ᠠᠬᠠᠮᠠᠳ ᠨᠠᠮ ᠤᠨ ᠭᠡᠰᠢᠭᠦᠨ ᠳᠤ ᠨᠠᠮ ᠤᠨ ᠰᠤᠷᠤᠯᠴᠠᠯᠭ᠎ᠠ ᠶᠢ ᠬᠦᠷᠭᠡᠪᠡ
ᠨᠡᠶᠢᠲᠡᠯᠡᠭᠰᠡᠨ ᠴᠠᠭ᠄
2024/5/14
            ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠲᠡᠭᠡᠳ ᠢ ᠪᠦᠬᠦᠨ ᠢ ᠬᠠᠮᠤᠷᠬᠤ ᠵᠣᠷᠢᠯᠭ᠎ᠠ ᠎ ᠲᠠᠢ ᠪᠠᠷ᠂ ᠨᠡᠶᠢᠭᠡᠮ ᠲᠣᠭᠤᠷᠢᠭ ᠤᠨ ᠠᠵᠢᠯᠲᠠᠨ᠂ ᠨᠠᠮ ᠤᠨ ᠡᠭᠦᠷ ᠤᠨ ᠪᠦᠷᠢᠯᠳᠦᠬᠦᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠤᠷᠤᠯᠴᠠᠯᠭ᠎ᠠ ᠶᠢᠨ ᠲᠠᠩᠬᠢᠮ ᠢ ᠪᠠᠶᠢᠭᠤᠯᠪᠠ᠂ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠪᠠᠨ ᠲᠥᠯᠥᠭᠡ ᠬᠥᠳᠡᠯᠵᠦ ᠪᠠᠷᠢᠬᠤ ᠳᠤ ᠳᠥᠭᠦᠮ ᠦᠭᠡᠢ᠂ ᠣᠶᠤᠨᠯᠢᠭ ᠭᠠᠷ ᠤᠲᠠᠰᠤ ᠦᠭᠡᠢ ᠠᠬᠠᠮᠠᠳ ᠨᠠᠮ ᠤᠨ ᠭᠡᠰᠢᠭᠦᠨ ᠤ ᠭᠡᠷ ᠲᠤᠨᠢ ᠬᠦᠷᠴᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠤᠨ ᠬᠠᠮᠢᠶ᠎ᠠ ᠪᠥᠬᠦᠶ ᠰᠤᠷᠤᠯᠴᠠᠬᠤ ᠮᠠᠲ᠋ᠧᠷᠢᠶᠠᠯ ᠢ ᠤᠬᠠᠭᠤᠯᠪᠠ᠂ ᠲᠥᠪᠯᠡᠷᠡᠭᠦᠯᠦᠨ ᠰᠤᠷᠤᠯᠴᠠᠯᠭ᠎ᠠ ᠳᠤ ᠣᠷᠣᠯᠴᠠᠵᠤ ᠴᠢᠳᠠᠬᠤ ᠦᠭᠡᠢ ᠠᠬᠠᠮᠠᠳ ᠨᠠᠮ ᠤᠨ ᠭᠡᠰᠢᠭᠦᠨ ᠤ ᠭᠠᠷ ᠲᠤ ᠬᠦᠷᠭᠡᠬᠦ᠂ ᠪᠠᠰᠠ ᠠᠬᠠᠮᠠᠳ ᠨᠠᠮ ᠤᠨ ᠭᠡᠰᠢᠭᠦᠳ ᠲᠠᠢ ᠬᠠᠮᠲᠤ ᠰᠤᠷᠤᠯᠴᠠᠪᠠ᠃
      ᠵᠢᠶᠠᠨ ᠺᠠᠩ ᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠪᠠᠰᠠ ᠰᠠᠭᠤᠭᠠᠯᠢ ᠲᠣᠭᠤᠷᠢᠭ ᠤᠨ ᠲᠢᠩᠰᠡ ᠶᠢᠨ ᠭᠠᠵᠠᠷ ᠢ ᠠᠰᠢᠭᠯᠠᠵᠤ᠂ ᠬᠤᠪᠢᠰᠬᠠᠯ ᠤᠨ ᠲᠢᠩᠰᠡ ᠶᠢᠨ ᠪᠢᠴᠢᠯ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠵᠦ᠂ ︽ᠶᠠᠭᠤᠨ ᠳᠤ ᠰᠤᠷᠤᠯᠴᠠᠬᠤ︾᠂ ︽ᠶᠠᠭᠤ ᠰᠤᠷᠤᠯᠴᠠᠬᠤ︾ ᠪᠠ ︽ᠶᠠᠭᠠᠬᠢᠵᠤ ᠰᠤᠷᠤᠯᠴᠠᠬᠤ︾ ᠎ ᠠᠴᠠ ᠡᠭᠦᠰᠴᠦ᠂ ᠨᠠᠮ ᠤᠨ ᠭᠡᠰᠢᠭᠦᠳ ᠲᠠᠢ ᠬᠠᠮᠲᠤ ᠪᠠᠷ ᠰᠤᠷᠤᠯᠴᠠᠵᠤ᠂ ᠤᠯᠠᠨ ᠲᠦᠮᠡᠨ ᠲᠠᠢ ᠤᠶᠢᠷᠠᠳᠤᠭᠰᠠᠨ ᠰᠤᠷᠤᠯᠴᠠᠬᠤ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠠᠨ ᠲᠦᠮᠡᠨ ᠤ ᠦᠭᠡ ᠬᠡᠯᠡ ᠪᠠᠷ ᠨᠠᠮ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠰᠡᠳᠬᠢᠯ ᠵᠢᠷᠦᠬᠡᠨ ᠳᠤ ᠤᠬᠠᠭᠤᠯᠪᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号