ᠠᠯᠠᠱᠠ ᠵᠡᠭᠦᠨ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ 2024 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭᠠᠲᠠᠨ ᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/5/14
ᠡᠯ᠎ᠡ ᠰᠤᠮᠤ ᠪᠠᠯᠭᠠᠰᠤ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ᠄       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠲᠥᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠩ ᠲᠠᠢ ᠲᠡᠮᠡᠴᠡᠬᠦ ᠲᠥᠷᠢᠮ︾᠎ ᠤᠨ ᠬᠤᠯᠪᠣᠭᠳᠠᠯ ᠪᠥᠬᠦᠢ ᠲᠣᠭᠲᠠᠭᠠᠯ ᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ︵ᠲᠣᠰᠬᠤᠨ᠂ ᠨᠡᠶᠢᠭᠡᠮ ᠲᠣᠭᠤᠷᠢᠭ︶ ᠬᠤᠶᠠᠷ ᠱᠠᠲᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠬᠠᠷᠢᠭᠤᠴᠠᠯᠭᠠᠲᠠᠨ ᠤ ᠨᠡᠷᠡᠰ ᠢ ᠨᠡᠶᠢᠳᠡ ᠲᠤ ᠵᠠᠷᠯᠠᠶ᠎ᠠ᠃       ᠡᠯ᠎ᠡ ᠱᠠᠲᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭᠠᠲᠠᠨ ᠦᠶᠡᠷ ᠤᠨ ᠬᠤᠭᠤᠴᠠᠭᠠᠨ ᠳᠤ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠬᠡᠲᠦᠷᠡᠮᠡᠬᠡᠢ ᠰᠡᠳᠬᠢᠬᠦᠢ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠶᠡᠭᠡ ᠦᠶᠡᠷ ᠢ ᠰᠡᠷᠭᠡᠶᠢᠯᠡᠬᠦ ᠂ ᠶᠡᠭᠡ ᠭᠠᠩ ᠬᠠᠭᠰᠠᠷᠠᠭᠠᠨ ᠲᠠᠢ ᠲᠡᠮᠡᠴᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠡᠨᠡ ᠬᠦ ᠬᠥᠪᠴᠢ ᠶᠢ ᠴᠢᠩᠭᠠᠯᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠵᠦ ᠪᠡᠯᠡᠳᠬᠡᠬᠦ ᠪᠠ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠨᠳᠦ ᠶᠡᠭᠡ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠭᠠᠴᠠᠭᠠᠵᠤ᠂ ᠠᠷᠠᠳ᠃ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠠᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ᠂ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃       ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ 2024 ᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠠᠷᠢᠭᠤᠴᠠᠯᠭᠠᠲᠠᠨ ᠤ ᠨᠡᠷᠡᠰ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号