﹇︽ᠤᠷᠲᠤ ᠴᠠᠭᠠᠨ ᠬᠡᠷᠡᠮ︾ ᠪᠣᠯᠣᠨ ︽ᠬᠠᠲᠤᠨ ᠭᠤᠣᠯ︾᠎ ᠤᠨ ᠰᠣᠶᠣᠯ ᠤᠨ ᠰᠣᠯᠢᠯᠴᠠᠭ᠎ᠠ ᠤᠶᠠᠯᠳᠤᠯ ﹈  ᠡᠬᠡ ᠪᠠᠶᠢᠭᠠᠯᠢ ᠶᠢᠨ ᠤᠷᠠᠨ ᠭᠠᠶᠢᠬᠠᠮᠰᠢᠭ ᠦᠦᠭᠡ ᠲᠡᠦᠬᠡ ᠶᠢᠨ ᠭᠢᠯᠠᠯᠵᠠᠭᠰᠠᠨ ᠬᠠᠭᠤᠳᠠᠰᠤ
ᠨᠡᠶᠢᠲᠡᠯᠡᠭᠰᠡᠨ ᠴᠠᠭ᠄
2024/5/15
          ᠳ᠋ᠢᠩ ᠶᠠᠨ        ᠣᠶᠢᠯᠤᠨ ᠳᠠᠪᠠᠯᠭᠠᠯᠠᠭᠰᠠᠨ ᠬᠠᠲᠤᠨ ᠭᠤᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ ᠴᠢᠩ ᠱᠦᠢ ᠾᠧ ᠰᠢᠶᠠᠨ᠂ ᠣᠷᠳᠣᠰ ᠬᠤᠲᠠ ᠶᠢᠨ ᠵᠡᠭᠦᠨᠭᠠᠷ ᠬᠤᠰᠢᠭᠤ ᠬᠢᠭᠡᠳ ᠱᠠᠨ ᠰᠢ ᠮᠤᠵᠢ ᠶᠢᠨ ᠰᠢᠨᠵᠸᠤ ᠬᠤᠲᠠ ᠶᠢᠨ ᠫᠢᠶᠠᠨ ᠭᠤᠸᠠᠨ ᠰᠢᠶᠠᠨ ᠤ ᠠᠭᠤᠯᠵᠠᠷ ᠲᠤ ᠭᠦᠷᠦᠭᠡᠳ ︽ᠥᠨᠳᠥᠷ ᠬᠠᠪᠴᠢᠯ ᠎ ᠳᠤᠷ ᠲᠣᠯᠢ ᠮᠡᠲᠦ ᠨᠠᠭᠤᠷ ᠮᠡᠯᠮᠡᠯᠵᠡᠬᠦ︾ ᠠᠳᠠᠪᠠᠰᠢ ᠰᠦᠷᠯᠢᠭ ᠦᠵᠡᠮᠵᠢ᠂ ︽ᠶᠡᠭᠡ ᠪᠠᠶᠢᠭᠠᠯᠢ ᠶᠢᠨ ᠤᠷᠠᠯᠠᠨ ᠰᠡᠶᠢᠯᠪᠦᠷᠢᠯᠡᠭᠰᠡᠨ︾ ᠡᠴᠢᠨ᠎ᠡ ᠭᠠᠶᠢᠬᠠᠮᠰᠢᠭ ᠢ ᠢᠯᠡᠷᠡᠭᠦᠯᠵᠦ᠂ ᠳᠤᠮᠳᠠᠳᠤ ᠤᠯᠤᠰ ᠤᠨ ᠬᠠᠮᠤᠭ ᠤᠨ ᠭᠤᠶᠣ ᠠᠷᠪᠠᠨ ᠶᠡᠭᠡ ᠬᠠᠪᠴᠢᠯ ᠤᠨ ᠨᠢᠭᠡ ᠪᠤᠯᠬᠤ ᠬᠡᠪᠲᠡᠭᠡ ᠦᠬᠡᠷ ᠤᠨ ᠲᠣᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠢ ᠪᠦᠷᠢᠯᠳᠦᠭᠦᠯᠦᠭᠰᠡᠨ ᠪᠢᠯᠡ᠃            ᠬᠠᠪᠴᠢᠯ ᠤᠨ ᠬᠤᠶᠠᠷ ᠲᠠᠯ᠎ᠠ ᠪᠠᠷ ᠠᠰᠬ᠎ᠠ ᠬᠠᠲᠠ ᠰᠦᠨᠳᠡᠷᠯᠡᠵᠦ᠂ ᠠᠭᠤᠯᠠ ᠬᠠᠶᠢᠷᠬᠠᠨ ᠦᠷᠭᠦᠯᠵᠢᠯᠡᠨ ᠵᠠᠯᠭᠠᠯᠳᠤᠨ᠎ᠠ᠃ ᠠᠭᠤᠯᠠᠨ ᠣᠷᠭᠢᠯ ᠪᠠ ᠬᠠᠯᠢᠯ ᠬᠠᠳᠠ ᠲᠠᠮᠵᠢᠨ ᠮᠤᠷᠤᠯᠵᠠᠨ ᠰᠤᠨᠤᠯᠵᠠᠭᠰᠠᠨ ᠮᠢᠩ ᠤᠯᠤᠰ ᠤᠨ ᠣᠷᠳᠣ ᠴᠠᠭᠠᠨ ᠬᠡᠷᠡᠮ ᠠᠯᠤᠰ ᠢ ᠵᠣᠷᠢᠨ ᠠᠤᠭ᠎ᠠ ᠰᠦᠷ ᠢᠶᠠᠨ ᠭᠠᠶᠢᠬᠠᠭᠤᠯᠵᠤ᠂ ᠪᠤᠭᠤᠷᠤᠯ ᠲᠡᠦᠬᠡ ᠶᠢᠨ ᠣᠨ ᠴᠠᠭ ᠎ ᠢ ᠠᠴᠢᠶᠠᠯᠠᠭᠰᠠᠭᠠᠷ ᠬᠡᠪᠲᠡᠭᠡ ᠦᠬᠡᠷ ᠤᠨ ᠲᠣᠬᠤᠢ ᠶᠢᠨ ᠶᠡᠭᠡ ᠬᠠᠪᠴᠢᠯ ᠳᠤ ᠬᠠᠲᠣᠨ ᠭᠤᠣᠯ ᠲᠠᠢ ᠵᠤᠯᠭᠠᠯᠴᠠᠳᠠᠭ᠃            ᠰᠣᠶᠣᠯ ᠤᠨ ᠰᠤᠳᠠᠰᠤ ᠶᠢ ᠨᠡᠶᠢᠯᠡᠭᠦᠯᠵᠦ ᠡᠷᠲᠡᠨ ᠡᠳᠦᠭᠡᠬᠢ ᠶᠢ ᠨᠡᠪᠲᠡᠷᠡᠭᠦᠯᠦᠨ᠎ᠡ            ᠮᠢᠩᠭᠠᠨ ᠭᠠᠯᠪᠠ ᠲᠠᠲᠠᠭᠤᠷᠠᠰᠢ ᠦᠭᠡᠢ ᠳᠣᠯᠭᠢᠶᠠᠯᠠᠭᠰᠠᠨ ᠮᠥᠷᠡᠨ ᠭᠤᠣᠯ ᠪᠣᠯ ᠬᠥᠮᠥᠨ ᠲᠥᠷᠥᠯᠬᠢᠲᠡᠨ ᠤ ᠭᠡᠷᠡᠯ ᠰᠠᠴᠤᠷᠠᠩᠭᠤᠢ ᠰᠣᠶᠣᠯ ᠪᠣᠯᠪᠠᠰᠤᠨ ᠤ ᠬᠠᠯᠠᠭᠤᠨ ᠬᠥᠷᠥᠰᠥ ᠲᠣᠷᠭᠠᠨ ᠥᠯᠥᠭᠡᠢ ᠶᠤᠮᠰᠠᠨ᠃ ᠪᠤᠭᠤᠷᠤᠯ ᠲᠡᠦᠬᠡ ᠶᠢᠨ ᠨᠢᠭᠡᠨ ᠬᠠᠭᠤᠳᠠᠰᠤ ᠪᠣᠯᠤᠭᠰᠠᠨ ᠤ ᠬᠤᠪᠢ ᠳᠤ᠂ ᠪᠠᠷᠠᠭᠤᠨ ᠲᠠᠯ᠎ᠠ ᠪᠠᠷ ᠢᠶᠠᠨ ᠬᠠᠳᠤᠨ ᠭᠤᠣᠯ ᠲᠠᠢ ᠬᠥᠷᠰᠢᠯᠡᠵᠦ ᠪᠠᠶᠢᠭ᠎ᠠ ᠴᠢᠩ ᠱᠦᠢ ᠾᠧ ᠬᠥᠮᠥᠨ ᠲᠥᠷᠥᠯᠬᠢᠲᠡᠨ ᠤ ᠠᠵᠢᠯᠯᠠᠭ᠎ᠠ ᠶᠢᠨ ᠤᠯᠠ ᠮᠥᠷ ᠢ ᠵᠢᠷᠭᠤᠭᠠᠨ ᠮᠢᠩᠭ᠎ᠠ ᠭᠠᠷᠤᠢ ᠵᠢᠯ ᠤᠨ ᠡᠮᠦᠨᠡᠬᠢ ᠶᠠᠩ ᠱᠤᠤ ᠶᠢᠨ ᠰᠣᠶᠣᠯ ᠭᠦᠷᠲᠡᠯ᠎ᠡ ᠥᠭᠰᠥᠭᠦᠯᠦᠨ ᠮᠥᠷᠳᠡᠵᠦ ᠪᠣᠯᠣᠨ᠎ᠠ᠃            ᠥᠪ ᠰᠣᠶᠣᠯ ᠤᠨ ᠠᠮᠢᠨ ᠰᠤᠳᠠᠰᠤ ᠥᠨᠢ ᠡᠷᠲᠡᠨ ᠠᠴᠠ ᠡᠳᠦᠭᠡ ᠪᠤᠯᠲᠠᠯ᠎ᠠ ᠯᠤᠭᠰᠢᠨ ᠴᠣᠬᠢᠯᠠᠭᠰᠠᠭᠠᠷ᠃            - 2023 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠰᠢᠯᠭᠠᠷᠠᠭᠤᠯᠤᠯᠲᠠ ᠳᠤ᠂ ᠴᠢᠩ ᠱᠦᠢ ᠾᠧ ᠰᠢᠶᠠᠨ ᠤ ᠾᠧᠦ ᠴᠧᠩ ᠽᠦᠢ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠴᠢᠯᠠᠭᠤᠨ ᠬᠤᠳᠠ ᠶᠢᠨ ᠪᠠᠭᠤᠷᠢ ᠪᠠᠭᠲᠠᠵᠠᠢ᠃ ᠡᠨᠡ ᠬᠦ ᠪᠠᠭᠤᠷᠢ ᠶᠢᠨ ᠲᠠᠯᠠᠪᠠᠶ ᠨᠢ ᠪᠠᠷᠤᠭ 138 ᠲᠦᠮᠡᠨ ᠲᠡᠭᠰᠢ ᠳᠥᠷᠪᠡᠯᠵᠢᠨ ᠮᠧᠲᠷ᠂ ᠣᠲᠣ ᠠᠴᠠ 4500 - 4200 ᠵᠢᠯ ᠤᠨ ᠡᠮᠦᠨᠡᠬᠢ ᠪᠠᠭᠤᠷᠢ ᠪᠤᠯᠬᠤ ᠪᠥᠭᠡᠳ ᠣᠳᠣᠬᠠᠨ ᠤ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠭᠠᠵᠠᠷ ᠣᠷᠣᠨ ᠳᠠᠬᠢ ᠵᠡᠷᠭᠡ ᠲᠠᠰ ᠎ ᠢᠶᠠᠷ ᠬᠠᠮᠤᠭ ᠤᠨ ᠥᠨᠳᠥᠷ᠂ ᠬᠦᠷᠢᠶ᠎ᠡ ᠬᠡᠪᠴᠢᠶ᠎ᠡ ᠪᠠᠷ ᠬᠠᠮᠤᠭ ᠤᠨ ᠶᠡᠭᠡ ᠯᠥᠩ ᠱᠠᠨ ᠤ ᠦᠶ᠎ᠡ ᠶᠢᠨ ᠴᠢᠯᠠᠭᠤᠨ ᠬᠤᠲᠠ ᠪᠤᠯᠬᠤ ᠶᠤᠮ᠃            - ᠰᠢ ᠴᠠ ᠶᠢᠨ ᠪᠠᠭᠤᠷᠢ ᠪᠣᠯ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤ ᠠᠴᠠ 50 ᠺᠢᠯᠣᠮᠧᠲᠷ ᠵᠠᠶᠢᠲᠠᠢ ᠪᠠᠶᠢᠷᠢᠯᠠᠵᠤ᠂ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠲᠠᠬᠢ ᠱᠠᠩ ᠤᠯᠤᠰ ᠵᠧᠦ ᠤᠯᠤᠰ ᠤᠨ ᠦᠶ᠎ᠡ ᠶᠢᠨ ᠬᠦᠷᠡᠯ ᠵᠡᠪᠰᠡᠭ ᠤᠨ ᠰᠣᠶᠣᠯ ᠤᠨ ᠬᠠᠭᠤᠴᠢ ᠮᠠᠯᠲᠠᠯᠠᠭ᠎ᠠ ᠶᠢᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ 2004 ᠣᠨ ᠪᠤᠯᠲᠠᠯ᠎ᠠ᠂ ᠰᠢ ᠴᠠ ᠶᠢᠨ ᠪᠠᠭᠤᠷᠢ ᠶᠢ ᠤᠷᠢᠳ ᠬᠤᠵᠢᠳ 5 ᠤᠳᠠᠭ᠎ᠠ ᠠᠭᠤᠳᠠᠯᠤᠨ ᠮᠠᠯᠲᠠᠵᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠭᠤᠣᠯᠳᠠᠯᠭ᠎ᠠ ᠲᠠᠢ ᠡᠷᠳᠡᠮ ᠰᠢᠨᠵᠢᠯᠡᠭᠡᠨ ᠤ ᠰᠤᠳᠤᠯᠤᠯ ᠤᠨ ᠲᠦᠷᠦᠯ ᠵᠦᠢᠯ ᠳᠤ ᠬᠠᠮᠤᠷᠤᠨ ᠪᠠᠭᠲᠠᠭᠠᠪᠠ᠃            - ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠠᠴᠠ ᠬᠤᠶᠢᠰᠢ᠂ ᠴᠢᠩ ᠱᠦᠢ ᠾᠧ ᠣᠷᠣᠨ ᠠᠭᠠᠵᠢᠮ ᠎ ᠢᠶᠠᠷ ᠨᠡᠭᠦᠳᠡᠯᠯᠡᠨ ᠮᠠᠯᠵᠢᠬᠤ ᠠᠴᠠ ᠲᠠᠷᠢᠶᠠᠯᠠᠬᠤ ᠲᠡᠶᠢᠰᠢ ᠰᠢᠯᠵᠢᠵᠦ᠂ ᠲᠠᠯ᠎ᠠ ᠨᠤᠲᠤᠭ ᠤᠨ ᠰᠣᠶᠣᠯ ᠬᠢᠭᠡᠳ ᠲᠠᠷᠢᠶᠠᠯᠠᠬᠤ ᠰᠣᠶᠣᠯ ᠠᠳᠡ ᠥᠩᠭᠡ ᠪᠤᠯᠢᠶᠠᠯᠳᠤᠨ ᠦᠵᠡᠮᠵᠢ ᠪᠦᠷᠢᠳᠴᠦ᠂ ᠦᠶ᠎ᠡ ᠦᠶ᠎ᠡ ᠶᠢᠨ ᠵᠧᠦ᠂ ᠹᠦ᠋᠂ ᠵᠢᠶᠦ᠋ᠨ᠂ ᠰᠢᠶᠠᠨ᠂ ᠪᠠᠯᠭᠠᠰᠤ ᠶᠢᠨ ᠳᠠᠭᠤᠳᠠᠯᠭ᠎ᠠ ᠨᠡᠷᠡᠶᠢᠳᠦᠯ ᠢ ᠪᠦᠷ ᠲᠣᠳᠣᠷᠬᠠᠢ ᠲᠡᠮᠳᠡᠭᠯᠡᠵᠡᠢ᠃            - ᠲᠠᠷᠢᠶ᠎ᠠ ᠶᠢᠨ ᠤᠩᠭᠤᠨ ᠨᠢ ᠲᠠᠪᠤᠨ ᠲᠦᠷᠦ ᠶᠢᠨ ᠦᠶ᠎ᠡ ᠶᠢᠨ ᠥᠪᠥᠷ ᠮᠣᠩᠭᠤᠯ ᠤᠨ ᠬᠠᠳᠤᠨ ᠭᠤᠣᠯ ᠎ ᠤᠨ ᠡᠷᠭᠢ ᠳᠠᠭᠠᠤ ᠶᠢᠨ ᠦᠨᠳᠦᠰᠦᠲᠡᠨ ᠨᠦᠭᠦᠳ ᠤᠨ ᠬᠤᠯᠢᠯᠳᠤᠨ ᠰᠠᠭᠤᠷᠢᠰᠢᠵᠤ ᠠᠵᠤ ᠲᠦᠷᠦᠨ ᠣᠷᠣᠰᠢᠵᠤ ᠪᠠᠶᠢᠭᠰᠠᠨ ᠨᠡᠶᠢᠭᠡᠮ ᠠᠮᠢᠳᠤᠷᠠᠯ ᠤᠨ ᠳᠦᠷᠰᠦ ᠪᠠᠶᠢᠳᠠᠯ ᠢ ᠰᠢᠭᠤᠳ ᠢᠯᠡᠷᠡᠭᠦᠯᠵᠦ᠂ ᠲᠠᠷᠢᠶᠠᠯᠠᠬᠤ ᠰᠣᠶᠣᠯ ᠪᠣᠯᠣᠨ ᠠᠩᠨᠠᠯ ᠤᠨ ᠰᠣᠶᠣᠯ ᠤᠨ ᠠᠭᠤᠰᠤᠯᠴᠠᠨ ᠬᠥᠭᠵᠢᠭᠰᠡᠨ ᠢ ᠭᠡᠷᠡᠴᠢᠯᠡᠭᠰᠡᠨ ᠪᠠᠶᠢᠨ᠎ᠠ᠃            - ᠯᠢᠶᠣᠤ ᠤᠯᠤᠰ ᠰᠦᠩ ᠤᠯᠤᠰ ᠠᠯᠲᠠᠨ ᠤᠯᠤᠰ ᠶᠤᠸᠠᠨ ᠤᠯᠤᠰ ᠤᠨ ᠦᠶ᠎ᠡ ᠳᠤ᠂ ᠴᠢᠩ ᠱᠦᠢ ᠾᠧ ᠣᠷᠣᠨ ᠳᠤ ᠣᠯᠠᠨ ᠦᠨᠳᠦᠰᠦᠲᠡᠨ ᠠᠷᠠᠯᠵᠢᠶ᠎ᠠ ᠰᠣᠯᠢᠯᠴᠠᠭ᠎ᠠ ᠬᠢᠵᠦ᠂ ᠡᠯᠪᠡᠭ ᠪᠠᠶᠠᠯᠢᠭ ᠰᠣᠶᠣᠯ ᠤᠨ ᠥᠪ ᠢ ᠦᠯᠡᠳᠡᠭᠡᠵᠡᠢ᠃ ᠤᠯᠤᠰ ᠤᠨ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ ᠢᠶᠠᠷ ᠲᠡᠮᠳᠡᠭᠯᠡᠭᠦᠯᠦᠭᠰᠡᠨ᠂ ᠴᠢᠩ ᠱᠦᠢ ᠾᠧ ᠮᠦᠽᠧᠢ ᠶᠢᠨ ᠲᠡᠷᠢᠭᠦᠨ ᠡᠷᠳᠡᠨᠢ ᠬᠡᠮᠡᠭᠳᠡᠭᠰᠡᠨ ᠶᠤᠸᠠᠨ ᠤᠯᠤᠰ ᠤᠨ ᠦᠶ᠎ᠡ ᠶᠢᠨ ᠲᠦᠮᠡᠲᠦ ᠶᠢᠨ ᠨᠣᠶᠠᠨ ᠤ ᠣᠷᠳᠣᠨ ᠤ ᠬᠦᠷᠡᠯ ᠲᠠᠮᠠᠭ᠎ᠠ ᠨᠢ ᠡᠨᠡ ᠬᠡᠰᠡᠭ ᠲᠡᠦᠬᠡ ᠶᠢ ᠰᠤᠳᠤᠯᠬᠤ ᠳᠤ ᠬᠤᠪᠣᠷ ᠨᠠᠨᠳᠢᠨ ᠲᠡᠦᠬᠡᠨ ᠮᠠᠲ᠋ᠧᠷᠢᠶᠠᠯ ᠬᠠᠩᠭᠠᠵᠠᠢ᠃            2022 ᠣᠨ ᠤ 10 ᠰᠠᠷ᠎ᠠ ᠳᠤ᠂ ᠴᠢᠩ ᠱᠦᠢ ᠾᠧ ᠮᠦᠽᠧᠢ ᠪᠠᠶᠢᠭᠤᠯᠤᠭᠳᠠᠪᠠ᠃ ᠮᠦᠽᠧᠢ ᠳᠤ ᠬᠠᠲᠠᠭᠠᠯᠠᠭᠠᠰᠣᠲᠠᠢ ᠭᠠᠵᠠᠷ ᠰᠢᠨᠵᠢᠯᠡᠭᠡᠨ ᠤ ᠦᠯᠡᠳᠡᠭᠳᠡᠯ᠂ ᠲᠡᠦᠬᠡ ᠶᠢᠨ ᠦᠵᠡᠭᠦᠯᠭᠡ᠂ ᠠᠷᠠᠳ ᠤᠨ ᠵᠠᠩ ᠦᠢᠯᠡ᠂ ᠬᠥᠭᠵᠢᠯᠲᠡ ᠬᠤᠪᠢᠷᠠᠯᠲᠠ ᠶᠢᠨ ᠡᠪᠬᠡᠮᠡᠯ ᠵᠢᠷᠤᠭ ᠪᠣᠯᠣᠨ ᠡᠳ᠋ ᠥᠯᠥᠭ ᠤᠨ ᠦᠵᠡᠭᠦᠯᠭᠡ ᠨᠢ ᠴᠢᠩ ᠱᠦᠢ ᠾᠧ ᠶᠢᠨ ᠥᠨᠢ ᠤᠳᠠᠭᠠᠨ ᠦᠯᠢᠭᠡᠷ ᠲᠣᠮᠤᠬ ᠢ ᠬᠦᠦᠷᠨᠢᠨ ᠰᠢᠪᠡᠨᠡᠭᠰᠡᠭᠡᠷ᠃             ︽ᠴᠢᠩ ᠤᠯᠤᠰ ᠤᠨ ᠦᠶ᠎ᠡ ᠳᠤ ᠴᠢᠩ ᠱᠦᠢ ᠾᠧ ᠶᠢᠨ ᠬᠠᠲᠤᠨ ᠭᠤᠣᠯ ᠤᠨ ᠬᠡᠰᠡᠭ ᠤᠨ ᠤᠰᠤᠨ ᠲᠡᠭᠡᠭᠡᠪᠦᠷᠢ ᠬᠠᠮᠤᠭ ᠠᠴᠠ ᠬᠥᠭᠵᠢᠶᠡᠨᠲᠡᠢ᠂ ᠬᠠᠷᠢᠶ᠎ᠠ ᠬᠢᠯᠢ ᠳᠣᠲᠣᠷ᠎ᠠ ᠨᠢ ᠡᠷᠲᠡᠨ ᠤ ᠣᠯᠣᠮ 14 ᠪᠠᠶᠢᠵᠤ᠂ ᠪᠠᠷᠠᠭᠤᠨ ᠬᠤᠶᠢᠲᠤ ᠶᠢᠨ ᠠᠷᠠᠰᠤ ᠨᠣᠣᠰᠣ᠂ ᠡᠮ ᠤᠨ ᠮᠠᠲ᠋ᠧᠷᠢᠶᠠᠯ᠂ ᠵᠦᠩᠶᠤᠸᠠᠨ ᠣᠷᠣᠨ ᠤ ᠱᠠᠭᠠᠵᠠᠩ ᠰᠠᠪᠠ᠂ ᠴᠠᠢ ᠵᠡᠷᠭᠡ ᠨᠢ ᠴᠥᠮ ᠡᠭᠦᠪᠡᠷ ᠳᠠᠮᠵᠢᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠭᠰᠠᠨ︾ ᠭᠡᠵᠦ ᠴᠢᠩ ᠱᠦᠢ ᠾᠧ ᠮᠦᠽᠧᠢ ᠶᠢᠨ ᠳᠠᠷᠤᠭ᠎ᠠ ᠯᠢᠶᠠᠩ ᠸᠧᠨ ᠭᠤᠸᠠᠩ ᠬᠡᠯᠡᠨ᠎ᠡ᠃            ᠪᠤᠭᠤᠷᠤᠯ ᠤᠨ ᠪᠤᠮᠠᠨ ᠦᠶ᠎ᠡ ᠠᠴᠠ ᠬᠠᠷᠭᠢᠶᠠᠲᠤᠨ ᠤᠷᠤᠰᠤᠭᠰᠠᠨ ᠬᠠᠳᠤᠨ ᠭᠤᠣᠯ ᠬᠡᠪᠲᠡᠭᠡ ᠦᠬᠡᠷ ᠤᠨ ᠲᠣᠬᠤᠢ ᠭᠡᠬᠦ ᠡᠨᠡ ᠬᠦ ᠬᠡᠷᠡᠯᠳᠦ ᠰᠤᠪᠤᠳ ᠢ ᠱᠤᠭᠤᠵᠠᠢ᠃            ᠮᠢᠩ ᠤᠯᠤᠰ ᠤᠨ ᠴᠧᠩ ᠬᠤᠸᠠ ᠶᠢᠨ ᠭᠤᠷᠪᠠᠳᠤᠭᠠᠷ ᠣᠨ ︵1467 ᠣᠨ︶᠎ ᠳᠤ ᠬᠡᠪᠲᠡᠭᠡ ᠦᠬᠡᠷ ᠤᠨ ᠲᠣᠬᠤᠢ ᠶᠢᠨ ᠡᠷᠲᠡᠨ ᠤ ᠴᠠᠶᠢᠵᠠ ᠶᠢ ᠪᠠᠶᠢᠭᠤᠯᠪᠠ᠃ ︽ᠱᠠᠨ ᠰᠢ ᠶᠢᠨ ᠨᠡᠪᠲᠡᠷᠬᠡᠢ ᠲᠡᠮᠳᠡᠭᠯᠡᠯ︾᠎ ᠳᠤ ᠲᠡᠮᠳᠡᠭᠯᠡᠭᠰᠡᠨ ᠢ ᠦᠨᠳᠦᠰᠦᠯᠡᠪᠡᠯ᠄ ︽ᠬᠡᠪᠲᠡᠭᠡ ᠦᠬᠡᠷ ᠤᠨ ᠲᠣᠬᠤᠢ ᠫᠢᠶᠠᠨ ᠭᠤᠸᠠᠨ ᠰᠢᠶᠠᠨ ᠠᠴᠠ ᠬᠤᠶᠢᠰᠢ ᠵᠢᠷᠠᠨ ᠭᠠᠵᠠᠷ ᠤᠨ ᠵᠠᠶᠢᠲᠠᠢ ᠪᠤᠢ᠃ ᠤᠷᠳᠤ ᠴᠠᠭᠠᠨ ᠬᠡᠷᠡᠮ ᠭᠤᠣᠯ ᠤᠨ ᠭᠦᠪᠡᠭᠡ ᠲᠠᠭᠠᠵᠦ ᠤᠮᠠᠷᠠᠰᠢᠯᠠᠵᠤ ᠭᠤᠸᠠᠨ ᠾᠧ ᠺᠧᠦ ᠭᠦᠷᠦᠭᠡᠳ ᠰᠢᠶᠠᠨ ᠤ ᠬᠢᠯᠢ ᠳᠤ ᠣᠷᠣᠵᠤ᠂ ᠬᠡᠪᠲᠡᠭᠡ ᠦᠬᠡᠷ ᠤᠨ ᠲᠣᠬᠤᠢ ᠬᠦᠷᠴᠦ ᠵᠡᠭᠦᠨᠰᠢ ᠮᠤᠷᠤᠶᠢᠳᠠᠭ᠃ ᠴᠠᠶᠢᠵᠠ ᠨᠢ ᠤᠷᠳᠦ ᠴᠠᠭᠠᠨ ᠬᠡᠷᠡᠮ ᠤᠨ ᠡᠮᠦᠨ᠎ᠡ ᠪᠠᠶᠢᠷᠢᠯᠠᠵᠤ᠂ ᠫᠢᠶᠠᠨ ᠭᠤᠸᠠᠨ ᠤ ᠬᠤᠸᠠᠷᠠᠨ ᠳᠤ ᠬᠠᠷᠢᠶᠠᠯᠠᠭᠳᠠᠮᠤᠢ︾ ᠭᠡᠵᠡᠢ᠃            ᠬᠡᠪᠲᠡᠭᠡ ᠦᠬᠡᠷ ᠤᠨ ᠲᠣᠬᠤᠢ ᠶᠢᠨ ᠭᠤᠷᠪᠠᠨ ᠲᠠᠯ᠎ᠠ ᠪᠠᠷ ᠪᠦᠷ ᠤᠰᠤ ᠬᠦᠷᠢᠶᠡᠯᠡᠵᠦ᠂ ᠥᠨᠳᠥᠷ ᠳᠡᠨᠵᠢ ᠭᠠᠵᠠᠷ ᠤᠨ ᠪᠠᠶᠢᠴᠠ ᠨᠢ ᠡᠭᠡᠭᠡ ᠯᠠ ︽ᠦᠬᠡᠷ ᠤᠨ ᠲᠣᠯᠣᠭᠠᠢ︾ ᠰᠢᠭ᠋ ᠬᠠᠷᠠᠭᠳᠠᠨ᠂ ᠬᠠᠲᠤᠨ ᠭᠤᠣᠯ ᠳᠤ ᠲᠦᠷᠢᠨ ᠣᠷᠣᠵᠤ᠂ ᠡᠮᠦᠨ᠎ᠡ ᠲᠠᠯ᠎ᠠ ᠪᠠᠷ ᠢᠶᠠᠨ ᠴᠢᠩ ᠱᠢ ᠯᠢᠶᠠᠩ ᠲᠠᠢ ᠮᠤᠷᠤᠯᠵᠠᠨ ᠵᠠᠯᠭᠠᠯᠳᠤᠵᠤ ᠪᠠᠶᠢᠳᠠᠭ᠃            ᠬᠡᠪᠲᠡᠭᠡ ᠦᠬᠡᠷ ᠤᠨ ᠲᠣᠬᠤᠢ ᠴᠠᠶᠢᠵᠠ ᠶᠢᠨ ᠬᠤᠶᠢᠲᠤ ᠬᠡᠰᠡᠭ ᠲᠤ ᠸᠠᠩ ᠾᠧ ᠯᠧᠦ ᠠᠰᠠᠷ᠂ ᠴᠣᠩᠵᠢ ᠵᠡᠷᠭᠡ ᠴᠡᠷᠢᠭ ᠤᠨ ᠶᠠᠪᠤᠳᠠᠯ ᠤᠨ ᠲᠥᠬᠦᠭᠡᠷᠦᠮᠵᠢ ᠳᠤ ᠲᠦᠰᠢᠭᠯᠡᠨ᠂ ᠤᠷᠳᠤ ᠴᠠᠭᠠᠨ ᠬᠡᠷᠡᠮ ᠤᠨ ᠬᠠᠵᠠᠭᠤ ᠶᠢᠨ ᠬᠡᠷᠡᠮ ᠤᠨ ᠰᠡᠷᠭᠡᠶᠢᠯᠡᠯᠲᠡ ᠶᠢᠨ ᠴᠢᠳᠠᠮᠵᠢ ᠲᠠᠢ ᠳᠠᠭᠤ ᠬᠤᠭᠤᠯᠠᠢ ᠠᠪᠤᠯᠴᠠᠨ᠂ ᠪᠠᠬᠢᠯᠡᠯᠲᠡ᠂ ᠬᠡᠷᠡᠮ᠂ ᠲᠠᠶᠢᠵᠠ᠂ ᠤᠰᠤ ᠶᠢ ᠬᠠᠷᠢᠯᠴᠠᠨ ᠤᠶᠠᠯᠳᠤᠭᠤᠯᠤᠭᠰᠠᠨ ᠥᠪᠡᠷᠮᠢᠴᠡ ᠪᠦᠲᠦᠴᠡ ᠶᠢ ᠪᠦᠷᠢᠯᠳᠦᠭᠦᠯᠵᠦ᠂ ᠬᠥᠮᠥᠨ ᠤ ᠬᠦᠴᠦ ᠪᠠᠷ ᠵᠣᠬᠢᠶᠠᠭᠰᠠᠨ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠱᠤᠭᠤᠮ ᠪᠠ ᠶᠡᠭᠡ ᠪᠠᠶᠢᠭᠠᠯᠢ ᠶᠢᠨ ᠪᠡᠷᠬᠡ ᠪᠠᠷᠲᠠᠭ᠎ᠠ ᠶᠢ ᠨᠢᠭᠡᠳᠬᠡᠨ ᠤᠶᠠᠯᠳᠤᠭᠤᠯᠤᠭᠰᠠᠨ ᠪᠠᠶᠢᠨ᠎ᠠ᠃            ᠮᠤᠷᠤᠯᠵᠠᠨ ᠰᠤᠨᠤᠯᠵᠠᠭᠰᠠᠨ ᠤᠷᠲᠤ ᠴᠠᠭᠠᠨ ᠬᠡᠷᠡᠮ᠂ ᠡᠭᠴᠡ ᠠᠰᠬ᠎ᠠ ᠣᠷᠭᠢᠯ ᠳᠠᠪᠠᠭ᠎ᠠ ᠨᠢ ᠳᠤᠮᠳᠠᠳᠤ ᠶᠢᠨ ᠦᠨᠳᠦᠰᠦᠲᠡᠨ ᠤ ᠨᠤᠭᠤᠷᠠᠰᠢ ᠦᠭᠡᠢ ᠬᠠᠲᠠᠨ ᠵᠣᠷᠢᠭ ᠢ ᠬᠠᠷᠠᠭᠤᠯᠤᠨ᠎ᠠ᠃            ᠰᠢᠶᠣᠣ ᠶᠤᠸᠠᠨ ᠮᠣᠣ ᠶᠢᠨ ᠬᠡᠰᠡᠭ ᠤᠨ ᠣᠷᠳᠣ ᠴᠠᠭᠠᠨ ᠬᠡᠷᠡᠮ ᠤᠨ ᠲᠠᠶᠢᠵᠠᠨ ᠳᠡᠭᠡᠷ᠎ᠡ ᠵᠣᠭᠰᠣᠵᠤ᠂ ᠪᠠᠷᠠᠭᠤᠨᠰᠢ ᠬᠡᠪᠲᠡᠭᠡ ᠦᠬᠡᠷ ᠤᠨ ᠲᠣᠬᠤᠢ ᠶᠢ ᠪᠠᠷᠠᠯᠠᠬᠤ ᠳᠤ ᠥᠩᠭᠡ ᠦᠵᠡᠮᠵᠢ ᠡᠲᠡᠭᠡᠳ ᠭᠤᠶᠣ; ᠵᠡᠭᠦᠨᠰᠢ ᠪᠠᠨ ᠶᠠ ᠵᠢᠶᠣᠣ ᠱᠠᠨ ᠠᠭᠤᠯᠠ ᠶᠢ ᠪᠠᠷᠠᠯᠠᠬᠤᠶ᠎ᠠ ᠶᠡᠨᠳᠡᠷ᠂ ᠴᠠᠶᠢᠵᠠ᠂ ᠪᠠᠬᠢᠯᠡᠯᠲᠡ ᠰᠠᠯᠬᠢᠨ ᠤ ᠠᠶ᠎ᠠ ᠪᠠᠷ ᠰᠦᠨᠳᠡᠷᠯᠡᠨ ᠬᠠᠷᠠᠭᠳᠠᠵᠤ᠂ ᠥᠩᠭᠡᠷᠡᠭᠰᠡᠨ ᠲᠡᠦᠬᠡ ᠶᠢᠨ ᠰᠠᠯᠬᠢ ᠪᠣᠷᠣᠭᠠᠨ ᠡᠭᠦᠯᠡᠨ ᠤ ᠴᠠᠭᠠᠨ᠎ᠠ ᠠᠴᠠ ᠪᠦᠷᠦᠯᠵᠡᠨ ᠬᠠᠷᠠᠭᠳᠠᠬᠤ ᠮᠡᠲᠦ᠃            ᠴᠢᠩ ᠱᠦᠢ ᠾᠧ ᠰᠢᠶᠠᠨ ᠤ ᠬᠠᠷᠢᠶᠠᠨ ᠳᠠᠬᠢ ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ 155 ᠺᠢᠯᠣᠮᠧᠲᠷ ᠣᠷᠲᠣ ᠪᠠᠶᠢᠵᠤ᠂ ᠵᠠᠮ ᠳᠠᠭᠠᠤ 108 ᠳᠣᠭᠢᠶᠠᠨ ᠤ ᠰᠢᠷᠣᠢ ᠶᠢᠨ ᠳᠣᠪᠵᠢᠶ᠎ᠠ᠂ ᠳᠠᠶᠢᠰᠤᠨ ᠤ ᠪᠠᠶᠢᠳᠠᠯ ᠢ ᠴᠠᠭᠳᠠᠬᠤ 243 ᠲᠠᠶᠢᠵᠠ᠂ 253 ᠳᠣᠪᠵᠢᠶ᠎ᠠ ᠪᠤᠢ᠃ ᠣᠳᠣᠬᠠᠨ ᠪᠤᠯᠲᠠᠯ᠎ᠠ ᠨᠡᠯᠢᠶᠡᠳ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠴᠠᠶᠢᠵᠠ ᠪᠠᠬᠢᠯᠡᠯᠲᠡ 5 ᠰᠠᠭᠤᠷᠢ ᠪᠤᠢ᠃            1989 ᠣᠨ ᠳᠤ ᠳᠤᠮᠳᠠᠳᠤ ᠤᠯᠤᠰ ᠤᠨ ᠣᠷᠳᠣ ᠴᠠᠭᠠᠨ ᠬᠡᠷᠡᠮ ᠤᠨ ᠲᠤᠰᠬᠠᠢ ᠮᠡᠷᠭᠡᠵᠢᠯᠲᠡᠨ ᠯᠥᠸᠧ ᠵᠧ ᠸᠧᠨ ᠴᠢᠩ ᠱᠦᠢ ᠾᠧ ᠳᠤ ᠢᠷᠡᠵᠦ ᠠᠳᠡᠬᠢ ᠮᠢᠩ ᠤᠯᠤᠰ ᠤᠨ ᠣᠷᠳᠣ ᠴᠠᠭᠠᠨ ᠬᠡᠷᠡᠮ ᠤᠨ ᠰᠦᠷᠯᠢᠭ ᠲᠥᠷᠬᠦ᠂ ᠥᠪᠡᠷᠮᠢᠴᠡ ᠦᠵᠡᠮᠵᠢ ᠪᠠ ᠤᠤᠯ ᠪᠠᠶᠢᠳᠠᠯ ᠢᠶᠠᠨ ᠬᠠᠳᠠᠭᠠᠯᠠᠵᠤ ᠪᠠᠶᠢᠭ᠎ᠠ ᠶᠢ ᠬᠠᠷᠠᠭᠠᠳ ᠭᠠᠶᠢᠬᠠᠨ ᠪᠢᠰᠢᠷᠡᠵᠦ ︽ᠪᠡᠷᠬᠡ ᠶᠢᠨ ᠳᠠᠪᠠᠭᠠᠨ ᠤ ᠣᠷᠳᠣ ᠴᠠᠭᠠᠨ ᠬᠡᠷᠡᠮ ᠲᠠᠢ ᠮᠥᠴᠡᠭᠡᠷᠬᠡᠮᠦᠢ︾ ᠭᠡᠵᠦ ᠦᠨᠡᠯᠡᠭᠰᠡᠨ ᠪᠠᠶᠢᠨ᠎ᠠ᠃            1987 ᠣᠨ ᠤ 12 ᠰᠠᠷ᠎ᠠ ᠳᠤ᠂ ᠴᠢᠩ ᠱᠦᠢ ᠾᠧ ᠳᠠᠬᠢ ᠮᠢᠩ ᠤᠯᠤᠰ ᠤᠨ ᠣᠷᠳᠣ ᠴᠠᠭᠠᠨ ᠬᠡᠷᠡᠮ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠶᠢᠨ ᠥᠪ ᠤᠨ ᠵᠥᠪᠯᠡᠯ ᠠᠴᠠ ᠳᠡᠯᠡᠬᠡᠢ ᠶᠢᠨ ᠰᠣᠶᠣᠯ ᠤᠨ ᠥᠪ ᠢᠶᠠᠷ ᠨᠡᠶᠢᠲᠡᠯᠡᠪᠡ; 2001 ᠣᠨ ᠤ 6 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠪᠦᠯᠦᠭ ᠎ ᠤᠨ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠪᠠᠷ ᠦᠨᠡᠯᠡᠭᠳᠡᠵᠦ᠂ 2020 ᠣᠨ ᠤ 11 ᠰᠠᠷ᠎ᠠ ᠳᠤ᠂ ᠪᠠᠨ ᠱᠧᠨ ᠭᠧᠦ ᠶᠢᠨ ᠬᠡᠰᠡᠭ᠂ ᠰᠢᠶᠣᠣ ᠶᠤᠸᠠᠨ ᠮᠣᠣ ᠶᠢᠨ ᠬᠡᠰᠡᠭ ᠪᠣᠯᠣᠨ ᠬᠡᠪᠲᠡᠭᠡ ᠦᠬᠡᠷ ᠤᠨ ᠲᠣᠬᠤᠢ ᠶᠢᠨ ᠬᠡᠰᠡᠭ ᠲᠠᠬᠢ ᠮᠢᠩ ᠤᠯᠤᠰ ᠤᠨ ᠣᠷᠳᠣ ᠴᠠᠭᠠᠨ ᠬᠡᠷᠡᠮ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠲᠦᠷᠦᠭᠦᠦ ᠪᠦᠯᠦᠭ ᠤᠨ ᠤᠯᠤᠰ ᠤᠨ ᠲᠠᠰ ᠎ ᠤᠨ ᠴᠢᠬᠤᠯᠠ ᠴᠡᠭ ᠬᠡᠰᠡᠭ ᠢᠶᠠᠷ ᠦᠨᠡᠯᠡᠭᠳᠡᠪᠡ᠃            ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠸᠠᠩ ᠳ᠋ᠠ ᠹᠠᠩ᠄ ︽ᠬᠠᠳᠤᠨ ᠭᠤᠣᠯ ᠬᠢᠭᠡᠳ ᠤᠷᠳᠤ ᠴᠠᠭᠠᠨ ᠬᠡᠷᠡᠮ ᠪᠣᠯ ᠪᠦᠷ ᠪᠢᠳᠡᠨ ᠤ ᠳᠤᠮᠳᠠᠳᠤ ᠶᠢᠨ ᠦᠨᠳᠦᠰᠦᠲᠡᠨ ᠎ ᠤ ᠣᠶᠣᠨ ᠰᠠᠨᠠᠭᠠᠨ ᠤ ᠴᠢᠬᠤᠯᠠ ᠠᠴᠢᠶᠠᠯᠠᠪᠤᠷᠢ ᠮᠥᠨ᠃ ᠬᠠᠲᠣᠨ ᠭᠤᠣᠯ ᠪᠣᠯᠣᠨ ᠣᠷᠲᠣ ᠴᠠᠭᠠᠨ ᠬᠡᠷᠡᠮ ᠤᠨ ᠵᠣᠯᠭᠠᠯᠴᠠᠯ ᠪᠣᠯ ᠲᠣᠮᠲᠠᠲᠣ ᠶᠢᠨ ᠦᠨᠳᠦᠰᠦᠲᠡᠨ ᠤ ᠤᠯᠠᠨ ᠵᠦᠢᠯ ᠤᠨ ᠰᠣᠶᠣᠯ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠢᠯᠡᠷᠡᠭᠦᠯᠦᠯ ᠪᠣᠯᠣᠨ᠎ᠠ᠂ ᠲᠡᠭᠦᠨ ᠤ ᠠᠭᠤᠰᠤᠯᠴᠠᠯ ᠤᠨ ᠠᠭᠤᠤ ᠶᠡᠭᠡ ᠬᠦᠴᠦᠨ ᠨᠢ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠴᠠ ᠎ ᠶᠢ ᠭᠡᠷᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠨᠤᠭᠤᠷᠠᠰᠢ ᠦᠭᠡᠢ ᠬᠠᠲᠠᠨ ᠪᠠᠲᠤ ᠲᠡᠮᠡᠴᠡᠯ ᠤᠨ ᠵᠣᠷᠢᠭ ᠰᠠᠨᠠᠭ᠎ᠠ ᠶᠢ ᠲᠥᠯᠥᠭᠡᠯᠡᠵᠦ ᠪᠠᠶᠢᠭ᠎ᠠ ᠶᠤᠮ︾ ᠭᠡᠵᠦ ᠬᠡᠯᠡᠵᠦ ᠪᠠᠶᠢᠯ᠎ᠠ᠃            ᠬᠠᠲᠤᠨ ᠭᠤᠣᠯ ᠤᠨ ᠬᠥᠪᠡᠭᠡᠨ ᠳᠤ ᠥᠪ ᠰᠣᠶᠣᠯ ᠢᠶᠠᠨ ᠰᠠᠬᠢᠵᠤ ᠰᠠᠭᠤᠨ᠎ᠠ            ᠬᠠᠲᠤᠨ ᠭᠤᠣᠯ ᠤᠨ ᠬᠥᠪᠡᠭᠡᠨ ᠳᠤ᠂ 57 ᠨᠠᠰᠤᠲᠠᠢ ᠬᠤᠸ ᠵᠢᠶᠦ᠋ᠨ ᠯᠢᠶᠠᠩ ᠵᠢᠭᠠᠰᠤᠨ ᠲᠣᠣᠷ ᠢᠶᠠᠨ ᠨᠥᠬᠦᠬᠦ ᠶᠢᠨ ᠳᠠᠭᠠᠤ᠄ ︽ᠭᠤᠣᠯ ᠭᠡᠰᠬᠦ ᠠᠶᠠᠳᠠᠵᠤ ᠪᠠᠶᠢᠨ᠎ᠠ᠂ ᠡᠷᠲᠡᠬᠡᠨ ᠨᠥᠬᠦᠵᠦ ᠲᠠᠯᠪᠢᠭᠠᠳ ᠭᠤᠣᠯ ᠭᠡᠰᠬᠦ ᠪᠠᠷ ᠡᠪᠦᠯ ᠥᠨᠵᠢᠭᠰᠡᠨ ᠵᠢᠭᠠᠰᠤ ᠶᠢ ᠠᠩᠨᠠᠶ᠎ᠠ ᠳ᠋ᠠ᠂ ᠴᠣᠬᠤᠮ ᠪᠦᠳᠦᠭᠦᠨ ᠰᠢᠤ︕︾ ᠭᠡᠵᠦ ᠵᠣᠭᠤᠭ ᠳᠡᠯᠭᠡᠨ᠎ᠡ᠃ ᠬᠤᠤ ᠵᠢᠶᠦ᠋ᠨ ᠯᠢᠶᠠᠩ ᠤᠨ ᠬᠢ ᠭᠡᠵᠦ ᠦᠶ᠎ᠡ ᠶᠢᠨ ᠦᠶ᠎ᠡ ᠳᠡᠭᠡᠨ ᠬᠠᠲᠤᠨ ᠭᠤᠣᠯ ᠢ ᠲᠦᠰᠢᠵᠦ ᠠᠮᠢᠳᠤᠷᠠᠭᠰᠠᠭᠠᠷ ᠢᠷᠡᠭᠰᠡᠨ ᠶᠤᠮ᠃            ᠬᠤᠤ ᠵᠢᠶᠦ᠋ᠨ ᠯᠢᠶᠠᠩ ᠤᠨ ᠡᠪᠦᠭᠡ ᠨᠢ ᠣᠩᠭᠤᠴᠠᠨ ᠤ ᠠᠵᠢᠯᠴᠢᠨ ᠪᠣᠯᠵᠤ ᠥᠩᠭᠡᠷᠡᠵᠡᠢ᠃ ᠵᠢᠯ ᠪᠣᠯᠭᠠᠨ ᠬᠠᠲᠤᠨ ᠭᠤᠣᠯ ᠭᠡᠰᠬᠦ ᠪᠠᠷ ᠣᠩᠭᠤᠴᠠᠨ ᠤ ᠠᠵᠢᠯᠴᠢᠳ ᠠᠷᠭᠠᠮᠵᠢ ᠶᠢᠨ ᠳᠡᠭᠡᠰᠦ ᠪᠠᠨ ᠮᠥᠷᠥᠪᠴᠢᠯᠡᠨ ᠡᠭᠦᠷᠴᠦ᠂ ᠬᠦᠨᠳᠦ ᠨᠦᠰᠡᠷ ᠪᠠᠷᠠᠭᠠᠨ ᠤ ᠣᠩᠭᠤᠴᠠ ᠶᠢ ᠴᠢᠷᠦᠨ ᠬᠡᠪᠲᠡᠭᠡ ᠦᠬᠡᠷ ᠤᠨ ᠲᠣᠬᠤᠢ ᠪᠠᠷ ᠤᠷᠤᠰᠬᠠᠯ ᠥᠭᠰᠥᠨ ᠶᠠᠪᠤᠵᠤ᠂ ᠪᠠᠷᠠᠭ᠎ᠠ ᠪᠠᠨ ᠨᠢᠩᠰᠢᠶᠠ ᠶᠢᠨ ᠦ᠋ ᠵᠦᠩ ᠳᠤ ᠬᠦᠷᠭᠡᠭᠰᠡᠨ ᠬᠤᠶᠢᠨ᠎ᠠ ᠳᠠᠭᠢᠨ ᠣᠩᠭᠤᠴᠠᠨ ᠳᠠᠭᠠᠨ ᠪᠠᠷᠠᠭ᠎ᠠ ᠲᠡᠭᠡᠭᠡᠪᠦᠷᠢᠯᠡᠨ ᠤᠷᠤᠰᠬᠠᠯ ᠲᠠᠭᠠᠨ ᠶᠠᠪᠤᠵᠤ ᠬᠡᠪᠲᠡᠭᠡ ᠦᠬᠡᠷ ᠤᠨ ᠲᠣᠬᠤᠢ ᠳᠠᠭᠠᠨ ᠪᠤᠴᠠᠳᠠᠭ᠃ ᠢᠩᠭᠢᠵᠦ ᠨᠢᠭᠡ ᠤᠳᠠᠭ᠎ᠠ ᠵᠣᠷᠴᠢᠬᠤ ᠳᠤ ᠰᠠᠷ᠎ᠠ ᠭᠠᠷᠤᠢ ᠶᠢᠨ ᠴᠠᠭ ᠬᠡᠷᠡᠭᠰᠡᠵᠦ ᠪᠠᠶᠢᠭᠰᠠᠨ ᠭᠡᠨ᠎ᠡ᠃            ᠬᠤᠤ ᠵᠢᠶᠦ᠋ᠨ ᠯᠢᠶᠠᠩ ᠤᠨ ᠠᠪᠤ ᠨᠢ ᠪᠠᠰᠠ ᠬᠠᠲᠤᠨ ᠭᠤᠣᠯ ᠤᠨ ᠬᠥᠪᠡᠭᠡᠨ ᠳᠤ ᠵᠢᠭᠠᠰᠤ ᠠᠩᠨᠠᠨ᠂ ᠭᠡᠷ ᠎ ᠤᠨ ᠵᠠᠷᠤᠳᠠᠯ ᠢᠶᠠᠨ ᠨᠥᠬᠦᠪᠦᠷᠢᠯᠡᠵᠦ ᠪᠠᠶᠢᠵᠠᠢ᠃ ᠡᠳᠦᠭᠡ ᠬᠤᠤ ᠵᠢᠶᠦ᠋ᠨ ᠯᠢᠶᠠᠩ ᠬᠠᠲᠤᠨ ᠭᠤᠣᠯ ᠤᠨ ᠬᠥᠪᠡᠭᠡᠨ ᠎ ᠳᠤ ᠬᠡᠳᠦᠨ ᠲᠠᠰᠤᠯᠭ᠎ᠠ ᠪᠠᠶᠢᠰᠢᠩ ᠪᠠᠷᠢᠭᠠᠳ ᠰᠠᠭᠤᠵᠤ ᠪᠠᠶᠢᠨ᠎ᠠ᠃ ︽ᠠᠯᠢ ᠣᠯᠠᠨ ᠵᠢᠭᠤᠯᠴᠢᠯᠠᠭᠴᠢ ᠴᠥᠮ ᠰᠢᠨ᠎ᠡ ᠰᠣᠷᠭᠤᠭ ᠵᠢᠭᠠᠰᠤ ᠢᠳᠡᠶ᠎ᠡ ᠭᠡᠵᠦ ᠪᠤᠳᠣᠳᠠᠭ᠂ ᠲᠡᠭᠡᠭᠦᠯᠡᠷ ᠪᠢ ᠰᠠᠶ᠋ᠢᠬᠠᠨ ᠠᠩᠨᠠᠭᠰᠠᠨ ᠬᠠᠲᠤᠨ ᠭᠤᠣᠯ ᠤᠨ ᠵᠢᠭᠠᠰᠤ ᠪᠠᠨ ᠴᠢᠨᠠᠴᠢᠬᠠᠪᠠᠯ ᠪᠠᠰᠠ ᠪᠠᠭ᠎ᠠ ᠦᠭᠡᠢ ᠤᠷᠤᠯᠭ᠎ᠠ ᠲᠠᠢ︾ ᠭᠡᠵᠦ ᠲᠡᠷᠡ ᠬᠡᠯᠡᠨ᠎ᠡ᠃            ᠦᠶ᠎ᠡ ᠦᠶ᠎ᠡ ᠶᠢᠨ ᠴᠢᠩ ᠱᠦᠢ ᠾᠧ ᠰᠢᠶᠠᠨ ᠤ ᠬᠥᠮᠥᠰ ᠬᠠᠲᠤᠨ ᠭᠤᠣᠯ ᠢ ᠲᠦᠰᠢᠨ ᠠᠮᠢᠳᠤᠷᠠᠵᠤ᠂ ᠴᠢᠩ ᠱᠦᠢ ᠾᠧ ᠶᠢᠨ ᠬᠥᠪᠡᠭᠦᠳ ᠥᠬᠢᠳ ᠡᠨᠡ ᠬᠦ ᠡᠵᠢ ᠭᠤᠣᠯ ᠳᠠᠭᠠᠨ ᠬᠢᠵᠠᠭᠠᠯᠠᠰᠢ ᠦᠭᠡᠢ ᠬᠠᠶᠢᠷᠠᠲᠠᠢ ᠪᠢᠯᠡ᠃ 85 ᠨᠠᠰᠤᠲᠠᠢ ᠵᠠᠩ ᠰᠢᠤᠸᠠᠨ ᠨᠠᠰᠤᠲᠠᠨ ᠪᠣᠯ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠰ ᠎ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠤᠯᠬᠤ ᠴᠢᠩ ᠱᠦᠢ ᠾᠧ ᠰᠢᠶᠠᠨ ᠤ ᠾᠧ ᠹᠠᠨ ᠭᠧᠦ ᠶᠢᠨ ᠱᠠᠭᠠᠵᠠᠩ ᠤᠷᠠᠯᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠣᠯᠣᠨ᠎ᠠ᠃ ᠨᠠᠰᠤᠲᠠᠨ ᠬᠠᠲᠤᠨ ᠭᠤᠣᠯ ᠎ ᠳᠤ ᠰᠠᠯᠤᠰᠢ ᠦᠭᠡᠢ ᠬᠠᠶᠢᠷ᠎ᠠ ᠰᠡᠳᠬᠢᠯᠭᠡ ᠲᠠᠢ ᠶᠤᠮ᠃            ᠴᠢᠩ ᠱᠦᠢ ᠾᠧ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠰᠢᠩ ᠶᠦᠩ ᠱᠧᠩ ᠤᠨ ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠼᠧᠵᠧᠤ ᠶᠢᠨ ᠱᠠᠭᠠᠵᠠᠩ ᠤᠨ ᠲᠦᠷᠦᠯ ᠳᠤ ᠪᠠᠭᠲᠠᠬᠤ ᠴᠢᠩ ᠱᠦᠢ ᠾᠧ ᠶᠢᠨ ᠱᠠᠭᠠᠵᠠᠩ ᠤᠨ ᠦᠢᠯᠡᠳᠪᠦᠷᠢᠯᠡᠯ ᠨᠢ ᠨᠠᠭᠠᠲᠤ ᠵᠠᠬ᠎ᠠ ᠳᠠᠭᠠᠨ 800 ᠵᠢᠯ ᠤᠨ ᠲᠡᠦᠬᠡ ᠲᠠᠢ ᠪᠣᠯᠵᠠᠢ᠃ ᠲᠡᠭᠦᠨ ᠤ ᠴᠢᠬᠤᠯᠠ ᠲᠦᠭᠦᠬᠡᠢ ᠮᠠᠲ᠋ᠧᠷᠢᠶᠠᠯ ᠨᠢ ᠳᠠᠷᠤᠢ ᠬᠡᠪᠲᠡᠭᠡ ᠦᠬᠡᠷ ᠤᠨ ᠲᠣᠬᠤᠢ ᠎ ᠶᠢᠨ ᠬᠠᠲᠤᠨ ᠭᠤᠣᠯ ᠤᠨ ᠶᠡᠭᠡ ᠬᠠᠪᠴᠢᠯ ᠠᠴᠠ ᠳᠡᠮᠡᠢ ᠬᠤᠯᠠ ᠦᠭᠡᠢ ᠶᠣᠣ ᠭᠧᠦ ᠰᠢᠶᠠᠩ ᠤᠨ ᠾᠧᠢ ᠹᠠᠨ ᠭᠧᠦ ᠎ ᠠᠴᠠ ᠢᠷᠡᠯᠲᠡ ᠲᠠᠢ ᠶᠤᠮ᠃             ︽ᠾᠧᠢ ᠹᠠᠨ ᠭᠧᠦ ᠳᠤ ᠬᠠᠷ᠎ᠠ ᠪᠠᠶᠢᠪᠠᠩ ᠲᠠᠢ᠂ ᠪᠠᠰᠠ ᠣᠯᠠᠨ᠎ᠠ ᠠᠯᠳᠠᠷᠰᠢᠭᠰᠠᠨ ᠬᠤᠸᠠᠷᠲᠠᠢ ᠳᠠᠪᠠᠭ ᠲᠠᠢ ᠶᠤᠮ᠃ ᠰᠣᠷᠣᠭᠤᠯ ᠪᠤᠮᠪᠠ ᠲᠤᠰᠤᠨ ᠳ᠋ᠧᠩ᠂ ᠬᠤᠸᠠᠷᠲᠠᠢ ᠠᠶᠠᠭ᠎ᠠ᠂ ᠫᠢᠯᠠ ᠲᠠᠪᠠᠭ᠂ ᠢᠰᠭᠡᠭᠰᠡᠨ ᠪᠤᠳᠠᠭ᠎ᠠ ᠶᠢᠨ ᠪᠤᠳᠤᠩ᠂ ᠠᠷᠢᠬᠢᠨ ᠬᠤᠨᠳᠠᠭ᠎ᠠ᠂ ᠱᠠᠭᠠᠵᠠᠩ ᠲᠤᠭᠤᠰᠭ᠋᠎ᠠ᠂ ᠲᠡᠭᠡᠷᠮ᠎ᠡ ᠶᠢᠨ ᠲᠣᠰᠬᠤᠭᠤᠷ ᠁︾ ᠭᠡᠬᠦᠴᠢᠯᠡᠨ ᠴᠢᠩ ᠱᠦᠢ ᠾᠧ ᠰᠢᠶᠠᠨ ᠢᠶᠠᠷ ᠳᠡᠯᠭᠡᠷᠡᠬᠦ ᠴᠠᠷᠭᠢᠯ ᠬᠤᠯᠪᠤᠭ᠎ᠠ ᠨᠢ ᠾᠧᠢ ᠹᠠᠨ ᠭᠧᠦ ᠳᠤ ᠸᠠᠭᠠᠷ ᠱᠠᠭᠠᠵᠠᠩ ᠤᠨ ᠵᠦᠢᠯ ᠡᠯᠪᠡᠭ ᠭᠠᠷᠳᠠᠭ ᠪᠠᠶᠢᠭᠰᠠᠨ ᠢ ᠬᠠᠷᠠᠭᠤᠯᠤᠨ᠎ᠠ᠃            ᠸᠠᠭᠠᠷ ᠱᠠᠭᠠᠵᠠᠩ ᠤᠨ ᠪᠦᠲᠦᠭᠡᠭᠳᠡᠬᠦᠨ ᠨᠢ ᠬᠠᠳᠤᠨ ᠭᠤᠣᠯ ᠤᠨ ᠣᠯᠣᠮ ᠢᠶᠠᠷ ᠳᠠᠮᠵᠢᠨ ᠪᠦᠭᠦ ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠭᠳᠡᠨ᠎ᠡ᠃ 20 ᠳ᠋ᠤᠭᠠᠷ ᠵᠠᠭᠤᠨ ᠤ ᠨᠠᠶᠠ ᠶᠡᠷᠡᠭᠡᠳ ᠣᠨ ᠤ ᠦᠶ᠎ᠡ ᠳᠤ᠂ ᠵᠠᠩ ᠰᠢᠤᠸᠠᠨ ᠭᠤᠸᠠᠢ ᠴᠢᠩ ᠱᠦᠢ ᠾᠧ ᠰᠢᠶᠠᠨ ᠤ ᠪᠠᠷᠢᠯᠭ᠎ᠠ ᠶᠢᠨ ᠸᠠᠭᠠᠷ ᠱᠠᠭᠠᠵᠠᠩ ᠤᠨ ᠦᠢᠯᠡᠳᠪᠦᠷᠢ ᠶᠢᠨ ᠳᠠᠷᠤᠭ᠎ᠠ ᠪᠠᠶᠢᠪᠠ᠂ ᠡᠨᠡ ᠬᠤᠭᠤᠴᠠᠭᠠᠨ ᠳᠤ ᠦᠢᠯᠡᠳᠪᠦᠷᠢᠯᠡᠭᠰᠡᠨ ᠱᠠᠭᠠᠵᠠᠩ ᠲᠣᠭᠤᠰᠭ᠋᠎ᠠ ᠨᠢ ᠪᠡᠭᠡᠵᠢᠩ ᠤᠨ ︽ᠠᠽᠢᠶ᠎ᠠ ᠶᠢᠨ ᠲᠠᠮᠢᠷ ᠤᠨ ᠴᠤᠭᠯᠠᠭᠠᠨ ᠤ ᠲᠣᠰᠬᠤᠨ︾᠎ ᠳᠤ ᠬᠡᠷᠡᠭᠯᠡᠭᠳᠡᠭᠰᠡᠨ ᠪᠥᠭᠡᠳ ᠶᠠᠫᠤᠨ᠂ ᠺᠤᠷᠢᠶᠠ ᠳᠤ ᠭᠠᠷᠭᠠᠵᠤ᠂ ᠴᠢᠩ ᠱᠦᠢ ᠾᠧ ᠰᠢᠶᠠᠨ ᠳᠤ ᠪᠠᠭ᠎ᠠ ᠪᠤᠰᠤ ᠤᠷᠤᠯᠭ᠎ᠠ ᠡᠭᠦᠳᠴᠦ ᠥᠭᠭᠦᠭᠰᠡᠨ ᠪᠢᠯᠡ᠃            ᠴᠠᠭ ᠮᠥᠴᠡ ᠥᠩᠭᠡᠷᠡᠨ ᠣᠳᠴᠤ᠂ ᠣᠨ ᠰᠠᠷ᠎ᠠ ᠤᠯᠠᠷᠢᠨ ᠬᠤᠪᠢᠷᠠᠨ᠎ᠠ᠃ ᠪᠣᠯᠣᠷ ᠲᠤᠩᠭᠠᠯᠠᠭ ᠶᠠᠰᠤᠨ ᠱᠠᠭᠠᠵᠠᠩ᠂ ᠴᠡᠪᠡᠷ ᠲᠤᠩᠭᠠᠯᠠᠭ ᠬᠠᠰ ᠱᠠᠭᠠᠵᠠᠩ᠂ ᠥᠩᠭᠡ ᠢᠯᠭᠠᠷᠠᠭᠰᠠᠨ ᠥᠩᠭᠡᠲᠦ ᠱᠠᠭᠠᠵᠠᠩ ᠵᠢᠴᠢ ᠨᠢᠭᠡ ᠪᠦᠯᠦᠭ ᠬᠥᠩᠭᠡᠨ ᠰᠦᠯᠢᠶᠥᠦ ᠡᠳ᠋ᠯᠡᠯ ᠨᠢ ᠾᠧᠢ ᠹᠠᠨ ᠭᠧᠦ ᠶᠢᠨ ᠦᠢᠯᠡᠳᠪᠦᠷᠢᠯᠡᠭᠰᠡᠨ ᠬᠦᠳᠡᠷ ᠵᠤᠵᠠᠭᠠᠨ᠂ ᠪᠥᠬᠡᠯᠢᠭ ᠳᠠᠭᠠᠭᠠᠴᠠᠲᠠᠢ ᠠᠶᠠᠭ᠎ᠠ ᠫᠢᠯᠠ᠂ ᠪᠤᠳᠤᠩ᠂ ᠭᠠᠩ ᠰᠠᠪᠠ ᠶᠢ ᠣᠷᠣᠯᠠᠭᠰᠠᠨ ᠢ ᠦᠵᠡᠭᠡᠳ ᠵᠠᠩ ᠰᠢᠤᠸᠠᠨ ᠵᠢᠭᠠᠬᠠᠨ ᠵᠣᠪᠠᠵᠠᠢ᠃            ᠥᠲᠡᠯᠦᠭᠡ ᠨᠠᠰᠤᠨ ᠳᠠᠭᠠᠨ ᠭᠦᠷᠦᠭᠰᠡᠨ ᠵᠠᠩ ᠰᠢᠤᠸᠠᠨ ᠳᠤ ᠨᠢᠭᠡᠨ ᠬᠦᠰᠡᠯ ᠪᠤᠢ᠂ ᠲᠡᠷᠡ ᠨᠢ ᠾᠧᠢ ᠹᠠᠨ ᠭᠧᠦ ᠶᠢᠨ ᠱᠠᠭᠠᠵᠠᠩ ᠬᠢᠬᠦ ᠤᠷ᠎ᠠ ᠮᠡᠷᠭᠡᠵᠢᠯ ᠢ ᠴᠢᠨᠠᠭᠰᠢᠳᠠ ᠤᠯᠠᠮᠵᠢᠯᠠᠨ ᠵᠠᠯᠭᠠᠮᠵᠢᠯᠠᠨ᠎ᠠ᠃ ᠨᠠᠰᠤᠲᠠᠨ 2017 ᠣᠨ ᠳᠤ ᠬᠤᠪᠢ ᠶᠢᠨ ᠪᠣᠯᠪᠠᠰᠤᠷᠠᠯ ᠤᠨ ᠭᠠᠵᠠᠷ ᠪᠠᠶᠢᠭᠤᠯᠬᠤ ᠶᠢᠨ ᠬᠠᠮᠲᠤ 11 ᠱᠠᠪᠢ ᠠᠪᠴᠤ ᠤᠷᠳᠤ ᠬᠤᠭᠤᠴᠠᠭ᠎ᠠ ᠪᠠᠷ ᠰᠦᠢᠳᠬᠡᠯ ᠬᠤᠷᠢᠶᠠᠬᠤ ᠦᠭᠡᠢ ᠵᠢᠭᠠᠨ ᠰᠤᠷᠭᠠᠪᠠ᠂ ︽ᠾᠧᠢ ᠹᠠᠨ ᠭᠧᠦ ᠶᠢᠨ ᠱᠠᠭᠠᠵᠠᠩ ᠤᠷᠠᠯᠠᠯ ᠪᠣᠯ ᠴᠢᠩ ᠱᠦᠢ ᠾᠧ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠮᠥᠨ᠂ ᠪᠢ ᠲᠡᠭᠦᠨ ᠢ ᠤᠯᠠᠮᠵᠢᠯᠠᠨ ᠪᠠᠳᠠᠷᠠᠭᠤᠯᠬᠤ ᠪᠠᠷ ᠴᠢᠷᠮᠠᠶᠢᠨ᠎ᠠ︾ ᠭᠡᠵᠦ ᠲᠡᠷᠡ ᠬᠡᠯᠡᠨ᠎ᠡ᠃            ᠬᠥᠮᠥᠰ ᠬᠠᠲᠤᠨ ᠭᠤᠣᠯ ᠢ ᠲᠦᠰᠢᠨ ᠠᠮᠢᠳᠤᠷᠠᠨ ᠣᠷᠣᠰᠢᠵᠤ᠂ ᠬᠠᠲᠤᠨ ᠭᠤᠣᠯ ᠤᠨ ᠰᠣᠶᠣᠯ ᠠᠬᠢᠭᠠᠳ ᠬᠥᠮᠥᠰ ᠢ ᠨᠥᠯᠥᠭᠡᠯᠡᠨ᠎ᠡ᠃            ᠸᠠᠩ ᠳ᠋ᠡ ᠹᠠᠩ᠄ ︽ᠬᠠᠲᠤᠨ ᠭᠤᠣᠯ ᠢ ᠰᠠᠬᠢᠨ ᠬᠠᠮᠠᠭᠠᠯᠠᠬᠤ ᠪᠣᠯ ᠬᠥᠮᠥᠨ ᠪᠦᠭᠦᠨ ᠤ ᠬᠠᠷᠢᠭᠤᠴᠠᠯᠭ᠎ᠠ ᠮᠥᠨ᠃ ᠴᠢᠩ ᠱᠦᠢ ᠾᠧ ᠶᠢᠨ ᠬᠡᠪᠲᠡᠭᠡ ᠦᠬᠡᠷ ᠤᠨ ᠲᠣᠬᠤᠢ ᠶᠢᠨ ᠣᠷᠴᠢᠮ ᠢᠶᠠᠷ ᠤᠷᠳᠤ ᠴᠠᠭᠠᠨ ᠬᠡᠷᠡᠮ ᠪᠣᠯᠣᠨ ᠬᠠᠳᠤᠨ ᠭᠤᠣᠯ ᠭᠠᠷ ᠠᠳᠬᠤᠨ ᠵᠤᠯᠭᠠᠯᠴᠠᠬᠰᠠᠨ ᠪᠣᠯᠬᠤᠷ ᠬᠠᠮᠢᠶ᠎ᠠ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠬᠠᠮᠠᠭᠠᠯᠠᠬᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠵᠢᠴᠢ ᠬᠤᠯᠪᠣᠭᠳᠠᠯ ᠪᠦᠬᠦᠢ ᠰᠣᠶᠣᠯ ᠤᠨ ᠥᠪ ᠢ ᠰᠠᠶᠢᠲᠤᠷ ᠬᠠᠮᠠᠭᠠᠯᠠᠬᠤ ᠬᠡᠷᠡᠭᠲᠡᠢ᠃ ᠪᠢᠳᠡ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠡᠷᠬᠡᠪᠰᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢᠨ ᠦᠶ᠎ᠡ ᠤᠯᠠᠷᠢᠨ ᠣᠷᠣᠰᠢᠨ ᠲᠣᠭᠲᠠᠨᠢᠬᠤ ᠦᠨᠳᠦᠰᠦ ᠰᠤᠷᠪᠤᠯᠵᠢ ᠶᠢ ᠰᠠᠶᠢᠲᠤᠷ ᠬᠠᠮᠠᠭᠠᠯᠠᠬᠤ ᠬᠡᠷᠡᠭᠲᠡᠢ︾ ᠭᠡᠵᠦ ᠤᠴᠢᠷᠯᠠᠨ᠎ᠠ᠃            ᠰᠣᠶᠣᠯ ᠤᠨ ᠥᠪ ᠲᠤ ᠰᠢᠨ᠎ᠡ ᠭᠦᠭ ᠠᠶᠠᠰ ᠨᠡᠮᠡᠷᠢᠯᠡᠨ᠎ᠡ                        ᠳᠠᠪᠠᠯᠭᠠᠯᠠᠨ ᠤᠷᠤᠰᠬᠤ ᠬᠠᠲᠤᠨ ᠭᠤᠣᠯ᠂ ᠡᠷᠲᠡᠨ ᠤ ᠤᠷᠳᠤ ᠴᠠᠭᠠᠨ ᠬᠡᠷᠡᠮ ᠨᠢ ᠴᠢᠩ ᠱᠦᠢ ᠾᠧ ᠶᠢᠨ ᠠᠷᠠᠳ ᠲᠦᠮᠡᠨ ᠤ ᠪᠠᠭᠲᠠᠭᠠᠮᠵᠢᠲᠠᠢ᠂ ᠣᠮᠤᠭ ᠲᠡᠭᠦᠯᠳᠡᠷ᠂ ᠡᠷᠡᠰ ᠬᠠᠳᠠᠨ ᠵᠠᠩ ᠴᠢᠨᠠᠷ ᠢ ᠪᠤᠢ ᠪᠤᠯᠭᠠᠵᠤ᠂ ᠨᠡᠭᠡᠭᠡᠯᠲᠡᠲᠤ᠂ ᠠᠭᠤᠳᠠᠮᠴᠢ᠂ ᠥᠭᠡᠳᠡᠷᠬᠡᠭ ᠪᠠᠶᠠᠰᠤᠩᠭᠤᠢ ᠰᠣᠶᠣᠯ ᠤᠨ ᠵᠠᠩ ᠴᠢᠨᠠᠷ ᠢ ᠠᠭᠤᠰᠬᠠᠨ ᠪᠦᠷᠢᠯᠳᠦᠭᠦᠯᠵᠡᠢ᠃             ︽ᠳᠠᠪᠠᠯᠭᠠᠯᠠᠨ ᠤᠷᠤᠰᠬᠤ ᠤᠷᠳᠤ ᠭᠤᠣᠯ ᠥᠨᠢ ᠡᠷᠲᠡᠨ ᠤ ᠲᠡᠦᠬᠡ ᠶᠢ ᠥᠭᠦᠯᠡᠵᠦ᠂ ᠰᠦᠨᠳᠡᠷᠯᠡᠨ ᠬᠠᠷᠠᠭᠳᠠᠬᠤ ᠤᠷᠳᠤ ᠴᠠᠭᠠᠨ ᠬᠡᠷᠡᠮ ᠣᠷᠤᠭ᠎ᠠ ᠪᠤᠰᠬᠠᠭ᠎ᠠ ᠴᠠᠭ ᠦᠶ᠎ᠡ ᠶᠢ ᠬᠦᠦᠷᠨᠢᠨ᠎ᠡ ᠁︾᠃ ᠴᠢᠩ ᠱᠦᠢ ᠾᠧ ᠰᠢᠶᠠᠨ ᠤ ᠤᠯᠠᠭᠠᠨᠮᠥ᠋ᠴᠢᠷ ᠲᠤ᠂ ᠠᠩᠭᠢ ᠶᠢᠨ ᠳᠠᠷᠤᠭ᠎ᠠ ᠺᠠᠩ ᠶᠤᠸᠠᠢ ᠯᠢᠶᠠᠨ ᠶᠠᠭ ᠠᠩᠭᠢ ᠶᠢᠨ ᠭᠡᠰᠢᠭᠦᠳ ᠎ ᠲᠠᠢ ᠪᠠᠨ ︽ᠴᠢᠩ ᠱᠦᠢ ᠾᠧ ᠦᠵᠡᠰᠬᠦᠯᠡᠩᠲᠦ ᠰᠠᠶᠢᠬᠠᠨ ᠨᠤᠲᠤᠭ ᠮᠢᠨᠢ︾ ᠭᠡᠬᠦ ᠳᠠᠭᠤᠤ ᠶᠢ ᠪᠣᠯᠪᠠᠰᠤᠷᠠᠵᠤ ᠪᠠᠶᠢᠯ᠎ᠠ᠃ ︽ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠮᠠᠭᠲᠠᠨ ᠳᠠᠭᠤᠯᠠᠬᠤ ᠪᠣᠯ ᠮᠠᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ︾ ᠭᠡᠵᠦ ᠲᠡᠷᠡ ᠬᠡᠯᠡᠨ᠎ᠡ᠃            ᠬᠠᠪᠤᠷ ᠤᠨ ᠬᠤᠭᠤᠰ ᠤᠨ ᠦᠶᠡᠰ ᠢᠶᠠᠷ᠂ ᠴᠢᠩ ᠱᠦᠢ ᠾᠧ ᠰᠢᠶᠠᠨ ᠤ ᠬᠡᠪᠲᠡᠭᠡ ᠦᠬᠡᠷ ᠤᠨ ᠲᠣᠬᠤᠢ ᠎ ᠶᠢᠨ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠯᠢ ᠸᠧᠨ ᠴᠢᠩ ᠶᠠᠭ ᠸᠧᠨ ᠴᠢᠩ ᠬᠥᠳᠡᠭᠡ ᠠᠶᠢᠯ ᠤᠨ ᠵᠢᠭᠤᠯᠴᠢᠯᠠᠯ ᠤᠨ ᠭᠠᠵᠠᠷ ᠢᠶᠠᠨ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ ᠪᠠᠶᠢᠪᠠ᠃ ᠵᠢᠭᠤᠯᠴᠢᠯᠠᠯ ᠤᠨ ᠣᠷᠣᠨ ᠤ ᠬᠢᠨ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠎ ᠪᠠᠷ ᠴᠢᠷᠮᠠᠶᠢᠵᠤ ᠪᠠᠶᠢᠬᠤ ᠶᠢ ᠰᠣᠨᠣᠰᠤᠭᠠᠳ ᠯᠢ ᠸᠧᠨ ᠴᠢᠩ ᠳᠠᠭᠢᠨ 6 ᠲᠦᠮᠡ ᠭᠠᠷᠤᠢ ᠲᠥᠭᠦᠷᠢᠭ ᠤᠨ ᠪᠡᠯᠡ ᠣᠷᠣᠭᠤᠯᠬᠤ ᠪᠠᠷ ᠰᠢᠢᠳᠴᠡᠢ᠃ ︽ᠮᠠᠨ ᠤ ᠬᠢ ᠪᠣᠯ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠦᠨᠡᠯᠡᠨ ᠲᠣᠭᠲᠠᠭᠠᠭᠰᠠᠨ 5 ᠤᠳᠤᠨ ᠳᠡᠰ ᠤᠨ ᠬᠥᠳᠡᠭᠡ ᠠᠶᠢᠯ ᠤᠨ ᠵᠢᠭᠤᠯᠴᠢᠯᠠᠯ ᠤᠨ ᠭᠠᠵᠠᠷ ᠪᠣᠯᠣᠨ᠎ᠠ᠂ ᠪᠢᠳᠡ ᠵᠢᠭᠤᠯᠴᠢᠯᠠᠬᠰᠠᠳ ᠲᠤ ᠨᠡᠩ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ ᠶᠤᠮ︾ ᠭᠡᠵᠦ ᠲᠡᠷᠡ ᠬᠡᠯᠡᠨ᠎ᠡ᠃            ᠴᠢᠩ ᠱᠦᠢ ᠾᠧ ᠶᠢᠨ ᠨᠡᠷ᠎ᠡ ᠠᠯᠳᠠᠷᠲᠠᠢ ᠦᠵᠡᠮᠵᠢ ᠶᠢᠨ ᠣᠷᠣᠨ ᠳᠤ ᠪᠠᠰᠠ ᠦᠬᠡᠷ ᠬᠥᠲᠥᠯ ᠭᠡᠵᠦ ᠪᠤᠢ᠃ ᠡᠨᠡ ᠨᠢ ᠬᠤᠪᠢᠰᠬᠠᠯᠲᠤ ᠰᠣᠶᠣᠯ ᠤᠨ ᠵᠢᠭᠤᠯᠴᠢᠯᠠᠯ ᠤᠨ ᠣᠷᠣᠨ ᠪᠤᠯᠬᠤ ᠪᠥᠭᠡᠳ ᠤᠯᠤᠰ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠣᠨ᠎ᠠ᠃ 1937 ᠣᠨ ᠤ 10 ᠰᠠᠷ᠎ᠠ ᠳᠤ᠂ ᠠᠳᠡ ᠨᠢᠭᠤᠴᠠ ᠪᠠᠷ ᠪᠠᠶᠢᠭᠤᠯᠤᠭᠳᠠᠭᠰᠠᠨ ᠨᠠᠮ ᠤᠨ ᠡᠭᠦᠷ ᠪᠣᠯ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ ᠥᠪᠥᠷ ᠮᠣᠩᠭᠤᠯ ᠤᠨ ᠬᠢᠨ ᠎ ᠤ ᠥᠪᠥᠷ ᠮᠣᠩᠭᠤᠯ ᠱᠠᠨ ᠰᠢ ᠶᠢᠨ ᠠᠭᠤᠯᠵᠠᠷ ᠤᠨ ᠣᠷᠣᠨ ᠳᠤ ᠪᠠᠶᠢᠭᠤᠯᠤᠭᠰᠠᠨ ᠬᠠᠮᠤᠭ ᠤᠨ ᠡᠷᠲᠡᠨ ᠤ ᠬᠥᠳᠡᠭᠡ ᠲᠣᠰᠬᠤᠨ ᠤ ᠨᠠᠮ ᠤᠨ ᠡᠭᠦᠷ ᠪᠣᠯᠣᠨ᠎ᠠ᠃ ᠡᠨᠡ ᠭᠠᠵᠠᠷ ᠨᠢ ᠮᠥᠨ ᠴᠦ ᠬᠤᠪᠢᠰᠬᠠᠯ ᠤᠨ ᠭᠤᠯᠣᠮᠲᠠ ᠶᠠᠨ ᠠᠨ ᠎ ᠠᠴᠠ ᠡᠪ ᠬᠠᠮᠲᠤ ᠶᠢᠨ ᠢᠨᠲ᠋ᠧᠷᠨᠠᠼᠢᠣᠨᠠᠯ ᠳᠤ ᠨᠡᠪᠲᠡᠷᠡᠬᠦ ᠴᠢᠬᠤᠯᠠ ᠵᠠᠮ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠪᠣᠯᠣᠨ ᠱᠠᠨ ᠰᠢ ᠰᠦᠢᠶᠤᠸᠠᠨ ᠤ ᠬᠢᠵᠠᠭᠠᠷ ᠣᠷᠣᠨ ᠤ ᠬᠤᠪᠢᠰᠬᠠᠯᠲᠤ ᠵᠠᠰᠠᠭ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠱᠠᠨ ᠰᠢ ᠰᠦᠢᠶᠤᠸᠠᠨ ᠤ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠪᠠ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠬᠤᠯᠪᠣᠭᠰᠠᠨ ᠴᠢᠬᠤᠯᠠ ᠵᠠᠩᠭᠢᠯᠠᠭ᠎ᠠ ᠶᠢᠨ ᠴᠡᠭ ᠤᠨ ᠨᠢᠭᠡ ᠮᠥᠨ᠃            ᠬᠡᠪᠲᠡᠭᠡ ᠦᠬᠡᠷ ᠤᠨ ᠲᠣᠬᠤᠢ ᠪᠣᠯᠣᠨ ᠦᠬᠡᠷ ᠬᠥᠲᠥᠯ ᠢ ︽ᠥᠪ +︾᠎ ᠶᠢᠨ ᠵᠠᠮ ᠬᠠᠶᠢᠭᠴᠢ ᠭᠡᠪᠡᠯ᠂ ᠮᠢᠩ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠴᠡᠴᠡᠷᠯᠢᠭ ᠢ ᠪᠦᠲᠦᠭᠡᠨ ᠪᠠᠶᠢᠭᠤᠯᠬᠤ ᠨᠢ ᠴᠢᠩ ᠱᠦᠢ ᠾᠧ ᠰᠢᠶᠠᠨ ᠤ ᠰᠣᠶᠣᠯ ᠤᠨ ᠪᠠᠶᠢᠭᠤᠯᠤᠯᠲᠠ ᠶᠢᠨ ᠲᠣᠮᠣ ᠠᠵᠢᠯᠯᠠᠭ᠎ᠠ ᠪᠣᠯᠤᠭᠰᠠᠨ ᠨᠢ ᠳᠠᠮᠵᠢᠭ ᠦᠭᠡᠢ᠃            2019 ᠣᠨ ᠤ 7 ᠰᠠᠷ᠎ᠠ ᠶᠢᠨ 24᠎ ᠤ ᠡᠳᠦᠷ᠂ ᠤᠯᠤᠰ ᠠᠴᠠ ︽ᠣᠷᠳᠣ ᠴᠠᠭᠠᠨ ᠬᠡᠷᠡᠮ᠂ ᠶᠡᠭᠡ ᠲᠠᠲᠠᠮᠠᠯ ᠭᠤᠣᠯ᠂ ᠣᠷᠳᠣ ᠵᠠᠮ ᠤᠨ ᠠᠶᠠᠨ ᠲᠡᠶᠢᠨ ᠤ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾᠎ ᠢ ᠨᠡᠶᠢᠲᠡᠯᠡᠵᠦ᠂ ᠳᠤᠮᠳᠠᠳᠤ ᠶᠢᠨ ᠰᠣᠶᠣᠯ ᠤᠨ ᠴᠢᠬᠤᠯᠠ ᠪᠡᠯᠭᠡ ᠲᠡᠮᠳᠡᠭ ᠢ ᠲᠥᠪᠯᠡᠷᠡᠭᠦᠯᠦᠨ ᠴᠣᠭᠴᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠦᠭᠡ ᠬᠡᠯᠡᠭᠦᠯᠬᠦ᠂ ᠲᠡᠦᠬᠡ ᠪᠠᠷ ᠦᠭᠡ ᠬᠡᠯᠡᠭᠦᠯᠬᠦ᠂ ᠰᠣᠶᠣᠯ ᠢᠶᠠᠷ ᠦᠭᠡ ᠬᠡᠯᠡᠭᠦᠯᠬᠦ ᠬᠠᠷᠠᠯᠲᠠ ᠶᠢ ᠳᠤᠷᠠᠳᠤᠭᠰᠠᠨ ᠤ ᠳᠠᠷᠠᠭ᠎ᠠ᠂ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠴᠢᠩ ᠱᠦᠢ ᠾᠧ ᠰᠢᠶᠠᠨ ᠤ ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ ᠰᠢᠶᠣᠣ ᠶᠤᠸᠠᠨ ᠮᠣᠣ ᠶᠢᠨ ᠬᠡᠰᠡᠭ ᠤᠨ ᠲᠥᠷᠥᠯ ᠵᠦᠢᠯ ᠨᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠣᠶᠣᠯ ᠢ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠲᠥᠷᠥᠯ ᠵᠦᠢᠯ ᠤᠨ ᠨᠥᠭᠡᠴᠡ ᠬᠥᠮᠥᠷᠭᠡ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠴᠢᠬᠤᠯᠠ ᠶᠡᠭᠡ ᠲᠥᠷᠥᠯ ᠵᠦᠢᠯ ᠳᠤ ᠣᠷᠣᠵᠤ᠂ ᠴᠢᠩ ᠱᠦᠢ ᠾᠧ ᠰᠢᠶᠠᠨ ᠲᠤᠰ ᠲᠦᠷᠦᠯ ᠵᠦᠢᠯ ᠢ ᠪᠧᠢ ᠪᠦᠦ ᠰᠢᠶᠠᠩ ᠤᠨ ᠬᠢᠯᠢ ᠳᠤ ᠪᠠᠶᠢᠷᠢᠯᠠᠭᠤᠯᠵᠠᠢ᠃            ᠬᠠᠨᠴᠤᠢ ᠰᠢᠮᠠᠯᠠᠨ ᠴᠢᠷᠮᠠᠶᠢᠨ ᠠᠵᠢᠯᠯᠠᠨ᠎ᠠ᠃ ᠴᠢᠩ ᠱᠦᠢ ᠾᠧ ᠰᠢᠶᠠᠨ ᠲᠦᠷᠦᠯ ᠵᠦᠢᠯ ᠢ ᠠᠬᠢᠭᠤᠯᠬᠤ ᠶᠢ ᠴᠢᠩᠭ᠎ᠠ ᠠᠳᠬᠤᠨ ᠭᠤᠣᠯ ᠰᠡᠳᠦᠪᠲᠦ ᠦᠵᠡᠰᠭᠦᠯᠡᠩ ᠤᠨ ᠲᠣᠭᠤᠷᠢᠭ᠂ ᠰᠣᠶᠣᠯ ᠵᠢᠭᠤᠯᠴᠢᠯᠠᠯ ᠤᠨ ᠠᠭᠤᠰᠤᠯᠴᠠᠯ ᠎ ᠤᠨ ᠲᠣᠭᠤᠷᠢᠭ᠂ ᠬᠠᠮᠢᠶᠠᠷᠤᠨ ᠡᠵᠡᠮᠳᠡᠬᠦ ᠬᠠᠮᠠᠭᠠᠯᠠᠯᠲᠠ ᠶᠢᠨ ᠣᠷᠣᠨ ᠪᠣᠯᠣᠨ ᠤᠯᠠᠮᠵᠢᠯᠠᠯ ᠤᠨ ᠠᠰᠢᠭᠯᠠᠯᠲᠠ ᠵᠡᠷᠭᠡ 4 ᠲᠦᠷᠦᠯ ᠤᠨ ᠭᠤᠣᠯ ᠴᠢᠳᠠᠮᠵᠢ ᠶᠢᠨ ᠣᠷᠣᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠠᠮᠠᠭᠠᠯᠠᠵᠤ ᠤᠯᠠᠮᠵᠢᠯᠠᠬᠤ᠂ ᠰᠤᠳᠤᠯᠵᠤ ᠠᠭᠤᠳᠠᠯᠬᠤ᠂ ᠣᠷᠴᠢᠨ ᠲᠣᠭᠤᠷᠢᠨ ᠢ ᠢᠵᠢ ᠪᠦᠷᠢᠳᠦᠭᠦᠯᠬᠦ᠂ ᠰᠣᠶᠣᠯ ᠵᠢᠭᠤᠯᠴᠢᠯᠠᠯ ᠎ ᠤᠨ ᠠᠭᠤᠰᠤᠯᠴᠠᠯ ᠵᠡᠷᠭᠡ ᠭᠤᠣᠯᠳᠠᠯᠭ᠎ᠠ ᠲᠠᠢ ᠰᠠᠭᠤᠷᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠎ ᠲᠠᠢ ᠠᠬᠢᠭᠤᠯᠵᠤ ᠪᠠᠶᠢᠨ᠎ᠠ᠃            ᠬᠠᠲᠤᠨ ᠭᠤᠣᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠣᠷᠳᠣ ᠴᠠᠭᠠᠨ ᠬᠡᠷᠡᠮ ᠤᠨ ᠰᠣᠶᠣᠯ᠂ ᠬᠤᠪᠢᠰᠬᠠᠯ ᠤᠨ ᠰᠣᠶᠣᠯ ᠠᠳᠡ ᠰᠣᠯᠪᠢᠴᠠᠨ ᠠᠭᠤᠰᠤᠯᠴᠠᠵᠤ᠂ ᠡᠨᠡ ᠬᠦ ᠭᠠᠵᠠᠷ ᠨᠤᠲᠤᠭ ᠎ ᠲᠤ ᠳᠤᠨᠳᠠᠷᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃            ᠴᠢᠩ ᠱᠦᠢ ᠾᠧ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠰᠦᠨ ᠶᠦᠩ ᠯᠢ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠴᠢᠩ ᠱᠦᠢ ᠾᠧ ᠰᠢᠶᠠᠨ ᠶᠠᠭ ᠬᠠᠳᠤᠨ ᠭᠤᠣᠯ ᠤᠨ ᠪᠠᠶᠢᠭᠠᠯᠢ ᠶᠢᠨ ᠠᠮᠢ ᠠᠬᠤᠢ ᠶᠢ ᠲᠤᠶᠢᠯᠪᠤᠷᠢᠲᠠᠢ ᠣᠶᠢᠯᠠᠭᠠᠬᠤ ᠵᠢᠭᠤᠯᠴᠢᠯᠠᠯ ᠤᠨ ᠠᠶᠠᠨ᠂ ᠤᠷᠳᠤ ᠴᠠᠭᠠᠨ ᠬᠡᠷᠡᠮ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠠᠶᠠᠨ ᠵᠡᠷᠭᠡ 5 ᠵᠤᠷᠪᠤᠰ ᠵᠢᠭᠤᠯᠴᠢᠯᠠᠯ ᠤᠨ ᠵᠠᠮ ᠱᠤᠭᠤᠮ ᠢ ᠨᠠᠷᠢᠯᠢᠭ ᠲᠥᠯᠥᠪᠯᠡᠨ ᠴᠣᠭᠴᠠᠯᠠᠵᠤ ᠪᠤᠢ᠃ ︽ᠪᠢᠳᠡ ᠴᠢᠩ ᠱᠦᠢ ᠾᠧ ᠪᠠᠨ ᠬᠤᠯᠠ ᠣᠶᠢᠷ᠎ᠠ ᠳᠤ ᠠᠯᠳᠠᠷᠰᠢᠭᠰᠠᠨ ᠵᠢᠭᠤᠯᠴᠢᠯᠠᠯ ᠤᠨ ᠲᠠᠷᠬᠠᠨ ᠣᠷᠣᠨ ᠪᠣᠯᠭᠠᠨ ᠪᠦᠲᠦᠭᠡᠨ ᠪᠠᠶᠢᠭᠤᠯᠤᠨ᠎ᠠ︾ ᠭᠡᠵᠦ ᠲᠡᠷᠡ ᠬᠡᠯᠡᠨ᠎ᠡ᠃            ᠬᠠᠲᠤᠨ ᠭᠤᠣᠯ᠂ ᠤᠷᠲᠤ ᠴᠠᠭᠠᠨ ᠬᠡᠷᠡᠮ ᠤᠨ ᠬᠤᠶᠠᠷ ᠲᠣᠮᠣ ᠰᠣᠶᠣᠯ ᠤᠨ ᠠᠶᠠᠨᠳᠠᠭᠠᠨ ᠤ ᠳᠠᠪᠠᠭᠤᠯᠢᠭ ᠎ ᠲᠠᠢ ᠬᠡᠪᠲᠡᠭᠡ ᠦᠬᠡᠷ ᠤᠨ ᠲᠣᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠨᠢᠭᠡᠨᠲᠡ ᠣᠯᠠᠨ᠎ᠠ ᠠᠯᠳᠠᠷᠰᠢᠵᠤ᠂ 2023 ᠣᠨ ᠳᠤ ᠵᠢᠭᠤᠯᠴᠢᠯᠠᠭᠴᠢ ᠶᠢ 30.2 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 1.03 ᠳ᠋ᠦᠩᠰᠢᠭᠤᠷ ᠲᠥᠭᠦᠷᠢᠭ ᠲᠤ ᠭᠦᠷᠪᠡ᠃            ᠡᠳᠦᠭᠡ ᠴᠢᠩ ᠱᠦᠢ ᠾᠧ ᠰᠢᠶᠠᠨ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠎ ᠢ ᠲᠣᠪᠤᠶᠢᠯᠭᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠠᠮ ᠎ ᠢᠶᠠᠷ ᠵᠣᠷᠢᠭᠲᠠᠢ ᠤᠷᠤᠭᠰᠢᠯᠠᠵᠤ ᠪᠠᠶᠢᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号