﹇︽ᠤᠷᠲᠤ ᠴᠠᠭᠠᠨ ᠬᠡᠷᠡᠮ︾ ᠪᠣᠯᠣᠨ ︽ᠬᠠᠲᠤᠨ ᠭᠤᠣᠯ︾᠎ ᠤᠨ ᠰᠣᠶᠣᠯ ᠤᠨ ᠰᠣᠯᠢᠯᠴᠠᠭ᠎ᠠ ᠤᠶᠠᠯᠳᠤᠯ ﹈  ᠡᠪ ᠤᠨ ᠲᠦᠰᠢᠭ ᠲᠠᠢ ᠬᠤᠷᠸ᠎ᠠ ᠳᠤ ᠡᠩᠬᠡ ᠶᠢᠨ ᠠᠮᠢᠳᠤᠷᠠᠯ ᠮᠥᠩᠬᠡ
ᠨᠡᠶᠢᠲᠡᠯᠡᠭᠰᠡᠨ ᠴᠠᠭ᠄
2024/5/15
                     ᠬᠠᠲᠤᠨ ᠭᠤᠣᠯ ᠳᠣᠯᠭᠢᠶᠠᠯᠠᠨ ᠳᠠᠪᠠᠯᠭᠠᠯᠠᠵᠤ᠂ ᠮᠢᠩᠭᠠᠨ ᠭᠠᠵᠠᠷ ᠤᠨ ᠠᠯᠤᠰ ᠠᠴᠠ ᠪᠤᠭᠤᠲᠤ ᠶᠢᠨ ᠬᠢᠯᠢ ᠳᠤ ᠤᠷᠤᠰᠤᠨ ᠣᠷᠣᠬᠤᠶ᠎ᠠ᠂ ᠤᠷᠤᠰᠬᠠᠯ ᠵᠥᠭᠡᠯᠡᠷᠡᠵᠦ᠂ ᠵᠤᠤ ᠤᠯᠤᠰ ᠤᠨ ᠦᠶ᠎ᠡ ᠶᠢᠨ ᠬᠤᠶᠢᠲᠤ ᠬᠡᠰᠡᠭ ᠤᠨ ᠤᠷᠳᠤ ᠴᠠᠭᠠᠨ ᠬᠡᠷᠡᠮ ᠲᠠᠢ ᠬᠠᠷᠢᠯᠴᠠᠨ ᠪᠠᠷᠠᠯᠠᠵᠤ ᠲᠥᠰᠢᠯᠴᠢᠨ ᠣᠷᠣᠰᠢᠨ᠎ᠠ᠃ ᠳᠤᠮᠳᠠᠳᠤ ᠶᠢᠨ ᠪᠣᠯᠪᠠᠰᠤᠨ ᠤ ᠡᠨᠡ ᠬᠤᠶᠠᠷ ᠶᠡᠭᠡ ᠲᠡᠮᠳᠡᠭ ᠠᠭᠤᠯᠵᠠᠨ᠂ ᠡᠨᠡ ᠬᠦ ᠨᠤᠲᠤᠭ ᠳᠡᠭᠡᠷ᠎ᠡ ᠲᠡᠦᠬᠡ ᠶᠢᠨ ᠬᠦᠴᠦᠲᠦ ᠳᠠᠭᠤᠨ ᠢ ᠴᠤᠤᠷᠢᠶᠠᠲᠤᠭᠰᠠᠨ ᠪᠠᠶᠢᠨ᠎ᠠ᠃            ᠬᠠᠳᠤᠨ ᠭᠤᠣᠯ ᠤᠷᠤᠰᠬᠠᠯ ᠵᠥᠭᠡᠯᠡᠨ᠂ ᠥᠩᠭᠡᠷᠡᠭᠰᠡᠨ ᠲᠥᠷᠥ ᠶᠢᠨ ᠤᠷᠳᠤ ᠴᠠᠭᠠᠨ ᠬᠡᠷᠡᠮ ᠪᠠᠲᠤ ᠪᠠᠬᠢ᠂ ᠨᠡᠭᠦᠳᠡᠯ ᠮᠠᠯᠵᠢᠯ ᠤᠨ ᠰᠣᠶᠣᠯ ᠪᠣᠯᠣᠨ ᠲᠠᠷᠢᠶᠠᠯᠠᠬᠤ ᠰᠣᠶᠣᠯ ᠠᠳᠡ ᠮᠥᠷᠭᠦᠯᠳᠦᠨ ᠠᠭᠤᠰᠤᠯᠴᠠᠵᠤ᠂ ᠨᠠᠢᠮᠠᠨ ᠵᠣᠪᠬᠢᠰ ᠤᠨ ᠠᠷᠠᠯᠵᠢᠶᠠᠴᠢᠨ ᠠᠳᠡ ᠠᠷᠠᠯᠵᠢᠶ᠎ᠠ ᠮᠠᠶᠢᠮᠠᠢ ᠬᠢᠵᠦ ᠪᠠᠶᠢᠯ᠎ᠠ ᠁ ᠪᠤᠭᠤᠲᠤ ᠶᠢᠨ ᠰᠣᠶᠣᠯ ᠴᠤ ᠡᠭᠦᠨ ᠠᠴᠠ ᠪᠣᠯᠵᠤ ᠤᠯᠠᠨ ᠡᠰᠢᠵᠢᠵᠦ ᠪᠣᠷᠣᠭᠵᠢᠭᠤᠨ ᠠᠳᠠᠯ᠎ᠠ ᠬᠡᠭᠡᠨᠴᠢᠷ᠂ ᠮᠥᠨ ᠴᠤ ᠪᠣᠷᠣᠭᠵᠢᠭᠤᠨ ᠠᠳᠠᠯ᠎ᠠ ᠬᠡᠭᠡᠨᠴᠢᠷ ᠠᠴᠠ ᠪᠠᠨ ᠪᠣᠯᠵᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠤᠮᠠᠷᠠᠲᠤ ᠬᠢᠯᠢ ᠶᠢᠨ ᠰᠣᠶᠣᠯ ᠤᠨ ᠥᠨᠢᠷ ᠴᠡᠴᠡᠭ ᠤᠨ ᠬᠦᠷᠢᠶᠡᠯᠡᠩ ᠳᠠᠬᠢ ᠨᠢᠭᠡᠨ ᠬᠦᠢᠰ ᠭᠤᠶᠤ ᠴᠡᠴᠡᠭ ᠪᠣᠯᠤᠭᠰᠠᠨ ᠪᠠᠶᠢᠨ᠎ᠠ᠃            ᠳᠠᠪᠬᠤᠷᠯᠠᠨ ᠵᠡᠭᠦᠭᠰᠡᠨ ᠨᠢᠭᠡᠨ ᠬᠡᠯᠬᠢᠶ᠎ᠡ ︽ᠪᠢᠴᠢᠬᠠᠨ ᠬᠡᠦᠬᠡᠨ ᠤ ᠰᠣᠨᠳᠣᠷ︾᠎ ᠎             ᠳᠤᠮᠳᠠᠳᠤ ᠤᠯᠤᠰ ᠤᠨ ᠲᠡᠦᠬᠡ ᠶᠢᠨ ᠪᠤᠭᠤᠲᠤ ᠶᠢᠨ ᠬᠠᠭᠤᠳᠠᠰᠤ ᠶᠢ ᠠᠯᠭᠤᠷᠬᠠᠨ ᠳᠡᠯᠭᠡᠪᠡᠯ -            ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 300 ᠣᠨ ᠳᠤ᠂ ᠪᠠᠶᠢᠯᠳᠤᠭᠠᠨᠲᠤ ᠤᠯᠤᠰ ᠤᠨ ᠳᠣᠯᠣᠭᠠᠨ ᠬᠦᠴᠦᠷᠬᠡᠭ ᠤᠨ ᠨᠢᠭᠡ ᠪᠤᠯᠬᠤ ᠵᠣᠣ ᠤᠯᠤᠰ ︽ᠬᠤ᠋ ᠶᠢᠨ ᠬᠤᠪᠴᠠᠰᠤ ᠡᠮᠦᠰᠴᠦ ᠭᠦᠯᠦᠭ ᠳᠡᠭᠡᠷ᠎ᠡ ᠠᠴᠠ ᠨᠠᠮᠨᠠᠬᠤ︾ ᠥᠭᠡᠷᠡᠴᠢᠯᠡᠯᠲᠡ ᠪᠠᠷ ᠳᠡᠮᠵᠢᠨ᠂ ᠴᠡᠷᠢᠭ ᠤᠨ ᠶᠠᠪᠤᠳᠠᠯ ᠤᠨ ᠪᠣᠳᠠᠲᠤ ᠬᠦᠴᠦᠨ ᠨᠢ ᠶᠡᠭᠡ ᠪᠠᠷ ᠨᠡᠮᠡᠭᠳᠡᠪᠡ᠃ ᠵᠣᠣ ᠦ᠋ ᠯᠢᠩ ᠸᠠᠩ ᠤᠷᠢᠳ ᠬᠤᠵᠢᠳ ᠯᠢᠨ ᠬᠤ᠋᠂ ᠯᠧᠦ ᠹᠠᠨ ᠢ ᠮᠤᠨᠢ ᠠᠭᠤᠯᠠ ᠠᠴᠠ ᠤᠮᠠᠷᠠᠰᠢ ᠪᠠᠨ ᠬᠥᠭᠡᠭᠡᠵᠦ ᠭᠠᠷᠭᠠᠨ᠂ ᠪᠤᠭᠤᠲᠤ ᠣᠷᠣᠨ ᠤ ᠡᠨᠡ ᠬᠦ ᠬᠠᠲᠤᠨ ᠭᠤᠣᠯ ᠤᠨ ᠨᠡᠯᠢᠶᠡᠳ ᠲᠣᠭᠲᠠᠪᠤᠷᠢᠲᠠᠢ ᠣᠯᠣᠮ ᠳᠡᠭᠡᠷ᠎ᠡ ︽ᠵᠢᠦᠶᠤᠸᠠᠨ︾᠎ ᠤ ᠴᠡᠷᠢᠭ ᠤᠨ ᠰᠠᠭᠤᠷᠢᠨ ᠢ ᠪᠠᠶᠢᠭᠤᠯᠵᠠᠢ᠃ ᠾᠦᠩᠨᠦ ᠶᠢ ᠬᠤᠷᠢᠭᠯᠠᠬᠤ ᠶᠢᠨ ᠲᠥᠯᠥᠭᠡ᠂ ᠵᠣᠣ ᠤᠯᠤᠰ ᠪᠠᠰᠠ ᠤᠯᠤᠰ ᠤᠨ ᠬᠢᠯᠢ ᠶᠢᠨ ᠬᠤᠶᠢᠲᠤ ᠬᠡᠰᠡᠭ ᠲᠤ ᠣᠷᠳᠣ ᠴᠠᠭᠠᠨ ᠬᠡᠷᠡᠮ ᠢ ᠪᠠᠶᠢᠭᠤᠯᠵᠤ᠂ ᠡᠭᠦᠨ ᠢ ᠵᠣᠣ ᠤᠯᠤᠰ ᠤᠨ ᠬᠤᠶᠢᠲᠤ ᠬᠡᠰᠡᠭ ᠤᠨ ᠣᠷᠳᠣ ᠴᠠᠭᠠᠨ ᠬᠡᠷᠡᠮ ᠬᠡᠮᠡᠵᠡᠢ᠃            ᠡᠭᠦᠨ ᠠᠴᠠ ᠡᠬᠢᠯᠡᠨ ᠪᠤᠭᠤᠲᠤ ᠵᠢᠴᠢ ᠪᠣᠷᠣᠳᠣᠬᠤᠢ ᠣᠷᠣᠨ ᠤ ᠥᠨᠢᠷ ᠪᠠᠶᠠᠯᠢᠭ ᠨᠤᠲᠤᠭ ᠳᠡᠪᠢᠰᠬᠡᠷ ᠳᠡᠭᠡᠷ᠎ᠡ ᠂ ᠰᠦᠷ ᠳᠠᠯᠠᠶᠢᠴᠠᠲᠠᠢ ᠶᠠᠪᠤᠳᠠᠯ ᠤᠳ ᠪᠤᠢ ᠪᠣᠯᠣᠯ᠎ᠠ᠄ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 302 ᠣᠨ ᠳᠤ ᠵᠣᠣ ᠤᠯᠤᠰ ᠵᠢᠤᠶᠤᠸᠠᠨ ᠬᠤᠲᠠ ᠶᠢ ᠪᠠᠶᠢᠭᠤᠯᠪᠠ; ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 221 ᠣᠨ ᠳᠤ ᠴᠢᠨ ᠤᠯᠤᠰ ᠵᠢᠤᠶᠤᠸᠠᠨ ᠵᠢᠶᠦ᠋ᠨ ᠢ ᠪᠠᠶᠢᠭᠤᠯᠵᠠᠢ; 433 ᠣᠨ ᠳᠤ᠂ ᠤᠮᠠᠷᠠᠲᠤ ᠸᠧᠢ ᠤᠯᠤᠰ ᠠᠳᠡ ᠬᠤᠸᠠᠢ ᠱᠥᠸᠧ ᠪᠠᠯᠭᠠᠰᠤ ᠶᠢ ᠪᠠᠶᠢᠭᠤᠯᠵᠠᠶ; ᠴᠢᠩ ᠤᠯᠤᠰ ᠤᠨ ᠪᠦᠷᠢᠨ ᠵᠠᠰᠠᠭᠴᠢ ᠶᠢᠨ ᠶᠢᠰᠦᠳᠦᠭᠡᠷ ᠣᠨ ︵1870 ᠣᠨ︶᠎ ᠤ ᠤᠷᠢᠳ ᠬᠤᠵᠢᠳ ᠢᠶᠠᠷ᠂ ᠪᠤᠭᠤᠲᠤ ᠳᠤ ᠬᠤᠲᠠ ᠶᠢᠨ ᠬᠡᠷᠡᠮ ᠪᠠᠷᠢᠵᠤ᠂ ᠵᠡᠭᠦᠨ᠂ ᠡᠮᠦᠨ᠎ᠡ᠂ ᠪᠠᠷᠠᠭᠤᠨ᠂ ᠵᠡᠭᠦᠨ ᠬᠤᠶᠢᠲᠤ᠂ ᠪᠠᠷᠠᠭᠤᠨ ᠬᠤᠶᠢᠲᠤ ᠵᠡᠷᠭᠡ ᠲᠠᠪᠤᠨ ᠬᠤᠲᠠ ᠶᠢᠨ ᠬᠠᠭᠠᠯᠭ᠎ᠠ ᠶᠢ ᠨᠡᠭᠡᠭᠡᠵᠦ᠂ ᠣᠶᠢᠷ᠎ᠠ ᠦᠶ᠎ᠡ ᠶᠢᠨ ᠪᠤᠭᠤᠲᠤ ᠶᠢᠨ ᠬᠤᠲᠠ ᠶᠢᠨ ᠬᠡᠪᠴᠢᠶ᠎ᠡ ᠶᠢ ᠪᠦᠷᠢᠯᠳᠦᠭᠦᠯᠵᠡᠢ᠃ 19 ᠳ᠋ᠦ᠋ᠭᠡᠷ ᠵᠠᠭᠤᠨ ᠤ ᠰᠡᠭᠦᠯᠴᠢ ᠠᠴᠠ 20 ᠳ᠋ᠤᠭᠠᠷ ᠵᠠᠭᠤᠨ ᠤ ᠡᠬᠢ ᠪᠤᠯᠲᠠᠯ᠎ᠠ᠂ ᠪᠤᠭᠤᠲᠤ ᠨᠢᠭᠡᠨᠲᠡ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠨᠠᠷᠠᠲᠠᠢ ᠠᠷᠠᠰᠤ ᠨᠣᠣᠰᠣ ᠶᠢ ᠲᠥᠪᠯᠡᠷᠡᠭᠦᠯᠦᠨ ᠲᠠᠷᠬᠠᠭᠠᠬᠤ ᠭᠠᠵᠠᠷ ᠪᠠ ᠤᠰᠤ ᠪᠠ ᠬᠠᠭᠤᠷᠠᠢ ᠶᠢᠨ ᠭᠠᠷᠠᠮ ᠪᠣᠯᠵᠤ ᠬᠥᠭᠵᠢᠪᠡ            2000 ᠭᠠᠷᠤᠢ ᠵᠢᠯ ᠤᠨ ᠲᠤᠷᠰᠢ᠂ ᠬᠠᠲᠤᠨ ᠭᠤᠣᠯ ᠪᠣᠯᠣᠨ ᠣᠷᠳᠣ ᠴᠠᠭᠠᠨ ᠬᠡᠷᠡᠮ ᠠᠳᠡ ᠬᠠᠷᠢᠯᠴᠠᠨ ᠲᠦᠰᠢᠯᠴᠡᠨ ᠣᠷᠣᠰᠢᠵᠤ᠂ ᠠᠳᠡᠬᠢ ᠯᠤᠲᠤ ᠶᠡᠭᠡ ᠬᠤᠪᠢᠷᠠᠯᠲᠠ ᠶᠢ ᠴᠢᠮᠡᠭᠡ ᠠᠨᠢᠷ ᠦᠭᠡᠢ ᠪᠠᠷᠠᠯᠠᠨ᠂ ᠮᠠᠨ ᠤ ᠤᠯᠤᠰ ᠤᠨ ᠤᠮᠠᠷᠠᠲᠤ ᠶᠢᠨ ᠣᠯᠠᠨ ᠦᠨᠳᠦᠰᠦᠲᠡᠨ ᠤ ᠬᠤᠭᠤᠷᠣᠨᠳᠣᠭᠢ ᠵᠠᠪᠰᠠᠷᠳᠠᠯ ᠲᠤᠰᠠᠭᠠᠷᠯᠠᠯ ᠪᠠ ᠰᠣᠯᠢᠯᠴᠠᠭ᠎ᠠ᠂ ᠰᠠᠮᠠᠭᠤᠷᠠᠯ ᠪᠠ ᠠᠮᠤᠷ ᠲᠠᠶᠢᠪᠤᠩ᠂ ᠬᠤᠷᠴᠠ ᠵᠡᠪᠰᠡᠭ ᠬᠤᠶᠠᠭᠲᠤ ᠮᠣᠷᠢ ᠪᠤᠶᠤ ᠲᠡᠷᠭᠡᠯ ᠰᠠᠷᠠᠨ ᠳᠡᠭᠳᠡᠵᠦ ᠲᠦᠮᠡᠨ ᠴᠡᠴᠡᠭᠡᠰ ᠮᠢᠰᠢᠶᠡᠭᠦ ᠣᠨ ᠰᠠᠷ᠎ᠠ ᠶᠢ ᠭᠡᠷᠡᠴᠢᠯᠡᠭᠰᠡᠨ ᠪᠠᠶᠢᠨ᠎ᠠ᠃            ᠲᠡᠦᠬᠡ ᠶᠢᠨ ᠬᠦᠷᠳᠦ ᠡᠷᠭᠢᠯᠳᠦᠭᠰᠡᠭᠡᠷ ᠥᠨᠥᠳᠥᠷ ᠲᠤ ᠬᠦᠷᠴᠦ ᠢᠷᠡᠯ᠎ᠡ᠃ ᠪᠤᠭᠤᠲᠤ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠵᠢᠷᠤᠭ ᠢ ᠠᠵᠢᠭᠯᠠᠪᠠᠯ᠂ ᠲᠡᠭᠦᠨ ᠤ ᠭᠡᠯᠪᠡᠷᠢ ᠳᠦᠷᠰᠦ ᠨᠢ ᠶᠠᠭ ᠨᠢᠭᠡᠨ ᠪᠢᠴᠢᠬᠠᠨ ᠬᠡᠦᠬᠡᠨ ᠤ ᠴᠢᠷᠠᠢ ᠶᠢ ᠬᠠᠵᠠᠭᠤ ᠠᠴᠠ ᠨᠢ ᠬᠠᠷᠠᠬᠤ ᠯᠤᠭ᠎ᠠ ᠲᠥᠰᠥᠭᠡᠲᠡᠢ ᠪᠠᠶᠢᠵᠤ᠂ ᠬᠠᠳᠤᠨ ᠭᠤᠣᠯ ᠪᠣᠯᠣᠨ ᠵᠤᠤ ᠤᠯᠤᠰ ᠤᠨ ᠬᠤᠶᠢᠲᠤ ᠬᠡᠰᠡᠭ ᠤᠨ ᠤᠷᠳᠤ ᠴᠠᠭᠠᠨ ᠬᠡᠷᠡᠮ ᠨᠢ ᠶᠠᠭ ᠪᠢᠴᠢᠬᠠᠨ ᠬᠡᠦᠬᠡᠨ ᠤ ᠡᠭᠡᠮ ᠶᠠᠰᠤᠨ ᠤ ᠪᠠᠶᠢᠷᠢᠰᠢᠯ ᠳᠤ ᠬᠠᠮᠲᠤ ᠣᠷᠣᠰᠢᠵᠤ᠂ ᠶᠠᠭ ᠯᠠ ᠳᠠᠪᠬᠤᠷᠯᠠᠨ ᠵᠡᠭᠦᠭᠰᠡᠨ ᠰᠣᠨᠳᠣᠷ ᠮᠡᠲᠦ ᠳᠤᠮᠳᠠᠳᠤ ᠶᠢᠨ ᠦᠨᠳᠦᠰᠦᠲᠡᠨ ᠤ ᠬᠤᠶᠠᠷ ᠶᠡᠭᠡ ᠪᠣᠯᠪᠠᠰᠤᠨ ᠢ ᠠᠳᠡ ᠬᠤᠷᠠᠮᠳᠤᠭᠤᠯᠵᠤ᠂ ᠬᠠᠲᠠᠭᠤ ᠵᠥᠭᠡᠯᠡᠨ ᠢ ᠬᠤᠣᠰᠯᠠᠭᠤᠯᠵᠤ᠂ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ᠃            ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤ ᠪᠣᠯ ᠬᠠᠲᠤᠨ ᠭᠤᠣᠯ ᠪᠣᠯᠣᠨ ᠤᠷᠳᠤ ᠴᠠᠭᠠᠨ ᠬᠡᠷᠡᠮ ᠤᠨ ᠠᠭᠤᠯᠵᠠᠯᠲᠠ ᠶᠢᠨ ᠭᠠᠵᠠᠷ ᠪᠣᠯᠣᠨ᠎ᠠ᠃ ᠨᠢᠭᠡ ᠬᠡᠰᠡᠭ ᠠᠯᠲᠠᠨ ᠤᠯᠤᠰ ᠤᠨ ᠤᠷᠲᠤ ᠴᠠᠭᠠᠨ ᠬᠡᠷᠡᠮ ᠳᠠᠯᠠᠨ ᠬᠠᠷ᠎ᠠ ᠠᠭᠤᠯᠠ ᠶᠢᠨ ᠠᠷᠤ ᠬᠤᠷᠮᠣᠢ ᠳᠠᠪᠠᠵᠤ ᠬᠠᠲᠤᠨ ᠭᠤᠣᠯ ᠢ ᠭᠡᠲᠦᠯᠦᠨ ᠲᠠᠯᠠᠳ ᠬᠤᠰᠢᠭᠤᠨ ᠳᠤ ᠭᠦᠷᠳᠡᠯ᠎ᠡ ᠦᠷᠭᠦᠯᠵᠢᠯᠡᠭᠰᠡᠨ ᠢᠮ ᠲᠠᠮᠠᠭ᠎ᠠ ᠲᠠᠢ ᠦᠯᠡᠳᠡᠭᠳᠡᠯ᠂ ᠰᠠᠷᠠᠴᠢᠨ ᠪᠠᠯᠭᠠᠰᠤ ᠶᠢᠨ ᠰᠠᠷᠠᠴᠢᠨ ᠲᠣᠰᠬᠤᠨ ᠳᠤ ᠲᠡᠦᠬᠡ ᠬᠦᠦᠷᠨᠢᠨ᠎ᠡ᠃ ᠭᠤᠸᠠᠨ ᠳ᠋ᠢ ᠲᠣᠰᠬᠤᠨ ᠠᠴᠠ ᠬᠡᠳᠦᠨ ᠺᠢᠯᠣᠮᠧᠲᠷ ᠵᠠᠶᠢᠲᠠᠢ ᠪᠠᠶᠢᠬᠤ ᠮᠤᠨᠢ ᠠᠭᠤᠯᠠ ᠶᠢᠨ ᠬᠤᠷᠮᠣᠢ ᠳᠤ ᠬᠠᠷᠢᠨ ᠵᠣᠣ ᠤᠯᠤᠰ ᠤᠨ ᠬᠤᠶᠢᠲᠤ ᠬᠡᠰᠡᠭ ᠤᠨ ᠲᠠᠷᠠᠬᠠᠢ ᠪᠤᠲᠠᠷᠬᠠᠢ ᠬᠠᠶᠠᠭᠳᠠᠭᠰᠠᠨ ᠣᠷᠳᠣ ᠴᠠᠭᠠᠨ ᠬᠡᠷᠡᠮ ᠤᠨ ᠪᠠᠭᠤᠷᠢ ᠪᠤᠶ᠃            ᠰᠠᠷᠠᠴᠢᠨ ᠪᠠᠯᠭᠠᠰᠤ ᠶᠢᠨ ᠭᠤᠸᠠᠨ ᠳ᠋ᠢ ᠲᠣᠰᠬᠤᠨ ᠬᠤᠶᠢᠲᠤ ᠲᠠᠯ᠎ᠠ ᠪᠠᠷ ᠢᠶᠠᠨ ᠮᠤᠨᠢ ᠠᠭᠤᠯᠠ ᠶᠢ ᠲᠦᠰᠢᠵᠦ᠂ ᠡᠮᠦᠨ᠎ᠡ ᠲᠠᠯ᠎ᠠ ᠪᠠᠷ ᠢᠶᠠᠨ ᠬᠠᠳᠤᠨ ᠭᠤᠣᠯ ᠢ ᠢᠰᠬᠦᠯᠵᠦ᠂ ᠬᠠᠳᠤᠨ ᠭᠤᠣᠯ ᠤᠨ ︽ᠶᠡᠭᠡ ᠲᠣᠬᠤᠢ ᠣᠷᠣᠨ︾᠎ ᠤ ᠣᠷᠣᠢ ᠶᠢᠨ ᠬᠡᠰᠡᠭ ᠠᠴᠠ ᠬᠡᠳᠦᠬᠡᠨ ᠵᠠᠭᠤᠨ ᠮᠸᠲᠷ ᠵᠠᠶᠢᠲᠠᠢ ᠪᠠᠶᠢᠵᠤ᠂ ᠪᠤᠭᠤᠲᠤ ᠶᠢᠨ ᠬᠠᠳᠤᠨ ᠭᠤᠣᠯ ᠠᠴᠠ ᠬᠠᠮᠤᠭ ᠤᠨ ᠣᠶᠢᠷ᠎ᠠ ᠲᠣᠰᠬᠤᠨ ᠪᠣᠯᠣᠨ᠎ᠠ᠃            ᠲᠣᠰᠬᠤᠨ ᠤ ᠨᠠᠰᠤᠲᠠᠨ ᠰᠤᠷᠪᠤᠯᠵᠢᠯᠠᠬᠴᠢ ᠳᠤ᠂ ᠴᠢᠩ ᠤᠯᠤᠰ ᠤᠨ ᠰᠡᠭᠦᠯᠴᠢ ᠪᠠᠷ ᠠᠯᠪᠠᠨ ᠤ ᠲᠠᠯ᠎ᠠ ᠶᠢᠨ ᠎ ᠬᠢᠨ ᠠᠳᠡ ᠤᠰᠤᠨ ᠡᠷᠭᠢ᠂ ᠭᠠᠷᠠᠮ᠂ ᠣᠯᠣᠮ ᠵᠠᠰᠠᠵᠤ᠂ ᠠᠯᠪᠠᠨ ᠣᠩᠭᠤᠴᠠ᠂ ᠬᠤᠳᠠᠯᠳᠤᠭᠠᠨ ᠤ ᠣᠩᠭᠤᠴᠠ᠂ ᠶᠠᠪᠤᠭᠤᠯ ᠬᠥᠮᠥᠨ ᠢ ᠥᠩᠭᠡᠷᠡᠭᠦᠯᠵᠦ ᠪᠠᠶᠢᠵᠠᠢ᠃ ᠠᠯᠪᠠᠨ ᠤ ᠲᠠᠯ᠎ᠠ ᠶᠢᠨ ᠬᠢᠨ ᠵᠠᠰᠠᠵᠤ ᠪᠠᠶᠢᠭᠤᠯᠤᠭᠰᠠᠨ ᠪᠣᠯᠬᠤᠷ ᠲᠣᠰᠬᠤᠨ ᠢ ᠪᠠᠰᠠ ︽ᠭᠤᠸᠠᠨ ᠳ᠋ᠢ︾ ᠭᠡᠵᠦ ᠨᠡᠷᠡᠶᠢᠳᠴᠡᠢ ᠭᠡᠵᠦ ᠬᠡᠯᠡᠵᠦ ᠥᠭᠪᠡ᠃            ᠲᠤᠬᠠᠢ ᠶᠢᠨ ᠦᠶ᠎ᠡ ᠳᠤ᠂ ᠲᠣᠰᠬᠤᠨ ᠤ ᠠᠷᠠᠳ ᠤᠨ ᠰᠠᠭᠤᠵᠤ ᠪᠠᠶᠢᠭᠰᠠᠨ ᠳᠣᠣᠷ᠎ᠠ ᠭᠤᠸᠠᠨ ᠳ᠋ᠢ ᠲᠣᠰᠬᠤᠨ ᠤ ᠣᠯᠣᠮ ᠭᠠᠷᠠᠮ ᠨᠢ ᠮᠠᠰᠢ ᠬᠥᠭᠵᠢᠶᠡᠨ ᠨᠠᠷᠭᠢᠶᠠᠨ ᠲᠠᠢ ᠪᠠᠶᠢᠭᠰᠠᠨ ᠭᠡᠲᠡᠭ᠃ ᠲᠣᠰᠬᠤᠨ ᠤ ᠠᠷᠠᠳ ᠬᠤᠳᠠᠯᠳᠤᠭᠠᠨ ᠤ ᠬᠥᠭᠵᠢᠶᠡᠨ ᠲᠠᠢ ᠪᠠᠶᠢᠭᠰᠠᠨ ᠠᠵᠠ ᠲᠣᠭᠢᠶᠠᠯ ᠢ ᠠᠮᠵᠢᠵᠤ᠂ ᠵᠣᠴᠢᠳ ᠤᠨ ᠪᠠᠭᠤᠳᠠᠯ ᠪᠠ ᠬᠤᠭᠤᠯᠠᠨ ᠭᠡᠷ ᠨᠡᠭᠡᠭᠡᠨ ᠡᠷᠭᠢᠯᠡᠵᠦ᠂ ᠵᠣᠴᠢᠳ ᠲᠤ ᠦᠨᠡᠨᠴᠢ ᠪᠠᠷ ᠬᠠᠨᠳᠤᠵᠤ ᠳᠥᠭᠦᠮ ᠦᠵᠡᠭᠦᠯᠦᠨ᠂ ᠨᠢᠭᠡᠨ ᠦᠶ᠎ᠡ ᠬᠤᠳᠠᠯᠳᠤᠭ᠎ᠠ ᠮᠠᠶᠢᠮᠠᠶᠢᠴᠢᠳ ᠴᠤᠭᠯᠠᠷᠠᠵᠤ᠂ ᠲᠤᠶᠢᠯ ᠤᠨ ᠭᠦᠷ ᠬᠥᠭᠵᠢᠶᠡᠨ ᠲᠠᠢ ᠪᠠᠶᠢᠪᠠ᠃            1923 ᠣᠨ ᠳᠤ᠂ ᠪᠡᠭᠡᠵᠢᠩ ᠠᠴᠠ ᠪᠤᠭᠤᠲᠤ ᠬᠦᠷᠬᠦ ᠭᠠᠯᠲᠤ ᠲᠡᠷᠭᠡ ᠨᠡᠪᠲᠡᠷᠡᠬᠦ ᠶᠢ ᠳᠠᠭᠠᠯᠳᠤᠨ᠂ ᠪᠤᠭᠤᠲᠤ ᠶᠢᠨ ᠬᠥᠭᠵᠢᠶᠡᠨ ᠨᠠᠷᠭᠢᠶᠠᠨ ᠲᠠᠢ ᠤᠰᠤᠨ ᠵᠠᠮ ᠢᠶᠠᠷ ᠠᠮᠤ ᠵᠥᠭᠡᠭᠡᠪᠦᠷᠢᠯᠡᠬᠦ ᠨᠢ ᠠᠭᠠᠵᠢᠮ ᠢᠶᠠᠷ ᠭᠠᠯᠲᠤ ᠲᠡᠷᠭᠡ ᠪᠠᠷ ᠣᠷᠣᠯᠠᠭᠳᠠᠵᠤ᠂ ᠳᠣᠣᠷ᠎ᠠ ᠭᠤᠸᠠᠨ ᠳ᠋ᠢ ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠴᠤ ᠠᠭᠠᠵᠢᠮ ᠢᠶᠠᠷ ᠤᠷᠤᠰᠤᠨ ᠥᠩᠭᠡᠷᠡᠬᠦ ᠳᠤ ᠪᠤᠢ ᠪᠣᠯᠤᠭᠰᠠᠨ ᠰᠢᠮ᠎ᠡ ᠰᠠᠶᠢᠲᠠᠢ ᠲᠠᠷᠢᠶᠠᠨ ᠭᠠᠵᠠᠷ ᠲᠠᠷᠢᠶᠠᠯᠠᠬᠤ ᠬᠥᠮᠥᠨ ᠠᠮᠠ ᠶᠢᠨ ᠨᠡᠭᠦᠳᠡᠯ ᠠᠷᠠᠳ ᠢ ᠲᠠᠲᠠᠭᠰᠠᠭᠠᠷ ᠢᠷᠡᠵᠡᠶ᠃ ᠤᠳᠤ 71 ᠡᠷᠦᠭᠡ᠂ 169 ᠬᠥᠮᠥᠨ ᠠᠮᠠ ᠲᠠᠢ ᠡᠨᠡ ᠵᠢᠵᠢᠭ ᠲᠣᠰᠬᠤᠨ ᠳᠤ ᠠᠳᠠᠯᠢ ᠪᠤᠰᠤ ᠴᠠᠭ ᠬᠤᠭᠤᠴᠠᠭᠠᠨ ᠳᠤ ᠾᠧᠨᠠᠨ᠂ ᠱᠠᠨᠰᠢ᠂ ᠱᠠᠨ ᠰᠢ᠂ ᠰᠧᠴᠤᠸᠠᠨ᠂ ᠨᠢᠩᠰᠢᠶᠠ᠂ ᠠᠨᠾᠦ᠋ᠢ ᠵᠡᠷᠭᠡ ᠮᠤᠵᠢ ᠣᠷᠣᠨ ᠠᠴᠠ ᠨᠡᠭᠦᠵᠦ ᠢᠷᠡᠭᠰᠡᠨ ᠬᠥᠮᠥᠰ ᠰᠠᠭᠤᠷᠢᠰᠢᠭᠰᠠᠭᠠᠷ ᠪᠤᠢ᠃            ᠵᠠᠭᠤᠨ ᠵᠢᠯ ᠤᠨ ᠳᠠᠷᠠᠭᠠᠬᠢ ᠥᠨᠥᠳᠥᠷ᠂ ᠳᠣᠣᠷ᠎ᠠ ᠭᠤᠸᠠᠨ ᠳ᠋ᠢ ᠲᠣᠰᠬᠤᠨ ᠤᠮᠠᠷᠠᠲᠤ ᠶᠢᠨ ᠠᠮᠢ ᠠᠬᠤᠢ ᠶᠢᠨ ᠨᠡᠭᠦᠳᠡᠯ ᠠᠷᠠᠳ ᠢ ᠰᠢᠯᠵᠢᠭᠦᠯᠬᠦ ᠪᠠᠶᠢᠷᠢᠯᠠᠭᠤᠯᠤᠯᠲᠠ ᠪᠠᠷ ᠤᠳᠤ ᠶᠢᠨ ᠪᠠᠶᠢᠭ᠎ᠠ ᠭᠠᠵᠠᠷ ᠲᠤ ᠨᠡᠭᠦᠨ ᠢᠷᠡᠵᠤ᠂ ᠲᠠᠷᠢᠶᠠᠯᠠᠬᠤ ᠲᠣᠰᠬᠤᠨ ᠪᠣᠯᠤᠭᠰᠠᠨ ᠪᠠᠶᠢᠨ᠎ᠠ᠃            ᠭᠤᠸᠠᠨ ᠳ᠋ᠢ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ ᠵᠧᠦ ᠶᠦᠩ ᠭᠠᠩ ᠬᠠᠷᠠᠬᠠᠨ ᠪᠠᠭ᠎ᠠ ᠠᠴᠠ ᠪᠠᠨ ᠡᠨᠡ ᠲᠣᠰᠬᠤᠨ ᠳᠤ ᠥᠰᠴᠦ᠂ 18 ᠨᠠᠰᠤᠲᠠᠢ ᠳᠠᠭᠠᠨ ᠭᠠᠳᠠᠭᠰᠢ ᠭᠠᠷᠴᠤ ᠠᠮᠢ ᠵᠢᠭᠤᠵᠤ ᠠᠮᠢᠳᠤᠷᠠᠨ᠂ 40 ᠨᠠᠰᠤᠲᠠᠢ ᠳᠠᠭᠠᠨ ᠲᠣᠰᠬᠤᠨ ᠳᠠᠭᠠᠨ ᠪᠤᠴᠠᠨ ᠢᠷᠡᠵᠡᠢ᠃ ᠲᠡᠷᠡ᠂ ᠵᠧᠦ ᠣᠪᠣᠭᠲᠤ ᠶᠢᠨ ᠬᠢᠨ ᠪᠣᠭᠤᠮᠲᠠ ᠲᠠᠪᠠᠨ ᠭᠤᠸᠠᠨ ᠳ᠋ᠢ ᠲᠣᠰᠬᠤᠨ ᠳᠤ ᠢᠷᠡᠵᠦ᠂ ᠭᠤᠷᠪᠠᠨ ᠦᠶ᠎ᠡ ᠶᠢᠨ ᠬᠥᠮᠥᠰ ᠪᠦᠷ ᠠᠳᠡ ᠲᠠᠷᠢᠶ᠎ᠠ ᠲᠠᠷᠢᠨ ᠠᠮᠢᠳᠤᠷᠠᠵᠤ ᠪᠠᠶᠢᠵᠠᠢ ᠭᠡᠪᠡ᠃ ᠤᠳᠤ ᠲᠣᠰᠬᠤᠨ ᠳᠤ ᠵᠠᠯᠠᠭᠤᠴᠤᠳ ᠤᠯᠠᠮ ᠠᠴᠠ ᠤᠯᠠᠮ ᠴᠥᠭᠡᠷᠡᠵᠦ᠂ ᠴᠠᠭ ᠦᠶ᠎ᠡ ᠶᠢᠨ ᠬᠥᠭᠵᠢᠯᠲᠡ ᠪᠣᠯᠣᠨ ᠥᠷᠢᠰᠦᠯᠳᠦᠭᠡᠨ ᠤ ᠡᠮᠦᠨ᠎ᠡ᠂ ᠲᠡᠭᠦᠨ ᠤ ᠬᠠᠷᠢᠵᠤ ᠢᠷᠡᠭᠡᠳ ᠳᠠᠭᠠᠭᠤᠯᠤᠭᠴᠢ ᠪᠤᠯᠬᠤ ᠶᠢ ᠤᠯᠠᠨ ᠢᠶᠠᠷ ᠢᠶᠠᠨ ᠬᠦᠰᠡᠬᠦ ᠪᠣᠯᠪᠠ᠃            2018 ᠣᠨ ᠠᠴᠠ ᠡᠬᠢᠯᠡᠨ᠂ ᠵᠧᠦ ᠶᠦᠩ ᠭᠠᠩ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢᠨ ᠨᠥᠬᠦᠴᠡᠯ ᠢᠶᠠᠨ ᠦᠨᠳᠦᠰᠦᠯᠡᠵᠦ᠂ ᠤᠤᠯ ᠤᠨ ᠲᠠᠷᠢᠵᠦ ᠪᠠᠶᠢᠭᠰᠠᠨ ᠡᠷᠳᠡᠨᠢ ᠰᠢᠰᠢ ᠪᠠᠨ ᠤᠰᠤᠨ ᠲᠤᠲᠤᠷᠭ᠎ᠠ ᠪᠠᠷ ᠰᠣᠯᠢᠵᠤ᠂ ᠨᠡᠯᠢᠶᠡᠳ ᠰᠠᠶᠢᠨ ᠠᠵᠤ ᠠᠬᠤᠢ ᠶᠢᠨ ᠦᠷ᠎ᠡ ᠠᠰᠢᠭ ᠣᠯᠵᠠᠢ᠃ ᠡᠨᠡ ᠵᠢᠯ ᠲᠡᠷᠡ ᠬᠠᠲᠤᠨ ᠭᠤᠣᠯ ᠤᠨ ᠡᠷᠭᠢ ᠳᠠᠭᠠᠤ ᠶᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠬᠥᠭᠵᠢᠭᠦᠯᠦᠨ᠂ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ᠤᠯᠠᠨ ᠲᠦᠷᠦᠯ ᠤᠨ ᠡᠵᠡᠩᠨᠡᠯᠲᠡ ᠶᠢ ᠥᠷᠨᠢᠭᠦᠯᠵᠦ᠂ ᠭᠤᠸᠠᠨ ᠳ᠋ᠢ ᠲᠣᠰᠬᠤᠨ ᠤ ᠥᠩᠭᠡᠷᠡᠭᠰᠡᠨ ᠤ ᠭᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠢᠯᠡᠷᠡᠭᠦᠯᠬᠦ ᠪᠠᠷ ᠲᠥᠯᠥᠪᠯᠡᠵᠦ ᠪᠠᠶᠢᠨ᠎ᠠ᠃            ᠬᠠᠷᠪᠤᠨ ᠣᠲᠣᠭᠰᠠᠨ ᠲᠡᠦᠬᠡ ᠭᠡᠮᠡᠷ ᠨᠢᠭᠡᠨ ᠵᠤᠷᠪᠤᠰ ᠬᠡᠭᠡᠨᠴᠢᠷ ᠨᠤᠮᠤᠯᠵᠢᠨ ᠱᠤᠭᠤᠮ            ᠵᠣᠣ ᠤᠯᠤᠰ ᠤᠨ ᠬᠤᠶᠢᠲᠤ ᠬᠡᠰᠡᠭ ᠤᠨ ᠣᠷᠳᠣ ᠴᠠᠭᠠᠨ ᠬᠡᠷᠡᠮ ᠠᠴᠠ ᠤᠮᠠᠷᠠᠰᠢ ᠬᠡᠳᠦᠨ ᠠᠷᠪᠠᠨ ᠺᠢᠯᠣᠮᠧᠲᠷ ᠶᠠᠪᠤᠭᠰᠠᠨ ᠤ ᠲᠠᠷᠠᠭ᠎ᠠ᠂ ᠪᠤᠭᠤᠲᠤ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠵᠢᠷᠤᠭ ᠲᠠᠬᠢ ︽ᠪᠢᠴᠢᠬᠠᠨ ᠬᠡᠦᠬᠡᠨ ᠤ ᠬᠤᠭᠤᠯᠠᠢ︾᠎ ᠶᠢᠨ ᠬᠡᠰᠡᠭ ᠲᠤ᠂ ᠭᠦᠶᠠᠩ ᠤᠨ ᠴᠢᠨ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠰᠠᠷᠲᠠᠩ ᠠᠭᠤᠯᠠ ᠨᠢᠷᠤᠭᠤ ᠲᠠᠭᠠᠵᠤ ᠮᠤᠷᠤᠯᠵᠠᠨ ᠪᠣᠰᠴᠤ᠂ ᠶᠠᠭ ᠯᠠ ᠬᠠᠷᠪᠤᠨ ᠣᠲᠣᠭᠰᠠᠨ ᠲᠡᠦᠬᠡ ᠭᠡᠮᠡᠷ ᠨᠢᠭᠡᠨ ᠵᠤᠷᠪᠤᠰ ᠭᠤᠶᠢᠳᠠ ᠰᠠᠶᠢᠬᠠᠨ ᠨᠤᠮᠤᠯᠵᠢᠨ ᠱᠤᠭᠤᠮ ᠢ ᠪᠦᠲᠦᠭᠡᠵᠦ ᠪᠢᠯᠡ᠃            ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 221 ᠣᠨ ᠳᠤ᠂ ᠴᠢᠨ ᠱᠢ ᠬᠤᠸᠠᠩ ᠵᠢᠷᠭᠤᠭᠠᠨ ᠤᠯᠤᠰ ᠢ ᠳᠠᠶᠢᠯᠠᠵᠤ ᠳᠡᠯᠡᠬᠡᠢ ᠳ᠋ᠠᠬᠢᠨ ᠢ ᠨᠢᠭᠡᠳᠬᠡᠪᠡ᠃ 7 ᠵᠢᠯ ᠤᠨ ᠳᠠᠷᠠᠭ᠎ᠠ᠂ ᠶᠡᠭᠡ ᠵᠠᠩᠵᠤᠨ ᠮᠧᠩ ᠲᠢᠶᠠᠨ ᠢ ᠲᠣᠮᠢᠯᠠᠨ ᠠᠯᠳᠠᠷᠲᠤ ᠣᠷᠳᠣ ᠴᠠᠭᠠᠨ ᠬᠡᠷᠡᠮ ᠢ ᠪᠠᠶᠢᠭᠤᠯᠪᠠ᠃ ᠡᠨᠡ ᠬᠦ ᠴᠢᠨ ᠤᠯᠤᠰ ᠤᠨ ᠣᠷᠳᠣ ᠴᠠᠭᠠᠨ ᠬᠡᠷᠡᠮ ᠨᠢ ᠣᠲᠣ ᠪᠤᠯᠲᠠᠯ᠎ᠠ ᠮᠥᠨ ᠯᠡ ᠵᠡᠭᠦᠨᠰᠢ ᠪᠠᠷᠠᠭᠤᠨᠰᠢ ᠭᠦᠶᠠᠩ ᠰᠢᠶᠠᠨ ᠤ ᠳᠤᠮᠳᠠ ᠬᠡᠰᠡᠭ ᠢ ᠬᠥᠨᠳᠡᠯᠢᠰᠦᠨ ᠳᠤᠭᠤᠯᠵᠤ᠂ ᠪᠦᠭᠦ ᠣᠷᠳᠣ ᠨᠢ ᠪᠠᠷᠤᠭ 96 ᠺᠢᠯᠣᠮᠧᠲᠷ ᠪᠠᠶᠢᠵᠤ᠂ ᠳᠠᠭᠠᠤ ᠳᠤᠨᠢ 173 ᠳᠣᠭᠢᠶᠠᠨ ᠤ ᠲᠦᠳᠡᠭ᠂ 4 ᠬᠠᠯᠬᠠᠪᠴᠢ ᠬᠤᠲᠠ᠂ 1 ᠡᠷᠲᠡᠨ ᠤ ᠬᠤᠲᠠ ᠲᠠᠢ ᠪᠠᠶᠢᠵᠤ᠂ ᠡᠷᠲᠡᠨ ᠤ ᠣᠷᠳᠣ ᠴᠠᠭᠠᠨ ᠬᠡᠷᠡᠮ ᠤᠨ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠪᠦᠷᠢᠨ ᠲᠡᠭᠦᠯᠳᠡᠷ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃            ᠡᠭᠦᠯᠡᠨ ᠳᠤ ᠰᠢᠷᠭᠤᠨ ᠰᠡᠬᠦᠶᠢᠨ ᠰᠦᠨᠳᠡᠷᠯᠡᠭᠰᠡᠨ ᠠᠭᠤᠯᠠᠨ ᠳᠤ ᠠᠪᠠᠷᠢᠨ ᠭᠠᠷᠪᠠᠯ᠂ 3 ᠰᠠᠷ᠎ᠠ ᠶᠢᠨ ᠵᠢᠬᠡᠭᠦᠨ ᠰᠠᠯᠬᠢᠨ ᠤ ᠳᠤᠮᠳᠠ ᠭᠦᠶᠠᠩ ᠤᠨ ᠴᠢᠨ ᠤᠯᠤᠰ ᠤᠨ ᠣᠷᠳᠣ ᠴᠠᠭᠠᠨ ᠬᠡᠷᠡᠮ ᠤᠨ ᠰᠦᠷᠯᠢᠭ ᠪᠠᠷᠳᠠᠭ᠎ᠠ ᠶᠢ ᠨᠠᠩ ᠲᠣᠳᠣ ᠬᠠᠷᠠᠬᠤ ᠪᠣᠯᠣᠨ᠎ᠠ᠃            ᠰᠤᠷᠪᠤᠯᠵᠢᠯᠠᠬᠴᠢ ᠶᠢ ᠳᠠᠭᠠᠭᠤᠯᠤᠨ ᠠᠭᠤᠯᠠᠨ ᠳᠤ ᠭᠠᠷᠤᠭᠰᠠᠨ ᠬᠥᠮᠥᠨ ᠪᠣᠯ ᠭᠦᠶᠠᠩ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠯᠥᠸᠧ ᠾᠧ ᠫᠢᠩ ᠪᠣᠯᠣᠨ᠎ᠠ᠂ ᠲᠡᠭᠦᠨ ᠢ ᠴᠢᠨ ᠤᠯᠤᠰ ᠤᠨ ᠣᠷᠳᠣ ᠴᠠᠭᠠᠨ ᠬᠡᠷᠡᠮ ᠢᠶᠠᠷ ᠠᠶᠠᠯᠠᠭᠰᠠᠨ ︽ᠲᠡᠮᠦᠷ ᠬᠥᠯ︾ ᠪᠠ ᠴᠢᠨ ᠤᠯᠤᠰ ᠤᠨ ᠣᠷᠳᠣ ᠴᠠᠭᠠᠨ ᠬᠡᠷᠡᠮ ᠢᠶᠠᠷ ᠠᠶᠠᠯᠠᠭᠰᠠᠨ ︽ᠠᠮᠢᠳᠤ ᠭᠠᠵᠠᠷ ᠤᠨ ᠵᠢᠷᠤᠭ︾ ᠬᠡᠮᠡᠳᠡᠭ᠃ ᠡᠨᠡ ᠬᠡᠰᠡᠭ ᠴᠢᠨ ᠤᠯᠤᠰ ᠤᠨ ᠣᠷᠳᠣ ᠴᠠᠭᠠᠨ ᠬᠡᠷᠡᠮ ᠢ ᠯᠥᠸᠧ ᠾᠧ ᠫᠢᠩ ᠨᠢᠭᠡᠨᠲᠡ 20 ᠵᠢᠯ ᠬᠠᠮᠠᠭᠠᠯᠠᠭᠰᠠᠨ ᠶᠤᠮ᠃            ᠯᠥᠸᠧ ᠾᠧ ᠫᠢᠩ ᠰᠤᠷᠪᠤᠯᠵᠢᠯᠠᠬᠴᠢ ᠳᠤ᠂ ᠭᠦᠶᠠᠩ ᠤᠨ ᠴᠢᠨ ᠤᠯᠤᠰ ᠤᠨ ᠣᠷᠳᠣ ᠴᠠᠭᠠᠨ ᠬᠡᠷᠡᠮ ᠪᠣᠯ ᠲᠦᠮᠡᠨ ᠭᠠᠵᠠᠷ ᠤᠨ ᠣᠷᠳᠣ ᠴᠠᠭᠠᠨ ᠬᠡᠷᠡᠮ ᠤᠨ ᠳᠣᠲᠣᠷᠠᠬᠢ ᠣᠭᠢ ᠰᠣᠳᠣ ᠨᠢ ᠪᠤᠯᠬᠤ ᠬᠡᠰᠡᠭ ᠪᠣᠯᠣᠨ᠎ᠠ᠂ ᠡᠭᠦᠨ ᠳᠤ ᠴᠢᠨ ᠤᠯᠤᠰ ᠤᠨ ᠣᠷᠳᠣ ᠴᠠᠭᠠᠨ ᠬᠡᠷᠡᠮ ᠤᠨ ᠪᠠᠷᠤᠭ ᠪᠤᠶ ᠪᠦᠬᠦᠢ ᠪᠠᠷᠢᠯᠭ᠎ᠠ ᠶᠢᠨ ᠲᠥᠷᠥᠯ ᠭᠡᠯᠪᠡᠷᠢ ᠪᠠᠭᠲᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠪᠠ ᠳᠡᠯᠡᠬᠡᠢ ᠶᠢᠨ ᠪᠣᠯᠪᠠᠰᠤᠨ ᠤ ᠲᠡᠦᠬᠡᠨ ᠳᠡᠭᠡᠷ᠎ᠡ ᠲᠤᠶᠢᠯ ᠤᠨ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠳᠠᠭ ᠶᠤᠮ ᠭᠡᠵᠦ ᠬᠡᠯᠡᠪᠡ᠃ 1996 ᠣᠨ ᠳᠤ᠂ ᠭᠦᠶᠠᠩ ᠰᠢᠶᠠᠨ ᠤ ᠴᠢᠨ ᠤᠯᠤᠰ ᠤᠨ ᠣᠷᠳᠣ ᠴᠠᠭᠠᠨ ᠬᠡᠷᠡᠮ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠦᠭᠦ ᠤᠯᠤᠰ ᠤᠨ ᠳᠥᠷᠪᠡᠳᠦᠭᠡᠷ ᠪᠦᠯᠦᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠪᠡ; 2021 ᠣᠨ ᠳᠤ ᠤᠯᠤᠰ ᠤᠨ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠵᠢᠭᠰᠠᠭᠠᠭᠳᠠᠪᠠ᠃            1990 ᠣᠨ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ ᠤᠷᠳᠤ ᠴᠠᠭᠠᠨ ᠬᠡᠷᠡᠮ ᠳᠡᠭᠡᠷ᠎ᠡ ᠠᠴᠠ ᠤᠷᠳᠤ ᠴᠠᠭᠠᠨ ᠬᠡᠷᠡᠮ ᠤᠨ ᠬᠠᠳᠠᠨ ᠵᠢᠷᠤᠭ ᠢ ᠢᠯᠡᠷᠡᠭᠦᠯᠵᠦ᠂ ᠬᠠᠳᠠᠨ ᠵᠢᠷᠤᠭ ᠨᠢ ᠤᠮᠠᠷᠠᠲᠤ ᠶᠢᠨ ᠢᠮᠠᠭ᠎ᠠ᠂ ᠲᠡᠮᠡᠭᠡ ᠵᠡᠷᠭᠡ ᠠᠮᠢᠳᠠᠨ ᠤ ᠵᠢᠷᠤᠭ ᠢᠶᠠᠷ ᠭᠤᠣᠯᠯᠠᠵᠤ᠂ ᠪᠠᠰᠠ ᠮᠣᠷᠢ ᠤᠨᠤᠬᠤ᠂ ᠲᠡᠮᠡᠭᠡ ᠤᠨᠤᠬᠤ ᠵᠢᠴᠢ ᠪᠥᠵᠢᠭᠴᠢᠨ ᠵᠡᠷᠭᠡ ᠬᠥᠮᠥᠰ ᠤᠨ ᠳᠦᠷᠢ ᠪᠠᠷ ᠰᠡᠳᠦᠪᠯᠡᠪᠡ᠃ ᠡᠲᠡᠭᠡᠷ ᠬᠠᠲᠠᠨ ᠵᠢᠷᠤᠭ ᠤᠨ ᠳᠦᠷᠰᠦ ᠪᠦᠲᠦᠭᠡᠯᠲᠡ ᠪᠣᠷᠣᠭᠵᠢᠭᠤᠨ᠂ ᠠᠮᠢᠳᠤ ᠳᠦᠷᠰᠦᠯᠢᠭ ᠪᠠᠶᠢᠵᠤ᠂ ᠴᠢᠨ ᠤᠯᠤᠰ ᠬᠠᠨ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ ᠡᠷᠭᠢᠨ ᠲᠣᠭᠤᠷᠢᠨ ᠤ ᠡᠷᠲᠡᠨ ᠤ ᠬᠥᠮᠥᠰ ᠤᠨ ᠠᠮᠢᠳᠤᠷᠠᠯ ᠤᠨ ᠭᠡᠯᠪᠡᠷᠢ ᠪᠠᠶᠢᠳᠠᠯ ᠪᠠ ᠠᠮᠢᠲᠠᠨ ᠤ ᠲᠥᠷᠥᠯ ᠵᠦᠢᠯ ᠤᠨ ᠲᠠᠷᠬᠠᠯᠲᠠ ᠶᠢ ᠰᠤᠳᠤᠯᠬᠤ ᠳᠤ ᠨᠡᠯᠢᠶᠡᠳ ᠥᠨᠳᠥᠷ ᠯᠠᠪᠯᠠᠯᠲᠠ ᠶᠢᠨ ᠦᠨ᠎ᠡ ᠴᠠᠨ᠎ᠠ ᠲᠠᠢ ᠶᠤᠮ᠃            ᠶᠠᠭ ᠪᠠᠶᠢᠭᠤᠯᠵᠤ ᠪᠠᠶᠢᠭ᠎ᠠ ᠴᠢᠨ ᠤᠯᠤᠰ ᠤᠨ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠲᠣᠭᠤᠰᠭ᠋᠎ᠠ ᠴᠢᠯᠠᠭᠤᠨ ᠳᠡᠭᠡᠷ᠎ᠡ᠂ ᠲᠠᠷᠢᠶᠠᠴᠢᠳ ᠤᠨ ᠲᠠᠷᠢᠶ᠎ᠠ ᠲᠠᠷᠢᠵᠤ ᠪᠠᠶᠢᠭ᠎ᠠ ᠬᠠᠳᠠᠨ ᠵᠢᠷᠤᠭ ᠢ ᠠᠮᠢᠯᠠᠭᠤᠯᠤᠨ ᠰᠡᠶᠢᠯᠦᠭᠰᠡᠨ ᠨᠢ ᠯᠥᠸᠧ ᠾᠧ ᠫᠢᠩ ᠤᠨ ᠰᠡᠳᠬᠢᠯ ᠢ ᠮᠠᠰᠢ ᠭᠦᠨᠲᠡᠪᠠ᠃ ᠰᠠᠷ᠎ᠠ ᠪᠦᠷᠢ ᠶᠢᠨ ᠲᠣᠭᠤᠷᠢᠨ ᠪᠠᠶᠢᠴᠠᠭᠠᠯᠲᠠ ᠳᠤᠮᠳᠠ᠂ ᠲᠡᠷᠡ ᠶᠡᠷᠦ ᠨᠢ ᠡᠨᠡ ᠬᠠᠲᠠᠨ ᠵᠢᠷᠤᠭ ᠤᠨ ᠤᠭ ᠵᠢᠷᠤᠭ ᠢ ᠰᠡᠳᠬᠢᠯ ᠲᠠᠯᠪᠢᠨ ᠡᠷᠢᠳᠡᠭ᠂ ᠲᠡᠭᠦᠨ ᠳᠤ ᠠᠪᠴᠤ ᠬᠡᠯᠡᠪᠡᠯ ᠲᠡᠷᠡ ᠨᠢ 2000 ᠭᠠᠷᠤᠢ ᠵᠢᠯ ᠤᠨ ᠡᠮᠦᠨᠡᠬᠢ ᠡᠪᠦᠭᠡ ᠳᠡᠭᠡᠳᠦᠰ ᠤᠨ ᠦᠯᠡᠳᠡᠭᠡᠭᠰᠡᠨ ᠨᠢᠭᠤᠴᠠ ᠲᠡᠮᠳᠡᠭ ᠰᠢᠭ ᠪᠠᠶᠢᠵᠤ᠂ ᠬᠤᠵᠢᠮ ᠤᠨ ᠬᠥᠮᠥᠰ ᠤᠨ ᠣᠷᠳᠣ ᠴᠠᠭᠠᠨ ᠬᠡᠷᠡᠮ ᠤᠨ ᠲᠤᠬᠠᠢ ᠥᠯᠢᠭᠡᠷ ᠢ ᠬᠠᠶᠢᠬᠤ ᠶᠢ ᠬᠦᠯᠢᠶᠡᠵᠦ ᠪᠠᠶᠢᠬᠤ ᠰᠢᠭ᠋ ᠰᠠᠨᠠᠭᠳᠠᠭᠤᠯᠤᠨ᠎ᠠ᠃            ᠪᠤᠭᠤᠲᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠵᠠᠩ ᠬᠠᠢ ᠪᠢᠨ ᠰᠤᠷᠪᠤᠯᠵᠢᠯᠠᠬᠴᠢ ᠳᠤ᠂ ᠪᠤᠭᠤᠲᠤ ᠶᠢᠨ ᠬᠢᠯᠢ ᠳᠤ ᠪᠠᠶᠢᠯᠳᠤᠭᠠᠨᠲᠤ ᠤᠯᠤᠰ ᠤᠨ ᠦᠶ᠎ᠡ ᠶᠢᠨ ᠵᠣᠤ ᠤᠯᠤᠰ ᠤᠨ ᠬᠤᠶᠢᠲᠤ ᠬᠡᠰᠡᠭ ᠤᠨ ᠣᠷᠳᠣ ᠴᠠᠭᠠᠨ ᠬᠡᠷᠡᠮ᠂ ᠭᠦᠶᠠᠩ ᠤᠨ ᠴᠢᠨ ᠤᠯᠤᠰ ᠤᠨ ᠣᠷᠳᠣ ᠴᠠᠭᠠᠨ ᠬᠡᠷᠡᠮ ᠂ ᠬᠠᠨ ᠤᠯᠤᠰ ᠤᠨ ᠪᠣᠭᠤᠮᠲᠠ ᠶᠢᠨ ᠭᠠᠳᠠᠨᠠᠬᠢ ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠱᠤᠭᠤᠮ᠂ ᠤᠮᠠᠷᠠᠲᠤ ᠸᠧᠢ ᠤᠯᠤᠰ ᠤᠨ ᠵᠢᠷᠭᠤᠭᠠᠨ ᠪᠠᠯᠭᠠᠰᠤᠨ ᠤ ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠱᠤᠭᠤᠮ ᠵᠢᠴᠢ ᠠᠯᠲᠠᠨ ᠤᠯᠤᠰ ᠤᠨ ᠬᠢᠯᠢ ᠶᠢᠨ ᠭᠤᠤ ᠶᠢᠨ ᠭᠤᠪᠢ ᠶᠢᠨ ᠡᠮᠦᠨ᠎ᠡ ᠱᠤᠭᠤᠮ ᠪᠠ ᠭᠤᠣᠯ ᠱᠤᠭᠤᠮ ᠪᠠᠶᠢᠵᠤ᠂ ᠨᠡᠶᠢᠲᠡ 5 ᠲᠥᠷᠥ ᠶᠢᠨ 8 ᠣᠷᠳᠣ ᠴᠠᠭᠠᠨ ᠬᠡᠷᠡᠮ ᠪᠤᠶ᠃ ᠡᠭᠦᠨ ᠠᠴᠠ ᠭᠠᠳᠠᠨ᠎ᠠ᠂ ᠭᠦᠶᠠᠩ ᠰᠢᠶᠠᠨ ᠤ ᠮᠢᠩ ᠳ᠋ᠧᠩ ᠱᠠᠨ᠂ ᠰᠢᠭᠤᠶᠢᠲᠤ ᠲᠣᠭᠤᠷᠢᠭ ᠤᠨ ᠮᠣᠣ ᠲᠤ ᠲᠠ ᠲᠣᠰᠬᠤᠨ ᠤ ᠵᠡᠭᠦᠨ ᠬᠤᠶᠢᠲᠤ᠂ ᠬᠥᠨᠳᠡᠯᠡᠨ ᠭᠤᠤ᠂ ᠳ᠋ᠦᠩ ᠾᠧ ᠲᠣᠭᠤᠷᠢᠭ ᠤᠨ ᠰᠠᠷᠠᠴᠢᠨ ᠵᠡᠷᠭᠡ ᠭᠠᠵᠠᠷ ᠠᠴᠠ ᠪᠠᠰᠠ ᠬᠠᠨ ᠤᠯᠤᠰ ᠤᠨ ᠦᠶ᠎ᠡ᠂ ᠠᠯᠲᠠᠨ ᠤᠯᠤᠰ ᠤᠨ ᠦᠶ᠎ᠡ ᠳᠤ ᠵᠠᠮ ᠬᠠᠰᠢᠬᠤ ᠵᠡᠷᠭᠡ ᠣᠷᠳᠣ ᠪᠣᠭᠤᠨᠢ ᠤᠷᠳᠤ ᠴᠠᠭᠠᠨ ᠬᠡᠷᠡᠮ ᠤᠨ ᠬᠡᠰᠡᠭ ᠢ ᠢᠯᠡᠷᠡᠭᠦᠯᠪᠡ᠃ ᠪᠤᠭᠤᠲᠤ ᠶᠢᠨ ᠬᠢᠯᠢ ᠳᠣᠲᠣᠷᠠᠬᠢ ᠣᠷᠳᠣ ᠴᠠᠭᠠᠨ ᠬᠡᠷᠡᠮ ᠤᠨ ᠪᠦᠭᠦ ᠣᠷᠳᠣ ᠨᠢ ᠪᠠᠷᠤᠭ 727 ᠺᠢᠯᠣᠮᠧᠲᠷ ᠪᠠᠶᠢᠵᠤ᠂ ᠳᠤᠮᠳᠠᠳᠤ ᠤᠯᠤᠰ ᠤᠨ ᠵᠡᠭᠦᠨ᠂ ᠪᠠᠷᠠᠭᠤᠨ ᠬᠡᠰᠡᠭ ᠤᠨ ᠣᠷᠳᠣ ᠴᠠᠭᠠᠨ ᠬᠡᠷᠡᠮ ᠤᠨ ᠠᠭᠤᠯᠵᠠᠷ ᠬᠡᠰᠡᠭ ᠪᠠᠶᠢᠵᠤ᠂ ᠭᠡᠯᠪᠡᠷᠢ ᠳᠦᠷᠰᠦ ᠨᠢ ᠪᠦᠷᠢᠨ ᠲᠡᠭᠦᠯᠳᠡᠷ᠂ ᠰᠢᠰᠲ᠋ᠧᠮ ᠨᠢ ᠪᠦᠷᠢᠨ ᠪᠦᠲᠦᠨ ᠪᠠᠶᠢᠵᠤ᠂ ︽ᠣᠷᠳᠣ ᠴᠠᠭᠠᠨ ᠬᠡᠷᠡᠮ ᠤᠨ ᠮᠦᠽᠧᠢ︾ ᠬᠡᠮᠡᠭᠳᠡᠭᠰᠡᠨ ᠪᠠᠶᠢᠨ᠎ᠠ ᠭᠡᠵᠦ ᠬᠡᠯᠡᠪᠡ᠃            ᠵᠠᠩ ᠬᠠᠢ ᠪᠢᠨ᠂ ᠪᠤᠭᠤᠲᠤ ᠶᠢᠨ ᠤᠷᠳᠤ ᠴᠠᠭᠠᠨ ᠬᠡᠷᠡᠮ ᠨᠢ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠵᠦ ᠬᠥᠭᠵᠢᠬᠦ ᠶᠢ ᠭᠡᠷᠡᠴᠢᠯᠡᠵᠦ ᠠᠬᠢᠭᠤᠯᠪᠠ᠃ ᠬᠡᠳᠦᠨ ᠮᠢᠩᠭᠠᠨ ᠵᠢᠯ ᠦᠷᠭᠦᠯᠵᠢᠯᠡᠭᠰᠡᠨ ᠳᠤᠮᠳᠠᠳᠤ ᠶᠢᠨ ᠪᠣᠯᠪᠠᠰᠤᠨ ᠳᠤ᠂ ᠣᠷᠳᠣ ᠴᠠᠭᠠᠨ ᠬᠡᠷᠡᠮ ᠨᠢ ᠴᠢᠬᠤᠯᠠ ᠨᠠᠮᠳᠠᠭᠤᠯᠬᠤ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠬᠠᠲᠤᠨ ᠭᠤᠣᠯ ᠤᠨ ᠬᠤᠶᠠᠷ ᠡᠷᠭᠢ ᠶᠢᠨ ᠲᠠᠷᠢᠶᠠᠯᠠᠬᠤ ᠪᠣᠯᠪᠠᠰᠤᠨ ᠢ ᠬᠦᠷᠢᠶᠡᠯᠡᠨ ᠬᠠᠮᠠᠭᠠᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠦ ᠬᠡᠯᠡᠪᠡ            ᠠᠭᠤᠰᠤᠯᠴᠠᠨ ᠬᠥᠭᠵᠢᠭᠰᠡᠨ ᠨᠢᠭᠡᠨ ᠬᠡᠰᠡᠭ ᠴᠢᠬᠤᠯᠠ ᠲᠡᠦᠬᠡ ᠰᠣᠶᠣᠯ ᠤᠨ ᠪᠦᠰᠡ            ᠪᠤᠭᠤᠲᠤ ᠶᠢᠨ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠬᠢᠨ ᠪᠠᠰᠠ ᠨᠢᠭᠡᠨ ᠶᠠᠭᠠᠷᠠᠯᠲᠠᠢ ᠤᠯᠠᠷᠢᠯ ᠢᠶᠠᠨ ᠤᠭᠲᠤᠯ᠎ᠠ᠃            ᠬᠠᠲᠤᠨ ᠭᠤᠣᠯ ᠭᠡᠰᠬᠦ ᠦᠶ᠎ᠡ ᠪᠠᠷ᠂ ︽ᠬᠠᠲᠤᠨ ᠭᠤᠣᠯ ᠤᠨ ᠰᠦᠩ ᠬᠠᠯᠢᠶ᠎ᠠ ᠶᠢ ᠰᠣᠨᠢᠷᠬᠠᠬᠤ ᠭᠠᠷᠠᠭ︾ ᠎ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠨᠢ ᠲᠤᠭ᠎ᠠ ᠲᠣᠮᠰᠢ ᠦᠭᠡᠢ ᠵᠢᠭᠤᠯᠴᠢᠯᠠᠭᠴᠢ ᠶᠢ ᠲᠠᠲᠠᠵᠤ᠂ ᠰᠦᠮ᠎ᠡ ᠶᠢᠨ ᠴᠤᠭᠯᠠᠭᠠᠨ᠂ ᠭᠡᠷᠡᠯ ᠵᠢᠷᠤᠭ ᠲᠠᠲᠠᠬᠤ ᠠᠵᠢᠯᠯᠠᠭ᠎ᠠ᠂ ᠳᠠᠭᠤᠤ ᠬᠥᠭᠵᠢᠮ ᠤᠨ ᠴᠡᠩᠭᠡᠬᠦᠨ ᠨᠠᠶᠢᠷ ᠵᠡᠷᠭᠡ ᠡᠯᠪᠡᠭ ᠪᠠᠶᠠᠯᠢᠭ ᠲᠦᠷᠦᠯ ᠵᠦᠢᠯ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠳᠠᠭ᠃            ᠰᠣᠶᠣᠯ ᠤᠨ ᠭᠠᠶᠢᠬᠠᠮᠰᠢᠭ ᠨᠢ ᠨᠡᠩ ᠴᠤ ᠪᠡᠶᠡᠴᠢᠯᠡᠨ ᠣᠶᠢᠯᠠᠭᠠᠬᠤ ᠳᠤ ᠪᠠᠶᠢᠳᠠᠭ᠃            ᠪᠤᠭᠤᠲᠤ ᠶᠢᠨ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠲᠥᠷᠥᠯ ᠵᠦᠢᠯ ᠢ ᠬᠠᠷᠢᠭᠤᠴᠠᠵᠤ ᠪᠠᠶᠢᠭ᠎ᠠ ᠶᠠᠩ ᠰᠢᠤ ᠮᠢᠩ᠄ ︽ᠪᠤᠭᠤᠲᠤ ᠶᠢᠨ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢᠶᠠᠷ ᠭᠤᠣᠯ ᠪᠤᠯᠭᠠᠵᠤ᠂ ᠬᠠᠲᠤᠨ ᠭᠤᠣᠯ ᠤᠨ ᠡᠷᠭᠢ ᠳᠠᠭᠠᠤ ᠶᠢᠨ ᠠᠮᠲᠠᠲᠤ ᠢᠳᠡᠭᠡᠨ ᠠᠮᠲᠠᠯᠠᠬᠤ᠂ ᠰᠣᠶᠣᠯ ᠤᠨ ᠵᠢᠭᠤᠯᠴᠢᠯᠠᠯ᠂ ᠠᠷᠠᠳ ᠤᠨ ᠵᠠᠩ ᠦᠶᠯᠡ ᠶᠢᠨ ᠦᠵᠡᠭᠦᠯᠭᠡ᠂ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠵᠤᠭ᠎ᠠ ᠴᠡᠩᠭᠡᠯ ᠤᠨ ᠬᠤᠯᠪᠣᠨ ᠦᠷᠭᠦᠯᠵᠢᠯᠡᠭᠰᠡᠨ ᠪᠦᠰᠡ ᠶᠢ ᠪᠦᠷᠢᠯᠳᠦᠭᠦᠯᠵᠦ᠂ ᠵᠢᠭᠤᠯᠴᠢᠯᠠᠬᠰᠠᠳ ᠠᠳᠡ ᠬᠠᠲᠤᠨ ᠭᠤᠣᠯ ᠤᠨ ᠰᠣᠶᠣᠯ ᠤᠨ ᠬᠢᠵᠠᠭᠠᠯᠠᠰᠢ ᠦᠭᠡᠢ ᠰᠢᠳᠢ ᠬᠦᠴᠦᠨ ᠢ ᠭᠦᠨᠵᠡᠭᠡᠢ ᠣᠶᠢᠯᠠᠭᠠᠵᠤ ᠪᠣᠯᠣᠨ᠎ᠠ︾ ᠭᠡᠵᠦ ᠬᠡᠯᠡᠪᠡ᠃            ᠬᠤᠩᠭᠤᠷ ᠰᠠᠯᠬᠢ ᠨᠠᠮᠤᠷ ᠤᠨ ᠰᠢᠭᠦᠳᠡᠷᠢ ᠦᠬᠡᠷᠴᠢᠨ ᠬᠦᠦ ᠨᠡᠬᠡᠮᠡᠯᠴᠢᠨ ᠬᠡᠦᠬᠡᠨ ᠤ ᠪᠣᠯᠵᠣᠭᠠᠨ ᠤ ᠮᠥᠴᠡ ᠎ ᠶᠢ ᠮᠡᠳᠡᠭᠡᠯᠡᠬᠦ ᠪᠠᠷ᠂ ᠬᠥᠮᠥᠨ ᠤ ᠶᠢᠷᠲᠢᠨᠴᠦ ᠶᠢᠨ ᠠᠯᠢᠪᠠ ᠡᠭᠡᠯ ᠶᠡᠷᠦᠮᠳᠡᠭ ᠢ ᠦᠯᠦ ᠲᠣᠭᠤᠮᠰᠠᠷᠯᠠᠨ᠎ᠠ᠃ ᠤᠷᠳᠤ ᠴᠠᠭᠠᠨ ᠬᠡᠷᠡᠮ ᠤᠨ ᠰᠣᠶᠣᠯ ᠪᠣᠯᠣᠨ ᠬᠠᠳᠤᠨ ᠭᠤᠣᠯ ᠤᠨ ᠰᠣᠶᠣᠯ ᠪᠤᠭᠤᠲᠤ ᠳᠤ ᠢᠢᠨ ᠬᠦ ᠷᠣᠮᠠᠨᠲ᠋ᠢᠭ ᠢᠶᠠᠷ ᠠᠭᠤᠯᠵᠠᠵᠤ᠂ ᠴᠢᠬᠤᠯᠠ ᠲᠡᠦᠬᠡ ᠰᠣᠶᠣᠯ ᠤᠨ ᠪᠦᠰᠡ ᠶᠢ ᠪᠦᠷᠢᠯᠳᠦᠭᠦᠯᠵᠦ᠂ ᠡᠷᠲᠡᠨ ᠤ ᠠᠮᠢᠳᠤᠷᠠᠯ ᠤᠨ ᠪᠠᠭᠤᠷᠢ᠂ ᠡᠷᠲᠡᠨ ᠤ ᠤᠷᠳᠤ ᠴᠠᠭᠠᠨ ᠬᠡᠷᠡᠮ᠂ ᠡᠷᠲᠡᠨ ᠤ ᠣᠯᠣᠮ᠂ ᠡᠷᠲᠡᠨ ᠤ ᠤᠩᠭᠤᠨ᠂ ᠡᠷᠲᠡᠨ ᠤ ᠵᠠᠮ᠂ ᠡᠷᠲᠡᠨ ᠤ ᠰᠦᠮ᠎ᠡ ᠬᠡᠶᠢᠳ᠂ ᠠᠵᠤ ᠦᠢᠯᠡᠳᠪᠦᠷᠢ ᠶᠢᠨ ᠦᠯᠡᠳᠡᠭᠳᠡᠯ ᠵᠡᠷᠭᠡ ᠠᠯᠢ ᠤᠯᠠᠨ ᠲᠡᠦᠬᠡ ᠰᠣᠶᠣᠯ ᠤᠨ ᠦᠯᠡᠳᠡᠭᠳᠡᠯ ᠵᠢᠴᠢ ᠣᠶᠢᠷ᠎ᠠ ᠦᠶ᠎ᠡ ᠶᠢᠨ ᠨᠡᠭᠦᠳᠡᠯ ᠠᠷᠠᠳ ᠤᠨ ᠰᠣᠶᠣᠯ᠂ ᠬᠠᠳᠤᠨ ᠭᠤᠣᠯ ᠤᠨ ᠵᠠᠩ ᠦᠢᠯᠡ ᠶᠢᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠢ ᠦᠯᠡᠳᠡᠭᠡᠪᠡ ᠁            ᠡᠳᠦᠭᠡ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠤᠪᠢᠰᠬᠠᠯ ᠤᠨ ᠰᠣᠶᠣᠯ ᠵᠢᠴᠢ ᠪᠠᠷᠠᠭᠤᠨ ᠪᠣᠭᠤᠮᠲᠠ ᠶᠢᠨ ᠰᠣᠶᠣᠯ᠂ ᠠᠵᠤ ᠦᠢᠯᠡᠳᠪᠦᠷᠢ ᠶᠢᠨ ᠰᠣᠶᠣᠯ ᠵᠡᠷᠭᠡ ᠤᠯᠠᠨ ᠵᠦᠢᠯ ᠤᠨ ᠰᠣᠶᠣᠯ ᠤᠨ ᠭᠡᠯᠪᠡᠷᠢ ᠪᠤᠭᠤᠲᠤ ᠣᠷᠣᠨ ᠳᠤ ᠠᠭᠤᠰᠤᠯᠴᠠᠨ ᠣᠷᠣᠰᠢᠵᠤ᠂ ᠠᠳᠡᠬᠢ ᠰᠣᠶᠣᠯ ᠤᠨ ᠥᠪ ᠢ ᠲᠠᠰᠤᠷᠠᠯᠳᠠ ᠦᠭᠡᠢ ᠵᠤᠵᠠᠭᠠᠳᠬᠠᠵᠤ ᠪᠠᠶᠢᠨ᠎ᠠ᠃            ᠠᠳᠡᠬᠢ ᠪᠣᠯ ᠪᠠᠰᠠ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠶᠢᠨ ᠪᠦᠰᠡ ᠪᠠᠶᠢᠵᠤ᠂ ᠨᠤᠭᠤ ᠭᠠᠵᠠᠷ ᠤᠨ ᠡᠬᠢ ᠪᠠᠶᠠᠯᠢᠭ ᠨᠢ ᠵᠢᠦᠶᠤᠸᠠᠨ ᠲᠣᠭᠤᠷᠢᠭ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩ ᠾᠧ ᠲᠣᠭᠤᠷᠢᠭ᠂ ᠲᠦᠮᠡᠳ ᠪᠠᠷᠠᠭᠤᠨ ᠬᠤᠰᠢᠭᠤ ᠵᠡᠷᠭᠡ 4 ᠬᠤᠰᠢᠭᠤ ᠲᠣᠭᠤᠷᠢᠭ ᠢᠶᠠᠷ ᠲᠠᠷᠬᠠᠵᠤ᠂ ᠶᠡᠷᠦᠩᠬᠡᠢ ᠲᠠᠯᠠᠪᠠᠶ ᠨᠢ 12222 ᠾᠧᠺᠲ᠋ᠠᠷ ᠪᠠᠶᠢᠵᠤ᠂ ᠣᠲᠣ 219 ᠵᠦᠢᠯ ᠤᠨ ᠬᠡᠭᠡᠷ᠎ᠡ ᠶᠢᠨ ᠤᠷᠭᠤᠮᠠᠯ᠂ 225 ᠲᠦᠷᠤᠯ ᠤᠨ ᠬᠡᠭᠡᠷ᠎ᠡ ᠶᠢᠨ ᠠᠮᠢᠲᠠᠨ ᠪᠠᠶᠢᠵᠤ᠂ ᠵᠡᠭᠦᠨ ᠠᠽᠢᠶ᠎ᠠ ᠠᠴᠠ ᠠᠦ᠋ᠰᠲᠷᠠᠯᠢᠶ᠎ᠠ ᠬᠦᠷᠬᠦ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ ᠭᠤᠲᠤᠰ ᠤᠨ ᠴᠢᠬᠤᠯᠠ ᠤᠯᠠᠭ᠎ᠠ ᠥᠷᠲᠡᠭᠡ ᠪᠣᠯᠵᠠᠢ᠃            ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠭᠦᠸᠧ ᠶᠦᠩ ᠰᠤᠷᠪᠤᠯᠵᠢᠯᠠᠬᠴᠢ ᠳᠤ᠂ ᠪᠤᠭᠤᠲᠤ ᠬᠤᠲᠠ ᠪᠣᠯ ᠬᠠᠲᠤᠨ ᠭᠤᠣᠯ ᠤᠨ ︽ᠶᠡᠭᠡ ᠲᠣᠬᠤᠢ ᠶᠢᠨ ᠣᠷᠣᠨ︾᠎ ᠤ ᠣᠷᠣᠢ ᠳᠤ ᠪᠠᠶᠢᠷᠢᠯᠠᠵᠤ᠂ ᠠᠳᠡᠬᠢ ᠬᠠᠷᠢᠶ᠎ᠠ ᠣᠷᠣᠨ ᠢᠶᠠᠷ ᠥᠩᠭᠡᠷᠡᠬᠦ ᠭᠤᠣᠯ ᠤᠨ ᠤᠷᠲᠤ ᠶᠢᠨ ᠬᠡᠮᠵᠢᠶ᠎ᠡ 220 ᠺᠢᠯᠣᠮᠧᠲᠷ ᠪᠣᠯᠣᠨ᠎ᠠ᠃ ᠬᠠᠲᠤᠨ ᠭᠤᠣᠯ ᠤᠨ ᠪᠤᠭᠤᠲᠤ ᠶᠢᠨ ᠬᠡᠰᠡᠭ ᠨᠢ ᠬᠠᠲᠤᠨ ᠭᠤᠣᠯ ᠤᠨ ᠲᠤᠨᠤᠮᠠᠯ ᠲᠠᠯ᠎ᠠ ᠭᠠᠵᠠᠷ ᠤᠨ ᠪᠦᠰᠡ ᠳᠤ ᠣᠷᠣᠰᠢᠵᠤ᠂ ᠬᠤᠶᠠᠷ ᠡᠷᠭᠢ ᠨᠢ ᠬᠤᠷᠠᠵᠤ ᠬᠤᠷᠠᠮᠳᠤᠭᠠᠳ ᠶᠡᠭᠡ ᠬᠡᠪᠴᠢᠶᠡᠨ ᠤ ᠭᠤᠣᠯ ᠤᠨ ᠲᠠᠩ ᠤᠨ ᠨᠤᠭᠤ ᠭᠠᠵᠠᠷ ᠢ ᠪᠤᠶ ᠪᠤᠯᠭᠠᠵᠤ᠂ ᠶᠡᠭᠡ ᠬᠡᠮᠵᠢᠶᠡᠨ ᠤ ᠡᠯᠡᠰᠦ ᠰᠢᠪᠠᠷ ᠲᠤᠨᠤᠬᠰᠠᠨ ᠠᠴᠠ ᠪᠣᠯᠤᠭᠰᠠᠨ ᠰᠢᠮ᠎ᠡ ᠲᠡᠵᠢᠭᠡᠯ ᠨᠢ ᠲᠠᠷᠢᠶᠠᠨ ᠭᠠᠵᠠᠷ ᠤᠨ ᠥᠩ ᠰᠢᠮᠡᠯᠢᠭ ᠬᠥᠷᠥᠰᠥ ᠰᠢᠷᠣᠢ ᠶᠢ ᠪᠣᠶᠢᠵᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠵᠤ ᠪᠠᠶᠢᠳᠠᠭ᠃            ᠤᠯᠠᠨ ᠡᠰᠢᠲᠦ ᠰᠣᠶᠣᠯ ᠪᠤᠭᠤᠲᠤ ᠳᠤ ᠲᠥᠪᠯᠡᠷᠡᠵᠦ᠂ ᠲᠠᠰᠤᠷᠠᠯᠳᠡ ᠦᠭᠡᠢ ᠠᠭᠤᠰᠤᠯᠴᠠᠨ ᠬᠥᠭᠵᠢᠭᠰᠡᠨ ᠪᠤᠯᠪᠠᠴᠤ ᠲᠤᠰ ᠲᠤᠰ ᠤᠨ ᠢᠶᠠᠨ ᠭᠤᠸ᠎ᠠ ᠰᠠᠶᠢᠬᠠᠨ ᠢ ᠢᠯᠡᠷᠡᠭᠦᠯᠵᠦ ᠪᠠᠶᠢᠳᠠᠭ᠃            2023 ᠣᠨ ᠳᠤ᠂ ᠪᠤᠭᠤᠲᠤ ᠬᠤᠳᠠ ᠶᠢᠨ ᠬᠢᠨ ᠭᠦᠨ ᠤᠳᠬ᠎ᠠ ᠠᠭᠤᠯᠭ᠎ᠠ ᠲᠠᠢ ︽ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠴᠣᠭᠴᠠᠯᠠᠬᠤ︾ ᠲᠤᠬᠠᠢ ᠬᠡᠷᠡᠭᠵᠢᠭᠦᠯᠬᠦ ᠰᠠᠨᠠᠯ ᠢ ᠳᠤᠷᠠᠳᠴᠤ᠂ ᠪᠤᠭᠤᠲᠤ ᠶᠢᠨ ᠤᠷᠳᠤ ᠴᠠᠭᠠᠨ ᠬᠡᠷᠡᠮ ᠤᠨ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠪᠤᠭᠤᠲᠤ ᠶᠢᠨ ᠤᠷᠳᠤ ᠴᠠᠭᠠᠨ ᠬᠡᠷᠡᠮ ᠤᠨ ᠨᠡᠷ᠎ᠡ ᠶᠢᠨ ᠬᠠᠭᠤᠳᠠᠰᠤ ᠶᠢ ᠨᠡᠩ ᠠᠯᠳᠠᠷᠰᠢᠭᠤᠯᠬᠤ ᠪᠣᠯᠪᠠ᠃ ᠡᠭᠦᠨ ᠤ ᠬᠠᠮᠲᠤ᠂ ᠪᠤᠭᠤᠲᠤ ᠶᠢᠨ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ᠂ ᠬᠠᠲᠤᠨ ᠭᠤᠣᠯ ᠤᠨ ᠵᠠᠩ ᠦᠶᠯᠡ ᠶᠢᠨ ᠵᠡᠭᠡᠯᠢ᠂ ᠬᠠᠲᠤᠨ ᠭᠤᠣᠯ ᠤᠨ ᠶᠡᠭᠡ ᠴᠤᠭᠯᠠᠭ᠎ᠠ᠂ ᠵᠣᠣ ᠵᠢᠶᠦ᠋ᠨ ᠨᠠᠭᠤᠷ ᠵᠡᠷᠭᠡ ᠵᠢᠭᠤᠯᠴᠢᠯᠠᠯ ᠤᠨ ᠣᠷᠣᠨ ᠢᠶᠠᠷ ᠲᠦᠰᠢᠭ ᠪᠤᠯᠭᠠᠵᠤ᠂ ᠪᠤᠭᠤᠲᠤ ᠶᠢᠨ ᠬᠠᠲᠤᠨ ᠭᠤᠣᠯ ᠤᠨ ᠲᠡᠦᠬᠡ ᠰᠣᠶᠣᠯ ᠤᠨ ᠠᠭᠤᠯᠤᠭᠳᠠᠬᠤᠨ ᠪᠠ ᠡᠯᠪᠡᠭ ᠪᠠᠶᠠᠯᠢᠭ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠪᠠ᠃             ︽ᠤᠶᠢᠷᠠᠳᠠᠭᠢ ᠪᠠᠨ ᠪᠠᠶᠠᠷᠯᠠᠭᠤᠯᠵᠤ ᠬᠤᠯᠠᠳᠠᠭᠢ ᠶᠢᠨ ᠪᠠᠬ᠎ᠠ ᠶᠢ ᠲᠠᠲᠠᠬᠤ︾ ᠪᠣᠯ ᠪᠤᠭᠤᠲᠤ ᠶᠢᠨ ᠬᠠᠷᠠᠯᠲᠠ ᠂ ᠨᠡᠩ ᠴᠤ ᠪᠤᠭᠤᠲᠤ ᠶᠢᠨ ᠣᠪᠣᠷ ᠭᠡᠯᠲᠡᠢ᠃            ᠲᠡᠭᠡᠭᠦ ᠪᠠᠷ᠂ ᠰᠠᠨᠠᠯ ᠢ ᠮᠠᠰᠢ ᠪᠣᠳᠠᠲᠠᠢ ᠪᠣᠯᠭᠠᠨ ᠨᠠᠷᠢᠯᠢᠭᠵᠢᠭᠤᠯᠵᠠᠢ᠄ ᠬᠠᠲᠤᠨ ᠭᠤᠣᠯ ᠤᠨ ᠰᠣᠶᠣᠯ ᠤᠨ ᠭᠦᠰᠢᠶᠡᠳ᠂ ᠤᠷᠠᠨ ᠪᠢᠴᠢᠯᠭᠡ ᠶᠢᠨ ᠬᠤᠩᠭᠢᠯ᠂ ᠵᠢᠷᠤᠭ ᠤᠨ ᠳᠠᠷᠬᠠᠨ ᠤ ᠠᠶᠢᠯ ᠲᠣᠰᠬᠤᠨ ᠤ ᠬᠠᠲᠤᠨ ᠭᠤᠣᠯ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠢ ᠪᠠᠶᠢᠭᠤᠯᠬᠤ ᠵᠡᠷᠭᠡ ᠪᠤᠯᠤᠨ᠎ᠠ; ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ᠂ ᠣᠨᠴᠠᠯᠢᠭᠲᠤ ᠵᠡᠭᠡᠯᠢ ᠶᠢᠨ ᠲᠣᠭᠤᠷᠢᠭ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠪᠠᠶᠢᠳᠠᠯ ᠢ ᠪᠠᠶᠢᠷᠢᠯᠠᠭᠤᠯᠬᠤ ᠪᠠᠷ ᠳᠠᠮᠵᠢᠭᠤᠯᠤᠨ᠂ ᠨᠢᠭᠡ ᠪᠦᠯᠦᠭ ᠬᠠᠷᠢᠯᠴᠠᠨ ᠬᠥᠳᠡᠯᠦᠯᠴᠡᠬᠦ ᠴᠢᠨᠠᠷ ᠢᠶᠠᠷ ᠴᠢᠩᠭ᠎ᠠ᠂ ᠪᠡᠶᠡᠴᠢᠯᠡᠨ ᠣᠶᠢᠯᠠᠭᠠᠬᠤ ᠰᠡᠳᠬᠢᠯᠭᠡ ᠪᠠᠷ ᠰᠠᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠡᠮᠡᠵᠦ ᠪᠠᠶᠢᠭᠤᠯᠤᠨ᠎ᠠ; ᠰᠢᠨ᠎ᠡ ᠵᠢᠯ᠂ ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠵᠡᠷᠭᠡ ᠪᠠᠶᠠᠷ ᠳᠤᠷᠠᠰᠬᠠᠯ ᠤᠨ ᠡᠳᠦᠷ ᠢ ᠠᠰᠢᠭᠯᠠᠵᠤ᠂ ᠬᠠᠲᠤᠨ ᠭᠤᠣᠯ ᠤᠨ ᠰᠥᠩ ᠬᠠᠯᠢᠶ᠎ᠠ ᠶᠢ ᠰᠣᠨᠢᠷᠬᠠᠬᠤ ᠭᠠᠷᠠᠭ᠂ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ᠂ ᠬᠠᠲᠤᠨ ᠭᠤᠣᠯ ᠤᠨ ᠥᠩᠭᠡᠲᠦ ᠳ᠋ᠧᠩ ᠤᠨ ᠴᠤᠭᠯᠠᠭᠠᠨ᠂ ᠯᠤᠤᠲᠤ ᠣᠩᠭᠤᠴᠠ ᠶᠢᠨ ᠦᠵᠡᠭᠦᠯᠭᠡ ᠶᠢᠨ ᠤᠷᠤᠯᠳᠤᠭᠠᠨ ᠵᠡᠷᠭᠡ ᠳᠥᠷᠪᠡᠨ ᠤᠯᠠᠷᠢᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃            ᠰᠣᠶᠣᠯ ᠤᠨ ︽ᠵᠥᠭᠡᠯᠡᠨ ᠪᠣᠳᠠᠲᠤ ᠬᠦᠴᠦᠨ︾᠎ ᠨᠢ ᠤᠯᠠᠮ ᠠᠴᠠ ᠤᠯᠠᠮ ︽ᠪᠣᠳᠠᠲᠤ ᠬᠦᠴᠦᠨ︾᠎ ᠲᠠᠢ ᠪᠣᠯᠵᠤ ᠪᠠᠶᠢᠨ᠎ᠠ︕ ᠲᠡᠦᠬᠡᠨ ᠳᠡᠭᠡᠷ᠎ᠡ ᠡᠮᠦᠨᠡᠰᠢ ᠤᠮᠠᠷᠠᠰᠢ ᠨᠡᠪᠲᠡᠷᠡᠵᠦ ᠪᠠᠶᠢᠭᠰᠠᠨ ᠪᠣᠭᠤᠮᠲᠠ ᠶᠢᠨ ᠭᠠᠳᠠᠨᠠᠬᠢ ᠬᠤᠳᠠᠯᠳᠤᠭᠠᠨ ᠤ ᠬᠤᠲᠠ ᠨᠢ ᠨᠢᠭᠡᠨᠲᠡ ᠪᠦᠭᠦᠳᠡ ᠨᠠᠶᠢᠷᠠᠮᠳᠠᠬᠤ ᠤᠯᠤᠰ ᠤᠨ ᠴᠢᠬᠤᠯᠠ ᠠᠵᠤ ᠦᠢᠯᠡᠳᠪᠦᠷᠢ ᠶᠢᠨ ᠰᠠᠭᠤᠷᠢᠨ ᠪᠣᠯᠵᠤ᠂ ᠨᠡᠩ ᠴᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠨ ᠲᠣᠭᠲᠠᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠠᠵᠤ ᠠᠬᠤᠢ ᠶᠢᠨ ᠲᠥᠪ ᠪᠣᠯᠵᠤ᠂ ᠭᠦᠭᠡᠬᠤᠲᠠ ᠪᠤᠭᠤᠲᠤ ᠣᠷᠳᠣᠰ ᠤᠨ ᠬᠤᠲᠠ ᠶᠢᠨ ᠴᠤᠭᠯᠠᠷᠠᠯ ᠤᠨ ᠲᠥᠪ ᠬᠤᠲᠠ ᠶᠢᠨ ᠨᠢᠭᠡ ᠪᠣᠯᠵᠤ᠂ ︽ᠲᠠᠯ᠎ᠠ ᠨᠤᠲᠤᠭ ᠤᠨ ᠪᠣᠯᠣᠳ ᠬᠤᠲᠠ︾᠂ ︽ᠬᠤᠪᠣᠷ ᠰᠢᠷᠣᠢ ᠶᠢᠨ ᠬᠤᠲᠠ︾ ᠭᠡᠰᠡᠨ ᠰᠠᠶᠢᠬᠠᠨ ᠠᠯᠳᠠᠷ ᠲᠠᠢ ᠪᠣᠯᠤᠭᠰᠠᠨ ᠪᠠᠶᠢᠨ᠎ᠠ᠃            ᠬᠠᠳᠤᠨ ᠭᠤᠣᠯ ᠬᠠᠯᠭᠢᠯᠠᠨ ᠴᠠᠯᠭᠢᠯᠠᠵᠤ᠂ ᠤᠷᠳᠤ ᠴᠠᠭᠠᠨ ᠬᠡᠷᠡᠮ ᠮᠤᠷᠤᠯᠵᠠᠨ ᠰᠦᠨᠳᠡᠷᠯᠡᠵᠦ᠂ ᠬᠤᠶᠠᠷ ᠵᠦᠢᠯ ᠤᠨ ᠰᠣᠶᠣᠯ ᠭᠦᠨ ᠵᠤᠵᠠᠭᠠᠨ ᠰᠡᠳᠬᠢᠯᠭᠡ ᠪᠠᠷ ᠠᠭᠤᠯᠵᠠᠨ ᠵᠣᠯᠭᠠᠵᠤ᠂ ᠥᠩᠭᠡᠷᠡᠭᠰᠡᠨ ᠤ ᠰᠦᠷᠯᠢᠭ ᠪᠠᠷᠲᠠᠭᠠᠲᠤ ᠬᠤᠳᠠ ᠶᠢᠨ ᠪᠠᠭᠤᠷᠢ ᠶᠢ ᠥᠨᠥᠳᠥᠷ ᠤᠨ ᠣᠷᠣᠰᠢᠨ ᠰᠠᠭᠤᠬᠤ ᠳᠤ ᠲᠣᠬᠢᠯᠢᠭ ᠠᠷᠠᠯᠵᠢᠶ᠎ᠠ ᠮᠠᠶᠢᠮᠠᠢ ᠬᠢᠬᠦ ᠳᠤ ᠲᠣᠬᠢᠷᠠᠮᠵᠢᠲᠠᠢ ᠤᠳᠤ ᠦᠶ᠎ᠡ ᠶᠢᠨ ᠬᠤᠳᠠ ᠪᠣᠯᠭᠠᠨ ᠪᠦᠲᠦᠭᠡᠨ ᠪᠠᠶᠢᠭᠤᠯᠪᠠ᠃ ᠬᠤᠳᠠ ᠪᠣᠯᠣᠨ ᠪᠠᠶᠢᠭᠠᠯᠢ᠂ ᠠᠮᠢ ᠠᠬᠤᠢ ᠬᠢᠭᠡᠳ ᠰᠣᠶᠣᠯ ᠢᠷᠭᠡᠨᠰᠢᠯ ᠶᠠᠭ ᠰᠠᠶᠢᠬᠠᠨ ᠡᠨᠡ ᠬᠠᠯᠠᠭᠤᠨ ᠬᠥᠷᠥᠰᠥᠨ ᠳᠡᠭᠡᠷ᠎ᠡ ᠬᠠᠷᠢᠯᠴᠠᠨ ᠠᠭᠤᠰᠤᠯᠴᠠᠵᠤ᠂ ᠬᠠᠮᠲᠤ ᠪᠠᠷ ᠦᠰᠦᠨ ᠪᠣᠶᠢᠵᠢᠵᠤ ᠪᠠᠶᠢᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号