ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 2024 ᠣᠨ ᠤ ᠠᠯᠠᠱᠠ ᠵᠡᠭᠦᠨ ᠬᠤᠰᠢᠭᠤᠨ ᠤ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠣᠨ ᠤ ᠵᠠᠰᠠᠯᠲᠠ ᠶᠢᠨ ᠲᠥᠯᠥᠪᠯᠡᠭᠡ ᠶᠢᠨ ᠪᠢᠴᠢᠭ︾᠎ ᠤᠨ ᠭᠤᠷᠪᠠᠳᠤᠭᠠᠷ ᠪᠦᠯᠦᠭ ᠤᠨ ᠵᠠᠷᠯᠠᠯ
ᠨᠡᠶᠢᠲᠡᠯᠡᠭᠰᠡᠨ ᠴᠠᠭ᠄
2024/5/14
              ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠠᠷᠪᠠ ᠶᠢᠰᠦᠳᠦᠭᠡᠷ ᠵᠦᠶᠯ ᠢ ᠦᠨᠳᠦᠰᠦᠯᠡᠪᠡᠯ᠄ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠶᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ ᠢ ᠠᠭᠤᠷᠬᠠᠶ ᠮᠠᠯᠲᠠᠬᠤ ᠡᠷᠬᠡ ᠲᠠᠢ ᠬᠥᠮᠦᠨ ᠨᠢ ᠳᠡᠭᠡᠷ᠎ᠡ ᠵᠢᠯ ᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠭᠰᠡᠨ ᠪᠠᠶᠢᠳᠠᠯ᠂ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ᠂ ᠡᠪᠳᠡᠭᠳᠡᠭᠰᠡᠨ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠵᠢᠴᠢ ᠭᠠᠵᠠᠷ ᠰᠢᠷᠣᠶ ᠶᠢᠨ ᠲᠥᠷᠥᠯ ᠬᠡᠯᠪᠡᠷᠢ ᠵᠢᠴᠢ ᠲᠠᠯᠠᠪᠠᠶ ᠪᠠ ᠲᠣᠰ ᠵᠢᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠵᠦ᠂ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠡᠳᠦᠭᠡ 2024 ᠣᠨ ᠤ ᠠᠯᠠᠱᠠ ᠵᠡᠭᠦᠨ ᠬᠤᠰᠢᠭᠤᠨ ᠤ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠣᠨ ᠤ ᠲᠥᠯᠥᠪᠯᠡᠭᠡ ᠶᠢᠨ ᠪᠢᠴᠢᠭ︾᠎ ᠢ ᠳᠤᠤᠷᠠᠬᠢ ᠮᠡᠲᠦ ᠵᠠᠷᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠨ᠎ᠡ᠃       ᠬᠠᠷᠢᠯᠴᠠᠬᠤ ᠬᠥᠮᠦᠨ᠄ ᠰᠦᠨ ᠢᠦᠢ ᠶᠠᠩ ᠬᠤᠢ ᠴᠢᠨ᠃ ᠬᠠᠷᠢᠯᠴᠠᠬᠤ ᠤᠲᠠᠰᠤ᠄ 186048362291363477807       ᠬᠠᠪᠰᠤᠷᠤᠯᠲᠠ᠄             2024 ᠣᠨ ᠤ 5 ᠳ᠋ᠤᠭᠠᠷ ᠰᠠᠷ᠎ᠠ ᠶᠢᠨ 13᠎ ᠤ ᠡᠳᠦᠷ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号