﹇︽ᠤᠷᠲᠤ ᠴᠠᠭᠠᠨ ᠬᠡᠷᠡᠮ︾ ᠪᠣᠯᠣᠨ ︽ᠬᠠᠲᠤᠨ ᠭᠤᠣᠯ︾᠎ ᠤᠨ ᠰᠣᠶᠣᠯ ᠤᠨ ᠰᠣᠯᠢᠯᠴᠠᠭ᠎ᠠ ᠤᠶᠠᠯᠳᠤᠯ ﹈  ᠬᠠᠭᠤᠴᠢ ᠬᠦᠦᠷᠨᠢᠭᠰᠡᠨ ᠡᠷᠲᠡᠨ ᠤ ᠬᠤᠲᠠ ᠳᠤ ᠬᠠᠲᠣᠨ ᠭᠤᠣᠯ ᠤᠨ ᠤᠶᠠᠩᠭᠠᠨ ᠳᠠᠭᠤᠯᠠᠯ ᠡᠭᠡᠰᠢᠭᠯᠡᠨᠡᠮ
ᠨᠡᠶᠢᠲᠡᠯᠡᠭᠰᠡᠨ ᠴᠠᠭ᠄
2024/5/15
    ᠯᠢᠦ ᠴᠦᠨ        ᠮᠤᠷᠤᠯᠵᠠᠨ ᠰᠤᠨᠤᠯᠵᠠᠭᠰᠠᠨ ᠬᠠᠲᠣᠨ ᠭᠤᠣᠯ ᠣᠷᠳᠣᠰ ᠬᠤᠲᠠ ᠶᠢᠨ ᠵᠡᠭᠦᠨᠭᠠᠷ ᠬᠤᠰᠢᠭᠤ ᠪᠠᠷ ᠤᠷᠤᠰᠤᠨ ᠥᠩᠭᠡᠷᠡᠬᠦ ᠳᠡᠭᠡᠨ ᠶᠢᠰᠦᠨ ᠨᠤᠭᠤᠯᠤᠭ᠎ᠠ ᠪᠣᠯᠣᠨ ᠤᠭᠠᠯᠵᠠᠯᠠᠵᠤ᠂ ᠥᠩᠭᠡᠶᠢᠨ ᠬᠠᠷᠠᠬᠤ ᠳᠤ ᠦᠵᠡᠮᠵᠢ ᠲᠡᠭᠦᠯᠳᠡᠷ ᠡᠴᠢᠨ᠎ᠡ ᠭᠤᠶᠣ᠃            ᠡᠭᠦᠨ ᠯᠦᠭᠡ ᠦᠯᠢᠳᠬᠡᠨ ᠮᠥᠴᠡᠭᠡᠷᠬᠡᠬᠦ ᠭᠡᠮᠡᠷ ᠴᠢᠨ ᠤᠯᠤᠰ᠂ ᠸᠧᠢ ᠤᠯᠤᠰ ᠤᠨ ᠦᠶ᠎ᠡ ᠶᠢᠨ ᠬᠤᠶᠠᠷ ᠬᠡᠰᠡᠭ ᠣᠷᠳᠣ ᠴᠠᠭᠠᠨ ᠬᠡᠷᠡᠮ ᠵᠡᠭᠦᠨᠭᠠᠷ ᠬᠤᠰᠢᠭᠤᠨ ᠤ ᠠᠭᠤᠯᠠ ᠬᠢᠷ᠎ᠠ ᠪᠠᠷ ᠦᠷᠭᠦᠯᠵᠢᠯᠡᠨ ᠬᠥᠨᠳᠡᠯᠢᠰᠴᠦ᠂ ᠣᠨ ᠵᠢᠯ ᠤᠨ ᠰᠠᠯᠬᠢ ᠪᠣᠷᠣᠭᠠᠨ ᠢ ᠡᠯᠡᠭᠡᠵᠦ ᠲᠣᠭᠤᠯᠣᠬᠰᠠᠨ ᠴᠦ ᠠᠭᠤᠯᠤᠭᠰᠠᠨ ᠵᠣᠷᠢᠭ ᠰᠠᠨᠠᠭ᠎ᠠ ᠪᠠᠨ ᠡᠷᠴᠢᠯᠡᠨ ᠢᠷᠯᠡᠭᠰᠡᠭᠡᠷ᠃            ᠮᠥᠷᠡᠨ ᠭᠤᠣᠯ ᠳᠣᠯᠭᠢᠶᠠᠯᠠᠨ ᠳᠠᠪᠠᠯᠭᠠᠯᠠᠵᠤ ᠮᠥᠷᠥᠭᠡᠳᠦᠯ ᠬᠠᠶᠢᠷ᠎ᠠ ᠶᠢᠨ ᠭᠦᠭ ᠠᠶᠠᠯᠭᠤ ᠴᠢᠪᠬᠠᠳᠠᠨᠠᠮ᠃ ᠮᠤᠷᠤᠯᠵᠠᠨ ᠦᠷᠭᠦᠯᠵᠢᠯᠡᠭᠰᠡᠨ ᠤᠷᠳᠤ ᠴᠠᠭᠠᠨ ᠬᠡᠷᠡᠮ ᠬᠦᠴᠦᠨ ᠴᠢᠳᠠᠯ ᠢ ᠨᠢᠭᠲᠠᠷᠠᠭᠤᠯᠵᠤ᠂ ᠪᠦᠭᠦ ᠤᠯᠤᠰ ᠤᠨ ᠵᠠᠭᠤᠨ ᠬᠦᠴᠦᠷᠬᠡᠭ ᠬᠤᠳᠠ ᠳᠤ ᠪᠠᠭᠲᠠᠭᠰᠠᠨ ᠵᠡᠭᠦᠨᠭᠠᠷ ᠬᠤᠰᠢᠭᠤ ᠶᠢᠨ ᠵᠢᠯᠣᠭᠤ ᠰᠤᠩᠭᠠᠨ ᠵᠣᠷᠢᠭᠲᠠᠢ ᠤᠷᠤᠭᠰᠢᠯᠠᠬᠤ ᠶᠢ ᠰᠢᠪᠠᠳᠠᠭᠤᠯᠤᠨ ᠱᠠᠭᠠᠷᠳᠠᠬᠤ ᠮᠡᠲᠦ᠃            ᠬᠤᠶᠠᠷ ᠬᠡᠰᠡᠭ ᠬᠤᠲᠠ ᠶᠢᠨ ᠬᠡᠷᠡᠮ ᠤᠨ ᠬᠠᠲᠤᠨ ᠭᠤᠣᠯ ᠤᠨ ᠳᠤᠷᠠᠰᠤᠮᠵᠢ            3 ᠰᠠᠷ᠎ᠠ ᠶᠢᠨ 18᠎ ᠤ ᠡᠳᠦᠷ᠂ ᠰᠤᠷᠪᠤᠯᠵᠢᠯᠠᠬᠴᠢ ᠵᠡᠭᠦᠨᠭᠠᠷ ᠬᠤᠰᠢᠭᠤᠨ ᠤ ᠮᠦᠽᠧᠢ ᠶᠢᠨ ᠳᠠᠷᠤᠭ᠎ᠠ ᠯᠢᠦ ᠸᠧᠢ ᠵᠢᠶᠦ᠋ᠨ ᠨᠠᠷ ᠢ ᠳᠠᠭᠠᠵᠤ᠂ ᠱᠠᠵᠢᠨᠲᠣᠬᠤᠢ ᠠᠴᠠ ᠮᠣᠷᠳᠠᠨ 100 ᠭᠠᠷᠤᠢ ᠺᠢᠯᠣᠮᠧᠲᠷ ᠠᠶᠠᠯᠠᠨ᠂ ᠵᠡᠭᠦᠨᠭᠠᠷ ᠬᠤᠰᠢᠭᠤ ᠶᠢᠨ ᠤᠷᠠᠬ᠎ᠠ ᠰᠢᠶᠠᠩ ᠤᠨ ᠢᠦᠢ ᠱᠦ ᠬᠤᠤ ᠲᠣᠰᠬᠤᠨ ᠤ ᠵᠡᠭᠦᠨᠳᠡᠬᠢ ᠪᠠᠶᠢᠯᠳᠤᠭᠠᠨᠲᠤ ᠤᠯᠤᠰ ᠤᠨ ᠴᠢᠨ ᠤᠯᠤᠰ ᠤᠨ ᠣᠷᠲᠣ ᠴᠠᠭᠠᠨ ᠬᠡᠷᠡᠮ ᠤᠨ ᠪᠠᠭᠤᠷᠢ ᠳᠤ ᠭᠦᠷᠪᠠ᠃            ᠡᠨᠡ ᠬᠡᠰᠡᠭ ᠣᠷᠳᠣ ᠴᠠᠭᠠᠨ ᠬᠡᠷᠡᠮ ᠨᠢ ᠠᠭᠤᠯᠠᠷᠬᠠᠭ ᠭᠠᠵᠠᠷ ᠤᠨ ᠲᠣᠯᠣᠭᠠᠢ ᠳᠡᠭᠡᠷ᠎ᠡ ᠪᠠᠶᠢᠷᠢᠰᠢᠵᠤ᠂ ᠭᠠᠵᠠᠷ ᠤᠨ ᠨᠢᠭᠤᠷ ᠲᠠᠬᠢ ᠬᠡᠰᠡᠭ ᠬᠡᠷᠡᠮ ᠨᠢ ᠭᠦᠳᠦᠶᠢᠵᠦ ᠭᠠᠷᠤᠭᠰᠠᠨ ︽ᠰᠢᠷᠣᠢ ᠶᠢᠨ ᠣᠪᠣᠭ᠎ᠠ︾᠎ ᠶᠢᠨ ᠭᠡᠯᠪᠡᠷᠢ ᠲᠠᠢ ᠪᠣᠯᠣᠭᠠᠳ ᠬᠡᠰᠡᠭ ᠬᠡᠰᠡᠭ ᠲᠠᠰᠤᠯᠳᠠᠵᠤ ᠦᠷᠭᠦᠯᠵᠢᠯᠡᠳᠡᠭ᠃ ᠲᠤᠬᠠᠢ ᠶᠢᠨ ᠭᠠᠵᠠᠷ ᠤᠨ ᠰᠣᠶᠣᠯ ᠤᠨ ᠬᠠᠮᠠᠭᠠᠯᠠᠭᠴᠢ ᠶᠢᠨ ᠡᠷᠭᠢᠴᠡᠭᠦᠯᠬᠦ ᠪᠠᠷ᠂ ᠲᠡᠷᠡ ᠪᠠᠭ᠎ᠠ ᠳᠠᠭᠠᠨ ᠣᠷᠳᠣ ᠴᠠᠭᠠᠨ ᠬᠡᠷᠡᠮ ᠤᠨ ᠬᠠᠪᠢ ᠲᠥᠰᠥᠷ ᠠᠴᠠ ᠦᠷᠭᠦᠯᠵᠢ ᠸᠠᠭᠠᠷ ᠤᠨ ᠬᠡᠯᠲᠡᠷᠬᠡᠢ᠂ ᠭᠠᠤᠯᠢ ᠪᠠᠷ ᠦᠢᠯᠡᠳᠦᠭᠰᠡᠨ ᠰᠤᠮᠤᠨ ᠦᠵᠦᠭᠦᠷ ᠵᠡᠷᠭᠡ ᠶᠢ ᠢᠯᠡᠷᠡᠭᠦᠯᠳᠡᠭ ᠪᠠᠶᠢᠵᠠᠢ ᠭᠡᠯ᠎ᠡ᠃            ᠯᠢᠦ ᠸᠧᠢ ᠵᠢᠶᠦ᠋ᠨ ᠬᠤᠲᠠ ᠶᠢᠨ ᠬᠡᠷᠡᠮ ᠳᠡᠭᠡᠷ᠎ᠡ ᠭᠠᠷᠴᠤ᠂ ᠡᠮᠦᠨ᠎ᠡ ᠲᠠᠯ᠎ᠠ ᠶᠢᠨ ᠨᠠᠮ ᠲᠡᠭᠰᠢᠬᠡᠨ ᠭᠠᠵᠠᠷ ᠢ ᠵᠢᠭᠠᠵᠤ᠄ ︽ᠡᠨᠡ ᠬᠡᠰᠡᠭ ᠭᠠᠵᠠᠷ ᠢ ᠤᠷᠠᠬ᠎ᠠ ᠶᠢᠨ ᠲᠠᠯ᠎ᠠ ᠭᠡᠳᠡᠭ᠂ ᠠᠳᠡ ᠤᠷᠤᠰᠴᠤ ᠪᠠᠶᠢᠭ᠎ᠠ ᠨᠢ ᠤᠯᠠᠷᠢᠯ ᠤᠨ ᠴᠢᠨᠠᠷᠲᠠᠢ ᠭᠤᠣᠯ ᠪᠣᠯᠣᠨ᠎ᠠ᠂ ᠭᠤᠣᠯ ᠤᠨ ᠤᠰᠤ ᠨᠢ ᠤᠷᠤᠰᠬᠠᠯ ᠢ ᠲᠠᠭᠠᠨ ᠬᠠᠲᠤᠨ ᠭᠤᠣᠯ ᠳᠤ ᠴᠢᠳᠬᠤᠯᠠᠭᠰᠠᠨ ᠬᠠᠲᠤᠨ ᠭᠤᠣᠯ ᠤᠨ ᠰᠠᠯᠪᠤᠷᠢ ᠴᠢᠳᠬᠤᠯᠠᠩ ᠪᠣᠯᠣᠨ᠎ᠠ︾ ᠭᠡᠵᠦ ᠲᠠᠶᠢᠯᠪᠤᠷᠢᠯᠠᠨ᠎ᠠ᠃            ᠲᠡᠦᠬᠡᠨ ᠳᠡᠭᠡᠷ᠎ᠡ ᠪᠠᠶᠢᠯᠳᠤᠭᠠᠨᠲᠤ ᠤᠯᠤᠰ ᠤᠨ ᠦᠶ᠎ᠡ ᠶᠢᠨ ᠴᠢᠨ ᠤᠯᠤᠰ ᠤᠨ ᠣᠷᠳᠣ ᠴᠠᠭᠠᠨ ᠬᠡᠷᠡᠮ ᠨᠢ ᠤᠷᠠᠬ᠎ᠠ ᠶᠢᠨ ᠲᠠᠯ᠎ᠠ ᠳᠤ ᠬᠠᠲᠤᠨ ᠭᠤᠣᠯ ᠤᠨ ᠰᠠᠯᠪᠤᠷᠢ ᠤᠷᠤᠰᠬᠠᠯ ᠲᠠᠢ ᠵᠣᠯᠭᠠᠨ ᠨᠡᠶᠢᠯᠡᠵᠦ ᠪᠠᠶᠢᠭᠰᠠᠨ ᠨᠢ ᠢᠯᠡᠷᠬᠡᠢ᠃            ᠲᠡᠦᠬᠡᠨ ᠲᠡᠮᠳᠡᠭᠯᠡᠯ ᠢ ᠦᠨᠳᠦᠰᠦᠯᠡᠪᠡᠯ᠂ ᠴᠢᠨ ᠤᠯᠤᠰ ᠤᠨ ᠣᠷᠲᠣ ᠴᠠᠭᠠᠨ ᠬᠡᠷᠡᠮ ᠨᠢ ᠭᠠᠨᠰᠤ ᠮᠤᠵᠢ ᠶᠢᠨ ᠮᠢᠨ ᠰᠢᠶᠠᠨ ᠠᠴᠠ ᠪᠠᠷᠠᠭᠤᠨᠰᠢ ᠠᠷᠪᠠᠨ ᠺᠢᠯᠣᠮᠧᠲᠷ ᠵᠠᠶᠢᠲᠠᠢ ᠭᠠᠵᠠᠷ ᠠᠴᠠ ᠡᠬᠢᠯᠡᠵᠦ᠂ ᠲᠤᠤ ᠾᠧ ᠭᠤᠣᠯ ᠤᠨ ᠵᠡᠭᠦᠨ ᠡᠷᠭᠢ ᠶᠢ ᠳᠠᠭᠠᠵᠤ ᠯᠢᠨ ᠲᠣᠣ ᠰᠢᠶᠠᠨ ᠤ ᠬᠢᠯᠢ ᠳᠤ ᠣᠷᠣᠵᠤ᠂ ᠮᠤᠷᠤᠯᠵᠠᠨ ᠦᠷᠭᠦᠯᠵᠢᠯᠡᠭᠰᠡᠭᠡᠷ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤ ᠶᠢᠨ ᠨᠠᠷᠢᠨ ᠲᠣᠬᠤᠢ ᠰᠢᠶᠠᠩ ᠳᠤ ᠭᠦᠷᠦᠭᠡᠳ ᠤᠮᠠᠷᠠᠰᠢᠯᠠᠵᠤ᠂ ᠤᠷᠠᠬ᠎ᠠ ᠰᠢᠶᠠᠩ ᠠᠴᠠ ᠤᠮᠠᠷᠠᠰᠢ ᠰᠤᠨᠤᠵᠦ ᠱᠧᠨ ᠱᠦ ᠭᠧᠦ ᠶᠢ ᠥᠩᠭᠡᠷᠡᠨ ᠪᠣᠷᠣ ᠲᠣᠬᠤᠢ ᠰᠢᠶᠠᠩ ᠤᠨ ᠳᠠᠪᠠᠭᠠᠨ ᠰᠢᠯᠢ ᠭᠦᠷᠦᠭᠰᠡᠨ ᠤ ᠳᠠᠷᠠᠭ᠎ᠠ ᠵᠡᠭᠦᠨᠰᠢ ᠮᠤᠷᠤᠶᠢᠵᠤ᠂ ᠬᠠᠮᠤᠭ ᠰᠡᠭᠦᠯ ᠳᠤᠨᠢ ᠰᠢᠷᠠᠯᠵᠢᠲᠠᠢ ᠶᠢᠨ ᠬᠤᠶᠢᠲᠤ ᠲᠠᠯ᠎ᠠ ᠶᠢᠨ ᠬᠠᠲᠤᠨ ᠭᠤᠣᠯ ᠤᠨ ᠪᠠᠷᠠᠭᠤᠨ ᠡᠷᠭᠢ ᠳᠤ ᠬᠦᠷᠴᠦ᠂ ᠪᠦᠭᠦ ᠤᠷᠳᠤ ᠨᠢ 1100 ᠭᠠᠷᠤᠢ ᠺᠢᠯᠣᠮᠧᠲᠷ ᠪᠠᠶᠢᠳᠠᠭ᠃             ︽ᠵᠡᠭᠦᠨᠭᠠᠷ ᠬᠤᠰᠢᠭᠤᠨ ᠤ ᠬᠢᠯᠢ ᠳᠤ ᠬᠤᠶᠠᠷ ᠬᠡᠰᠡᠭ ᠡᠷᠲᠡᠨ ᠤ ᠣᠷᠳᠣ ᠴᠠᠭᠠᠨ ᠬᠡᠷᠡᠮ ᠪᠤᠢ᠂ ᠨᠢᠭᠡ ᠬᠡᠰᠡᠭ ᠨᠢ ᠮᠠᠨ ᠤ ᠣᠯᠵᠤ ᠦᠵᠡᠭᠰᠡᠨ ᠪᠠᠶᠢᠯᠳᠤᠭᠠᠨᠲᠤ ᠤᠯᠤᠰ ᠤᠨ ᠦᠶ᠎ᠡ ᠶᠢᠨ ᠴᠢᠨ ᠤᠯᠤᠰ ᠤᠨ ᠣᠷᠳᠣ ᠴᠠᠭᠠᠨ ᠬᠡᠷᠡᠮ᠂ ᠨᠥᠭᠦᠭᠡ ᠨᠢ ᠪᠠᠶᠢᠯᠳᠤᠭᠠᠨᠲᠤ ᠤᠯᠤᠰ ᠤᠨ ᠸᠧᠢ ᠤᠯᠤᠰ ᠤᠨ ᠣᠷᠳᠣ ᠴᠠᠭᠠᠨ ᠬᠡᠷᠡᠮ ᠪᠣᠯᠣᠨ᠎ᠠ᠃ ᠸᠧᠢ ᠤᠯᠤᠰ ᠤᠨ ᠣᠷᠳᠣ ᠴᠠᠭᠠᠨ ᠬᠡᠷᠡᠮ ᠤᠨ ᠦᠯᠡᠳᠡᠭᠳᠡᠯ ᠨᠢᠭᠡᠨᠲᠡ ᠬᠠᠷᠠᠭᠳᠠᠬᠤ ᠦᠭᠡᠢ ᠪᠣᠯᠤᠭᠰᠠᠨ ᠪᠤᠯᠪᠠᠴᠣ ᠴᠢᠨ ᠤᠯᠤᠰ ᠤᠨ ᠣᠷᠳᠣ ᠴᠠᠭᠠᠨ ᠬᠡᠷᠡᠮ ᠤᠨ ᠦᠯᠡᠳᠡᠭᠳᠡᠯ ᠮᠠᠰᠢ ᠲᠣᠳᠣᠷᠬᠠᠢ ᠪᠠᠶᠢᠭᠰᠠᠭᠠᠷ᠃ ᠬᠤᠶᠠᠷ ᠤᠯᠤᠰ ᠤᠨ ᠣᠷᠳᠣ ᠴᠠᠭᠠᠨ ᠬᠡᠷᠡᠮ ᠤᠨ ᠪᠠᠭᠤᠷᠢ ᠨᠡᠶᠢᠲᠡ 125 ᠬᠡᠰᠡᠭ ᠪᠤᠢ︾ ᠭᠡᠵᠦ ᠯᠢᠦ ᠸᠧᠢ ᠵᠢᠶᠦ᠋ᠨ ᠰᠤᠷᠪᠤᠯᠵᠢᠯᠠᠬᠴᠢ ᠳᠤ ᠬᠡᠯᠡᠨ᠎ᠡ᠃            ᠸᠧᠢ ᠤᠯᠤᠰ ᠤᠨ ᠤᠷᠲᠤ ᠴᠠᠭᠠᠨ ᠬᠡᠷᠡᠮ ᠤᠨ ᠭᠠᠵᠠᠷ ᠤᠨ ᠭᠠᠳᠠᠷᠭᠤ ᠳᠠᠬᠢ ᠦᠯᠡᠳᠡᠭᠳᠡᠯ ᠨᠢ ᠬᠠᠷᠠᠭᠳᠠᠬᠤ ᠦᠭᠡᠢ ᠪᠣᠯᠤᠭᠰᠠᠨ ᠪᠤᠯᠪᠠᠴᠤ ︽ᠰᠤᠳᠤᠷ ᠲᠡᠮᠳᠡᠭᠯᠡᠯ · ᠸᠧᠢ ᠤᠯᠤᠰ ᠤᠨ ᠰᠤᠷᠪᠤᠯᠵᠢᠰ︾᠎ ᠲᠤ᠄ ︽ᠠᠷᠪᠠ ᠶᠢᠰᠦᠳᠦᠭᠡᠷ ᠣᠨ ︵ᠣᠨ ᠲᠣᠭᠠᠯᠠᠯ ᠠᠴᠠ ᠡᠮᠦᠨ᠎ᠡ 352 ᠣᠨ︶᠎ ᠳᠤ᠂ ᠣᠯᠠᠨ ᠾᠧᠦ ᠤᠯᠤᠰ ᠮᠠᠨ ᠤ ᠶᠢᠨ ᠰᠢᠶᠠᠩ ᠭᠦᠩ ᠤᠨ ᠣᠩᠭᠤᠨ ᠢ ᠪᠦᠰᠡᠯᠡᠨ ᠲᠠᠭᠠᠷᠢᠬᠰᠠᠨ ᠳᠤ᠂ ᠤᠷᠲᠤ ᠴᠠᠭᠠᠨ ᠬᠡᠷᠡᠮ ᠪᠠᠶᠢᠭᠤᠯᠵᠤ ᠭᠦᠶᠠᠩ ᠢ ᠰᠠᠬᠢᠭᠤᠯᠪᠠ ︾ ᠭᠡᠵᠦ ᠲᠡᠮᠳᠡᠭᠯᠡᠭᠰᠡᠨ ᠪᠠᠶᠢᠨ᠎ᠠ᠃            ᠥᠪᠥᠷ ᠮᠣᠩᠭᠤᠯ ᠬᠢᠭᠡᠳ ᠣᠷᠳᠣᠰ ᠬᠤᠶᠠᠷ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠰᠢᠯᠭᠠᠨ ᠨᠤᠲᠠᠯᠠᠬᠤ ᠪᠠᠷ ᠳᠠᠮᠵᠢᠭᠠᠳ᠂ ᠲᠡᠦᠬᠡᠨ ᠳᠡᠭᠡᠷᠡᠬᠢ ᠸᠧᠢ ᠤᠯᠤᠰ ᠤᠨ ᠣᠷᠳᠣ ᠴᠠᠭᠠᠨ ᠬᠡᠷᠡᠮ ᠤᠨ ᠪᠠᠶᠢᠷᠢᠯᠠᠯ ᠭᠡᠪᠡᠯ᠄ ᠡᠮᠦᠨᠡᠰᠢ ᠬᠤᠸᠠᠱᠠᠨ ᠠᠭᠤᠯᠠ ᠶᠢᠨ ᠠᠷᠤ ᠬᠤᠷᠮᠣᠢ ᠠᠴᠠ ᠡᠬᠢᠯᠡᠵᠦ᠂ ᠬᠠᠨ ᠤᠯᠤᠰ ᠤᠨ ᠬᠢᠯᠢ ᠪᠠᠷ ᠥᠩᠭᠡᠷᠡᠨ᠂ ᠭᠤᠣᠯ ᠢ ᠲᠠᠭᠠᠵᠦ ᠪᠠᠷᠠᠭᠤᠨ ᠬᠤᠶᠢᠰᠢ ᠱᠠᠨᠰᠢ ᠶᠢᠨ ᠰᠦᠢᠳᠧ᠂ ᠱᠧᠨ ᠮᠦ ᠵᠡᠷᠭᠡ ᠭᠠᠵᠠᠷ ᠢᠶᠠᠷ ᠥᠩᠭᠡᠷᠡᠵᠦ᠂ ᠹᠦ᠋ ᠭᠦ᠋ ᠪᠠᠷ ᠲᠠᠮᠵᠢᠨ ᠵᠡᠭᠦᠨᠭᠠᠷ ᠬᠤᠰᠢᠭᠤ ᠶᠢᠨ ᠬᠠᠲᠤᠨ ᠭᠤᠣᠯ ᠤᠨ ᠪᠠᠷᠠᠭᠤᠨ ᠡᠷᠭᠢ ᠳᠠᠬᠢ ᠮᠠᠵᠠ ᠳᠤ ᠬᠦᠷᠴᠦ᠂ ᠳᠠᠭᠢᠨ ᠬᠠᠲᠤᠨ ᠭᠤᠣᠯ ᠢ ᠳᠠᠭᠠᠵᠤ ᠤᠮᠠᠷᠠᠰᠢ ᠸᠧᠢ ᠵᠢᠶᠠ ᠮᠣᠣ᠂ ᠳᠠᠯᠤ ᠵᠡᠷᠭᠡ ᠭᠠᠵᠠᠷ ᠢᠶᠠᠷ ᠥᠩᠭᠡᠷᠡᠨ ᠰᠢᠷᠠᠯᠵᠢᠲᠠᠢ ᠣᠷᠣᠨ ᠳᠤ ᠬᠦᠷᠴᠦ᠂ ᠦᠷᠭᠦᠯᠵᠢᠯᠡᠨ ᠪᠠᠷᠠᠭᠤᠨᠰᠢᠯᠠᠵᠤ ᠳᠠᠯᠠᠳ ᠬᠤᠰᠢᠭᠤᠨ ᠤ ᠪᠠᠢ ᠨᠢ ᠵᠢᠩ ᠬᠦᠷᠴᠦ᠂ ᠬᠠᠲᠤᠨ ᠭᠤᠣᠯ ᠢ ᠥᠩᠭᠡᠷᠡᠨ᠂ ᠤᠮᠠᠷᠠᠰᠢ ᠪᠤᠭᠤᠲᠤ ᠶᠢᠨ ᠭᠦᠶᠠᠩ ᠳᠤ ᠬᠦᠷᠴᠦ᠂ ᠪᠦᠭᠦ ᠣᠷᠳᠣ ᠨᠢ 600 ᠭᠠᠷᠤᠢ ᠺᠢᠯᠣᠮᠧᠲᠷ ᠪᠠᠶᠢᠵᠤ᠂ ᠸᠧᠢ ᠤᠯᠤᠰ ᠠᠴᠠ ᠴᠢᠨ ᠤᠯᠤᠰ ᠤᠨ ᠳᠠᠭᠠᠷᠢᠯᠲᠠ ᠶᠢ ᠬᠤᠷᠢᠭᠯᠠᠬᠤ ᠶᠢᠨ ᠲᠥᠯᠥᠭᠡ ᠪᠠᠶᠢᠭᠤᠯᠤᠭᠰᠠᠨ ᠲᠤᠯᠠ ᠲᠡᠦᠬᠡᠨ ᠳᠤ ︽ᠸᠧᠢ ᠤᠯᠤᠰ ᠤᠨ ᠤᠷᠲᠤ ᠴᠠᠭᠠᠨ ᠬᠡᠷᠡᠮ︾ ᠭᠡᠳᠡᠭ᠃            ᠳᠡᠭᠡᠷ᠎ᠡ ᠥᠭᠦᠯᠡᠭᠰᠡᠨ ᠰᠢᠷᠠᠯᠵᠢᠲᠠᠢ ᠬᠡᠮᠡᠬᠦ ᠨᠢ ᠵᠡᠭᠦᠨᠭᠠᠷ ᠬᠤᠰᠢᠭᠤ ᠶᠢᠨ ᠰᠢᠷᠠᠯᠵᠢᠲᠠᠢ ᠰᠢᠶᠠᠩ ᠤᠨ ᠣᠪᠣᠭᠠᠨ ᠲᠣᠬᠤᠢ ᠲᠣᠰᠬᠤᠨ ᠳᠤ ᠪᠠᠶᠢᠷᠢᠯᠠᠵᠤ᠂ ᠠᠷᠪᠠᠨ ᠬᠤᠶᠠᠷ ᠬᠤᠲᠠ ᠪᠠᠷ ᠪᠦᠷᠢᠯᠳᠦᠵᠡᠢ᠃ ︽ᠶᠤᠸᠠᠨ ᠾᠧ ᠵᠢᠶᠦ᠋ᠨ ᠰᠢᠶᠠᠨ︾᠎ ᠤ ᠲᠡᠮᠳᠡᠭᠯᠡᠯ ᠢ ᠦᠨᠳᠦᠰᠦᠯᠡᠪᠡᠯ᠂ ᠰᠢᠷᠠᠯᠵᠢᠲᠠᠢ ᠨᠢ ᠤᠤᠯ ᠳᠠᠭᠠᠨ ᠰᠦᠢ ᠤᠯᠤᠰ ᠲᠠᠩ ᠤᠯᠤᠰ ᠤᠨ ᠦᠶ᠎ᠡ ᠶᠢᠨ ᠱᠧᠩᠵᠸᠦ ᠶᠢᠨ ᠢᠦᠢ ᠯᠢᠨ ᠬᠤᠲᠠ ᠪᠠᠶᠢᠵᠤ᠂ ᠬᠤᠵᠢᠮ ᠨᠢ ᠡᠯ᠎ᠡ ᠲᠦᠷᠦ ᠶᠢᠨ ᠵᠠᠰᠠᠨ ᠪᠠᠶᠢᠭᠤᠯᠬᠤ ᠶᠢ ᠳᠠᠮᠵᠢᠭᠠᠳ ᠥᠪᠡᠷᠮᠢᠴᠡ ᠣᠨᠴᠠᠯᠢᠭ ᠲᠠᠢ ᠬᠠᠮᠠᠭᠠᠯᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠡᠷᠲᠡᠨ ᠤ ᠦᠶ᠎ᠡ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠪᠠᠶᠢᠵᠠᠢ᠃            ᠣᠳᠣᠬᠠᠨ ᠳᠤ ᠰᠢᠷᠠᠯᠵᠢᠲᠠᠢ ᠶᠢᠨ ᠡᠷᠲᠡᠨ ᠤ ᠬᠤᠲᠠ ᠶᠢᠨ ᠬᠡᠷᠡᠮ ᠠᠴᠠ ᠪᠣᠷᠣ ᠲᠥᠯᠥᠪ ᠨᠡᠯᠢᠶᠡᠳ ᠲᠣᠳᠣᠷᠬᠠᠢ ᠪᠠᠶᠢᠬᠤ ᠨᠢ ᠲᠠᠪᠤᠨ ᠬᠤᠲᠠ ᠶᠢᠨ ᠪᠠᠭᠤᠷᠢ ᠪᠠᠶᠢᠵᠤ᠂ ᠲᠣᠰ ᠲᠣᠰ 1.2.3.4.5 ᠳ᠋ᠤᠭᠠᠷ ᠬᠤᠲᠠ ᠪᠣᠯᠣᠨ᠎ᠠ᠃ ᠬᠤᠲᠠ ᠶᠢᠨ ᠪᠠᠭᠤᠷᠢ ᠳᠣᠲᠣᠷᠠᠬᠢ ᠦᠯᠡᠳᠡᠭᠳᠡᠯ ᠤᠨ ᠣᠯᠠᠩᠬᠢ ᠨᠢ ᠬᠠᠨ ᠤᠯᠤᠰ᠂ ᠲᠠᠩ ᠤᠯᠤᠰ ᠠᠴᠠ ᠶᠤᠸᠠᠨ ᠤᠯᠤᠰ᠂ ᠮᠢᠩ ᠤᠯᠤᠰ ᠤᠨ ᠦᠶ᠎ᠡ ᠶᠢᠨ ᠡᠳ᠋ ᠥᠯᠥᠭ ᠪᠠᠶᠢᠵᠤ᠂ ᠣᠨᠴᠠᠭᠠᠶᠢᠯᠠᠨ ᠰᠦᠢ ᠤᠯᠤᠰ ᠲᠠᠩ ᠤᠯᠤᠰ ᠤᠨ ᠦᠶ᠎ᠡ ᠶᠢᠨ ᠬᠠᠭᠤᠴᠢ ᠦᠯᠡᠳᠡᠭᠳᠡᠯ ᠬᠠᠮᠤᠭ ᠠᠴᠠ ᠣᠯᠠᠨ ᠪᠠᠶᠢᠳᠠᠭ᠃             ︽ᠴᠢᠨ ᠤᠯᠤᠰ᠂ ᠸᠧᠢ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠴᠥᠮ ᠰᠢᠷᠠᠯᠵᠢᠲᠠᠢ ᠣᠷᠣᠨ ᠢᠶᠠᠷ ᠥᠩᠭᠡᠷᠡᠵᠦ᠂ ᠬᠠᠲᠤᠨ ᠭᠤᠣᠯ ᠴᠤ ᠰᠢᠷᠠᠯᠵᠢᠲᠠᠢ ᠶᠢᠨ ᠡᠷᠲᠡᠨ ᠤ ᠬᠤᠲᠠ ᠶᠢᠨ ᠬᠡᠷᠡᠮ ᠤᠨ ᠳᠣᠣᠭᠤᠷ ᠤᠷᠤᠰᠤᠨ ᠥᠩᠭᠡᠷᠡᠵᠦ ᠪᠠᠶᠢᠭ᠎ᠠ ᠪᠣᠯᠬᠤᠷ᠂ ᠤᠷᠲᠤ ᠴᠠᠭᠠᠨ ᠬᠡᠷᠡᠮ ᠤᠨ ᠰᠣᠶᠣᠯ ᠪᠣᠯᠣᠨ ᠬᠠᠲᠤᠨ ᠭᠤᠣᠯ ᠤᠨ ᠰᠣᠶᠣᠯ ᠨᠢ ᠰᠢᠷᠠᠯᠵᠢᠲᠠᠢ ᠣᠷᠣᠨ ᠳᠤ ᠠᠯᠤᠰ ᠭᠡᠳᠦ ᠶᠢᠨ ᠨᠥᠯᠥᠭᠡ ᠦᠵᠡᠭᠦᠯᠦᠭᠰᠡᠨ ᠶᠤᠮ︾ ᠭᠡᠵᠦ ᠯᠢᠦ ᠸᠧᠢ ᠵᠢᠶᠦ᠋ᠨ ᠬᠡᠯᠡᠨ᠎ᠡ᠃            ᠵᠢᠵᠢᠭᠬᠡᠨ ᠰᠢᠶᠠᠩ ᠪᠠᠯᠭᠠᠰᠤ ᠶᠢᠨ ᠮᠢᠩᠭᠠᠨ ᠣᠨ ᠤ ᠦᠯᠢᠭᠡᠷ            ᠵᠡᠭᠦᠨᠭᠠᠷ ᠬᠤᠰᠢᠭᠤ ᠪᠣᠯ ᠣᠷᠳᠣᠰ ᠤᠨ ᠥᠨᠳᠦᠷᠯᠢᠭ ᠤᠨ ᠥᠷᠥᠴᠡᠨ ᠳᠤ ᠪᠠᠶᠢᠷᠢᠯᠠᠵᠤ᠂ ᠱᠠᠨ ᠰᠢ᠂ ᠱᠠᠨᠰᠢ ᠂ ᠥᠪᠥᠷ ᠮᠣᠩᠭᠤᠯ ᠭᠤᠷᠪᠠᠨ ᠮᠤᠵᠢ ᠣᠷᠣᠨ ᠤ ᠠᠭᠤᠯᠵᠠᠷ ᠭᠠᠵᠠᠷ ᠲᠤ ᠣᠷᠣᠰᠢᠵᠤ᠂ ᠬᠤᠶᠢᠲᠤ ᠲᠠᠯ᠎ᠠ᠂ ᠵᠡᠭᠦᠨ ᠲᠠᠯ᠎ᠠ᠂ ᠡᠮᠦᠨ᠎ᠡ ᠲᠠᠯ᠎ᠠ ᠪᠠᠷ ᠨᠢ ᠬᠠᠲᠣᠨ ᠭᠤᠣᠯ 238 ᠺᠢᠯᠣᠮᠧᠲᠷ ᠤᠷᠤᠰᠤᠨ ᠥᠩᠭᠡᠷᠡᠵᠦ᠂ ᠭᠤᠣᠯ ᠠᠯᠤᠰᠯᠠᠨ ᠱᠠᠨ ᠰᠢ᠂ ᠱᠠᠨᠰᠢ ᠲᠠᠢ ᠬᠥᠷᠰᠢᠯᠡᠳᠡᠭ᠃            ᠣᠷᠳᠣ ᠴᠠᠭᠠᠨ ᠬᠡᠷᠡᠮ ᠤᠨ ᠰᠣᠶᠣᠯ ᠪᠣᠯᠣᠨ ᠬᠠᠲᠤᠨ ᠭᠤᠣᠯ ᠤᠨ ᠰᠣᠶᠣᠯ ᠠᠳᠡ ᠠᠭᠤᠰᠤᠯᠴᠠᠨ ᠵᠣᠯᠭᠠᠵᠤ᠂ ᠡᠷᠲᠡᠨ ᠠᠴᠠ ᠢᠨᠠᠭᠰᠢ ᠡᠯ᠎ᠡ ᠦᠨᠳᠦᠰᠦᠲᠡᠨ ᠤ ᠠᠭᠤᠰᠤᠯᠴᠠᠯ ᠤᠨ ᠥᠯᠢᠭᠡᠷ ᠴᠦ ᠲᠠᠰᠤᠷᠠᠯᠲᠠ ᠦᠭᠡᠢ ᠪᠢᠴᠢᠭᠯᠡᠭᠳᠡᠭᠰᠡᠭᠡᠷ᠃            ᠲᠡᠦᠬᠡᠨ ᠮᠠᠲ᠋ᠧᠷᠢᠶᠠᠯ ᠳᠤ ᠲᠡᠮᠳᠡᠭᠯᠡᠭᠰᠡᠨ ᠢᠶᠠᠷ᠂ ᠰᠦᠢ ᠶᠠᠩ ᠳ᠋ᠢ ᠬᠠᠭᠠᠨ ᠶᠠᠩ ᠭᠤᠸᠠᠩ ᠰᠠᠭᠤᠷᠢᠨ ᠳᠤ ᠪᠠᠶᠢᠬᠤ ᠦᠶ᠎ᠡ ᠳᠤ᠂ ᠲᠦᠷᠭᠦᠳ ᠤᠨ ᠬᠠᠨ ᠬᠢᠭᠡᠳ ᠰᠦᠢ ᠤᠯᠤᠰ ᠨᠢᠭᠲᠠ ᠬᠠᠷᠢᠴᠠᠭ᠎ᠠ ᠲᠠᠢ ᠪᠠᠶᠢᠵᠠᠢ᠃ ᠳ᠋ᠠ ᠶᠧ ᠶᠢᠨ ᠭᠤᠷᠪᠠᠳᠤᠭᠠᠷ ᠣᠨ ︵607 ᠣᠨ︶᠎ ᠤ ᠬᠠᠪᠤᠷ ᠤᠨ ᠲᠡᠷᠢᠭᠦᠨ ᠰᠠᠷ᠎ᠠ ᠲᠦᠷᠭᠦᠳ ᠤᠨ ᠴᠢ ᠮᠢᠨ ᠬᠠᠨ ᠰᠦᠢ ᠤᠯᠤᠰ ᠤᠨ ᠨᠡᠶᠢᠰᠯᠡᠯ ᠴᠠᠩ ᠠᠨ ᠳᠤ ᠣᠷᠣᠵᠤ ᠰᠦᠢ ᠶᠠᠩ ᠳ᠋ᠢ ᠬᠠᠭᠠᠨ ᠳᠤ ᠪᠠᠷᠠᠳᠠᠪᠠ᠃ ᠵᠤᠨ ᠤ ᠳᠥᠷᠪᠡᠳᠦᠭᠡᠷ ᠰᠠᠷ᠎ᠠ ᠳᠤ᠂ ᠰᠦᠢ ᠶᠠᠩ ᠳ᠋ᠢ ᠬᠠᠭᠠᠨ ᠤᠮᠠᠷᠠᠰᠢ ᠴᠠᠭᠳᠠᠵᠤ᠂ ᠬᠠᠲᠣᠨ ᠭᠤᠣᠯ ᠢ ᠲᠠᠭᠠᠨ ᠢᠦᠢ ᠯᠢᠨ ᠬᠤᠳᠠ ᠳᠤ ᠭᠦᠷᠦᠭᠰᠡᠨ ᠳᠤ᠂ ᠲᠦᠷᠭᠦᠳ ᠤᠨ ᠴᠢ ᠮᠢᠨ ᠬᠠᠨ ᠪᠣᠯᠣᠨ ᠢ ᠴᠧᠩ ᠭᠦᠩᠵᠦ ᠬᠠᠭᠠᠨ ᠤ ᠣᠷᠳᠣᠨ ᠳᠤ ᠪᠠᠷᠠᠳᠠᠬᠤ ᠪᠠᠷ ᠢᠷᠡᠵᠠᠢ᠃ ᠲᠡᠷᠡ ᠲᠤᠬᠠᠢ ᠰᠦᠢ ᠶᠠᠩ ᠳ᠋ᠢ ᠬᠠᠭᠠᠨ ᠤ ᠤᠮᠠᠷᠠᠰᠢ ᠴᠠᠭᠳᠠᠭᠰᠠᠨ ᠪᠠᠶᠢᠳᠠᠯ ᠨᠢ ᠠᠰᠤᠷᠤ ᠰᠦᠷᠯᠢᠭ ᠪᠠᠶᠢᠵᠤ᠂ ︽ᠬᠤᠶᠠᠭᠲᠤ ᠴᠡᠷᠢᠭ ᠲᠠᠪᠢ ᠭᠠᠷᠤᠢ ᠲᠦᠮᠡ᠂ ᠠᠳᠤᠭᠤ ᠠᠷᠪᠠᠨ ᠲᠦᠮᠡ᠂ ᠲᠤᠭ ᠳᠠᠯᠪᠠᠭ᠎ᠠ ᠠᠴᠢᠶ᠎ᠠ ᠬᠥᠰᠬᠡ ᠮᠢᠩᠭᠠᠨ ᠭᠠᠵᠠᠷ ᠦᠷᠭᠦᠯᠵᠢᠯᠡᠮᠦᠢ︾ ᠭᠡᠵᠦ ᠲᠡᠮᠳᠡᠭᠯᠡᠭᠰᠡᠨ ᠪᠠᠶᠢᠨ᠎ᠠ᠃ ᠰᠦᠢ ᠶᠠᠩ ᠳ᠋ᠢ ᠬᠠᠭᠠᠨ ᠴᠠᠴᠠᠷ ᠮᠠᠶᠢᠬᠠᠨ ᠳᠠᠭᠠᠨ ᠵᠠᠯᠠᠷᠠᠵᠤ᠂ ᠲᠦᠷᠭᠦᠳ ᠤᠨ ᠬᠠᠨ ᠪᠣᠯᠣᠨ ᠲᠡᠭᠦᠨ ᠤ ᠬᠠᠷᠢᠶ᠎ᠠ ᠭᠤᠷᠪᠠᠨ ᠮᠢᠩᠭ᠎ᠠ ᠲᠠᠪᠤᠨ ᠵᠠᠭᠤᠨ ᠬᠥᠮᠥᠨ ᠢ ᠵᠣᠴᠢᠯᠠᠭᠰᠠᠨ ᠪᠥᠭᠡᠳ ᠪᠠᠰᠠ ᠪᠡᠭᠡ ᠢᠳᠡᠭᠦᠯᠦᠨ ᠪᠢᠷ ᠬᠥᠰᠢᠵᠦ ᠰᠢᠯᠦᠭ ᠪᠢᠴᠢᠭᠰᠡᠨ ᠭᠡᠬᠦ ᠲᠡᠮᠳᠡᠭᠯᠡᠯ ᠪᠤᠢ᠃                              ᠡᠨᠡ ᠤᠳᠠᠭᠠᠨ ᠤ ᠳᠠᠶᠢᠯᠠᠯᠭ᠎ᠠ ᠳᠤ ᠲᠢᠶᠦ᠋ᠷᠺ ᠤᠨ ᠬᠠᠨ ᠤ ᠳᠠᠭᠠᠭᠤᠯᠤᠭᠰᠠᠨ ᠲᠦᠷᠭᠦᠳ ᠤᠨ ᠢᠵᠠᠭᠤᠷᠲᠠᠳ ᠠᠴᠠ ᠭᠠᠳᠠᠨ᠎ᠠ ᠪᠠᠰᠠ ᠬᠢᠳᠠᠨ᠂ ᠰᠢ ᠵᠡᠷᠭᠡ ᠠᠶᠢᠮᠠᠭ ᠤᠨ ᠲᠦᠷᠦᠭᠦᠦ ᠨᠠᠷ ᠣᠷᠣᠯᠴᠠᠬᠰᠠᠨ ᠪᠠᠶᠢᠨ᠎ᠠ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠮᠧᠩ ᠮᠠᠨ ︽ᠮᠡᠷᠭᠡᠳ ᠤᠨ ᠶᠠᠷᠢᠶᠠᠨ ᠤ ᠲᠠᠪᠴᠠᠩ - ᠰᠦᠢ ᠤᠯᠤᠰ ᠲᠠᠩ ᠤᠯᠤᠰ ᠤᠨ ᠲᠡᠦᠬᠡ︾ ᠎ ᠳᠤ ᠡᠨᠡ ᠬᠦ ᠦᠪᠡᠳᠡᠭᠰᠢ ᠪᠠᠶᠢᠳᠠᠯ ᠢ ᠠᠮᠢᠳᠤᠯᠢᠭ ᠢᠶᠠᠷ ᠳᠡᠯᠭᠡᠵᠦ ᠥᠭᠦᠯᠡᠭᠰᠡᠨ ᠪᠠᠶᠢᠳᠠᠭ᠃             ︽ᠣᠷᠴᠢᠨ ᠦᠶ᠎ᠡ ᠪᠠ ᠤᠳᠤ ᠦᠶ᠎ᠡ ᠠᠴᠠ ᠨᠠᠭᠠᠰᠢ᠂ ᠶᠡᠭᠡ ᠬᠡᠮᠵᠢᠶᠡᠨ ᠤ ᠬᠢᠲᠠᠳ ᠦᠨᠳᠦᠰᠦᠲᠡᠨ ᠤ ᠠᠷᠠᠳ ᠲᠦᠮᠡᠨ ᠵᠡᠭᠦᠨᠭᠠᠷ ᠣᠷᠣᠨ ᠳᠤ ᠨᠡᠭᠦᠨ ᠢᠷᠡᠵᠦ᠂ ᠠᠳᠡᠬᠢ ᠮᠣᠩᠭᠤᠯ ᠦᠨᠳᠦᠰᠦᠲᠡᠨ ᠤ ᠠᠷᠠᠳ ᠲᠦᠮᠡᠨ ᠲᠠᠢ ᠬᠠᠮᠲᠤ ᠠᠮᠢᠳᠤᠷᠠᠵᠤ᠂ ᠡᠶ᠎ᠡ ᠨᠠᠶᠢᠷᠲᠠᠢ ᠪᠠᠷ ᠣᠷᠣᠰᠢᠵᠤ᠂ ᠲᠠᠷᠢᠶᠠᠯᠠᠬᠤ ᠰᠣᠶᠣᠯ ᠪᠣᠯᠣᠨ ᠲᠠᠯ᠎ᠠ ᠨᠤᠲᠤᠭ ᠤᠨ ᠰᠣᠶᠣᠯ ᠢ ᠭᠦᠢᠴᠡᠳ ᠰᠣᠯᠢᠯᠴᠠᠭᠤᠯᠤᠨ ᠠᠭᠤᠰᠤᠯᠴᠠᠭᠤᠯᠵᠤ᠂ ᠤᠯᠠᠨ ᠡᠰᠢᠲᠦ ᠨᠡᠶᠢᠯᠡᠮᠡᠯ᠂ ᠡᠶ᠎ᠡ ᠵᠣᠬᠢᠴᠠᠩᠭᠤᠢ ᠨᠡᠭᠡᠭᠡᠯᠲᠡᠲᠡᠢ᠂ ᠢᠯᠡ ᠲᠣᠳᠣ ᠣᠷᠣᠨ ᠪᠦᠰᠡ ᠶᠢᠨ ᠣᠨᠴᠠᠯᠢᠭᠲᠤ ᠰᠣᠶᠣᠯ ᠢ ᠡᠭᠦᠳᠦᠭᠰᠡᠨ ᠨᠢ ᠳᠤᠮᠳᠠᠳᠤ ᠶᠢᠨ ᠰᠣᠶᠣᠯ ᠤᠨ ᠤᠯᠠᠨ ᠡᠰᠢᠲᠦ ᠨᠢᠭᠡ ᠴᠣᠭᠴᠠᠵᠢᠯᠲᠠ ᠶᠢᠨ ᠴᠢᠬᠤᠯᠠ ᠢᠯᠡᠷᠡᠯ ᠪᠣᠯᠣᠨ᠎ᠠ︾ ᠭᠡᠵᠦ ᠵᠡᠭᠦᠨᠭᠠᠷ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠲᠢᠶᠠᠨ ᠢ ᠬᠡᠯᠡᠵᠦ ᠪᠠᠶᠢᠯ᠎ᠠ᠃            ᠤᠳᠤ ᠶᠢᠨ ᠰᠢᠷᠠᠯᠵᠢᠲᠠᠢ ᠰᠢᠶᠠᠩ᠂ ᠵᠡᠭᠦᠨ ᠲᠠᠯ᠎ᠠ ᠪᠠᠷ ᠢᠶᠠᠨ ᠭᠦᠭᠡᠬᠤᠲᠠ ᠶᠢᠨ ᠲᠣᠭᠲᠠᠬᠤ ᠰᠢᠶᠠᠨ ᠤ ᠰᠢᠨ᠎ᠡ ᠠᠶᠢᠯ ᠪᠠᠯᠭᠠᠰᠤ ᠲᠠᠢ ᠬᠠᠲᠤᠨ ᠭᠤᠣᠯ ᠢᠶᠠᠷ ᠠᠯᠤᠰᠯᠠᠨ᠂ ᠡᠮᠦᠨ᠎ᠡ ᠲᠠᠯ᠎ᠠ ᠪᠠᠷ ᠢᠶᠠᠨ ᠪᠣᠷᠣ ᠲᠣᠬᠤᠢ ᠰᠤᠮᠤ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠲᠠᠯᠠᠳ ᠬᠤᠰᠢᠭᠤᠨ ᠤ ᠵᠡᠭᠡᠰᠦᠲᠡᠢ ᠪᠠᠯᠭᠠᠰᠤ ᠲᠠᠢ ᠵᠠᠯᠭᠠᠯᠳᠤᠵᠤ᠂ ᠬᠤᠶᠢᠲᠤ ᠲᠠᠯ᠎ᠠ ᠪᠠᠷ ᠢᠶᠠᠨ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠵᠠᠩᠵᠤᠨ ᠶᠣᠣ ᠪᠠᠯᠭᠠᠰᠤ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤ ᠲᠠᠢ ᠬᠠᠲᠤᠨ ᠭᠤᠣᠯ ᠢ ᠠᠯᠤᠰᠯᠠᠨ ᠪᠠᠷᠠᠯᠠᠵᠦ᠂ ᠵᠡᠭᠦᠨᠭᠠᠷ ᠬᠤᠰᠢᠭᠤᠨ ᠤ ᠬᠤᠶᠢᠲᠤ ᠬᠡᠰᠡᠭ ᠤᠨ ᠬᠥᠮᠥᠨ ᠬᠠᠷ᠎ᠠ ᠴᠤᠭᠯᠠᠷᠠᠵᠤ᠂ ᠡᠳ᠋ ᠪᠠᠷᠠᠭ᠎ᠠ᠂ ᠮᠡᠳᠡᠭᠡ ᠵᠠᠩᠭᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠲᠥᠪᠯᠡᠷᠡᠭᠰᠡᠨ ᠭᠠᠵᠠᠷ ᠪᠣᠯᠤᠭᠰᠠᠨ ᠪᠠᠶᠢᠨ᠎ᠠ᠃            ᠵᠡᠭᠦᠨᠭᠠᠷ ᠬᠤᠰᠢᠭᠤᠨ ᠤ ᠪᠠᠷᠠᠭᠤᠨ ᠪᠡᠶ᠎ᠡ ᠳᠤ ᠪᠠᠶᠢᠷᠢᠯᠠᠳᠠᠭ ᠤᠷᠠᠬ᠎ᠠ ᠪᠠᠯᠭᠠᠰᠤ ᠪᠣᠯ ᠪᠠᠰᠠ ᠨᠢᠭᠡᠨ ᠤᠯᠠᠨ ᠦᠨᠳᠦᠰᠦᠲᠡᠨ ᠠᠭᠤᠰᠤᠯᠴᠠᠭᠰᠠᠨ ᠴᠢᠬᠤᠯᠠ ᠪᠠᠯᠭᠠᠰᠤ ᠪᠣᠯᠣᠨ᠎ᠠ᠃ 1928 ᠣᠨ ᠳᠤ ᠰᠦᠢᠶᠤᠸᠠᠨ ᠮᠤᠵᠢ ᠶᠢ ᠡᠬᠢᠯᠡᠨ ᠪᠠᠶᠢᠭᠤᠯᠪᠠ᠃ 1929 ᠣᠨ ᠳᠤ ᠤᠷᠠᠬ᠎ᠠ ᠶᠢ ᠪᠠᠯᠭᠠᠰᠤ ᠪᠣᠯᠭᠠᠨ ᠪᠠᠶᠢᠭᠤᠯᠵᠤ᠂ ᠵᠡᠭᠦᠨᠭᠠᠷ ᠬᠤᠰᠢᠭᠤᠨ ᠤ ᠲᠦᠷᠪᠡᠨ ᠶᠡᠭᠡ ᠡᠷᠲᠡᠨ ᠤ ᠪᠠᠯᠭᠠᠰᠤ ᠶᠢᠨ ᠨᠢᠭᠡ ᠪᠣᠯᠪᠠ᠃ ︽ᠤᠷᠠᠬ᠎ᠠ ᠶᠢᠨ ᠳᠤᠷᠠᠰᠤᠮᠵᠢ︾ ᠦᠵᠡᠭᠦᠯᠭᠡ ᠶᠢᠨ ᠣᠷᠳᠣᠨ ᠤ ᠲᠡᠮᠳᠡᠭᠯᠡᠯ ᠢ ᠦᠨᠳᠦᠰᠦᠯᠡᠪᠡᠯ᠂ ︽ᠪᠠᠷᠠᠭᠤᠨᠰᠢ ᠨᠡᠭᠦᠭᠰᠡᠨ︾᠎ ᠠᠴᠠ ᠪᠣᠯᠤᠭᠰᠠᠨ ᠬᠥᠮᠥᠨ ᠠᠮᠠ ᠶᠢᠨ ᠶᠡᠭᠡ ᠨᠡᠭᠦᠳᠡᠯ ᠢ ᠳᠠᠭᠠᠯᠳᠤᠨ᠂ ᠤᠷᠠᠬ᠎ᠠ ᠶᠢᠨ ᠬᠥᠮᠥᠨ ᠠᠮᠠ ᠡᠳᠦᠷ ᠢᠷᠡᠬᠦᠶ᠎ᠡ ᠨᠡᠮᠡᠭᠳᠡᠵᠦ᠂ ᠠᠶᠢᠯ ᠲᠣᠰᠬᠤᠨ ᠠᠭᠠᠵᠢᠮ ᠢᠶᠠᠷ ᠬᠥᠭᠵᠢᠨ ᠮᠠᠨᠳᠤᠵᠤ᠂ ᠲᠤᠬᠠᠢ ᠶᠢᠨ ᠦᠶ᠎ᠡ ᠶᠢᠨ ︽ᠪᠠᠷᠠᠭᠤᠨ ᠪᠣᠭᠤᠮᠲᠠ ᠶᠢᠨ ᠠᠶᠠᠯᠠᠯ︾᠎ ᠤᠨ ᠲᠡᠷᠭᠡ ᠤᠨᠤᠭ᠎ᠠ ᠬᠥᠮᠥᠨ ᠬᠠᠷ᠎ᠠ ᠶᠢᠨ ᠦᠷᠳᠡᠭᠡ ᠪᠣᠯᠵᠠᠢ᠃             ︽ᠤᠷᠠᠬ᠎ᠠ ᠪᠠᠯᠭᠠᠰᠤ ᠬᠥᠭᠵᠢᠨ ᠪᠠᠳᠠᠷᠠᠵᠦ ᠪᠠᠶᠢᠭᠰᠠᠨ ᠦᠶ᠎ᠡ ᠳᠡᠭᠡᠨ ᠲᠡᠷᠭᠡ ᠤᠨᠤᠭ᠎ᠠ ᠰᠦᠯᠵᠢᠯᠳᠦᠨ᠂ ᠠᠷᠠᠯᠵᠢᠶ᠎ᠠ ᠮᠠᠶᠢᠮᠠᠢ ᠶᠡᠭᠡ ᠬᠥᠭᠵᠢᠶᠡᠨ ᠲᠠᠢ ᠪᠠᠶᠢᠭᠰᠠᠨ ᠶᠤᠮ︾ ᠭᠡᠵᠦ ᠤᠷᠠᠬ᠎ᠠ ᠲᠣᠰᠬᠤᠨ ᠤ ᠨᠠᠮ ᠤᠨ ᠡᠭᠦᠷ ᠤᠨ ᠱᠦᠵᠢ ᠸᠠᠩ ᠵᠧᠩ ᠡᠷᠭᠢᠴᠡᠭᠦᠯᠦᠨ ᠶᠠᠷᠢᠨ᠎ᠠ᠃ ᠤᠳᠤ ᠶᠢᠨ ᠤᠷᠠᠬ᠎ᠠ ᠨᠢ ᠮᠥᠨ ᠭᠠᠵᠠᠷ ᠵᠦᠢ ᠶᠢᠨ ᠳᠠᠪᠠᠭᠤᠯᠢᠭ ᠎ ᠲᠠᠢ᠂ ᠬᠠᠳᠤᠨ ᠭᠤᠣᠯ ᠳᠠᠭᠠᠤ ᠶᠢᠨ ᠱᠠᠨ ᠰᠢ ᠶᠢᠨ ᠾᠧ ᠴᠢᠦᠢ᠂ ᠱᠠᠨᠰᠢ ᠶᠢᠨ ᠹᠦ᠋ ᠭᠦ᠋᠂ ᠰᠢᠷᠠᠯᠵᠢᠳᠠᠢ ᠰᠢᠶᠠᠩ᠂ ᠪᠤᠭᠤᠲᠤ ᠶᠢᠨ ᠰᠠᠭᠠᠯᠢᠴᠢᠨ ᠠᠴᠠ 100 ᠭᠠᠷᠤᠶᠢᠬᠠᠨ ᠺᠢᠯᠣᠮᠧᠲᠷ ᠵᠠᠶᠢᠲᠠᠢ ᠪᠠᠶᠢᠵᠤ᠂ ᠬᠠᠳᠤᠨ ᠭᠤᠣᠯ ᠤᠨ ᠲᠣᠬᠤᠢ ᠶᠢᠨ ᠲᠥᠪ ᠣᠷᠣᠨ ᠪᠣᠯᠣᠨ᠎ᠠ᠃            ᠲᠡᠦᠬᠡᠨ ᠳᠡᠭᠡᠷᠡᠬᠢ ᠬᠥᠮᠥᠨ ᠠᠮᠠ ᠶᠢᠨ ᠨᠡᠭᠦᠳᠡᠯ ᠠᠴᠠ ᠪᠣᠯᠤᠭᠰᠠᠨ ᠣᠯᠠᠨ ᠡᠰᠢᠲᠦ ᠰᠣᠶᠣᠯ᠂ ᠰᠢᠨ᠎ᠡ ᠴᠠᠭ ᠦᠶ᠎ᠡ ᠶᠢᠨ ᠮᠡᠳᠡᠭᠡ ᠵᠠᠩᠭᠢ ᠶᠢᠨ ᠴᠤᠭᠯᠠᠷᠠᠯ ᠢᠶᠠᠷ ᠪᠦᠷᠢᠯᠳᠦᠭᠰᠡᠨ ᠰᠣᠯᠢᠯᠴᠠᠭᠠᠨ ᠤ ᠰᠢᠰᠲ᠋ᠧᠮ ᠨᠢ ᠰᠢᠷᠠᠯᠵᠢᠳᠠᠢ ᠰᠢᠶᠠᠩ ᠬᠡᠮᠡᠬᠦ ᠡᠨᠡ ᠬᠦ ᠥᠨᠢ ᠤᠳᠠᠭᠠᠨ ᠲᠡᠦᠬᠡ ᠲᠠᠢ ᠡᠷᠲᠡᠨ ᠤ ᠬᠤᠲᠠ ᠶᠢ ᠵᠡᠭᠦᠨᠭᠠᠷ ᠬᠤᠰᠢᠭᠤᠨ ᠤ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠢ︾ ᠪᠣᠯᠣᠨ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠭᠦ ᠬᠤᠰᠢᠭᠤ︾᠎ ᠶᠢᠨ ᠢᠷᠠᠭᠤ ᠠᠯᠳᠠᠷ ᠤᠨ ᠳᠣᠣᠷ᠎ᠠ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠠᠢ᠃            ᠰᠢᠨ᠎ᠡ ᠴᠠᠭ ᠦᠶ᠎ᠡ ᠶᠢᠨ ᠰᠣᠶᠣᠯ ᠤᠨ ᠡᠭᠦᠷᠭᠡᠯᠡᠯ            ᠬᠡᠳᠦᠨ ᠮᠢᠩᠭᠠᠨ ᠵᠢᠯ ᠤᠨ ᠲᠤᠷᠰᠢ᠂ ᠬᠠᠳᠤᠨ ᠭᠤᠣᠯ ᠵᠡᠭᠦᠨᠭᠠᠷ ᠣᠷᠣᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠢ ᠬᠥᠮᠥᠵᠢᠭᠦᠯᠵᠦ᠂ ᠠᠭᠤᠳᠠᠮᠴᠢ ᠪᠠᠭᠲᠠᠭᠠᠮᠵᠢ ᠪᠠᠷ ᠢᠶᠠᠨ ᠭᠠᠵᠠᠷ ᠣᠷᠣᠨ ᠤ ᠰᠣᠶᠣᠯ ᠢ ᠤᠮᠳᠠᠯᠠᠪᠠ᠃ ᠳᠤᠮᠳᠠᠳᠤ ᠶᠢᠨ ᠰᠡᠭᠡᠷ ᠨᠢᠷᠤᠭᠤ ᠬᠡᠮᠡᠭᠳᠡᠭᠰᠡᠨ ᠤᠷᠲᠤ ᠴᠠᠭᠠᠨ ᠬᠡᠷᠡᠮ ᠨᠢ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠲᠦᠮᠡᠨ ᠣᠯᠠᠨ ᠢᠶᠠᠷ ᠢᠶᠠᠨ ᠲᠡᠮᠦᠷ ᠮᠡᠲᠦ ᠪᠠᠲᠤ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠪᠠᠷ ᠵᠡᠭᠦᠨᠭᠠᠷ ᠤᠨ ᠠᠷᠠᠳ ᠲᠦᠮᠡᠨ ᠳᠤ ᠬᠦᠴᠦᠷᠬᠡᠭ ᠶᠡᠭᠡ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠣᠯᠭᠤᠵᠤ᠂ ᠨᠢᠭᠡ ᠵᠦᠢᠯ ᠤᠨ ᠠᠳᠠᠯᠢ ᠪᠤᠰᠤ ᠰᠣᠶᠣᠯ ᠤᠨ ᠬᠡᠪ ᠨᠠᠮᠪᠠ ᠶᠢ ᠪᠦᠷᠢᠯᠳᠦᠭᠦᠯᠦᠭᠰᠡᠨ ᠪᠥᠭᠡᠳ ᠭᠦᠨ ᠵᠤᠵᠠᠭᠠᠨ ᠲᠡᠦᠬᠡ ᠰᠣᠶᠣᠯ ᠢ ᠬᠤᠷᠠᠮᠳᠤᠭᠤᠯᠵᠤ᠂ ᠠᠭᠤᠰᠤᠯᠴᠠᠭᠰᠠᠨ ᠤ ᠳᠠᠷᠠᠭ᠎ᠠ ᠬᠢᠵᠠᠭᠠᠯᠠᠰᠢ ᠦᠭᠡᠢ ᠷᠢᠳᠢ ᠰᠢᠳᠢ ᠎ ᠶᠢ ᠪᠠᠳᠠᠷᠠᠭᠤᠯᠵᠤ᠂ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠰᠢᠨ᠎ᠡ ᠶᠢ ᠡᠭᠦᠳᠬᠦ ᠳᠤᠮᠳᠠ ᠤᠯᠠᠮ ᠥᠷᠭᠡᠨ ᠳᠡᠯᠭᠡᠷ ᠭᠦᠨ ᠭᠦᠨᠵᠡᠭᠡᠢ ᠪᠣᠯᠵᠤ᠂ ᠣᠲᠣ ᠦᠶ᠎ᠡ ᠶᠢᠨ ᠠᠮᠢᠳᠤᠷᠠᠯ ᠢ ᠭᠦᠨᠵᠡᠭᠡᠢ ᠨᠥᠯᠥᠭᠡᠯᠡᠵᠦ ᠪᠠᠶᠢᠨ᠎ᠠ᠃            2 ᠰᠠᠷ᠎ᠠ ᠶᠢᠨ 24᠎ ᠤ ᠡᠳᠦᠷ᠂ 3 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ︽ᠪᠠᠳᠠᠷᠠᠯᠲᠤ ᠡᠷᠡᠨ ᠤ ᠰᠣᠩᠭᠤᠳᠠᠭ ᠡᠪᠬᠡᠮᠡᠯ -︿ᠳᠤᠮᠳᠠᠳᠤ ᠤᠯᠤᠰ ᠤᠨ ᠲᠡᠦᠬᠡᠨ ᠠᠴᠠ ᠨᠠᠭᠠᠰᠢᠬᠢ ᠤᠷᠠᠨ ᠵᠢᠷᠤᠭ ᠤᠨ ᠴᠢᠭᠤᠯᠭᠠᠨ﹀᠎ ᠤ ᠵᠡᠭᠦᠨᠭᠠᠷ ᠬᠤᠰᠢᠭᠤᠨ ᠳᠠᠬᠢ ᠣᠨᠴᠠ ᠥᠵᠡᠰᠭᠦᠯᠡᠩ︾ ᠡᠬᠢᠯᠡᠪᠡ᠃ ᠲᠣᠰ ᠤᠳᠠᠭᠠᠨ ᠤ ᠣᠨᠴᠠ ᠥᠵᠡᠰᠭᠦᠯᠡᠩ ᠢ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠧᠵᠢᠶᠠᠩ ᠶᠡᠭᠡ ᠰᠤᠷᠭᠠᠭᠤᠯᠢ ᠶᠢᠨ ᠤᠷᠠᠯᠢᠭ ᠪᠠ ᠬᠠᠭᠤᠴᠢ ᠰᠤᠳᠤᠯᠤᠯ ᠤᠨ ᠳᠡᠭᠡᠳᠦ ᠰᠤᠷᠭᠠᠭᠤᠯᠢ ᠠᠴᠠ ᠬᠠᠮᠲᠤᠷᠠᠨ ᠡᠷᠭᠢᠯᠡᠵᠦ᠂ ᠥᠵᠡᠰᠭᠦᠯᠡᠩ ᠡᠬᠢᠯᠡᠭᠰᠡᠨ ᠠᠴᠠ ᠨᠠᠭᠠᠰᠢ ᠨᠡᠶᠢᠭᠡᠮ ᠤᠨ ᠡᠯ᠎ᠡ ᠡᠲᠡᠭᠡᠳ ᠤᠨ ᠬᠡᠳᠦᠨ ᠲᠦᠮᠡᠨ ᠦᠵᠡᠭᠴᠢᠳ ᠢ ᠭᠥᠯᠢᠶᠡᠨ ᠠᠪᠴᠠᠢ᠃            ᠲᠤᠰ ᠤᠳᠠᠭ᠎ᠠ ᠶᠢᠨ ᠣᠨᠴᠠ ᠥᠵᠡᠰᠭᠦᠯᠡᠩ ᠪᠣᠯ ︽ᠳᠤᠮᠳᠠᠳᠤ ᠤᠯᠤᠰ ᠤᠨ ᠲᠡᠦᠬᠡᠨ ᠠᠴᠠ ᠨᠠᠭᠠᠰᠢᠬᠢ ᠤᠷᠠᠨ ᠵᠢᠷᠤᠭ ᠤᠨ ᠴᠢᠭᠤᠯᠭᠠᠨ︾᠎ ᠤ ᠯᠣᠣ ᠵᠢᠯ ᠤᠨ ᠠᠩᠬᠠᠨ ᠤ ᠥᠵᠡᠰᠭᠦᠯᠡᠩ ᠪᠠᠶᠢᠵᠤ᠂ ᠠᠩᠬᠠᠳᠠᠭᠴᠢ ᠪᠦᠭᠦ ᠤᠯᠤᠰ ᠤᠨ ᠦᠨᠳᠦᠰᠦᠨ ᠱᠠᠲᠤᠨ ᠤ ᠥᠵᠡᠰᠭᠦᠯᠡᠩ ᠪᠣᠯᠣᠨ᠎ᠠ᠃ ︽ᠳᠤᠮᠳᠠᠳᠤ ᠤᠯᠤᠰ ᠤᠨ ᠲᠡᠦᠬᠡᠨ ᠠᠴᠠ ᠨᠠᠭᠠᠰᠢᠬᠢ ᠤᠷᠠᠨ ᠵᠢᠷᠤᠭ ᠤᠨ ᠴᠢᠭᠤᠯᠭᠠᠨ︾᠎ ᠨᠢ ᠤᠯᠤᠰ ᠤᠨ ᠳᠣᠲᠣᠭᠠᠳᠤ ᠭᠠᠳᠠᠭᠠᠳᠤ ᠶᠢᠨ 263 ᠰᠣᠶᠣᠯ ᠤᠨ ᠦᠵᠡᠰᠭᠦᠯᠡᠩ ᠤᠨ ᠪᠠᠶᠢᠭᠤᠯᠤᠮᠵᠢ ᠶᠢᠨ ᠳᠤᠮᠳᠠᠳᠤ ᠤᠯᠤᠰ ᠤᠨ ᠤᠷᠠᠨ ᠵᠢᠷᠤᠭ ᠤᠨ ᠬᠠᠳᠠᠭᠠᠯᠠᠮᠵᠢ ᠠᠴᠠ ᠰᠣᠩᠭᠤᠭᠰᠠᠨ 1.2405 ᠲᠦᠮᠡᠨ ᠵᠠᠬ᠎ᠠ ︵ᠢᠵᠢ︶ ᠪᠦᠲᠦᠭᠡᠯ ᠪᠠᠶᠢᠵᠤ᠂ ᠵᠣᠩᠬᠢᠯᠠᠬᠤ ᠤᠯᠠᠨ ᠤᠯᠤᠰ ᠤᠨ ᠲᠠᠰ ᠎ ᠤᠨ ᠬᠤᠪᠣᠷ ᠨᠠᠨᠳᠢᠨ ᠤᠷᠠᠨ ᠵᠢᠷᠤᠭ ᠤᠨ ᠪᠦᠲᠦᠭᠡᠯ ᠢ ᠪᠠᠭᠲᠠᠭᠠᠵᠤ᠂ ᠣᠲᠣ ᠪᠤᠯᠲᠠᠯ᠎ᠠ ᠠᠳᠠᠯᠢ ᠲᠥᠷᠥᠯ ᠤᠨ ᠬᠡᠪᠯᠡᠭᠳᠡᠬᠦᠨ ᠤ ᠳᠣᠲᠣᠷᠠᠬᠢ ᠰᠣᠳᠣᠨ ᠪᠦᠲᠦᠭᠡᠯ ᠢ ᠬᠠᠮᠤᠭ ᠤᠨ ᠪᠦᠷᠢᠨ᠂ ᠬᠡᠪᠯᠡᠭᠰᠡᠨ ᠬᠡᠪᠴᠢᠶ᠎ᠡ ᠪᠠᠷ ᠬᠠᠮᠤᠭ ᠤᠨ ᠶᠡᠭᠡ ᠳᠤᠮᠳᠠᠳᠤ ᠤᠯᠤᠰ ᠤᠨ ᠤᠷᠠᠨ ᠵᠢᠷᠤᠭ ᠢ ᠡᠮᠬᠢᠳᠬᠡᠨ ᠣᠷᠣᠭᠤᠯᠤᠭᠰᠠᠨ ᠶᠤᠮ᠂ ᠲᠣᠰ ᠤᠳᠠᠭᠠᠨ ᠤ ᠥᠵᠡᠰᠭᠦᠯᠡᠩ ᠳᠤ 450 ᠬᠤᠪᠢ ᠪᠦᠲᠦᠭᠡᠯ ᠪᠤᠶ᠃            ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠥᠲᠥᠯᠥᠭᠴᠢ ᠯᠢᠦᠢ ᠸᠧᠨ ᠵᠢᠤᠸᠠᠨ ᠪᠣᠯ ᠲᠣᠰ ᠤᠳᠠᠭᠠᠨ ᠤ ᠣᠨᠴᠠ ᠥᠵᠡᠰᠭᠦᠯᠡᠩ ᠤᠨ 15 ᠲᠠᠶᠢᠯᠪᠤᠷᠢᠯᠠᠭᠴᠢ ᠶᠢᠨ ᠨᠢᠭᠡ ᠪᠣᠯᠣᠨ᠎ᠠ᠂ ᠲᠡᠷᠡ ᠡᠨᠡ ᠤᠳᠠᠭᠠᠨ ᠤ ᠪᠣᠯᠪᠠᠰᠤᠷᠠᠯ ᠢᠶᠠᠨ ︽ᠰᠣᠶᠣᠯ ᠤᠨ ᠪᠢᠰᠢᠯᠭᠠᠯ︾ ᠭᠡᠵᠦ ᠨᠡᠷᠡᠯᠡᠪᠡ᠃ ︽ᠭᠡᠷ ᠤᠨ ᠡᠭᠦᠳᠡᠨ ᠳᠤ ᠬᠦᠷᠴᠦ ᠢᠷᠡᠭᠰᠡᠨ ᠡᠨᠡ ᠬᠦ ᠰᠣᠶᠣᠯ ᠤᠨ ᠦᠪᠡᠳᠡᠭᠰᠢ ᠳᠠᠶᠢᠯᠠᠯᠭ᠎ᠠ ᠨᠢ ᠤᠮᠠᠷᠠᠲᠤ ᠬᠢᠯᠢ ᠶᠢᠨ ᠡᠨᠡ ᠬᠦ ᠰᠢᠯᠦᠭᠯᠢᠭ ᠰᠠᠨᠠᠭ᠎ᠠ ᠠᠬᠤᠢ ᠪᠢᠯᠬᠠᠮ᠎ᠠ ᠵᠢᠵᠢᠭ ᠬᠤᠳᠠ ᠳᠤ ᠳᠡᠯᠭᠡᠷᠡᠵᠦ᠂ ᠲᠡᠷᠡ ᠪᠡᠶ᠎ᠡ ᠪᠠᠷ ᠢᠶᠠᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ ᠪᠠᠶᠢᠭ᠎ᠠ ᠶᠤᠮ︾ ᠭᠡᠵᠦ ᠯᠢᠦᠢ ᠸᠧᠨ ᠵᠢᠤᠸᠠᠨ ᠶᠠᠷᠢᠵᠤ ᠪᠠᠶᠢᠯ᠎ᠠ᠃            ᠵᠡᠭᠦᠨᠭᠠᠷ ᠤᠨ ᠬᠥᠮᠥᠰ ᠤᠨ ᠲᠡᠦᠬᠡ ᠰᠣᠶᠣᠯ ᠬᠢᠭᠡᠳ ᠣᠲᠣ ᠦᠶ᠎ᠡ ᠶᠢᠨ ᠠᠮᠢᠳᠤᠷᠠᠯ ᠤᠨ ᠤᠶᠠᠯᠳᠤᠯ ᠤᠨ ᠲᠤᠬᠠᠢ ᠲᠠᠨᠢᠯᠲᠠ ᠮᠠᠰᠢ ᠣᠨᠣᠪᠴᠢᠲᠠᠶ ᠪᠠᠶᠢᠵᠤ᠂ ︽ᠭᠤᠣᠯ ᠮᠥᠷᠡᠨ︾ ᠬᠢᠭᠡᠳ ︽ᠬᠤᠲᠠ ᠰᠠᠭᠤᠷᠢᠨ︾᠎ ᠤ ᠰᠣᠶᠣᠯ ᠤᠨ ᠦᠢᠯᠡᠳᠦᠯᠭᠡ ᠨᠠᠩ ᠭᠦᠨᠵᠡᠭᠡᠢ ᠪᠣᠯᠵᠤ ᠪᠠᠶᠢᠨ᠎ᠠ᠃ ᠲᠡᠳᠡ ᠰᠣᠶᠣᠯ ᠢᠶᠠᠷ ᠠᠵᠤ ᠠᠬᠤᠢ ᠨᠡᠶᠢᠭᠡᠮ ᠤᠨ ᠦᠢᠯᠡᠳᠦᠯᠭᠡ ᠳᠤ ᠬᠦᠴᠦᠨ ᠨᠡᠮᠡᠷᠢᠯᠡᠵᠦ᠂ ᠰᠣᠶᠣᠯ ᠤᠨ ᠰᠢᠮ᠎ᠡ ᠲᠡᠵᠢᠭᠡᠯ ᠢᠶᠠᠷ ᠬᠥᠭᠵᠢᠯᠲᠡ ᠶᠢᠨ ᠬᠦᠴᠦᠨ ᠪᠣᠯᠭᠠᠵᠠᠢ᠃            ᠨᠢᠳᠤᠨᠤᠨ ᠤ 4 ᠰᠠᠷ᠎ᠠ ᠶᠢᠨ 28᠎ ᠤ ᠡᠳᠦᠷ᠂ ︽ᠬᠠᠲᠤᠨ ᠭᠤᠣᠯ·ᠰᠢᠷᠠᠯᠵᠢᠳᠠᠢ︾ ᠣᠷᠣᠨ ᠨᠤᠲᠤᠭ ᠤᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠨᠡᠶᠢᠲᠡᠯᠡᠬᠦ ᠬᠤᠷᠠᠯ ᠰᠢᠷᠠᠯᠵᠢᠳᠠᠢ ᠰᠢᠶᠠᠩ ᠳᠤ ᠶᠠᠪᠤᠭᠳᠠᠪᠠ᠃ ᠵᠡᠭᠦᠨᠭᠠᠷ ᠬᠤᠰᠢᠭᠤᠨ ᠤ ᠴᠢ ᠴᠧᠩ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠤᠮᠫᠠᠨᠢ ᠵᠡᠷᠭᠡ 3 ᠺᠤᠮᠫᠠᠨᠢ ︽ᠬᠠᠲᠤᠨ ᠭᠤᠣᠯ·ᠰᠢᠷᠠᠯᠵᠢᠳᠠᠢ︾ ᠣᠷᠣᠨ ᠨᠤᠲᠤᠭ ᠤᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠬᠠᠮᠢᠶ᠎ᠠ ᠪᠦᠬᠦᠢ ᠪᠦᠲᠦᠭᠡᠭᠳᠡᠬᠦᠨ ᠤ ᠬᠡᠷᠡᠭᠯᠡᠬᠦ ᠡᠷᠬᠡ ᠶᠢ ᠣᠯᠪᠠ᠃            ᠲᠡᠦᠬᠡ ᠶᠢᠨ ᠣᠷᠴᠢᠯ ᠤᠴᠠᠷᠠᠯ ᠥᠨᠥᠴᠢᠨ ᠭᠠᠭᠴᠠ ᠪᠢᠰᠢ᠂ ᠭᠠᠶᠢᠬᠠᠮᠰᠢᠭ ᠮᠥᠨ ᠬᠦ ᠦᠷᠭᠦᠯᠵᠢᠯᠡᠭᠰᠡᠭᠡᠷ …            ᠳᠤᠮᠳᠠᠳᠤ ᠤᠯᠤᠰ ᠤᠨ ᠠᠩᠬᠠᠳᠤᠭᠠᠷ ᠬᠤᠭᠤᠴᠠᠭᠠᠨ ᠤ ᠭᠦᠵᠡᠯᠵᠡᠭᠡᠨ᠎ᠡ ᠶᠢᠨ ᠲᠦᠷᠦᠯ ᠲᠡᠮᠳᠡᠭ ᠤᠨ ᠶᠡᠭᠡ ᠬᠤᠷᠠᠯ ᠱᠠᠩᠬᠠᠢ ᠳᠤ ᠶᠠᠪᠤᠭᠳᠠᠵᠤ᠂ ᠡᠸᠦ᠋ᠷᠦᠫᠡ ᠲᠢᠪ᠂ ᠠᠮᠧᠷᠢᠺᠠ ᠲᠢᠪ᠂ ᠠᠽᠢᠶ᠎ᠠ ᠲᠢᠪ ᠵᠡᠷᠭᠡ ᠶᠢᠨ ᠬᠡᠳᠦᠨ ᠠᠷᠪᠠᠨ ᠤᠯᠤᠰ ᠪᠠ ᠤᠯᠤᠰ ᠤᠨ ᠳᠣᠲᠣᠭᠠᠳᠤ ᠶᠢᠨ ᠡᠯ᠎ᠡ ᠭᠠᠵᠠᠷ ᠤᠨ ᠬᠡᠳᠦᠨ ᠵᠠᠭᠤᠨ ᠠᠵᠤ ᠠᠬᠤᠶᠢᠯᠠᠯ᠂ ᠲᠠᠷᠢᠶᠠᠴᠢᠨ ᠡᠷᠦᠭᠡ ᠱᠠᠩᠬᠠᠢ ᠳᠤ ᠴᠤᠭᠯᠠᠷᠠᠵᠤ᠂ 200 ᠭᠠᠷᠤᠢ ᠲᠦᠷᠦᠯ ᠲᠡᠮᠳᠡᠭ ᠤᠨ ᠲᠥᠯᠥᠭᠡᠯᠡᠭᠴᠢ ᠬᠤᠷᠠᠯ ᠎ ᠳᠤ ᠣᠷᠣᠯᠴᠠᠪᠠ᠃ ᠵᠡᠭᠦᠨᠭᠠᠷ ᠬᠤᠰᠢᠭᠤᠨ ᠤ ᠣᠷᠣᠨ ᠨᠤᠲᠤᠭ ᠤᠨ ᠲᠦᠷᠦᠯ ᠲᠡᠮᠳᠡᠭ ︽ᠬᠠᠲᠤᠨ ᠭᠤᠣᠯ·ᠰᠢᠷᠠᠯᠵᠢᠳᠠᠢ︾᠎ ᠨᠢ ᠲᠣᠰ ᠤᠳᠠᠭᠠᠨ ᠤ ᠶᠡᠭᠡ ᠬᠤᠷᠠᠯ ᠤᠨ ᠴᠣᠷ ᠤᠨ ᠭᠠᠭᠴᠠ ᠥᠪᠥᠷ ᠮᠣᠩᠭᠤᠯ ᠤᠨ ᠲᠥᠷᠥᠯ ᠲᠡᠮᠳᠡᠭ ᠤᠨ ᠲᠥᠯᠥᠭᠡᠯᠡᠭᠴᠢ ᠪᠣᠯᠤᠭᠰᠠᠨ ᠪᠥᠭᠡᠳ 2022 ᠣᠨ ᠤ ᠪᠦᠭᠦ ᠤᠯᠤᠰ ᠤᠨ ᠴᠢᠨᠠᠷ ᠰᠠᠶᠢᠲᠠᠢ ᠭᠦᠵᠡᠯᠵᠡᠭᠡᠨ᠎ᠡ ᠶᠢᠨ ᠤᠷᠤᠯᠳᠤᠭᠠᠨ ᠳᠤ ᠬᠤᠶᠠᠷ ᠠᠯᠲᠠᠨ ᠮᠧᠳᠠᠯ᠂ ᠬᠤᠶᠠᠷ ᠮᠥᠩᠭᠦᠨ ᠮᠧᠳᠠᠯ ᠣᠯᠵᠤ᠂ ᠳᠤᠮᠳᠠᠳᠤ ᠤᠯᠤᠰ·ᠱᠠᠩᠬᠠᠢ ᠶᠢᠨ ᠭᠦᠵᠡᠯᠵᠡᠭᠡᠨ᠎ᠡ ᠶᠢᠨ ᠲᠦᠷᠦᠯ ᠲᠡᠮᠳᠡᠭ ᠤᠨ ᠶᠡᠭᠡ ᠬᠤᠷᠠᠯ ᠤᠨ ︽2022 ᠣᠨ ᠤ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠣᠭᠰᠠᠨ ᠭᠦᠵᠡᠯᠵᠡᠭᠡᠨ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ︾᠎ ᠤᠨ ᠢᠷᠠᠭᠤ ᠠᠯᠳᠠᠷ ᠢ ᠭᠦᠷᠳᠡᠪᠡ᠃            ᠵᠡᠭᠦᠨᠭᠠᠷ ᠬᠤᠰᠢᠭᠤᠨ ᠤ ᠣᠷᠣᠨ ᠪᠦᠰᠡ ᠶᠢᠨ ᠰᠣᠶᠣᠯ ᠤᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ ᠵᠡᠭᠦᠨᠭᠠᠷᠴᠤᠳ ᠴᠠᠭ ᠦᠶ᠎ᠡ ᠲᠠᠢ ᠵᠡᠷᠭᠡᠴᠡᠨ ᠤᠷᠤᠭᠰᠢᠯᠠᠵᠤ᠂ ᠥᠭᠡᠳᠡᠯᠡᠨ ᠳᠠᠪᠰᠢᠬᠰᠠᠭᠠᠷ᠃ ᠵᠠᠩ ᠲᠢᠶᠠᠨ ᠢ᠄ ︽ᠬᠠᠲᠤᠨ ᠭᠤᠣᠯ ᠤᠨ ᠰᠣᠶᠣᠯ ᠬᠢᠭᠡᠳ ᠣᠷᠳᠣ ᠴᠠᠭᠠᠨ ᠬᠡᠷᠡᠮ ᠤᠨ ᠰᠣᠶᠣᠯ ᠨᠢ ᠵᠡᠭᠦᠨᠭᠠᠷ ᠣᠷᠣᠨ ᠳᠤ ᠲᠠᠰᠤᠷᠠᠯᠲᠠ ᠦᠭᠡᠢ ᠠᠭᠤᠰᠤᠯᠴᠠᠵᠤ᠂ ᠨᠢᠭᠡ ᠵᠦᠢᠯ ᠤᠨ ᠰᠣᠶᠣᠯ ᠤᠨ ᠦᠵᠡᠭᠳᠡᠯ ᠢ ᠪᠤᠶ ᠪᠣᠯᠭᠠᠪᠠ᠂ ᠡᠭᠦᠨ ᠢ ᠪᠢᠳᠡ ᠮᠠᠩᠬᠠᠨ ᠰᠣᠶᠣᠯ ᠤᠨ ᠦᠵᠡᠭᠳᠡᠯ ᠭᠡᠳᠡᠭ᠂ ᠮᠠᠩᠬᠠᠨ ᠰᠣᠶᠣᠯ ᠤᠨ ᠭᠤᠣᠯᠳᠠᠯᠭ᠎ᠠ ᠪᠣᠯ ᠳᠠᠷᠤᠢ ᠥᠨᠢ ᠤᠳᠠᠭᠠᠨ ᠴᠢᠨᠠᠷ᠂ ᠦᠨᠳᠦᠰᠦᠲᠡᠨ ᠤ ᠴᠢᠨᠠᠷ᠂ ᠨᠡᠭᠡᠭᠡᠯᠲᠡᠲᠤ ᠴᠢᠨᠠᠷ᠂ ᠪᠠᠭᠲᠠᠭᠠᠮᠵᠢᠲᠤ ᠴᠢᠨᠠᠷ᠂ ᠳᠣᠲᠣᠨᠣᠰᠤᠭ ᠴᠢᠨᠠᠷ ᠪᠠ ᠤᠷᠤᠭᠰᠢᠯᠠᠨ ᠳᠠᠪᠰᠢᠬᠤ ᠴᠢᠨᠠᠷ ᠪᠣᠯᠣᠨ᠎ᠠ᠂ ᠡᠨᠡ ᠬᠦ ᠰᠣᠶᠣᠯ ᠤᠨ ᠣᠨᠴᠠᠯᠢᠭ ᠪᠣᠯ ᠲᠡᠦᠬᠡ ᠶᠢᠨ ᠦᠷᠭᠦᠯᠵᠢᠯᠡᠯ ᠮᠥᠨ᠂ ᠪᠠᠰᠠ ᠴᠤ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠪᠣᠯᠣᠨ᠎ᠠ︾ ᠭᠡᠵᠦ ᠬᠡᠯᠡᠵᠦ ᠪᠠᠶᠢᠯ᠎ᠠ᠃            ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠣᠷᠳᠣ ᠴᠠᠭᠠᠨ ᠬᠡᠷᠡᠮ ᠢ ᠪᠠᠶᠢᠭᠤᠯᠵᠤ᠂ ᠵᠢᠶᠦ᠋ᠨ ᠤ ᠴᠠᠶᠢᠵᠠ ᠪᠠᠶᠢᠭᠤᠯᠵᠤ᠂ ᠬᠡᠴᠢᠨᠡᠨ ᠣᠯᠠᠨ ᠡᠵᠡᠨ ᠬᠠᠭᠠᠨ ᠵᠠᠩᠵᠤᠨ ᠰᠠᠶᠢᠳ᠂ ᠪᠢᠴᠢᠭ ᠤᠨ ᠬᠥᠮᠥᠰ ᠡᠨᠡ ᠬᠦ ᠬᠠᠯᠠᠭᠤᠨ ᠬᠥᠷᠥᠰᠥᠨ ᠳᠡᠭᠡᠷ᠎ᠡ ᠬᠥᠮᠥᠰ ᠤᠨ ᠰᠡᠳᠬᠢᠯ ᠢ ᠬᠥᠳᠡᠯᠭᠡᠮ᠎ᠡ ᠭᠠᠶᠢᠬᠠᠮᠰᠢᠭ ᠢ ᠪᠦᠲᠦᠭᠡᠵᠦ᠂ ᠬᠠᠲᠤᠨ ᠭᠤᠣᠯ ᠤᠨ ᠪᠣᠯᠪᠠᠰᠤᠨ ᠢ ᠡᠭᠦᠳᠦᠨ ᠳᠡᠯᠭᠡᠷᠡᠭᠦᠯᠬᠦ ᠳᠤ ᠣᠷᠣᠯᠴᠠᠬᠰᠠᠨ ᠪᠠᠶᠢᠨ᠎ᠠ᠃            ᠡᠳᠦᠭᠡ ᠶᠢ ᠬᠠᠷᠠᠬᠤ ᠳᠤ᠂ ᠵᠡᠭᠦᠨᠭᠠᠷᠴᠤᠳ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠪᠠᠳᠠᠷᠠᠭᠤᠯᠵᠤ᠂ ᠣᠳᠣᠬᠢᠴᠢᠯᠠᠭᠰᠠᠨ ᠪᠣᠯᠪᠠᠰᠤᠨ ᠬᠤᠲᠠ ᠪᠠ ᠦᠵᠡᠰᠬᠦᠯᠡᠩᠲᠦ ᠰᠠᠶᠢᠬᠠᠨ ᠠᠮᠤᠷ ᠠᠮᠤᠭᠤᠯᠠᠩ ᠠᠮᠢᠳᠤᠷᠠᠯ ᠰᠠᠭᠤᠴᠠ ᠎ ᠲᠠᠢ ᠬᠥᠭᠵᠢᠯ ᠴᠡᠴᠡᠭᠯᠡᠯ ᠤᠨ ᠥᠩᠭᠡ ᠦᠵᠡᠮᠵᠢ ᠶᠢ ᠴᠣᠭᠴᠠᠯᠠᠨ ᠪᠠᠶᠢᠭᠤᠯᠵᠤ᠂ ︽ᠮᠢᠩᠭᠠᠨ ᠳ᠋ᠦᠩᠰᠢᠭᠤᠷ ᠤᠨ ᠪᠣᠳᠠᠲᠤ ᠬᠦᠴᠦᠨ ᠲᠠᠢ ᠬᠤᠰᠢᠭᠤ ᠲᠣᠭᠤᠷᠢᠭ︾᠎ ᠤᠨ ᠡᠷᠴᠢ ᠵᠣᠷᠢᠭ ᠢᠶᠠᠨ ᠬᠥᠪᠴᠢᠯᠡᠭᠰᠡᠨ ᠠᠭᠤᠳᠠᠮ ᠪᠠᠭᠲᠠᠭᠠᠮᠵᠢ ᠎ ᠶᠢ ᠢᠯᠡᠷᠡᠭᠦᠯᠪᠡ᠃            ᠢᠷᠡᠭᠡᠳᠦᠢ ᠶᠢ ᠪᠠᠷᠠᠯᠠᠬᠤᠶ᠎ᠠ᠂ ᠵᠡᠭᠦᠨᠭᠠᠷ ᠤᠨ ᠬᠥᠮᠥᠰ ᠯᠠᠪᠳᠠᠭᠤᠨ ᠪᠠᠲᠤᠲᠠᠢ ᠠᠵᠢᠯᠯᠠᠵᠤ᠂ ᠬᠤᠷᠳᠤᠨ ᠮᠣᠷᠢᠨ ᠎ ᠳᠤ ᠲᠠᠰᠢᠭᠤᠷ ᠨᠡᠮᠡᠨ ᠤᠷᠤᠭᠰᠢᠯᠠᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号