ᠤᠯᠠᠨ ᠲᠦᠮᠡᠨ ᠤ ᠰᠣᠶᠣᠯ ᠤᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/5/14
                        ᠥᠷᠭᠡᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠵᠣᠷᠢᠯᠭ᠎ᠠ ᠲᠠᠢ ᠪᠠᠷ᠂ ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠬᠡᠯᠪᠡᠷᠢ ᠮᠠᠶ᠋ᠢᠭ ᠤᠨ ᠠᠵᠢᠯᠯᠠᠭ᠎ᠠ ᠪᠠ ᠳᠤᠷ᠎ᠠ ᠰᠣᠨᠢᠷᠬᠠᠯ ᠤᠨ ᠪᠣᠯᠪᠠᠰᠤᠷᠠᠯ ᠤᠨ ᠠᠩᠭᠢ ᠡᠷᠭᠢᠯᠡᠬᠦ ᠪᠠᠷ ᠳᠠᠮᠵᠢᠭᠤᠯᠤᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠣᠯᠠᠨ ᠡᠰᠢᠲᠦ ᠣᠯᠠᠨ ᠨᠡᠶᠢᠲᠡ ᠶᠢᠨ ᠰᠣᠶᠣᠯ ᠤᠨ ᠠᠵᠢᠯᠯᠠᠭ᠎ᠠ ᠪᠠᠷ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ ᠭᠡᠷᠡᠯᠲᠦᠭᠦᠯᠦᠭᠰᠡᠨ ᠪᠠᠶᠢᠨ᠎ᠠ᠃
      ᠠᠯᠠᠱᠠ ᠵᠡᠭᠦᠨ ᠬᠤᠰᠢᠭᠤ ᠲᠣᠭᠯᠠᠯᠲᠠ ᠭᠠᠷᠭᠠᠬᠤ᠂ ᠦᠵᠡᠰᠬᠦᠯᠡᠩ ᠭᠠᠷᠭᠠᠬᠤ᠂ ᠲᠠᠶᠢᠯᠤᠮᠵᠢ ᠬᠢᠬᠦ᠂ ᠨᠣᠮ ᠪᠢᠴᠢᠭ ᠬᠦᠷᠭᠡᠬᠦ ᠵᠡᠷᠭᠡ ᠪᠠᠷ ᠳᠠᠮᠵᠢᠭᠤᠯᠵᠤ᠂ ᠠᠯᠢ ᠤᠯᠠᠨ ᠡᠯᠪᠡᠭ ᠪᠠᠶᠠᠯᠢᠭ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠪᠠ᠃       ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠲᠡᠩᠴᠡᠭᠦᠷᠢᠲᠡᠶ ᠬᠥᠭᠵᠢᠯᠲᠡ ᠶᠢ ᠤᠯᠠᠮ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠵᠠᠬᠢᠶᠠᠯᠠᠭ᠎ᠠ ᠶᠢ ᠦᠷᠭᠦᠯᠵᠢᠯᠡᠨ ᠠᠬᠢᠭᠤᠯᠵᠤ᠂ ᠬᠡᠷᠡᠭᠴᠡᠭᠡ ᠪᠠᠷ ᠨᠢ ᠳᠣᠭᠢᠷᠠᠭᠤᠯᠤᠨ ᠬᠦᠷᠭᠡᠬᠦ ᠮᠠᠶ᠋ᠢᠭ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ᠰᠡᠳᠬᠢᠯ ᠢ ᠳᠤᠯᠠᠭᠠᠴᠠᠭᠤᠯᠵᠤ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号