ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠨᠡᠭᠡᠯᠡᠭᠡᠢ︾᠎ ᠶᠢ ᠴᠢᠩᠭᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/5/14
      - ᠲᠦᠷᠤ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠎ ᠢ ᠲᠤᠭᠤᠰᠢᠯᠠᠭᠤᠯᠤᠨ   ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ 27                    ᠬᠠ ᠯᠢ ᠴᠢᠨ      ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠃ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠨᠢ ᠬᠠᠷᠢᠯᠴᠠᠨ ᠦᠢᠯᠡᠳᠦᠯᠴᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠨᠳᠥᠷ ᠲᠦᠪᠰᠢᠨ ᠪᠦᠬᠦᠢ ᠠᠮᠤᠷ ᠲᠦᠪᠰᠢᠨ ᠠᠴᠠ ᠰᠠᠯᠵᠤ ᠴᠢᠳᠠᠬᠤ ᠦᠭᠡᠢ ᠶᠤᠮ᠃ᠲᠥᠷᠥ ᠎ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠱᠠᠭᠠᠷᠳᠠᠯᠭ᠎ᠠ ᠶᠣᠰᠣᠭᠠᠷ ᠦᠳᠲᠡᠷ ᠲᠦᠷᠭᠡᠨ ᠬᠥᠳᠡᠯᠦᠯᠴᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠨᠡᠭᠡᠯᠡᠭᠡᠢ︾᠎ ᠶᠢ ᠴᠢᠩᠭᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃      ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢᠨ ᠵᠠᠩᠭᠢᠯᠠᠭ᠎ᠠ ᠨᠢ ᠰᠠᠨᠠᠭᠠᠰᠢᠷᠠᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠤᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠶᠤᠯ ᠲᠦᠭᠰᠢᠭᠦᠷᠢ ᠶᠢ ᠰᠡᠷᠭᠡᠶᠢᠯᠡᠨ᠂ ᠠᠶᠤᠯ ᠲᠦᠭᠰᠢᠭᠦᠷᠢ ᠶᠢ ᠢᠯᠡᠷᠡᠭᠦᠯᠵᠦ᠂ ᠠᠶᠤᠯ ᠲᠦᠭᠰᠢᠭᠦᠷᠢ ᠶᠢ ᠠᠷᠢᠯᠭᠠᠬᠤ ᠳᠤ ᠪᠤᠢ᠃ ᠬᠤᠲᠠ ᠶᠢᠨ ᠠᠮᠤᠷ ᠲᠦᠪᠰᠢᠨ ᠤ ᠤᠶᠠᠨ ᠬᠠᠲᠠᠨ ᠴᠢᠨᠠᠷ ᠢ ᠳᠡᠭᠡᠭᠰᠢᠯᠡᠭᠦᠯᠭᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠭᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ᠂ ᠣᠷᠣᠨ ᠪᠦᠰᠡ ᠶᠢᠨ ᠬᠥᠮᠥᠷᠭᠡ ᠪᠣᠯᠣᠨ ᠭᠤᠣᠯ ᠬᠥᠮᠥᠷᠭᠡ ᠵᠢᠴᠢ ᠬᠥᠯᠥᠨ ᠪᠤᠶᠢᠷ ᠤᠨ ᠣᠶ ᠰᠢᠭᠤᠢ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠳᠠᠳᠤᠯᠭ᠎ᠠ ᠪᠣᠯᠪᠠᠰᠤᠷᠠᠯ᠂ ᠤᠮᠠᠷᠠᠲᠤ ᠶᠢᠨ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠵᠡᠷᠭᠡ ᠰᠠᠭᠤᠷᠢᠨ ᠢ ᠪᠦᠲᠦᠭᠡᠨ ᠪᠠᠶᠢᠭᠤᠯᠵᠤ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠤᠨ᠂ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠠᠯ ᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃      ᠬᠦᠨᠳᠦ ᠶᠡᠭᠡ ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠪᠣᠯ ᠤᠮᠠᠷᠠᠲᠤ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠤᠷ ᠠᠮᠤᠭᠤᠯᠠᠩ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠃ ᠳᠤᠮᠳᠠ ᠵᠢᠵᠢᠭ ᠪᠠᠩᠬᠢ ᠶᠢᠨ ᠠᠶᠤᠯ ᠲᠦᠭᠰᠢᠭᠦᠷᠢ ᠎ ᠶᠢ ᠰᠢᠢᠳᠪᠦᠷᠢᠯᠡᠬᠦ᠂ ᠬᠥᠷᠥᠩᠭᠡ ᠶᠢ ᠨᠥᠬᠦᠪᠦᠷᠢᠯᠡᠬᠦ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠎ ᠢᠶᠠᠷ ᠠᠬᠢᠭᠤᠯᠵᠤ᠂ ᠠᠶᠤᠯ ᠲᠦᠭᠰᠢᠭᠦᠷᠢ ᠶᠢᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠵᠦ᠂ ᠡᠷᠲᠡ ᠢᠯᠭᠠᠨ ᠲᠠᠨᠢᠬᠤ᠂ ᠡᠷᠲᠡ ᠰᠡᠷᠡᠮᠵᠢᠯᠡᠭᠦᠯᠭᠦ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠵᠦ᠂ ᠣᠷᠣᠨ ᠨᠤᠲᠤᠭ ᠤᠨ ᠥᠷᠢ ᠥᠭᠴᠡᠭᠡᠨ ᠤ ᠠᠶᠤᠯ ᠲᠦᠭᠰᠢᠭᠦᠷᠢ ᠶᠢ ᠬᠦᠴᠦᠲᠡᠢ ᠪᠥᠭᠡᠳ ᠡᠮᠬᠢ ᠵᠢᠷᠤᠮ ᠲᠠᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃      ᠬᠥᠭᠵᠢᠯᠲᠡ ᠪᠠ ᠠᠮᠤᠷ ᠲᠦᠪᠰᠢᠨ ᠨᠢ ᠲᠡᠷᠭᠡᠨ ᠤ ᠬᠤᠶᠠᠷ ᠬᠦᠷᠳᠦ᠂ ᠰᠢᠪᠠᠭᠤᠨ ᠤ ᠬᠤᠶᠠᠷ ᠵᠢᠭᠦᠷ ᠮᠡᠲᠦ ᠪᠠᠶᠢᠳᠠᠭ᠃ ᠪᠢᠳᠡ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠦᠭᠡᠢ ᠤᠯᠤᠰ ᠲᠥᠷᠥ ᠶᠢᠨ ᠰᠡᠷᠭᠡᠭ ᠴᠢᠨᠠᠷ᠂ ᠬᠠᠳᠠ ᠴᠢᠯᠠᠭᠤ ᠮᠡᠲᠦ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠴᠥᠬᠦᠷᠡᠰᠢ ᠦᠭᠡᠢ ᠰᠡᠷᠭᠡᠶᠢᠯᠡᠨ ᠠᠷᠢᠯᠭᠠᠬᠤ ᠶᠢ ᠪᠠᠷᠢᠮᠲᠠᠯᠠᠳᠠᠭ ᠯᠠ ᠶᠤᠮ ᠪᠣᠯ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ ᠴᠢᠳᠠᠬᠤ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号