ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/14
      5 ᠰᠠᠷ᠎ᠠ ᠶᠢᠨ 11᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠪᠠ᠃
      ᠸᠠᠩ ᠤᠨ ᠣᠷᠳᠣᠨ ᠵᠡᠭᠡᠯᠢ ᠭᠤᠳᠤᠮᠵᠢ ᠶᠢᠨ ᠲᠩᠷᠢ ᠨᠡᠶᠢᠭᠡᠮ ᠲᠣᠭᠤᠷᠢᠭ᠂ ᠪᠠᠷᠠᠭᠤᠨ ᠪᠡᠯ ᠪᠠᠯᠭᠠᠰᠤᠨ ᠤ ᠪᠠᠶᠢᠭᠤᠯᠤᠯᠭ᠎ᠠ ᠪᠣᠯᠤᠨ ᠭᠠᠴᠠᠭ᠎ᠠ ᠳᠤ᠂ ᠬᠤᠸᠠᠩ ᠶᠠ ᠯᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠬᠢᠴᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠵᠢᠴᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠠᠰᠠᠭᠤᠪᠠ᠃ ᠬᠤᠸᠠᠩ ᠶᠠ ᠯᠢ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠴᠥᠮ ᠨᠠᠮ ᠤᠨ ᠲᠥᠪ ᠬᠤᠷᠢᠶᠠᠨ ᠤ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠭᠤᠷᠪᠠᠨ ᠵᠦᠢᠯ ᠤᠨ ᠠᠵᠢᠯ ᠤᠨ ᠳᠣᠲᠣᠭᠠᠳᠤ ᠬᠤᠯᠪᠣᠭ᠎ᠠ᠂ ᠬᠠᠷᠢᠯᠴᠠᠨ ᠨᠥᠯᠥᠭᠡᠯᠡᠵᠦ᠂ ᠨᠡᠪᠳᠡᠷᠡᠯᠴᠡᠨ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠠᠮᠢᠳᠤᠯᠢᠭ ᠪᠦᠲᠦᠮᠵᠢᠲᠡᠢ ᠪᠠᠶᠢᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠨ ᠢᠶᠠᠨ ᠬᠥᠮᠦᠵᠢᠭᠦᠯᠬᠦ ᠶᠢ ᠴᠢᠬᠤᠯᠠᠴᠢᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠨᠠᠮ ᠤᠨ ᠭᠡᠰᠢᠭᠦᠨ ᠺᠠᠳ᠋ᠷ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠦᠨᠡᠨ ᠠᠴᠠ ᠵᠥᠪ ᠢ ᠡᠷᠢᠵᠦ᠂ ᠬᠥᠩᠭᠡᠷᠡᠭᠦᠯᠬᠦ ᠶᠣᠰᠣᠲᠠᠢ ᠶᠢ ᠨᠢ ᠬᠥᠩᠭᠡᠷᠡᠭᠦᠯᠵᠦ᠂ ᠦᠯᠡᠳᠡᠭᠡᠬᠦ ᠶᠣᠰᠣᠲᠠᠢ ᠶᠢ ᠨᠢ ᠦᠯᠡᠳᠡᠭᠡᠵᠦ᠂ ᠬᠡᠲᠦᠷᠡᠮᠡᠬᠡᠢ ᠦᠵᠡᠯ ᠢᠶᠠᠷ ᠶᠠᠪᠤᠵᠤ ᠪᠣᠯᠬᠤ ᠦᠭᠡᠢ᠂ ᠦᠨᠳᠦᠰᠦᠨ ᠱᠠᠲᠤᠨ ᠤ ᠨᠥᠬᠦᠳ ᠵᠣᠷᠢᠭᠲᠠᠢ ᠪᠠᠷ ᠦᠨᠡᠨ ᠪᠠᠶᠢᠳᠠᠯ ᠢ ᠲᠤᠰᠬᠠᠵᠤ᠂ ᠥᠭᠡᠷᠡᠴᠢᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ ᠂ ᠺᠠᠳ᠋ᠷ ᠢ ᠬᠥᠭᠵᠢᠯᠲᠡ ᠶᠢ ᠲᠥᠯᠥᠪᠵᠢᠭᠦᠯᠬᠦ᠂ ᠤᠯᠠᠨ ᠲᠦᠮᠡᠨ ᠳᠤ ᠦᠢᠯᠡᠴᠢᠯᠡᠬᠦ ᠨᠡᠩ ᠤᠯᠠᠨ ᠴᠠᠭ ᠲᠠᠢ ᠪᠣᠯᠭᠠᠬᠤ ᠮᠥᠷᠲᠡᠭᠡᠨ ᠪᠠᠰᠠ ᠤᠯᠠᠨ ᠲᠦᠮᠡᠨ ᠳᠤ ᠲᠠᠭᠠᠯᠠᠮᠵᠢᠲᠠᠢ ᠲᠦᠬᠦᠮ ᠦᠵᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ᠂ ᠰᠢᠰᠲ᠋ᠧᠮ ᠲᠠᠢ ᠠᠬᠢᠭᠤᠯᠵᠤ᠂ ︽ᠨᠠᠮ ᠤᠨ ᠠᠴᠢ ᠶᠢ ᠬᠠᠷᠢᠭᠤᠯᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠢ ᠰᠤᠷᠭᠠᠨ ᠬᠥᠮᠦᠵᠢᠭᠦᠯᠬᠦ ᠪᠠ ᠤᠯᠠᠨ ᠲᠦᠮᠡᠨ ᠳᠤ ᠦᠢᠯᠡᠴᠢᠯᠡᠬᠦ ᠠᠵᠢᠯ ᠢ ᠰᠡᠳᠬᠢᠯ ᠲᠠᠯᠪᠢᠨ ᠰᠡᠳᠬᠢᠯ ᠲᠠᠯᠪᠢᠨ ᠰᠠᠶᠢᠲᠤᠷ ᠬᠢᠵᠦ᠂ ᠱᠠᠭᠠᠷᠳᠠᠯᠭ᠎ᠠ ᠪᠠᠶᠢᠪᠠᠯ ᠵᠠᠪᠠᠯ ᠬᠠᠷᠢᠭᠤ ᠥᠭᠴᠦ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠯ᠎ᠡ᠃       ᠥᠪᠥᠷ ᠮᠣᠩᠭᠤᠯ ᠤᠨ ᠬᠤᠤ ᠽᠧ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠲᠠᠲᠠᠭᠠᠯ ᠤᠰᠤ ᠭᠠᠴᠠᠭ᠎ᠠ ᠳᠤ ᠬᠦᠷᠴᠦ᠂ ᠬᠤᠸᠠᠩ ᠶᠠ ᠯᠢ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠰᠡᠯᠡᠭᠦᠴᠡᠨ ᠲᠣᠭᠤᠷᠢᠨ ᠦᠵᠡᠵᠦ ᠲᠡᠭᠦᠬᠦ ᠰᠠᠭᠤᠷᠢᠨ ᠤ ᠦᠢᠯᠡᠳᠪᠦᠷᠢᠯᠡᠯ ᠤᠨ ᠦᠷ᠎ᠡ ᠠᠰᠢᠭ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠬᠤᠸᠠᠩ ᠶᠠ ᠯᠢ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ ᠬᠡᠷᠡᠭᠲᠡᠢ᠃ ᠠᠯᠠᠰᠢᠨ ᠦᠬᠡᠷ ᠤᠨ ᠠᠵᠤ ᠦᠶᠯᠡᠰ ᠢ ᠨᠠᠷᠢᠯᠢᠭ ᠡᠳ᠋ᠰᠢᠭᠦᠯᠬᠦ ᠠᠵᠢᠯ ᠢ ᠰᠠᠶᠢᠲᠤᠷ ᠬᠢᠵᠦ᠂ ᠠᠵᠤ ᠦᠶᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠨ᠂ ᠦᠶᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠶᠯᠡᠰ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤ ᠠᠷᠪᠢᠯᠠᠬᠤ ᠬᠡᠯᠪᠡᠷᠢ ᠶᠢᠨ ᠲᠦᠬᠦᠭᠡᠷᠤᠮᠵᠢᠳᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠨᠡᠮᠡᠭᠳᠡᠭᠦᠯᠬᠦ᠂ ᠮᠦ ᠪᠦᠷᠢ ᠶᠢᠨ ᠳᠤᠮᠳᠠᠴᠢ ᠤᠨᠠᠯᠲᠠ ᠶᠢ ᠳᠡᠭᠡᠭᠰᠢᠯᠡᠭᠦᠯᠬᠦ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠳᠡᠭᠡᠳᠦ ᠲᠡᠰᠵᠢᠬᠦᠯᠬᠦ᠂ ᠥᠨᠳᠥᠷ ᠦᠷ᠎ᠡ ᠠᠰᠢᠭ ᠤᠯᠬᠤ᠂ ᠥᠨᠳᠥᠷ ᠦᠷ᠎ᠡ ᠠᠰᠢᠭ ᠤᠯᠬᠤ ᠵᠠᠮ ᠢᠶᠠᠷ ᠵᠠᠮᠨᠠᠬᠤ ᠬᠡᠷᠡᠭᠲᠡᠢ ᠭᠡᠯ᠎ᠡ᠃       ᠬᠤᠸᠠᠩ ᠶᠠ ᠯᠢ ᠪᠠᠰᠠ ᠨᠡᠭᠦᠷᠡᠰᠦᠨ ᠠᠭᠤᠷᠬᠠᠶ ᠳᠤ ᠬᠦᠷᠴᠦ ᠠᠵᠢᠯᠯᠠᠵᠤ᠂ ᠠᠭᠤᠷᠬᠠᠶ ᠶᠢᠨ ᠠᠮᠤᠷ ᠲᠦᠪᠰᠢᠨ ᠤ ᠵᠠᠰᠠᠯᠲᠠ ᠳᠤ ᠲᠤᠯᠭᠠᠷᠠᠭᠰᠠᠨ ᠠᠰᠠᠭᠤᠳᠠᠯ ᠢ ᠰᠤᠳᠤᠯᠤᠨ ᠰᠢᠶᠳᠪᠦᠷᠢᠯᠡᠪᠡ᠃       ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠣᠷᠣᠯᠴᠠᠪᠠ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号