ᠠᠬᠠᠮᠠᠳ ᠨᠠᠮ ᠤᠨ ᠭᠡᠰᠢᠭᠦᠨ ᠳᠤ ᠨᠠᠮ ᠤᠨ ᠰᠤᠷᠤᠯᠴᠠᠯᠭ᠎ᠠ ᠶᠢ ᠬᠦᠷᠭᠡᠪᠡ
ᠨᠡᠶᠢᠲᠡᠯᠡᠭᠰᠡᠨ ᠴᠠᠭ᠄
2024/5/14
            ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠲᠡᠭᠡᠳ ᠢ ᠪᠦᠬᠦᠨ ᠢ ᠬᠠᠮᠤᠷᠬᠤ ᠵᠣᠷᠢᠯᠭ᠎ᠠ  ᠲᠠᠢ ᠪᠠᠷ᠂ ᠨᠡᠶᠢᠭᠡᠮ ᠲᠣᠭᠤᠷᠢᠭ ᠤᠨ ᠠᠵᠢᠯᠲᠠᠨ᠂ ᠨᠠᠮ ᠤᠨ ᠡᠭᠦᠷ ᠤᠨ ᠪᠦᠷᠢᠯᠳᠦᠬᠦᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠤᠷᠤᠯᠴᠠᠯᠭ᠎ᠠ ᠶᠢᠨ ᠲᠠᠩᠬᠢᠮ ᠢ ᠪᠠᠶᠢᠭᠤᠯᠪᠠ᠂ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠪᠠᠨ ᠲᠥᠯᠥᠭᠡ ᠬᠥᠳᠡᠯᠵᠦ ᠪᠠᠷᠢᠬᠤ ᠳᠤ ᠳᠥᠭᠦᠮ ᠦᠭᠡᠢ᠂ ᠣᠶᠤᠨᠯᠢᠭ ᠭᠠᠷ ᠤᠲᠠᠰᠤ ᠦᠭᠡᠢ ᠠᠬᠠᠮᠠᠳ ᠨᠠᠮ ᠤᠨ ᠭᠡᠰᠢᠭᠦᠨ ᠤ ᠭᠡᠷ ᠲᠤᠨᠢ ᠬᠦᠷᠴᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠬᠠᠮᠢᠶ᠎ᠠ ᠪᠥᠬᠦᠶ ᠰᠤᠷᠤᠯᠴᠠᠬᠤ ᠮᠠᠲ᠋ᠧᠷᠢᠶᠠᠯ ᠢ ᠤᠬᠠᠭᠤᠯᠪᠠ᠂ ᠲᠥᠪᠯᠡᠷᠡᠭᠦᠯᠦᠨ ᠰᠤᠷᠤᠯᠴᠠᠯᠭ᠎ᠠ ᠳᠤ ᠣᠷᠣᠯᠴᠠᠵᠤ ᠴᠢᠳᠠᠬᠤ ᠦᠭᠡᠢ ᠠᠬᠠᠮᠠᠳ ᠨᠠᠮ ᠤᠨ ᠭᠡᠰᠢᠭᠦᠨ ᠤ ᠭᠠᠷ ᠲᠤ ᠬᠦᠷᠭᠡᠬᠦ᠂ ᠪᠠᠰᠠ ᠠᠬᠠᠮᠠᠳ ᠨᠠᠮ ᠤᠨ ᠭᠡᠰᠢᠭᠦᠳ ᠲᠠᠢ ᠬᠠᠮᠲᠤ ᠰᠤᠷᠤᠯᠴᠠᠪᠠ᠃
      ᠵᠢᠶᠠᠨ ᠺᠠᠩ ᠬᠤᠸᠠ ᠶᠤᠸᠠᠨ ᠨᠡᠶᠢᠭᠡᠮ ᠲᠣᠭᠤᠷᠢᠭ ᠤᠨ ᠬᠢᠨ ᠪᠠᠰᠠ ᠰᠠᠭᠤᠭᠠᠯᠢ ᠲᠣᠭᠤᠷᠢᠭ ᠤᠨ ᠲᠢᠩᠰᠡ ᠶᠢᠨ ᠭᠠᠵᠠᠷ ᠢ ᠠᠰᠢᠭᠯᠠᠵᠤ᠂ ᠬᠤᠪᠢᠰᠬᠠᠯ ᠤᠨ ᠲᠢᠩᠰᠡ ᠶᠢᠨ ᠪᠢᠴᠢᠯ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠵᠦ᠂ ︽ᠶᠠᠭᠤᠨ ᠳᠤ ᠰᠤᠷᠤᠯᠴᠠᠬᠤ︾᠂ ︽ᠶᠠᠭᠤ ᠰᠤᠷᠤᠯᠴᠠᠬᠤ︾ ᠪᠠ ︽ᠶᠠᠭᠠᠬᠢᠵᠤ ᠰᠤᠷᠤᠯᠴᠠᠬᠤ︾  ᠠᠴᠠ ᠡᠭᠦᠰᠴᠦ᠂ ᠨᠠᠮ ᠤᠨ ᠭᠡᠰᠢᠭᠦᠳ ᠲᠠᠢ ᠬᠠᠮᠲᠤ ᠪᠠᠷ ᠰᠤᠷᠤᠯᠴᠠᠵᠤ᠂ ᠤᠯᠠᠨ ᠲᠦᠮᠡᠨ ᠲᠠᠢ ᠤᠶᠢᠷᠠᠳᠤᠭᠰᠠᠨ ᠰᠤᠷᠤᠯᠴᠠᠬᠤ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠠᠨ ᠲᠦᠮᠡᠨ ᠤ ᠦᠭᠡ ᠬᠡᠯᠡ ᠪᠠᠷ ᠨᠠᠮ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠰᠡᠳᠬᠢᠯ ᠵᠢᠷᠦᠬᠡᠨ ᠳᠤ ᠤᠬᠠᠭᠤᠯᠪᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号