ᠲᠠᠷᠬᠠᠨ ᠤ ᠨᠢᠭᠡ ᠪᠠᠷ ᠰᠣᠩᠭᠤᠭᠳᠠᠭᠰᠠᠨ᠂ ᠲᠤᠮᠳᠠᠳᠦ ᠤᠯᠤᠰ ᠤᠨ ᠭᠤᠷᠪᠠᠳᠤᠭᠠᠷ ᠤᠳᠠᠭᠠᠨ ᠤ ᠭᠠᠷ ᠤᠷᠠᠯᠠᠯ ᠤᠷᠠᠨ ᠵᠢᠷᠤᠭ ᠤᠨ ᠤᠷᠤᠯᠳᠤᠭᠠᠨ ᠳᠤ ᠣᠷᠣᠯᠴᠠᠭᠠᠳ ᠰᠢᠯᠢᠳᠡᠭ ᠱᠠᠩᠨᠠᠯ ᠳᠤᠰᠤᠭᠰᠠᠨ᠂ ᠡᠳᠡᠭᠡᠷ ᠨᠢ ᠪᠦᠷ ᠮᠢᠨᠤ ᠥᠩᠭᠡᠷᠡᠬᠦ‍ ᠨᠢᠭᠡ ᠵᠢᠯ ᠳᠤ ᠣᠯᠣᠭᠰᠠᠨ ᠠᠮᠵᠢᠯᠲᠠ ᠪᠦᠳᠦᠮᠵᠢ ᠪᠤᠯᠬᠤ ᠨᠢ ᠳᠠᠮᠵᠢᠭ ᠦᠭᠡᠢ᠃      ᠣᠶᠢᠷ᠎ᠠ ᠶᠢᠨ ᠡᠳᠦᠷ ᠰᠤᠷᠪᠤᠯᠵᠢᠯᠠᠬᠴᠢ ᠤᠨᠳᠤᠷᠤᠮᠠᠯ ᠢ ᠰᠣᠷᠪᠤᠯᠵᠢᠯᠠᠷ᠎ᠠ ᠬᠦᠷᠬᠦ ᠳᠤ ᠲᠡᠷᠡ ᠪᠠᠶᠠᠨᠬᠤᠲᠠ ᠶᠢᠨ ᠪᠡᠶ᠎ᠡ ᠤᠨ ᠲᠠᠮᠢᠷ ᠤᠨ ᠲᠠᠯᠠᠪᠠᠢ ᠶᠢᠨ ᠵᠡᠭᠦᠨ ᠡᠭᠦᠳᠡᠨ ᠳᠠᠬᠢ ︽ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠷᠠᠰᠤᠨ ᠤᠷᠠᠯᠠᠯ ᠤᠨ ᠤᠷᠠᠯᠠᠵᠤ ᠤᠯᠠᠮᠵᠢᠯᠠᠬᠤ ᠦᠵᠡᠭᠦᠯᠭᠡ ᠶᠢᠨ ᠦᠷᠭᠦᠭᠡ︾ ᠬᠡᠮᠡᠬᠦ ᠫᠠᠶᠢᠰᠠ ᠲᠠᠢ ᠠᠵᠢᠯᠯᠠᠬᠤ ᠥᠷᠥᠭᠡᠨ ᠳᠡᠭᠡᠨ ᠶᠠᠭᠠᠷᠠᠯᠲᠠᠢ ᠠᠵᠢᠯᠯᠠᠬᠤ ᠳᠤᠮᠳᠠ ᠡᠶᠢᠨ ᠬᠦ ᠵᠣᠭᠤᠭ ᠳᠡᠯᠭᠡᠨ᠎ᠡ ᠠᠵᠢ᠃ ᠲᠡᠭᠦᠨ ᠤ ᠠᠵᠢᠯᠯᠠᠬᠤ ᠥᠷᠥᠭᠡᠨ ᠳᠤ ᠤᠯᠠᠨ ᠲᠦᠷᠦᠯ ᠵᠦᠢᠯ ᠤᠨ ᠠᠷᠠᠰᠤᠨ ᠭᠠᠷ ᠤᠷᠠᠯᠠᠯ ᠤᠨ ᠪᠦᠲᠦᠭᠡᠭᠳᠡᠬᠦᠨ ᠢ ᠳᠦᠭᠦᠷᠡᠩ ᠡᠩᠨᠡᠭᠦᠯᠦᠨ ᠦᠷᠦᠵᠦ᠂ ᠥᠩᠭᠡ ᠪᠤᠳᠤᠭ ᠢᠯᠭᠠᠷᠠᠮ᠎ᠠ᠂ ᠭᠤᠶᠢᠳᠠ ᠦᠵᠡᠰᠭᠦᠯᠡᠩ᠂ ᠰᠢᠨ᠎ᠡ ᠰᠣᠷᠭᠤᠭ ᠶᠠᠩᠵᠤ ᠭᠡᠯᠪᠡᠷᠢ ᠪᠠᠷ ᠢᠶᠠᠨ ᠬᠠᠷᠠᠭ᠎ᠠ ᠶᠢ ᠠᠷᠭ᠎ᠠ ᠦᠭᠡᠢ ᠪᠤᠯᠢᠶᠠᠵᠤ ᠪᠠᠶᠢᠯ᠎ᠠ᠃      ᠠᠯᠠᠱᠠ ᠨᠤᠲᠤᠭ ᠲᠤ ᠭᠠᠷ ᠤᠷᠠᠯᠢᠭᠴᠢᠨ ᠢᠶᠠᠷ ᠳᠤᠲᠠᠬᠤ ᠦᠭᠡᠢ ᠭᠡᠬᠦ ᠳᠤ ᠡᠳᠦᠢ ᠤᠳᠠᠭᠠᠨ ᠵᠢᠯ ᠨᠢᠭᠡ ᠯᠡ ᠠᠵᠢᠯ ᠢᠶᠠᠨ ᠡᠷᠬᠢᠮᠨᠡᠨ ᠤᠯᠠᠮᠵᠢᠯᠠᠵᠤ᠂ ᠪᠦᠲᠦᠭᠡᠵᠦ ᠶᠠᠪᠤᠭ᠎ᠠ ᠨᠢ ᠬᠠᠷᠢᠨ ᠴᠥᠭᠡᠨ ᠪᠠᠶᠢᠳᠠᠭ᠃ ᠤᠨᠳᠤᠷᠤᠮᠠᠯ ᠤᠨ ᠡᠪᠦᠭᠡ᠂ ᠠᠪᠤ ᠠᠴᠠ ᠨᠢ ᠡᠬᠢᠯᠡᠭᠡᠳ ᠪᠦᠷ ᠭᠠᠷ ᠤᠷᠠᠯᠢᠭᠴᠢᠨ ᠶᠤᠮ᠃ ᠲᠡᠷᠡ ᠠᠪᠤ ᠶᠢᠨ ᠢᠶᠠᠨ ᠨᠥᠯᠥᠭᠡᠯᠡᠯ ᠳᠣᠣᠷ᠎ᠠ ᠡᠨᠡ ᠬᠦ ᠭᠠᠷ ᠤᠷᠠᠯᠠᠯ ᠤᠨ ᠠᠵᠢᠯ ᠳᠤ ᠤᠷᠮ᠎ᠠ ᠪᠠᠬ᠎ᠠ ᠲᠠᠢ ᠪᠣᠯᠵᠤ᠂ ᠠᠷᠠᠰᠤᠨ ᠤᠷᠠᠯᠠᠯ ᠰᠤᠷᠴᠤ ᠵᠠᠯᠭᠠᠮᠵᠢᠯᠠᠵᠤ᠂ ᠠᠷᠠᠳ ᠲᠦᠮᠡᠨ ᠳᠡᠭᠡᠨ ᠤᠯᠠᠮᠵᠢᠯᠠᠨ ᠬᠦᠷᠲᠡᠭᠡᠵᠦ ᠶᠠᠪᠤᠭ᠎ᠠ ᠠᠵᠢ᠃ ᠤᠨᠳᠤᠷᠤᠮᠠᠯ ᠤᠯᠠᠨ ᠵᠢᠯ ᠤᠨ ᠲᠤᠷᠰᠢ ᠬᠦᠴᠢᠷ ᠪᠡᠷᠬᠡᠰᠢᠶᠡᠯ᠂ ᠬᠠᠲᠠᠭᠤ ᠰᠢᠯᠭᠠᠯᠲᠠ ᠶᠢ ᠲᠤᠭᠤᠯᠤᠬᠰᠠᠭᠠᠷ ᠢᠷᠡᠭᠰᠡᠨ ᠨᠢ ᠦᠨᠡᠨ᠃ ᠬᠦᠴᠢᠷ ᠤᠨ ᠡᠮᠦᠨ᠎ᠡ ᠬᠥᠯ ᠨᠤᠭᠤᠷᠠᠬᠤ ᠦᠭᠡᠢ ᠬᠡᠮᠡᠨ ᠴᠢᠷᠮᠠᠶᠢᠭᠰᠠᠨ ᠲᠡᠭᠦᠨ ᠤ ᠪᠤᠳᠤᠯ ᠬᠦᠰᠡᠯ᠂ ᠦᠢᠯᠡᠰ ᠪᠦᠲᠦᠭᠡᠯ ᠲᠠᠯᠠᠭᠠᠷ ᠪᠣᠯᠤᠭ᠎ᠠ ᠦᠭᠡᠢ᠃ ᠡᠳᠡᠭᠡᠷ ᠵᠢᠯ ᠤᠳ ᠲᠤ ᠲᠠᠷᠠ ᠤᠯᠠᠨ ᠠᠷᠪᠢᠨ ᠤᠷᠠᠯᠢᠭᠴᠢᠨ ᠲᠠᠢ ᠲᠠᠨᠢᠯᠴᠠᠵᠤ ᠰᠠᠨᠠᠯ ᠪᠤᠳᠤᠯ᠂ ᠲᠤᠷᠰᠢᠯᠭ᠎ᠠ ᠰᠤᠷᠭᠠᠮᠵᠢ ᠪᠠᠨ ᠰᠣᠯᠢᠯᠴᠠᠭᠰᠠᠨ ᠢᠶᠠᠷ ᠪᠠᠷᠠᠬᠤ ᠦᠭᠡᠢ ᠥᠪᠡᠷ ᠤᠨ ᠮᠡᠳᠡᠯᠭᠡ ᠮᠡᠳᠡᠴᠡ ᠪᠠᠨ ᠲᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠠᠨᠳᠤᠰᠢ ᠶᠢ ᠡᠵᠡᠮᠳᠡᠵᠦ ᠴᠢᠳᠠᠭᠰᠠᠨ ᠨᠢ ᠲᠡᠭᠦᠨ ᠤ ᠬᠠᠮᠤᠭ ᠤᠨ ᠶᠡᠭᠡ ᠣᠯᠣᠯᠲᠠ ᠠᠮᠵᠢᠯᠲᠠ ᠪᠠᠶᠢᠵᠤ ᠲᠠᠭᠠᠷᠠᠨ᠎ᠠ᠃      - ᠰᠢᠨ᠎ᠡ ᠨᠢᠭᠡᠨ ᠵᠢᠯ ᠳᠡᠭᠡᠨ ᠪᠢ ᠠᠯᠠᠱᠠ ᠶᠢᠨ ᠠᠵᠤ ᠠᠬᠤᠢ᠂ ᠨᠡᠶᠢᠭᠡᠮ ᠤᠨ ᠬᠥᠭᠵᠢᠯᠲᠡ ᠬᠤᠪᠢᠷᠠᠯᠲᠠ ᠶᠢ ᠬᠠᠷᠠᠭᠤᠯᠤᠭᠰᠠᠨ ᠤᠷᠳᠦ ᠪᠠᠷ ᠢᠶᠠᠨ 5 ᠮᠧᠲᠷ᠂ ᠥᠨᠳᠥᠷ ᠢᠶᠠᠷ ᠢᠶᠠᠨ 3 ᠮᠧᠲᠷ ᠤᠨ ᠠᠷᠠᠰᠤᠨ ᠤᠷᠠᠯᠠᠯ ᠢ ᠬᠢᠵᠦ ᠪᠦᠲᠦᠭᠡᠬᠦ ᠰᠠᠨᠠᠭᠠᠲᠠᠢ᠂ ᠪᠠᠰᠠ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠰᠬᠠᠭᠰᠠᠨ᠂ ᠠᠯᠠᠱᠠ ᠶᠢᠨ ᠦᠯᠢᠭᠡᠷ ᠲᠤᠮᠤᠭ ᠢ ᠬᠠᠷᠠᠭᠤᠯᠤᠭᠰᠠᠨ ᠲᠣᠮᠣᠬᠠᠨ ᠠᠷᠠᠰᠤᠨ ᠤᠷᠠᠯᠠᠯ ᠢ ᠬᠢᠵᠦ ᠪᠦᠲᠦᠭᠡᠨ ᠳᠡᠯᠭᠡᠨ ᠦᠵᠡᠭᠦᠯᠭᠡ ᠡᠷᠭᠢᠯᠡᠭᠦ ᠪᠠᠷ ᠳᠠᠮᠵᠢᠭᠤᠯᠤᠨ ᠠᠯᠠᠱᠠ ᠨᠤᠲᠤᠭ ᠢᠶᠠᠨ ᠤᠬᠠᠭᠤᠯᠬᠤ ᠳᠤ ᠢᠯᠡᠭᠦᠬᠡᠨ ᠬᠦᠴᠦᠨ ᠨᠡᠮᠡᠷᠢᠯᠡᠬᠦ ᠶᠢ ᠪᠤᠳᠤᠵᠦ ᠪᠠᠶᠢᠨ᠎ᠠ᠃      - ᠶᠡᠷᠦᠨᠢ ᠡᠷ᠎ᠡ ᠬᠥᠮᠥᠨ ᠤ ᠴᠡᠭᠡᠵᠢᠨ ᠳᠤ ᠡᠮᠡᠭᠡᠯ ᠲᠠᠢ ᠮᠣᠷᠢ ᠡᠷᠭᠢᠯᠳᠦᠳᠡᠭ ᠭᠡᠳᠡᠭ᠃ ᠪᠢ ᠤᠤᠯ ᠳᠠᠭᠠᠨ ᠲᠣᠮᠣ ᠠᠷᠠᠰᠤᠨ ᠡᠮᠡᠭᠡᠯ ᠤᠷᠠᠯᠠᠨ ᠬᠢᠳᠡᠭ ᠪᠠᠶᠢᠭᠰᠠᠨ᠂ ᠤᠳᠤ ᠳᠤᠷᠠᠰᠬᠠᠯ ᠪᠤᠶᠤ ᠭᠠᠷ ᠪᠡᠯᠡᠭ ᠪᠤᠯᠠᠭᠠᠴᠢᠬᠠᠮᠠᠷ ᠪᠠᠭ᠎ᠠ ᠡᠮᠡᠭᠡᠯ ᠬᠢᠬᠦ ᠪᠣᠯᠤᠭᠰᠠᠨ᠂ ᠡᠨᠡ ᠨᠢ ᠪᠣᠷᠤᠯᠠᠭᠤᠯᠭ᠎ᠠ ᠰᠠᠶᠢᠲᠠᠢ᠂ ᠠᠯᠠᠱᠠ ᠶᠢᠨ ᠣᠨᠴᠠᠯᠢᠭ ᠲᠠᠢ ᠫᠠᠯᠠᠩ ᠡᠮᠡᠭᠡᠯ ︵ᠵᠢᠩ ᠲᠠᠢ ᠯᠠᠨ ᠡᠮᠡᠭᠡᠯ︶ ᠎ ᠢ ᠤᠷᠠᠯᠠᠨ ᠬᠢᠬᠦ ᠶᠢ ᠪᠤᠳᠤᠵᠦ ᠪᠠᠶᠢᠨ᠎ᠠ᠃ ᠪᠠᠰᠠ ᠲᠡᠮᠡᠭᠡᠨ ᠲᠣᠬᠤᠮ ᠬᠢᠬᠦ ᠰᠠᠨᠠᠭᠠᠲᠠᠢ᠂ ᠠᠯᠢ ᠪᠤᠯᠬᠤ ᠪᠠᠷ ᠵᠠᠬ᠎ᠠ ᠳᠡᠯᠭᠡᠭᠦᠷ ᠤᠨ ᠬᠠᠨᠳᠤᠰᠢ ᠳᠤ ᠲᠣᠬᠢᠷᠠᠭᠤᠯᠤᠨ ᠭᠠᠷ ᠤᠷᠠᠯᠠᠯ ᠢᠶᠠᠨ ᠬᠢᠬᠦ ᠨᠢ ᠬᠠᠮᠤᠭ ᠤᠨ ᠴᠢᠬᠤᠯᠠ᠃      - ᠠᠯᠠᠱᠠ ᠠᠶᠢᠮᠠᠭ ᠤᠨ ᠭᠠᠷ ᠤᠷᠠᠯᠠᠯ ᠤᠷᠠᠨ ᠵᠢᠷᠤᠭᠴᠢᠳ ᠤᠨ ᠨᠡᠶᠢᠭᠡᠮᠯᠢᠭ ᠤᠨ ᠠᠵᠢᠯ ᠢᠶᠠᠨ ᠤᠯᠠᠮ ᠡᠷᠴᠢᠮᠵᠢᠭᠦᠯᠵᠦ᠂ ᠤᠷᠠᠯᠢᠭᠴᠢᠳ᠂ ᠳᠠᠷᠬᠠᠴᠤᠳ ᠬᠠᠮᠲᠤᠷᠠᠨ ᠠᠵᠢᠯᠯᠠᠬᠤ ᠪᠣᠯᠣᠮᠵᠢ ᠶᠢ ᠠᠬᠢᠭᠤᠯᠤᠨ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠰᠠᠨᠠᠭᠠᠲᠠᠢ᠃ ᠢᠩᠭᠢᠪᠡᠯ ᠮᠥᠩᠭᠦᠨ ᠲᠠᠷᠬᠠᠨ᠂ ᠠᠷᠠᠰᠤᠨ ᠤᠷᠠᠯᠢᠭᠴᠢᠨ ᠵᠡᠷᠭᠡ ᠡᠯ᠎ᠡ ᠬᠦᠷᠢᠶ᠎ᠡ ᠬᠡᠪᠴᠢᠶᠡᠨ ᠤ ᠤᠷᠠᠯᠢᠭᠴᠢᠨ ᠬᠠᠮᠲᠤᠷᠠᠨ ᠠᠵᠢᠯᠯᠠᠵᠤ ᠳᠤᠲᠠᠭᠤ ᠪᠠᠨ ᠬᠠᠷᠢᠯᠴᠠᠨ ᠨᠥᠬᠦᠪᠦᠷᠢᠯᠡᠵᠦ ᠲᠡᠶᠢᠯᠦᠨ᠎ᠡ᠂ ᠡᠨᠡ ᠪᠣᠯ ᠨᠢᠭᠡᠨ ᠬᠥᠭᠵᠢᠯᠲᠡ ᠶᠢᠨ ᠬᠠᠨᠳᠤᠰᠢ ᠮᠥᠨ᠃      ᠤᠨᠳᠤᠷᠤᠮᠠᠯ ᠤᠨ ᠬᠥᠬᠡ ᠯᠤᠤ ᠵᠢᠯ ᠤᠨ ᠬᠦᠰᠡᠯ ᠪᠤᠳᠤᠯ ᠢ ᠠᠰᠠᠭᠤᠬᠤ ᠳᠤ ᠲᠡᠷᠡ ᠡᠶᠢᠨ ᠬᠦ ᠶᠠᠷᠢᠵᠤ ᠪᠢᠯᠡ᠃ ᠵᠠᠯᠠᠭᠤ ᠬᠥᠮᠥᠨ ᠤ ᠵᠠᠮ ᠤᠨ ᠬᠦᠵᠦᠭᠦᠦ ᠤᠷᠳᠦ ᠭᠡᠭᠴᠢ ᠪᠠᠷ ᠰᠢᠨ᠎ᠡ ᠨᠢᠭᠡᠨ ᠵᠢᠯ ᠳᠤ ᠲᠡᠭᠦᠨ ᠤ ᠰᠠᠨᠠᠭᠰᠠᠨ ᠦᠢᠯᠡᠰ ᠰᠠᠨᠠᠭᠠᠴᠢᠯᠠᠨ ᠪᠦᠲᠦᠬᠦ ᠶᠢ ᠬᠦᠰᠡᠶ᠎ᠡ᠂ ᠠᠯᠠᠱᠠ ᠨᠤᠲᠤᠭ ᠤᠨ ᠮᠠᠨᠢ ᠤᠷᠠᠯᠢᠭ ᠰᠣᠶᠣᠯ ᠤᠨ ᠦᠢᠯᠡᠰ ᠨᠡᠩ ᠥᠨᠳᠥᠷ ᠠᠮᠵᠢᠯᠲᠠ ᠪᠦᠳᠦᠮᠵᠢ ᠲᠠᠢ ᠪᠠᠶᠢᠬᠤ ᠶᠢ ᠵᠥᠩᠨᠡᠶ᠎ᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号