| | ᠰᠢᠦᠢ ᠰᠢᠶᠣᠣ ᠯᠠᠨ ᠾᠥᠸᠧ ᠰᠢᠶᠣᠣ ᠴᠢᠩ | ᠬᠠᠲᠤᠨ ᠭᠤᠣᠯ ᠳᠣᠯᠭᠢᠶᠠᠯᠠᠨ ᠳᠠᠪᠠᠯᠭᠠᠯᠠᠵᠤ ᠥᠪᠥᠷ ᠮᠣᠩᠭᠤᠯ ᠤᠨ ᠣᠷᠳᠣᠰ ᠬᠤᠳᠠ ᠶᠢᠨ ᠵᠡᠭᠦᠨᠭᠠᠷ | ᠬᠤᠰᠢᠭᠤᠨ ᠤ ᠬᠢᠵᠠᠭᠠᠷ ᠲᠤ ᠤᠷᠤᠰᠤᠨ ᠣᠷᠣᠬᠤᠶ᠎ᠠ᠂ ᠤᠷᠤᠰᠬᠠᠯ ᠨᠠᠮᠳᠠᠵᠤ ᠮᠤᠷᠤᠯᠵᠠᠨ ᠲᠠᠬᠢᠷᠯᠠᠭᠰᠠᠭᠠᠷ ᠯᠦᠩ | ᠺᠧᠦ ᠪᠠᠯᠭᠠᠰᠤᠨ ᠳᠤ ᠥᠨᠳᠥᠷ ᠠᠭᠤᠯᠠ ᠰᠦᠷᠯᠢᠭ ᠳᠠᠪᠠᠭ᠎ᠠ ᠶᠢᠨ ᠬᠤᠭᠤᠷᠣᠨᠳᠣᠭᠢ ᠮᠢᠩ ᠤᠯᠤᠰ ᠤᠨ ᠤᠷᠳᠤ | ᠴᠠᠭᠠᠨ ᠬᠡᠷᠡᠮ ᠲᠠᠢ ᠬᠠᠮᠤᠭ ᠰᠡᠭᠦᠯᠴᠢ ᠶᠢᠨ ᠤᠳᠠᠭ᠎ᠠ ᠳᠣᠲᠣᠨᠣᠰᠤᠭ ᠠᠭᠤᠯᠵᠠᠯᠲᠠ ᠬᠢᠵᠦ᠂ ᠥᠪᠥᠷ ᠮᠣᠩᠭᠤᠯ ᠤᠨ | ᠬᠢᠵᠠᠭᠠᠷ ᠲᠠᠬᠢ 800 ᠭᠠᠷᠤᠢ ᠺᠢᠯᠣᠮᠧᠲᠷ ᠤᠨ ᠠᠶᠠᠯᠠᠯ ᠢᠶᠠᠨ ᠲᠡᠭᠦᠰᠬᠡᠵᠦ᠂ ᠱᠠᠨ ᠰᠢ ᠶᠢ ᠵᠣᠷᠢᠨ ᠠᠶᠠᠯᠠᠳᠠᠭ᠃ | | ︽ᠴᠢᠨᠳᠠᠮᠤᠨᠢᠯᠠᠵᠤ ᠰᠠᠭᠤᠷᠢᠰᠢᠭᠰᠠᠨ ᠭᠤᠷᠪᠠᠨ ᠮᠤᠵᠢ︾ ᠬᠡᠮᠡᠭᠳᠡᠭᠰᠡᠨ ᠯᠦᠩ ᠺᠧᠦ ᠪᠠᠯᠭᠠᠰᠤ ᠨᠢ ᠱᠠᠨ | ᠰᠢ ᠶᠢᠨ ᠾᠧ ᠴᠢᠦᠢ᠂ ᠱᠠᠨᠰᠢ ᠶᠢᠨ ᠹᠦ᠋ ᠭᠦ᠋ ᠲᠠᠢ ᠬᠥᠷᠰᠢᠯᠡᠵᠦ ᠪᠠᠶᠢᠳᠠᠭ᠂ ᠠᠳᠡᠬᠢ ᠳ᠋ᠠ ᠺᠧᠦ ᠡᠷᠲᠡᠨ ᠤ ᠣᠯᠣᠮ | ᠪᠣᠯ ᠡᠷᠲᠡᠨ ᠠᠴᠠ ᠪᠠᠨ ᠤᠰᠤ ᠬᠠᠭᠤᠷᠠᠢ ᠪᠠᠷᠠᠭᠤᠨ ᠪᠣᠭᠤᠮᠲᠠ ᠶᠢᠨ ᠵᠠᠮ ᠤᠨ ︽ᠬᠤᠶᠠᠷ ᠨᠤᠲᠤᠭᠲᠠᠨ︾ ᠥᠷᠲᠡᠭᠡ | ᠪᠣᠯᠣᠨ᠎ᠠ᠃ ᠣᠷᠳᠣ ᠴᠠᠭᠠᠨ ᠬᠡᠷᠡᠮ ᠤᠨ ᠬᠤᠷᠮᠣᠢ᠂ ᠬᠠᠲᠤᠨ ᠭᠤᠣᠯ ᠤᠨ ᠬᠥᠪᠡᠭᠡᠨ ᠳᠤ᠂ ᠪᠣᠭᠤᠮᠲᠠ ᠶᠢᠨ ᠭᠠᠳᠠᠨ᠎ᠠ | ᠠᠮᠢ ᠵᠢᠭᠤᠵᠤ ᠪᠠᠶᠢᠭ᠎ᠠ ᠪᠠᠷᠠᠭᠤᠨ ᠪᠣᠭᠤᠮᠲᠠ ᠪᠠᠷ ᠶᠠᠪᠤᠵᠤ ᠢᠷᠡᠭᠰᠡᠨ ᠬᠥᠮᠥᠰ᠂ ᠠᠷᠠᠯᠵᠢᠶᠠᠨ ᠤ ᠵᠠᠪᠰᠢᠶᠠᠨ ᠡᠷᠢᠵᠦ | ᠪᠠᠶᠢᠭ᠎ᠠ ᠬᠤᠳᠠᠯᠳᠤᠭᠠᠴᠢᠨ᠂ ᠵᠣᠷᠴᠢᠨ ᠶᠠᠪᠤᠵᠤ ᠪᠠᠶᠢᠭ᠎ᠠ ᠯᠠᠮᠠ ᠬᠤᠸᠠᠷᠠᠭ ᠤᠳ ᠠᠳᠡ ᠠᠭᠤᠯᠵᠠᠵᠤ᠂ ᠰᠣᠯᠢᠯᠴᠠᠵᠤ᠂ | ᠠᠭᠤᠰᠤᠯᠴᠠᠵᠤ᠂ ᠣᠯᠠᠨ ᠡᠰᠢᠲᠦ ᠭᠤᠶᠢᠳᠠ ᠰᠠᠶᠢᠬᠠᠨ ᠰᠣᠶᠣᠯ ᠤᠨ ᠤᠯᠠ ᠮᠥᠷ ᠢ ᠦᠯᠡᠳᠡᠭᠡᠵᠦ᠂ ᠡᠨᠡ ᠬᠦ | ᠨᠤᠲᠤᠭ ᠳᠡᠪᠢᠰᠬᠡᠷ ᠲᠤ ᠭᠦᠨ ᠰᠠᠭᠤᠭᠳᠠᠨ᠂ ᠬᠤᠵᠢᠮ ᠤᠨ ᠬᠥᠮᠥᠰ ᠲᠤ ᠠᠯᠤᠰ ᠭᠡᠲᠦ ᠶᠢᠨ ᠰᠣᠶᠣᠯ ᠤᠨ ᠨᠥᠯᠥᠭᠡ | ᠦᠵᠡᠭᠦᠯᠦᠭᠰᠡᠨ ᠪᠠᠶᠢᠨ᠎ᠠ᠃ | | ᠤᠰᠤ ᠬᠠᠭᠤᠷᠠᠢ ᠪᠠᠷᠠᠭᠤᠨ ᠪᠣᠭᠤᠮᠲᠠ ᠤᠷᠤᠭᠰᠢᠯᠠᠬᠤ ᠵᠠᠮ ᠢᠶᠠᠨ ᠡᠷᠢᠯᠬᠢᠯᠡᠨ ᠰᠡᠭᠦᠷᠡᠰᠦᠯᠡᠨ᠎ᠡ | | ᠬᠠᠪᠤᠷ ᠤᠨ ᠡᠬᠢᠨ ᠤ ᠥᠷᠯᠥᠭᠡ᠂ ᠪᠢᠳᠡ ᠬᠠᠳᠤᠨ ᠭᠤᠣᠯ ᠳᠠᠭᠠᠤ ᠪᠠᠷᠠᠭᠤᠨᠰᠢ ᠠᠶᠠᠯᠠᠵᠤ᠂ ᠯᠦᠩ ᠺᠧᠦ | ᠪᠠᠯᠭᠠᠰᠤᠨ ᠤ ᠳ᠋ᠠ ᠺᠧᠦ ᠲᠣᠰᠬᠤᠨ ᠳᠤ ᠭᠦᠷᠪᠡ᠃ ᠡᠨᠡ ᠬᠦ ᠲᠣᠰᠬᠤᠨ ᠡᠮᠦᠨᠡᠰᠢ ᠪᠠᠨ ᠬᠠᠲᠤᠨ ᠭᠤᠣᠯ ᠲᠠᠢ | ᠬᠥᠷᠰᠢᠯᠡᠵᠦ᠂ ᠱᠠᠨ ᠰᠢ ᠶᠢᠨ ᠾᠧ ᠴᠢᠦᠢ ᠰᠢᠶᠠᠨ ᠲᠠᠢ ᠬᠠᠲᠤᠨ ᠭᠤᠣᠯ ᠠᠯᠤᠰᠯᠠᠨ ᠬᠥᠷᠰᠢᠯᠡᠵᠦ᠂ | ᠪᠠᠷᠠᠭᠤᠨᠰᠢ ᠪᠠᠨ ᠤᠷᠳᠤ ᠴᠠᠭᠠᠨ ᠬᠡᠷᠡᠮ ᠢ ᠲᠦᠰᠢᠵᠦ ᠱᠠᠨᠰᠢ ᠶᠢᠨ ᠹᠦ᠋ ᠭᠦ᠋ ᠰᠢᠶᠠᠨ ᠲᠠᠢ ᠵᠠᠯᠭᠠᠯᠳᠤᠨ᠎ᠠ᠃ | | ᠳᠥᠷᠪᠡᠨ ᠵᠦᠭ ᠢ ᠪᠠᠷᠠᠯᠠᠬᠤᠶ᠎ᠠ᠂ ᠳᠡᠮᠡᠢ ᠬᠤᠯᠠ ᠦᠭᠡᠢ ᠭᠠᠵᠠᠷ ᠲᠤ ᠰᠦᠩ ᠬᠠᠯᠢᠶ᠎ᠠ ᠬᠥᠪᠴᠦ ᠪᠠᠶᠢᠭ᠎ᠠ | ᠬᠠᠲᠤᠨ ᠭᠤᠸ ᠯ᠊ ᠤᠨ ᠤᠰᠤ ᠪᠠᠷᠠᠭᠤᠨᠰᠢ ᠳᠠᠪᠠᠯᠭᠠᠯᠠᠨ ᠤᠷᠤᠰᠴᠤ᠂ ᠰᠦᠷᠯᠢᠭ ᠦᠵᠡᠮᠵᠢ ᠪᠦᠷᠢᠯᠳᠦᠭᠦᠯᠦᠭᠰᠡᠨ | ᠪᠠᠶᠢᠳᠠᠭ; ᠨᠥᠭᠦᠭᠡ ᠲᠠᠯ᠎ᠠ ᠳᠤᠨᠢ᠂ ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ ᠲᠤᠯᠭᠠᠭᠤᠷ ᠪᠠ | ᠬᠡᠷᠡᠮ ᠬᠠᠨ᠎ᠠ ᠪᠥᠷᠲᠥᠯᠵᠡᠨ ᠬᠠᠷᠠᠭᠳᠠᠵᠤ᠂ ᠬᠥᠮᠥᠰ ᠤᠨ ᠰᠡᠳᠬᠢᠯ ᠢ ᠬᠥᠳᠡᠯᠭᠡᠨ᠎ᠡ᠃ | | ᠡᠨᠡ ᠬᠦ ᠬᠠᠲᠤᠨ ᠭᠤᠣᠯ ᠤᠨ ᠣᠷᠳᠣ ᠴᠠᠭᠠᠨ ᠬᠡᠷᠡᠮ ᠲᠠᠢ ︽ᠳᠣᠲᠣᠨᠣᠰᠤᠭ ᠠᠭᠤᠯᠵᠠᠯᠲᠠ ᠬᠢᠭᠰᠡᠨ︾ | ᠭᠠᠵᠠᠷ ᠨᠢ ᠡᠷᠲᠡᠨ ᠤ ᠦᠶ᠎ᠡ ᠳᠤ ︽ᠳ᠋ᠠ ᠵᠠᠨ︾ ᠬᠡᠮᠡᠭᠳᠡᠵᠦ᠂ ᠨᠢᠭᠡ ᠦᠶ᠎ᠡ ᠨᠡᠷ᠎ᠡ ᠠᠯᠳᠠᠷᠰᠢᠭᠰᠠᠨ ᠶᠤᠮ᠃ ᠡᠨᠡ | ᠪᠣᠯ ᠮᠢᠩ ᠤᠯᠤᠰ ᠤᠨ ᠶᠠᠨ ᠰᠦᠢ ᠵᠧᠨ ᠪᠠᠯᠭᠠᠰᠤᠨ ᠤ ᠤᠷᠲᠤ ᠴᠠᠭᠠᠨ ᠬᠡᠷᠡᠮ ᠤᠨ ᠡᠭᠢᠯᠡᠯᠲᠡ ᠶᠢᠨ ᠭᠠᠵᠠᠷ | ᠪᠣᠯᠣᠨ᠎ᠠ᠂ ︽ᠶᠠᠨ ᠰᠦᠢ ᠵᠧᠨ ᠪᠠᠯᠭᠠᠰᠤᠨ ᠤ ᠣᠶᠢᠯᠠᠯᠭ᠎ᠠ︾ ᠳᠤ ᠲᠡᠮᠳᠡᠭᠯᠡᠭᠰᠡᠨ ᠢᠶᠠᠷ᠂ ᠮᠢᠩ ᠤᠯᠤᠰ ᠤᠨ ᠴᠧᠩ | ᠬᠤᠸᠠ ᠶᠢᠨ ᠶᠢᠰᠦᠳᠦᠭᠡᠷ ᠣᠨ ︵1473 ᠣᠨ︶ ᠳᠤ᠂ ᠶᠠᠨ ᠰᠦᠢ ᠵᠧᠨ ᠪᠠᠯᠭᠠᠰᠤᠨ ᠤ ᠴᠠᠭᠳᠠᠨ ᠪᠠᠶᠢᠴᠠᠭᠠᠭᠴᠢ | ᠰᠠᠶᠢᠳ ᠢᠦᠢ ᠽᠢ ᠵᠢᠶᠦ᠋ᠨ 2 ᠵᠢᠯ ᠤᠨ ᠴᠠᠭ ᠵᠠᠷᠤᠴᠠᠭᠤᠯᠵᠤ᠂ ᠴᠡᠷᠢᠭ ᠳᠠᠶᠢᠴᠢᠯᠠᠨ ᠡᠨᠡ ᠬᠦ ᠤᠷᠲᠤ ᠴᠠᠭᠠᠨ | ᠬᠡᠷᠡᠮ ᠢ ᠵᠠᠰᠠᠵᠤ ᠰᠡᠯᠪᠢᠭᠰᠡᠨ ᠪᠠ ᠨᠡᠮᠡᠵᠦ ᠪᠠᠶᠢᠭᠤᠯᠤᠭᠰᠠᠨ ᠪᠠᠶᠢᠨ᠎ᠠ᠃ | | ᠯᠦᠩ ᠺᠧᠦ ᠪᠠᠯᠭᠠᠰᠤᠨ ᠤ ᠵᠦ ᠯᠢ ᠲᠠᠢ ᠳᠤ ᠮᠢᠩ ᠤᠯᠤᠰ ᠤᠨ ᠣᠷᠳᠣ ᠴᠠᠭᠠᠨ ᠬᠡᠷᠡᠮ 1 ᠺᠢᠯᠣᠮᠧᠲᠷ | ᠪᠠᠶᠢᠵᠤ᠂ ᠬᠠᠵᠠᠭᠤ ᠶᠢᠨ ᠬᠡᠷᠡᠮ ᠤᠨ ᠣᠶᠢᠷᠠᠯᠴᠠᠭ᠎ᠠ ᠴᠣᠨᠵᠢ ᠪᠠ ᠳᠠᠶᠢᠰᠤᠨ ᠤ ᠲᠠᠶᠢᠵᠠ ᠲᠠᠢ᠃ ᠮᠢᠩ ᠤᠯᠤᠰ ᠤᠨ | ᠣᠷᠳᠣ ᠴᠠᠭᠠᠨ ᠬᠡᠷᠡᠮ ᠨᠢ ᠵᠡᠭᠦᠨᠳᠡᠬᠢ ᠥᠨᠳᠥᠷ ᠪᠠᠷᠠᠭᠤᠨᠳᠡᠬᠢ ᠳᠣᠣᠷ᠎ᠠ ᠭᠠᠵᠠᠷ ᠤᠨ ᠪᠠᠶᠢᠴᠠ ᠶᠢ ᠳᠠᠭᠠᠵᠤ᠂ ᠯᠦᠡᠭ | ᠺᠧᠦ ᠬᠠᠪᠴᠢᠯ ᠤᠨ ᠡᠮᠦᠨ᠎ᠡ ᠡᠷᠭᠢ ᠶᠢᠨ ᠠᠭᠤᠯᠠᠨ ᠬᠢᠷ᠎ᠠ ᠠᠴᠠ ᠬᠠᠲᠤᠨ ᠭᠤᠣᠯ ᠤᠨ ᠬᠤᠭᠤᠷᠣᠨᠳᠣᠭᠢ ᠬᠥᠨᠳᠡᠢ | ᠭᠠᠵᠠᠷ ᠤᠨ ᠦ᠋ ᠢᠦᠢ ᠭᠧᠦ ᠭᠦᠷᠲᠡᠯ᠎ᠡ ᠦᠷᠭᠦᠯᠵᠢᠯᠡᠵᠦ᠂ ᠥᠷᠭᠡᠨ ᠠᠭᠤᠵᠢᠮ ᠭᠤᠤ ᠶᠢᠨ ᠢᠷᠤᠭᠠᠷ ᠢ ᠳᠠᠭᠠᠵᠤ᠂ | ᠰᠢᠭᠤᠳ ᠭᠤᠣᠯ ᠤᠨ ᠲᠣᠬᠤᠢ ᠶᠢᠨ ᠡᠮᠦᠨ᠎ᠡ ᠦᠵᠦᠭᠦᠷ ᠲᠤ ᠰᠢᠷᠭᠤᠨ ᠣᠷᠣᠵᠤ᠂ ᠴᠢᠨᠠᠭᠰᠢᠳᠠ ᠱᠠᠨ ᠰᠢ ᠶᠢᠨ | ᠥᠷᠥᠴᠡ ᠣᠷᠣᠨ ᠳᠤ ᠭᠦᠨᠵᠡᠭᠡᠶᠢᠷᠡᠨ ᠣᠷᠣᠳᠠᠭ ᠲᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯ ᠨᠢ ᠮᠠᠰᠢ | ᠴᠢᠬᠤᠯᠠ ᠪᠠᠶᠢᠳᠠᠭ᠂ ᠡᠶᠢᠮᠦ ᠠᠴᠠ ᠮᠢᠩ ᠤᠯᠤᠰ ᠤᠨ ᠴᠡᠷᠢᠭ ᠦ᠋ ᠢᠦᠢ ᠭᠧᠦ ᠶᠢᠨ ᠵᠡᠭᠦᠨ ᠪᠠᠷᠠᠭᠤᠨ ᠬᠤᠶᠠᠷ | ᠲᠠᠯ᠎ᠠ ᠶᠢᠨ ᠬᠡᠷᠡᠮ ᠤᠨ ᠦᠵᠦᠭᠦᠷ ᠲᠤ ᠲᠤᠰ ᠲᠤᠰ ᠰᠡᠷᠭᠡᠶᠢᠯᠡᠯᠲᠡ ᠳᠤ ᠬᠡᠷᠡᠭᠯᠡᠬᠦ ᠨᠢᠦ ᠵᠢᠶᠣᠣ ᠺᠧᠦ ᠪᠠ ᠦ᠋ ᠢᠦᠢ | ᠺᠧᠦ ᠶᠢ ᠲᠣᠬᠢᠷᠠᠭᠤᠯᠤᠭᠰᠠᠨ ᠪᠠᠶᠢᠨ᠎ᠠ᠃ | | ᠾᠧ ᠴᠢᠦᠢ ᠶᠢᠨ ᠤᠰᠤᠨ ᠵᠠᠮ ᠤᠨ ᠪᠠᠷᠠᠭᠤᠨ ᠪᠣᠭᠤᠮᠲᠠ ᠠᠴᠠ ᠭᠤᠣᠯ ᠠᠯᠤᠰᠯᠠᠨ ᠹᠦ᠋ ᠭᠦ᠋ ᠯᠢᠶᠠᠩ ᠤᠨ | ᠯᠦᠩ ᠲᠧᠦ ᠲᠣᠰᠬᠤᠨ ᠲᠠᠢ ᠵᠠᠯᠭᠠᠯᠳᠤᠭᠰᠠᠨ ᠮᠢᠩ ᠤᠯᠤᠰ ᠤᠨ ᠣᠷᠳᠣ ᠴᠠᠭᠠᠨ ᠬᠡᠷᠡᠮ ᠪᠠᠶᠢᠬᠤ ᠤᠴᠢᠷ ᠠᠴᠠ᠂ | ᠭᠤᠣᠯ ᠤᠨ ᠪᠠᠷᠠᠭᠤᠨ ᠡᠷᠭᠢ ᠶᠢᠨ ᠵᠡᠭᠦᠨᠭᠠᠷ ᠬᠤᠰᠢᠭᠤᠨ ᠳᠤ ︽ᠳ᠋ᠠ ᠺᠧᠦ ᠪᠣᠭᠤᠮᠲᠠ︾᠂ ︽ᠬᠤᠢ ᠺᠧᠦ ᠪᠣᠭᠤᠮᠲᠠ | ︾ ᠭᠡᠳᠡᠭ ᠲᠣᠰᠬᠤᠨ ᠭᠠᠷᠴᠠᠢ᠃ ᠣᠯᠠᠩᠬᠢ ᠲᠡᠦᠬᠡᠨ ᠴᠠᠭ ᠦᠶ᠎ᠡ ᠳᠤ᠂ ᠬᠤᠶᠠᠷ ᠭᠦᠪᠡᠭᠡ ᠪᠠᠷ ᠢᠶᠠᠨ ᠦᠷᠭᠦᠯᠵᠢ | ᠭᠤᠣᠯ ᠠᠯᠤᠰᠯᠠᠨ ᠵᠠᠰᠠᠯᠲᠠ ᠬᠢᠵᠦ᠂ ᠡᠳᠡᠭᠡᠷ ︽ᠪᠣᠭᠤᠮᠲᠠ︾ ᠪᠠᠷ ᠨᠡᠷᠡᠶᠢᠳᠦᠭᠰᠡᠨ ᠲᠣᠰᠬᠤᠨ ᠨᠢ ᠣᠨᠴᠠᠭᠠᠶ | ᠲᠡᠦᠬᠡᠨ ᠴᠠᠭ ᠦᠶ᠎ᠡ ᠶᠢᠨ ᠲᠥᠷᠥᠳᠡᠰᠦ ᠪᠤᠯᠬᠤ ᠨᠢ ᠢᠯᠡᠷᠬᠡᠢ ᠶᠤᠮ᠃ | | ᠠᠳᠡᠬᠢ ᠨᠢ ᠮᠥᠨ ᠴᠸ ︽ᠪᠣᠭᠤᠮᠲᠠ ᠶᠢᠨ ᠳᠣᠲᠣᠨ᠎ᠠ︾ ᠪᠠ ︽ᠪᠣᠭᠤᠮᠲᠠ ᠶᠢᠨ ᠭᠠᠳᠠᠨ᠎ᠠ︾ ᠶᠢ ᠢᠯᠭᠠᠬᠤ | ᠵᠠᠭᠠᠭ ᠤᠨ ᠨᠢᠭᠡ ᠪᠣᠯᠣᠨ᠎ᠠ᠃ ︽ᠪᠣᠭᠤᠮᠲᠠ︾ ᠭᠡᠳᠡᠭ ᠨᠢ ᠣᠷᠳᠣ ᠴᠠᠭᠠᠨ ᠬᠡᠷᠡᠮ ᠤᠨ ᠱᠤᠭᠤᠮ ᠳᠠᠭᠠᠤ | ᠪᠠᠶᠢᠭᠤᠯᠤᠭᠰᠠᠨ ᠬᠢᠲᠠᠳ ᠦᠨᠳᠦᠰᠦᠲᠡᠨ ᠬᠢᠭᠡᠳ ᠬᠢᠯᠢ ᠬᠢᠵᠠᠭᠠᠷ ᠤᠨ ᠦᠨᠳᠦᠰᠦᠲᠡᠨ ᠤ ︽ᠬᠠᠷᠢᠯᠴᠠᠨ | ᠮᠠᠶᠢᠮᠠᠶᠢᠯᠠᠬᠤ ᠵᠠᠬ᠎ᠠ︾ ᠶᠢᠨ ᠪᠣᠭᠤᠮᠲᠠ ᠶᠢ ᠵᠢᠭᠠᠵᠤ ᠪᠤᠶ᠂ ᠬᠥᠮᠥᠰ ᠣᠷᠳᠣ ᠴᠠᠭᠠᠨ ᠬᠡᠷᠡᠮ ᠠᠴᠠ ᠡᠮᠦᠨᠡᠰᠢᠬᠢ ᠶᠢ ︽ | ᠪᠣᠭᠤᠮᠲᠠ︾ ᠭᠡᠵᠦ᠂ ᠣᠷᠳᠣ ᠴᠠᠭᠠᠨ ᠬᠡᠷᠡᠮ ᠠᠴᠠ ᠤᠮᠠᠷᠠᠰᠢᠬᠢ ᠶᠢ ︽ᠪᠣᠭᠤᠮᠲᠠ ᠶᠢᠨ ᠭᠠᠳᠠᠨ᠎ᠠ︾ ᠭᠡᠵᠦ | ᠨᠡᠷᠡᠯᠡᠳᠡᠭ᠃ ᠮᠢᠩ ᠤᠯᠤᠰ᠂ ᠴᠢᠩ ᠤᠯᠤᠰ ᠤᠨ ᠦᠶ᠎ᠡ ᠠᠴᠠ ᠢᠷᠭᠡᠨ ᠤᠯᠤᠰ ᠤᠨ ᠡᠬᠢᠨ ᠤ ᠣᠨ ᠪᠤᠯᠲᠠᠯ᠎ᠠ᠂ | ᠱᠠᠨ ᠰᠢ᠂ ᠱᠠᠨᠪᠧᠢ᠂ ᠾᠧᠪᠧᠢ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠰᠠᠭᠤᠭᠠᠯᠢ ᠠᠷᠠᠳ ᠠᠷᠠᠯᠵᠢᠶ᠎ᠠ | ᠮᠠᠶᠢᠮᠠᠢ ᠬᠢᠬᠦ ᠪᠤᠶᠤ ᠠᠮᠢ ᠵᠢᠭᠤᠬᠤ ᠶᠢᠨ ᠬᠠᠷᠠᠭ᠎ᠠ ᠪᠠᠷ ︽ᠪᠣᠭᠤᠮᠲᠠ ᠶᠢᠨ ᠳᠣᠲᠣᠨ᠎ᠠ︾ ᠠᠴᠠ ᠪᠠᠨ ︽ᠪᠣᠭᠤᠮᠲᠠ | ᠶᠢᠨ ᠭᠠᠳᠠᠨ᠎ᠠ︾ ᠨᠡᠭᠦᠨ ᠣᠴᠢᠵᠤ᠂ ᠡᠨᠡ ᠨᠢ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡᠨ ᠳᠡᠭᠡᠷᠡᠬᠢ | ᠬᠠᠮᠤᠭ ᠴᠢᠬᠤᠯᠠ ᠬᠥᠮᠥᠨ ᠠᠮᠠ ᠶᠢᠨ ᠨᠡᠭᠦᠳᠡᠯ ᠤᠨ ᠬᠡᠷᠡᠭ ᠤᠨ ᠨᠢᠭᠡ ᠪᠣᠯᠵᠤ᠂ ᠠᠭᠠᠵᠢᠮ ᠢᠶᠠᠷ ︽ᠪᠠᠷᠠᠭᠤᠨ | ᠪᠣᠭᠤᠮᠲᠠ ᠪᠠᠷ ᠶᠠᠪᠤᠵᠤ ᠢᠷᠡᠬᠦ︾ ᠭᠡᠬᠦ ᠨᠢᠭᠡᠨ ᠣᠨᠴᠠᠭᠠᠶ ᠰᠣᠶᠣᠯ ᠤᠨ ᠨᠡᠷ᠎ᠡ ᠦᠭᠡ ᠪᠣᠯᠤᠭᠰᠠᠨ ᠪᠠᠶᠢᠨ᠎ᠠ᠃ | | ᠪᠠᠷᠠᠭᠤᠨ ᠪᠣᠭᠤᠮᠲᠠ ᠪᠠᠷ ᠶᠠᠪᠤᠵᠤ ᠢᠷᠡᠬᠦ ᠭᠡᠳᠡᠭ ᠨᠢ ᠲᠡᠦᠬᠡᠨ ᠳᠡᠭᠡᠷ᠎ᠡ ︽ᠬᠠᠭᠤᠷᠠᠢ ᠪᠠᠷᠠᠭᠤᠨ ᠪᠣᠭᠤᠮᠲᠠ︾ | ᠪᠠ ︽ᠤᠰᠤᠨ ᠪᠠᠷᠠᠭᠤᠨ ᠪᠣᠭᠤᠮᠲᠠ︾ ᠭᠡᠳᠡᠭ ᠬᠡᠯᠡᠯᠭᠡ ᠪᠠᠶᠢᠳᠠᠭ᠃ ︽ᠬᠠᠭᠤᠷᠠᠢ ᠪᠠᠷᠠᠭᠤᠨ ᠪᠣᠭᠤᠮᠲᠠ︾ ᠪᠣᠯ | ᠱᠠ ᠭᠦ᠋ ᠺᠧᠦ ᠪᠠᠷ ᠲᠥᠯᠥᠭᠡᠯᠡᠭᠦᠯᠦᠭᠰᠡᠨ ᠣᠷᠳᠣ ᠴᠠᠭᠠᠨ ᠬᠡᠷᠡᠮ ᠤᠨ ᠣᠯᠠᠨ ᠪᠣᠭᠤᠮᠲᠠ ᠪᠣᠯᠣᠨ᠎ᠠ᠂ ᠬᠠᠷᠢᠨ ︽ | ᠤᠰᠤᠨ ᠪᠠᠷᠠᠭᠤᠨ ᠪᠣᠭᠤᠮᠲᠠ︾ ᠪᠣᠯ ᠬᠠᠲᠤᠨ ᠭᠤᠣᠯ ᠤᠨ ᠬᠥᠪᠡᠭᠡᠨ ᠤ ᠡᠷᠲᠡᠨ ᠤ ᠣᠯᠣᠮ ᠪᠣᠯᠣᠨ᠎ᠠ᠃ ᠯᠦᠩ | ᠺᠧᠦ ᠪᠠᠯᠭᠠᠰᠤᠨ ᠤ ᠳ᠋ᠠ ᠺᠧᠦ ᠲᠣᠰᠬᠤᠨ ᠳᠤ᠂ ᠱᠠᠨᠰᠢ ᠮᠤᠵᠢ ᠶᠢᠨ ᠹᠦ᠋ ᠭᠦ᠋ ᠰᠢᠶᠠᠨ ᠠᠴᠠ ᠢᠷᠡᠭᠰᠡᠨ ︽ᠬᠠᠭᠤᠷᠠᠢ | ᠪᠠᠷᠠᠭᠤᠨ ᠪᠣᠭᠤᠮᠲᠠ︾ ᠪᠣᠯᠣᠨ ᠱᠠᠨ ᠰᠢ ᠮᠤᠵᠢ ᠶᠢᠨ ᠾᠧ ᠴᠢᠦᠢ ᠰᠢᠶᠠᠨ ᠠᠴᠠ ᠬᠠᠳᠤᠨ ᠭᠤᠣᠯ ᠢ ᠭᠠᠲᠤᠯᠤᠨ | ᠢᠷᠡᠭᠰᠡᠨ ︽ᠤᠰᠤᠨ ᠪᠠᠷᠠᠭᠤᠨ ᠪᠣᠭᠤᠮᠲᠠ︾ ᠵᠡᠷᠭᠡ ᠪᠠᠷ ᠨᠡᠶᠢᠯᠡᠭᠰᠡᠨ ᠪᠠᠶᠢᠨ᠎ᠠ᠃ | | ᠳ᠋ᠠ ᠵᠠᠨ ᠠᠴᠠ ᠳᠡᠮᠡᠢ ᠬᠤᠯᠠ ᠦᠭᠡᠢ ᠳ᠋ᠠ ᠺᠧᠦ ᠡᠷᠲᠡᠨ ᠤ ᠣᠯᠣᠮ ᠪᠣᠯᠣᠨ᠎ᠠ᠃ ᠲᠡᠷᠲᠡᠭᠡ ᠡᠷᠭᠢ ᠨᠢ | ᠭᠤᠣᠯ ᠤᠨ ᠲᠣᠬᠤᠢ ᠶᠢᠨ ᠪᠠᠷᠠᠭᠤᠨ ᠠᠮᠠᠰᠠᠷ ᠤᠨ ᠡᠷᠲᠡᠨ ᠤ ᠣᠯᠣᠮ ᠪᠣᠯᠣᠨ᠎ᠠ᠃ ᠲᠤᠬᠠᠢ ᠶᠢᠨ ᠵᠢᠯ ᠳᠤ᠂ ᠪᠠᠷᠠᠭᠤᠨ | ᠪᠣᠭᠤᠮᠲᠠ ᠪᠠᠷ ᠶᠠᠪᠤᠵᠤ ᠢᠷᠡᠭᠰᠡᠨ ᠬᠥᠮᠥᠰ ᠱᠠᠨ ᠰᠢ ᠶᠢᠨ ᠾᠧ ᠴᠢᠦᠢ ᠶᠢᠨ ᠪᠠᠷᠠᠭᠤᠨ ᠪᠣᠭᠤᠮᠲᠠ ᠶᠢᠨ ᠡᠷᠲᠡᠨ ᠤ | ᠣᠯᠣᠮ ᠠᠴᠠ ᠣᠩᠭᠤᠴᠠᠨ ᠳᠤ ᠭᠠᠷᠴᠤ᠂ ᠬᠠᠳᠤᠨ ᠭᠤᠣᠯ ᠤᠨ ᠰᠢᠷᠦᠭᠦᠨ ᠤᠷᠤᠰᠬᠠᠯ ᠤᠨ ᠪᠠᠷᠲᠠᠭᠠᠲᠤ ᠲᠠᠩ ᠢ | ᠭᠠᠲᠤᠯᠵᠤ᠂ ᠳ᠋ᠠ ᠺᠧᠦ ᠶᠢᠨ ᠡᠷᠲᠡᠨ ᠤ ᠣᠯᠣᠮ ᠠᠴᠠ ᠣᠩᠭᠤᠴᠠᠨ ᠠᠴᠠ ᠪᠠᠭᠤᠵᠤ᠂ ᠲᠠᠭᠢᠭᠠᠳ ᠬᠠᠳᠤᠨ | ᠭᠤᠣᠯ ᠤᠨ ᠠᠷᠤ ᠲᠠᠯ᠎ᠠ ᠶᠢᠨ ᠶᠡᠭᠡ ᠠᠭᠤᠯᠠ ᠶᠢ ᠳᠠᠪᠠᠵᠤ᠂ ᠨᠡᠯᠦᠭᠡᠷ ᠠᠭᠤᠳᠠᠮ ᠥᠪᠥᠷ ᠮᠣᠩᠭᠤᠯ ᠤᠨ ᠲᠠᠯ᠎ᠠ | ᠨᠤᠲᠤᠭ ᠢ ᠵᠣᠷᠢᠪᠠ᠃ | | ᠭᠤᠣᠯ ᠤᠨ ᠬᠥᠪᠡᠭᠡᠨ᠎ᠡ᠂ ᠬᠤᠯᠠ ᠣᠶᠢᠷ᠎ᠠ ᠳᠠᠭᠠᠨ ᠠᠯᠳᠠᠷᠰᠢᠭᠰᠠᠨ ᠠᠮᠤᠷᠯᠢᠩᠭᠤᠢ ᠰᠦᠮ᠎ᠡ ᠪᠤᠢ᠃ | ᠰᠦᠮ᠎ᠡ ᠳᠤ ᠤᠳᠤ ᠪᠤᠯᠲᠠᠯ᠎ᠠ ᠪᠠᠰᠠ ᠳ᠋ᠠ ᠺᠧᠦ ᠡᠷᠲᠡᠨ ᠤ ᠣᠯᠣᠮ ᠠᠴᠠ ᠢᠯᠡᠷᠡᠭᠦᠯᠦᠭᠰᠡᠨ ︽ᠬᠤᠳᠠ ᠶᠢᠨ | ᠪᠣᠭᠤᠮᠲᠠ ᠶᠢᠨ ᠬᠥᠰᠢᠶᠡᠨ ᠲᠡᠮᠳᠡᠭᠯᠡᠯ︾ ᠢ ᠬᠠᠳᠠᠭᠠᠯᠠᠵᠤ ᠪᠤᠢ᠂ ᠴᠢᠯᠠᠭᠤᠨ ᠰᠡᠶᠢᠯᠦᠮᠡᠯ ᠤᠨ ᠬᠥᠰᠢᠶᠡᠨ ᠤ | ᠪᠢᠴᠢᠭ ᠲᠤ ᠡᠩᠬᠡ ᠠᠮᠤᠭᠤᠯᠠᠩ ᠤᠨ ᠳᠥᠴᠢᠨ ᠭᠤᠷᠪᠠᠳᠤᠭᠠᠷ ᠣᠨ ︵1704 ᠣᠨ︶ ᠳᠤ᠂ ᠾᠧ ᠴᠢᠦᠢ ᠪᠣᠯᠣᠨ | ᠪᠦᠦ ᠳ᠋ᠧ ᠵᠡᠷᠭᠡ ᠭᠠᠵᠠᠷ ᠲᠤ ᠮᠣᠩᠭᠤᠯ ᠬᠤᠰᠢᠭᠤ ᠲᠠᠢ ᠠᠷᠠᠯᠵᠢᠶ᠎ᠠ ᠬᠢᠬᠦ ᠳᠤ ᠲᠦᠭᠦᠮ ᠦᠵᠡᠭᠦᠯᠭᠦ ᠶᠢᠨ ᠲᠥᠯᠥᠭᠡ᠂ | ᠤᠳᠤ ᠶᠢᠨ ᠵᠡᠭᠦᠨᠭᠠᠷ ᠬᠤᠰᠢᠭᠤᠨ ᠤ ᠳ᠋ᠠ ᠺᠧᠦ ᠲᠣᠰᠬᠤᠨ ᠳᠤ ᠳ᠋ᠠ ᠺᠧᠦ ᠵᠠᠬ᠎ᠠ ᠶᠢ ᠪᠠᠶᠢᠭᠤᠯᠤᠭᠰᠠᠨ ᠪᠠᠶᠢᠨ᠎ᠠ ᠭᠡᠵᠦ | ᠲᠡᠮᠳᠡᠭᠯᠡᠵᠦ ᠪᠤᠢ᠃ ᠲᠤᠬᠠᠢ ᠶᠢᠨ ᠦᠶ᠎ᠡ ᠳᠤ᠂ ᠳ᠋ᠠ ᠺᠧᠦ ᠪᠠᠷ ︽ᠡᠬᠡᠨᠡᠷ ᠬᠡᠦᠬᠡᠳ ᠠᠮᠤᠷ ᠵᠢᠮᠤᠷ᠂ ᠠᠶᠢᠯ ᠭᠡᠷ ᠠᠮᠤ | ᠳᠦᠭᠦᠷᠡᠩ︾ ᠪᠠᠶᠠᠨ ᠲᠠᠩᠰᠤᠭ ᠭᠠᠵᠠᠷ ᠪᠣᠯᠤᠭᠰᠠᠨ ᠪᠥᠭᠡᠳ ᠲᠤᠬᠠᠢ ᠶᠢᠨ ᠦᠶ᠎ᠡ ᠶᠢᠨ ᠬᠤᠳᠠᠯᠳᠤᠭᠠᠴᠢᠨ | ᠮᠠᠶᠢᠮᠠᠶᠢᠴᠢᠳ ᠤᠨ ᠴᠤᠭᠯᠠᠷᠠᠨ ᠲᠠᠷᠬᠠᠬᠤ ᠭᠠᠵᠠᠷ ᠪᠣᠯᠤᠭᠰᠠᠨ ᠪᠠᠶᠢᠨ᠎ᠠ᠃ | | ᠮᠠᠩᠬᠠᠨ ᠠᠶᠠᠯᠭᠤ ᠳᠤ ᠠᠭᠤᠰᠤᠯᠴᠠᠯ ᠤᠨ ᠰᠢᠨ᠎ᠡ ᠠᠶ᠎ᠠ ᠶᠢ ᠳᠠᠭᠤᠯᠠᠨ᠎ᠠ | | ᠪᠣᠭᠤᠮᠲᠠ ᠶᠢᠨ ᠪᠠᠷᠠᠭᠤᠨ ᠠᠮᠠ ᠳᠠᠪᠠᠵᠤ ᠮᠣᠩᠭᠤᠯ ᠣᠷᠣᠨ ᠳᠤ ᠨᠡᠭᠦᠨ ᠢᠷᠡᠭᠰᠡᠨ ᠡᠪᠦᠭᠡ ᠳᠡᠭᠡᠳᠦᠰ ᠨᠠᠷ | ᠣᠷᠳᠣ ᠴᠠᠭᠠᠨ ᠬᠡᠷᠡᠮ ᠢ ᠳᠠᠪᠠᠵᠤ ᠬᠠᠲᠤᠨ ᠭᠤᠣᠯ ᠢ ᠭᠡᠲᠦᠯᠵᠦ᠂ ᠵᠣᠷᠴᠢᠵᠤ ᠶᠠᠪᠤᠭᠰᠠᠭᠠᠷ ᠡᠴᠦᠰ ᠲᠡᠭᠡᠨ ᠠᠳᠠᠯᠢ | ᠪᠤᠰᠤ ᠭᠠᠵᠠᠷ ᠲᠤ ᠣᠷᠣᠰᠢᠨ ᠲᠣᠭᠲᠠᠨᠢᠵᠤ᠂ ᠦᠨᠳᠦᠰᠦ ᠬᠠᠳᠬᠤᠨ ᠦᠷᠡᠵᠢᠨ ᠲᠥᠯᠵᠢᠵᠦ᠂ ᠣᠯᠠᠨ ᠡᠰᠢᠲᠦ | ᠰᠣᠶᠣᠯ ᠤᠨ ᠬᠠᠷᠢᠯᠴᠠᠭ᠎ᠠ᠂ ᠡᠶ᠎ᠡ ᠵᠣᠬᠢᠴᠠᠩᠭᠤᠢ ᠬᠥᠭᠵᠢᠯᠲᠡ ᠶᠢᠨ ᠰᠡᠳᠬᠢᠯ ᠬᠥᠳᠡᠯᠭᠡᠮ᠎ᠡ ᠠᠶᠠᠰ ᠢ ᠴᠢᠪᠬᠠᠳᠠᠪᠠ᠃ | | | ᠪᠣᠭᠤᠮᠲᠠ ᠶᠢᠨ ᠪᠠᠷᠠᠭᠤᠨ ᠠᠮᠠ ᠳᠠᠪᠠᠵᠤ ᠮᠣᠩᠭᠤᠯ ᠣᠷᠣᠨ ᠳᠤ ᠣᠷᠣᠭᠰᠠᠨ ᠨᠡᠭᠦᠳᠡᠯ ᠤᠨ ᠠᠩᠬᠠᠨ ᠤ | ᠦᠷᠳᠡᠭᠡ - ᠵᠡᠭᠦᠨᠭᠠᠷ ᠬᠤᠰᠢᠭᠤ ᠨᠢ ᠬᠠᠳᠤᠨ ᠭᠤᠣᠯ ᠤᠨ ᠰᠣᠶᠣᠯ ᠪᠣᠯᠣᠨ ᠤᠷᠳᠤ ᠴᠠᠭᠠᠨ ᠬᠡᠷᠡᠮ ᠤᠨ ᠰᠣᠶᠣᠯ᠂ | ᠲᠠᠷᠢᠶᠠᠯᠠᠬᠤ ᠰᠣᠶᠣᠯ ᠪᠣᠯᠣᠨ ᠨᠡᠭᠦᠳᠡᠯ ᠮᠠᠯᠵᠢᠯ ᠤᠨ ᠰᠣᠶᠣᠯ᠂ ᠲᠡᠦᠬᠡ ᠰᠣᠶᠣᠯ ᠪᠣᠯᠣᠨ ᠤᠳᠤ ᠦᠶ᠎ᠡ ᠶᠢᠨ ᠰᠣᠶᠣᠯ | ᠠᠭᠤᠰᠤᠯᠴᠠᠭᠰᠠᠨ ᠰᠣᠶᠣᠯ ᠤᠨ ᠴᠡᠭ ᠪᠣᠯᠵᠠᠢ᠃ | | 3 ᠰᠠᠷ᠎ᠠ ᠶᠢᠨ 1 ᠤ ᠡᠳᠦᠷ᠂ ᠪᠢᠯᠢᠭ ᠤᠨ ᠤᠯᠠᠷᠢᠯ ᠤᠨ ᠯᠣᠣ ᠵᠢᠯ ᠤᠨ ᠴᠠᠭᠠᠨ ᠰᠠᠷ᠎ᠠ ᠶᠢᠨ ᠬᠤᠷᠢᠨ ᠨᠢᠭᠡᠨ | ᠤ ᠯᠦᠩᠺᠸᠦ ᠪᠠᠯᠭᠠᠰᠤᠨ ᠤ ᠬᠠᠶᠢᠯᠠᠰᠤᠲᠤ ᠲᠣᠰᠬᠤᠨ ᠤ ᠶᠢᠰᠦᠨ ᠨᠤᠭᠤᠯᠤᠭ᠎ᠠ ᠬᠠᠲᠤᠨ ᠭᠤᠣᠯ ᠤᠨ ᠳ᠋ᠧᠩᠯᠦ ᠶᠢᠨ | ᠨᠠᠶᠢᠷ ᠪᠣᠯᠪᠠ᠃ ᠰᠤᠷᠪᠤᠯᠵᠢᠯᠠᠬᠴᠢ ᠨᠠᠷ ᠳᠦᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠬᠥᠮᠥᠰ ᠢ ᠲᠠᠭᠠᠨ | ᠬᠠᠷᠠᠩᠭ᠎ᠠ ᠬᠡᠩᠭᠡᠷᠭᠡ ᠨᠢᠵᠢᠭᠢᠨᠡᠭᠰᠡᠨ ᠡᠨᠡ ᠬᠦ ᠲᠣᠰᠬᠤᠨ ᠳᠤ ᠠᠯᠬᠤᠨ ᠣᠷᠣᠪᠠ᠃ | | 200 ᠭᠠᠷᠤᠢ ᠵᠢᠯ ᠤᠨ ᠲᠡᠦᠬᠡ ᠲᠠᠢ ᠰᠠᠨ ᠭᠤᠸᠠᠨ ᠰᠦᠮ᠎ᠡ ᠶᠢᠨ ᠡᠮᠦᠨ᠎ᠡ᠂ ᠶᠢᠰᠦᠨ ᠨᠤᠭᠤᠯᠤᠭ᠎ᠠ ᠬᠠᠲᠤᠨ | ᠭᠤᠣᠯ ᠤᠨ ᠵᠢᠭᠰᠠᠭᠠᠯ ᠢᠶᠠᠨ ᠨᠢᠭᠡᠨᠲᠡ ᠪᠠᠶᠢᠷᠢᠯᠠᠭᠤᠯᠪᠠ᠃ ᠭᠠᠵᠠᠷ ᠳᠡᠭᠡᠷ᠎ᠡ 365 ᠡᠰᠢ ᠬᠠᠳᠬᠤᠵᠤ᠂ ᠣᠷᠣᠢ | ᠳᠡᠭᠡᠷ᠎ᠡ ᠨᠢ ᠪᠦᠷ ᠨᠢᠭᠡ ᠳ᠋ᠧᠩᠯᠦ ᠪᠠᠶᠢᠵᠤ᠂ ᠥᠩᠭᠡ ᠢᠯᠭᠠᠷᠠᠮ᠎ᠠ᠂ ᠭᠡᠷᠡᠯ ᠭᠢᠯᠪᠠᠭ᠎ᠠ ᠰᠠᠴᠤᠷᠠᠵᠤ ᠪᠠᠶᠢᠯ᠎ᠠ᠃ ᠡᠷᠡᠭᠲᠡᠢ | ᠡᠮᠡᠭᠲᠡᠢ ᠬᠥᠭᠰᠢᠨ ᠵᠠᠯᠠᠭᠤ ᠭᠡᠰᠡᠨ ᠦᠭᠡᠢ ᠶᠢᠰᠦᠨ ᠨᠤᠭᠤᠯᠤᠭ᠎ᠠ ᠬᠠᠳᠤᠨ ᠭᠤᠣᠯ ᠤᠨ ᠵᠢᠭᠰᠠᠭᠠᠯ ᠳᠤ ᠣᠷᠣᠵᠤ᠂ | ᠨᠢᠭᠡ ᠵᠢᠯ ᠤᠨ 365 ᠡᠳᠦᠷ ᠢ ᠪᠡᠯᠭᠡᠳᠡᠭᠰᠡᠨ ᠳ᠋ᠧᠩᠯᠦ ᠶᠢᠨ ᠳᠡᠷᠭᠡᠳᠡ ᠠᠴᠠ ᠥᠩᠭᠡᠷᠡᠵᠦ᠂ ᠶᠢᠰᠦᠨ ᠣᠷᠣᠨ ᠢ | ᠪᠡᠯᠭᠡᠳᠡᠭᠰᠡᠨ 9 ᠴᠠᠮᠬᠠᠭ ᠢᠶᠠᠷ ᠥᠩᠭᠡᠷᠡᠵᠦ᠂ ᠤᠳᠠᠭᠠᠨ ᠣᠨ ᠪᠣᠯᠤᠭᠰᠠᠨ ᠯᠤᠤᠲᠤ ᠡᠰᠢ ᠶᠢᠨ ᠡᠮᠦᠨ᠎ᠡ ᠢᠷᠡᠵᠦ᠂ | ᠲᠡᠮᠳᠡᠷᠡᠨ ᠲᠡᠪᠡᠷᠢᠵᠦ᠂ ᠬᠥᠮᠥᠨ ᠠᠮᠠ ᠠᠮᠤᠷ ᠠᠮᠤᠭᠤᠯᠠᠩ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠣᠯᠵᠤ᠂ ᠮᠠᠯ | ᠲᠡᠵᠢᠭᠡᠪᠦᠷᠢ ᠥᠨᠢᠷ ᠬᠥᠭᠵᠢᠬᠦ ᠶᠢ ᠳᠠᠭᠠᠳᠬᠠᠨ᠎ᠠ᠃ | | ᠰᠣᠨᠣᠰᠤᠯᠲᠠ ᠪᠠᠷ᠂ ᠶᠢᠰᠦᠨ ᠨᠤᠭᠤᠯᠤᠭ᠎ᠠ ᠬᠠᠲᠤᠨ ᠭᠤᠣᠯ ᠤᠨ ᠳ᠋ᠧᠩᠯᠦ ᠶᠢᠨ ᠨᠠᠶᠢᠷ ᠤᠨ ᠵᠠᠩ ᠵᠠᠩᠰᠢᠯ ᠢ | ᠪᠣᠯ ᠪᠣᠭᠤᠮᠲᠠ ᠶᠢᠨ ᠪᠠᠷᠠᠭᠤᠨ ᠠᠮᠠ ᠳᠠᠪᠠᠵᠤ ᠮᠣᠩᠭᠤᠯ ᠣᠷᠣᠨ ᠳᠤ ᠨᠡᠭᠦᠨ ᠢᠷᠡᠭᠰᠡᠨ ᠬᠥᠮᠥᠰ ᠵᠡᠭᠦᠨᠭᠠᠷ ᠲᠤ | ᠠᠪᠴᠢᠷᠠᠭᠰᠠᠨ ᠪᠥᠭᠡᠳ ᠠᠳᠡ ᠡᠨᠡ ᠬᠦ ᠤᠯᠠᠮᠵᠢᠯᠠᠯᠲᠤ ᠰᠣᠶᠣᠯ ᠤᠨ ᠠᠵᠢᠯᠯᠠᠭ᠎ᠠ ᠶᠢ ᠪᠠᠳᠠᠷᠠᠭᠤᠯᠤᠨ | ᠳᠡᠯᠭᠡᠷᠡᠭᠦᠯᠦᠭᠰᠡᠨ ᠭᠡᠳᠡᠭ᠃ ︽ᠡᠨᠡ ᠬᠦ ᠤᠯᠠᠮᠵᠢᠯᠠᠯ ᠨᠢᠭᠡᠨᠲᠡ ᠬᠡᠳᠦᠨ ᠦᠶ᠎ᠡ ᠶᠢᠨ ᠬᠥᠮᠥᠰ ᠤᠨ ᠳᠤᠮᠳᠠ | ᠦᠷᠭᠦᠯᠵᠢᠯᠡᠭᠰᠡᠭᠡᠷ ᠢᠷᠡᠪᠡ᠂ ᠵᠢᠯ ᠪᠦᠷᠢ ᠶᠢᠨ ᠡᠨᠡ ᠦᠶ᠎ᠡ ᠳᠤ᠂ ᠭᠠᠳᠠᠨ᠎ᠠ ᠣᠷᠣᠨ ᠳᠤ ᠰᠠᠭᠤᠷᠢᠰᠢᠭᠰᠠᠨ ᠬᠥᠮᠥᠰ | ᠨᠤᠲᠤᠭ ᠲᠠᠭᠠᠨ ᠪᠤᠴᠠᠵᠤ᠂ ᠣᠶᠢᠷ᠎ᠠ ᠣᠷᠴᠢᠮ ᠤᠨ ᠠᠶᠢᠯ ᠰᠠᠭᠠᠬᠠᠯᠲᠠ ᠴᠤ ᠠᠳᠡ ᠴᠤᠭᠯᠠᠷᠠᠳᠠᠭ︾ ᠭᠡᠵᠦ ᠳ᠋ᠧᠩᠯᠦ | ᠶᠢᠨ ᠨᠠᠶᠢᠷ ᠢ ᠵᠣᠬᠢᠶᠠᠨ ᠪᠠᠶᠢᠭᠤᠯᠤᠭᠴᠢ᠂ ᠢᠦᠢ ᠱᠤ᠋ ᠸᠠᠨ ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠤᠨ | ᠳᠠᠷᠤᠭ᠎ᠠ ᠵᠠᠩ ᠵᠢᠢ ᠮᠢᠩ ᠬᠡᠯᠡᠪᠡ᠃ | | ᠳ᠋ᠧᠩᠯᠦ ᠶᠢᠨ ᠨᠠᠶᠢᠷ ᠠᠴᠠ ᠭᠠᠳᠠᠨ᠎ᠠ᠂ ᠰᠦᠮ᠎ᠡ ᠶᠢᠨ ᠴᠤᠭᠯᠠᠭᠠᠨ ᠨᠢ ᠪᠠᠰᠠ ᠵᠡᠭᠦᠨᠭᠠᠷ ᠣᠷᠣᠨ ᠤ ᠴᠠᠭᠠᠨ | ᠰᠠᠷ᠎ᠠ ᠶᠢᠨ ᠴᠢᠬᠤᠯᠠ ᠪᠦᠬᠦᠢ ︽ᠲᠣᠬᠯᠠᠯᠲᠠ︾ ᠪᠣᠯᠣᠨ᠎ᠠ᠃ ᠵᠢᠯ ᠪᠦᠷᠢ ᠶᠢᠨ ᠴᠠᠭᠠᠨ ᠰᠠᠷ᠎ᠠ ᠥᠩᠭᠡᠷᠡᠭᠰᠡᠨ ᠤ | ᠳᠠᠷᠠᠭ᠎ᠠ᠂ ᠵᠡᠭᠦᠨᠭᠠᠷ ᠬᠤᠰᠢᠭᠤᠨ ᠤ ᠡᠯ᠎ᠡ ᠰᠢᠶᠠᠩ ᠪᠠᠯᠭᠠᠰᠤ᠂ ᠠᠶᠢᠯ ᠲᠣᠰᠬᠤᠨ ᠳᠤ ᠭᠦᠷ ᠬᠥᠭᠵᠢᠶᠡᠨᠲᠡᠢ | ᠰᠦᠮ᠎ᠡ ᠶᠢᠨ ᠴᠤᠭᠯᠠᠭᠠᠨ ᠪᠢᠯᠢᠭ ᠤᠨ ᠤᠯᠠᠷᠢᠯ ᠤᠨ ᠬᠤᠶᠠᠷ ᠰᠠᠷ᠎ᠠ ᠶᠢᠨ ᠬᠤᠶᠠᠷ ᠪᠤᠯᠲᠠᠯ᠎ᠠ ᠦᠷᠭᠦᠯᠵᠢᠯᠡᠳᠡᠭ᠃ | ᠲᠡᠭᠡᠭᠡᠳ ᠬᠥᠮᠥᠰ ᠨᠢᠭᠡ ᠵᠢᠯ ᠤᠨ ᠰᠠᠶᠢᠨ ᠰᠠᠶᠢᠬᠠᠨ ᠬᠦᠰᠡᠯ ᠢᠶᠠᠨ ᠪᠦᠷ ᠡᠳᠡᠭᠡᠷ ᠡᠷᠲᠡᠨ ᠠᠴᠠ ᠢᠷᠡᠭᠰᠡᠨ ︽ | ᠬᠥᠭᠵᠢᠯ ᠪᠠᠳᠠᠷᠠᠯ︾ ᠳᠤ ᠲᠠᠯᠪᠢᠳᠠᠭ ᠪᠠᠶᠢᠨ᠎ᠠ᠃ | | ᠶᠡᠭᠡ ᠨᠡᠭᠦᠳᠡᠯ ᠨᠢ ᠶᠡᠭᠡ ᠠᠭᠤᠰᠤᠯᠴᠠᠯ ᠢ ᠪᠦᠷᠢᠯᠳᠦᠭᠦᠯᠪᠡ᠃ ᠨᠡᠭᠦᠳᠡᠯ ᠮᠠᠯᠵᠢᠯ ᠤᠨ ᠰᠣᠶᠣᠯ ᠪᠠ | ᠲᠠᠷᠢᠶᠠᠯᠠᠬᠤ ᠰᠣᠶᠣᠯ ᠮᠥᠷᠭᠦᠯᠳᠦᠵᠦ᠂ ᠰᠣᠶᠣᠯ ᠤᠨ ᠠᠭᠤᠰᠤᠯᠴᠠᠯ ᠤᠨ ︽ᠣᠴᠢ︾ - ᠮᠠᠩᠬᠠᠨ ᠠᠶᠠᠯᠭᠤ ᠪᠤᠢ | ᠪᠣᠯᠪᠠ᠃ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠤᠭᠰᠠᠨ ᠤ ᠬᠤᠪᠢ ᠳᠤ᠂ ︽ᠮᠣᠩᠭᠤᠯ | ᠠᠶᠠᠯᠭᠤ ᠬᠢᠲᠠᠳ ᠳᠠᠭᠤᠤ ᠶᠢᠨ ᠦᠭᠡ︾ ᠶᠢᠨ ᠣᠨᠴᠠᠯᠢᠭ ᠲᠠᠢ ᠮᠠᠩᠬᠠᠨ ᠠᠶᠠᠯᠭᠤ ᠪᠣᠯ ᠮᠣᠩᠭᠤᠯ ᠬᠢᠲᠠᠳ | ᠦᠨᠳᠦᠰᠦᠲᠡᠨ ᠬᠠᠮᠲᠤ ᠪᠠᠷ ᠪᠦᠲᠦᠭᠡᠭᠰᠡᠨ ᠪᠣᠯᠬᠤᠷ ᠴᠣᠷ ᠤᠨ ᠭᠠᠭᠴᠠ ᠴᠢᠨᠠᠷ ᠲᠠᠢ ᠶᠤᠮ᠃ | | ᠣᠳᠣᠬᠠᠨ ᠳᠤ᠂ ᠮᠠᠩᠬᠠᠨ ᠠᠶᠠᠯᠭᠤ ᠴᠤ ᠠᠳᠠᠯᠢ ᠪᠤᠰᠤ ᠤᠯᠠᠮᠵᠢᠯᠠᠯᠲᠤ ᠤᠷᠠᠯᠢᠭ ᠤᠨ ᠰᠢᠮ᠎ᠡ ᠲᠡᠵᠢᠭᠡᠯ ᠢ | ᠥᠷᠭᠡᠨ ᠢᠶᠠᠷ ᠰᠢᠩᠭᠡᠬᠡᠨ ᠠᠪᠴᠤ᠂ ᠣᠯᠠᠨ ᠡᠰᠢᠴᠢᠯᠡᠭᠰᠡᠨ ᠢᠯᠡᠳᠬᠡᠬᠦ ᠮᠠᠶ᠋ᠢᠭ ᠢ ᠲᠤᠷᠰᠢᠵᠤ ᠪᠠᠶᠢᠨ᠎ᠠ᠃ | ᠲᠦᠷᠦᠭᠦᠬᠡᠨ᠂ ᠬᠥᠮᠥᠨ ᠪᠦᠭᠦᠨ ᠳᠤ ᠲᠠᠭᠠᠰᠢᠶᠠᠭᠳᠠᠭᠰᠠᠨ ᠮᠠᠩᠬᠠᠨ ᠠᠶᠠᠯᠭᠤ ᠶᠢᠨ ᠳᠤᠮᠳᠠ᠂ ᠬᠤᠶᠠᠷ ᠤᠲᠠᠰᠤᠲᠤ | ᠬᠤᠭᠤᠷ᠂ ᠮᠣᠷᠢᠨ ᠬᠤᠭᠤᠷ᠂ ᠪᠢᠰᠬᠢᠭᠦᠷ ᠵᠡᠷᠭᠡ ᠦᠨᠳᠦᠰᠦᠲᠡᠨ ᠤ ᠬᠥᠭᠵᠢᠮᠳᠡᠭᠦᠷ ᠢ ︽ᠠᠭᠤᠰᠤᠯᠴᠠᠭᠤᠯᠤᠭᠰᠠᠨ︾ | ᠲᠣᠮᠣ ᠭᠡᠯᠪᠡᠷᠢ ᠶᠢᠨ ᠦᠨᠳᠦᠰᠦᠲᠡᠨ ᠤ ᠨᠠᠶᠢᠷᠠᠯ ᠬᠥᠭᠵᠢᠮ ᠤᠨ ᠦᠳᠡᠰᠢᠯᠡᠭᠡ - ︽ᠬᠠᠳᠤᠨ ᠭᠤᠣᠯ ᠤᠨ ᠤᠷᠳᠤ | ᠴᠠᠭᠠᠨ ᠬᠡᠷᠡᠮ ᠠᠳᠡ ᠭᠠᠷ ᠠᠳᠬᠤᠯᠴᠠᠨᠠ︾ ᠶᠢ ᠥᠪᠥᠷ ᠮᠣᠩᠭᠤᠯ ᠤᠨ ᠤᠷᠠᠯᠢᠭ ᠤᠨ ᠲᠢᠶᠠᠲᠷ ᠲᠤ ᠲᠣᠭᠯᠠᠪᠠ᠃ | ᠳᠠᠭᠤᠤ ᠬᠥᠭᠵᠢᠮ ᠤᠨ ᠲᠣᠬᠯᠠᠯᠲᠠ ᠨᠢ ︽ᠬᠠᠲᠤᠨ ᠭᠤᠣᠯ︾᠂ ︽ᠣᠷᠳᠣ ᠴᠠᠭᠠᠨ ᠬᠡᠷᠡᠮ︾ ᠢᠶᠠᠷ ᠭᠤᠣᠯ | ᠡᠯᠧᠮᠧᠨ᠋ᠲ ᠪᠤᠯᠭᠠᠵᠤ᠂ ᠨᠠᠶᠢᠷᠠᠯ ᠳᠠᠭᠤᠤ᠂ ᠡᠯᠭᠦᠭᠡ ᠳᠠᠭᠤᠤ ᠵᠡᠷᠭᠡ ᠣᠯᠠᠨ ᠵᠦᠢᠯ ᠤᠨ ᠲᠣᠬᠯᠠᠯᠲᠠ ᠶᠢᠨ | ᠭᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠪᠠ ᠬᠢᠵᠠᠭᠠᠯᠠᠰᠢ | ᠦᠭᠡᠢ ᠷᠢᠳᠢ ᠰᠢᠳᠢ ᠶᠢ ᠢᠯᠡᠷᠡᠭᠦᠯᠪᠡ᠃ | | ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠬᠠᠨ ᠶᠠᠨ ᠲᠠᠨᠢᠯᠴᠠᠭᠤᠯᠬᠤ ᠳᠠᠭᠠᠨ᠂ ᠶᠠᠭ ᠬᠠᠲᠤᠨ ᠭᠤᠣᠯ ᠤᠨ ᠰᠣᠶᠣᠯ ᠬᠢᠭᠡᠳ ᠣᠷᠳᠣ ᠴᠠᠭᠠᠨ | ᠬᠡᠷᠡᠮ ᠤᠨ ᠰᠣᠶᠣᠯ ᠨᠢ ᠵᠡᠭᠦᠨᠭᠠᠷ ᠤᠨ ᠰᠣᠶᠣᠯ ᠢ ︽ᠵᠡᠭᠦᠨ ᠪᠠᠷᠠᠭᠤᠨ ᠡᠮᠦᠨ᠎ᠡ ᠤᠮᠠᠷ᠎ᠠ︾ ᠶᠢ | ᠠᠭᠤᠰᠤᠯᠴᠠᠭᠤᠯᠤᠭᠰᠠᠨ ᠣᠨᠴᠠ ᠴᠢᠨᠠᠷ ᠲᠠᠢ ᠪᠣᠯᠭᠠᠪᠠ ᠭᠡᠵᠡᠢ᠃ ︽ᠬᠠᠳᠤᠨ ᠭᠤᠣᠯ ᠤᠨ ᠬᠥᠨᠳᠡᠢ ᠪᠣᠯ | ᠰᠣᠶᠣᠯ ᠤᠨ ᠰᠣᠯᠢᠯᠴᠠᠭᠠᠨ ᠤ ᠵᠠᠮ ᠮᠥᠨ᠂ ᠬᠠᠳᠤᠨ ᠭᠤᠣᠯ ᠳᠠᠭᠠᠤ ᠭᠠᠵᠠᠷ ᠣᠷᠣᠨ ᠡᠨᠡ ᠬᠦ ᠡᠵᠢ ᠭᠤᠣᠯ ᠢᠶᠠᠷ | ᠳᠠᠮᠵᠢᠨ ᠥᠨᠳᠥᠷ ᠳᠠᠪᠲᠠᠮᠵᠢ ᠲᠠᠢ ᠥᠨᠳᠥᠷ ᠪᠦᠲᠦᠮᠵᠢᠲᠡᠶ ᠰᠣᠶᠣᠯ ᠤᠨ ᠠᠭᠤᠰᠤᠯᠴᠠᠯ ᠢ ᠪᠡᠶᠡᠯᠡᠭᠦᠯᠪᠡ᠃ ᠡᠨᠡ ᠨᠢ | ᠵᠡᠭᠦᠨᠭᠠᠷ ᠬᠤᠰᠢᠭᠤᠨ ᠳᠤ ᠮᠠᠰᠢ ᠲᠣᠪᠣᠶᠢᠮ᠎ᠠ ᠢᠯᠡᠷᠡᠵᠦ᠂ ᠬᠠᠳᠤᠨ ᠭᠤᠣᠯ ᠤᠨ ᠳᠡᠭᠡᠳᠦ ᠤᠷᠤᠰᠬᠠᠯ ᠳᠤ | ᠪᠠᠶᠢᠷᠢᠯᠠᠳᠠᠭ ᠪᠠᠷᠠᠭᠤᠨ ᠬᠤᠶᠢᠲᠤ ᠣᠷᠣᠨ ᠤ ᠠᠷᠠᠳ ᠤᠨ ᠵᠠᠩ ᠦᠢᠯᠡ᠂ ᠬᠠᠳᠤᠨ ᠭᠤᠣᠯ ᠤᠨ ᠳᠣᠣᠷᠠᠳᠤ | ᠤᠷᠤᠰᠬᠠᠯ ᠳᠤ ᠪᠠᠶᠢᠷᠢᠯᠠᠳᠠᠭ ᠤᠮᠠᠷᠠᠲᠤ ᠣᠷᠣᠨ ᠤ ᠠᠷᠠᠳ ᠤᠨ ᠵᠠᠩ ᠦᠢᠯᠡ ᠶᠢ ᠴᠤ ᠵᠡᠭᠦᠨᠭᠠᠷ ᠬᠤᠰᠢᠭᠤᠨ ᠠᠴᠠ | ᠴᠥᠮ ᠡᠷᠢᠵᠦ ᠣᠯᠳᠠᠭ᠃ ᠡᠨᠡ ᠪᠣᠯ ᠳᠠᠷᠤᠢ ᠬᠠᠲᠤᠨ ᠭᠤᠣᠯ ᠤᠨ︿ᠬᠡᠯᠬᠢᠨ ᠬᠤᠯᠪᠣᠭᠰᠠᠨ﹀ ᠤ ᠦᠢᠯᠡᠳᠦᠯ ᠪᠣᠯᠣᠨ᠎ᠠ︾ | ᠭᠡᠵᠦ ᠬᠠᠨ ᠶᠠᠨ ᠬᠡᠯᠡᠪᠡ᠃ | | ᠣᠷᠳᠣ ᠴᠠᠭᠠᠨ ᠬᠡᠷᠡᠮ ᠤᠨ ᠰᠣᠶᠣᠯ ᠢ ᠶᠠᠷᠢᠬᠤ ᠳᠤ᠂ ᠬᠠᠨ ᠶᠠᠨ᠄ ︽ᠣᠷᠳᠣ ᠴᠠᠭᠠᠨ ᠬᠡᠷᠡᠮ ᠤᠨ ᠭᠤᠣᠯ | ᠬᠡᠰᠡᠭ ᠨᠢ ᠵᠢᠯ ᠳᠤᠮᠳᠠᠴᠢ 400 ᠮᠢᠯᠢᠮᠧᠲᠷ ᠤᠨ ᠲᠤᠨᠳᠠᠰᠤᠨ ᠤ ᠬᠡᠮᠵᠢᠶ᠎ᠡ ᠶᠢᠨ ᠱᠤᠭᠤᠮ ᠲᠠᠢ ᠦᠨᠳᠦᠰᠦᠨ ᠳᠡᠭᠡᠨ | ᠳᠠᠪᠬᠤᠴᠠᠵᠤ᠂ ᠣᠷᠳᠣ ᠴᠠᠭᠠᠨ ᠬᠡᠷᠡᠮ ᠠᠴᠠ ᠡᠮᠦᠨᠡᠰᠢᠬᠢ ᠬᠤᠷ᠎ᠠ ᠲᠤᠨᠤᠳᠠᠰᠤ ᠡᠯᠪᠡᠭ ᠪᠠᠶᠢᠵᠤ᠂ ᠲᠠᠷᠢᠶᠠᠯᠠᠬᠤ | ᠠᠮᠢᠳᠤᠷᠠᠯ ᠤᠨ ᠠᠷᠭ᠎ᠠ ᠮᠠᠶ᠋ᠢᠭ ᠢ ᠭᠦᠢᠴᠡᠳ ᠳᠡᠮᠵᠢᠵᠦ᠂ ᠣᠷᠳᠣ ᠴᠠᠭᠠᠨ ᠬᠡᠷᠡᠮ ᠠᠴᠠ ᠤᠮᠠᠷᠠᠰᠢᠬᠢ ᠬᠤᠷ᠎ᠠ | ᠲᠤᠨᠤᠳᠠᠰᠤ ᠭᠦᠢᠴᠡᠳ ᠦᠭᠡᠢ ᠪᠣᠯᠬᠤᠷ ᠨᠡᠭᠦᠳᠡᠯᠯᠡᠨ ᠮᠠᠯᠵᠢᠬᠤ ᠠᠮᠢᠳᠤᠷᠠᠯ ᠤᠨ ᠠᠷᠭ᠎ᠠ ᠮᠠᠶ᠋ᠢᠭ ᠲᠤ ᠨᠠᠩ | ᠲᠣᠬᠢᠷᠠᠮᠵᠢᠲᠠᠢ ᠪᠠᠶᠢᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠠᠶᠢᠮᠠᠭ ᠪᠦᠯᠦᠭ ᠨᠢ ᠠᠶᠠᠨᠳᠠᠭᠠᠨ ᠠᠮᠢᠳᠤᠷᠠᠯ ᠤᠨ | ᠬᠡᠷᠡᠭᠰᠡᠯ ᠮᠠᠲ᠋ᠧᠷᠢᠶᠠᠯ ᠰᠣᠯᠢᠯᠴᠠᠬᠤ ᠬᠡᠷᠡᠭᠴᠡᠭᠡ ᠲᠠᠢ ᠪᠠᠶᠢᠳᠠᠭ᠃ ᠡᠨᠡ ᠨᠢ ᠤᠷᠲᠤ ᠴᠠᠭᠠᠨ ᠬᠡᠷᠡᠮ ᠤᠨ ᠪᠣᠭᠤᠮᠲᠠ ᠨᠢ | ᠡᠩᠬᠡ ᠲᠠᠶᠢᠪᠤᠩ ᠴᠠᠭ ᠦᠶ᠎ᠡ ᠳᠤ ᠲᠠᠷᠢᠶᠠᠯᠠᠬᠤ ᠦᠨᠳᠦᠰᠦᠲᠡᠨ ᠪᠣᠯᠣᠨ ᠨᠡᠭᠦᠳᠡᠯᠯᠡᠨ ᠮᠠᠯᠵᠢᠬᠤ ᠦᠨᠳᠦᠰᠦᠲᠡᠨ ᠤ | ᠬᠤᠭᠤᠷᠣᠨᠳᠤ ᠠᠵᠤ ᠠᠬᠤᠢ᠂ ᠰᠣᠶᠣᠯ ᠤᠨ ᠰᠣᠯᠢᠯᠴᠠᠭ᠎ᠠ ᠬᠢᠬᠦ ᠵᠠᠩᠭᠢᠯᠠᠭ᠎ᠠ ᠶᠢᠨ ᠴᠡᠭ ᠪᠣᠯᠤᠭᠰᠠᠨ ᠪᠠᠶᠢᠨ᠎ᠠ︾ | ᠭᠡᠵᠦ ᠬᠡᠯᠡᠪᠡ᠃ | | ᠬᠠᠳᠤᠨ ᠭᠤᠣᠯ ᠤᠨ ᠰᠢᠮ᠎ᠡ ᠲᠡᠵᠢᠭᠡᠯ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ᠂ ᠪᠠᠷᠠᠭᠤᠨ ᠪᠣᠭᠤᠮᠲᠠ | ᠪᠠᠷ ᠶᠠᠪᠤᠵᠤ ᠢᠷᠡᠭᠰᠡᠨ ᠬᠥᠮᠥᠰ᠂ ᠵᠡᠭᠦᠨᠭᠠᠷ ᠤᠨ ᠨᠤᠲᠤᠭ ᠳᠡᠪᠢᠰᠬᠡᠷ ᠳᠡᠭᠡᠷ᠎ᠡ᠂ ᠲᠤᠬᠠᠢ ᠶᠢᠨ ᠭᠠᠵᠠᠷ ᠤᠨ ᠠᠷᠠᠳ | ᠲᠦᠮᠡᠨ ᠲᠠᠢ ᠬᠠᠮᠲᠤ ᠪᠠᠷ ᠬᠥᠳᠡᠯᠮᠦᠷᠢᠯᠡᠵᠦ᠂ ᠬᠠᠮᠲᠤ ᠪᠠᠷ ᠠᠮᠢᠳᠤᠷᠠᠵᠤ᠂ ᠭᠡᠷ ᠣᠷᠣᠨ ᠢᠶᠠᠨ ᠬᠠᠮᠲᠤ ᠪᠠᠷ | ᠪᠠᠶᠢᠭᠤᠯᠵᠤ᠂ ᠡᠭᠦᠳᠦᠨ ᠪᠦᠲᠦᠭᠡᠭᠰᠡᠨ ᠰᠣᠶᠣᠯ ᠢᠶᠠᠨ ᠠᠭᠤᠰᠤᠯᠴᠠᠭᠤᠯᠵᠤ᠂ ᠭᠦᠨ ᠢᠮ ᠲᠡᠮᠳᠡᠭ ᠦᠯᠡᠳᠡᠭᠡᠵᠦ᠂ | ᠠᠳᠡᠬᠢ ᠬᠥᠮᠥᠰ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢᠨ ᠰᠠᠬᠢᠨ ᠪᠠᠷᠠᠯᠠᠯ᠂ ᠥᠨᠢ ᠡᠭᠦᠷᠢᠳᠡ ᠶᠢᠨ ᠨᠤᠲᠤᠭ | ᠤᠰᠤᠨ ᠤ ᠮᠥᠷᠥᠭᠡᠳᠦᠯ ᠪᠣᠯᠵᠠᠢ᠃ | | ᠪᠠᠷᠠᠭᠤᠨ ᠪᠣᠭᠤᠮᠲᠠ ᠶᠢᠨ ᠰᠠᠯᠬᠢᠨ ᠤ ᠡᠷᠴᠢᠨ ᠳᠠᠬᠢ ᠭᠤᠷᠪᠠᠨ ᠭᠠᠵᠠᠷ ᠨᠤᠲᠤᠭ ᠤᠨ ᠮᠥᠷᠥᠭᠡᠳᠦᠯ | ᠲᠠᠶᠢᠯᠤᠭᠳᠠᠪᠠ | | ᠤᠯᠠᠨ ᠡᠰᠢᠲᠦ ᠰᠣᠶᠣᠯ ᠤᠨ ᠠᠭᠤᠰᠤᠯᠴᠠᠯ ᠨᠢ ᠲᠦᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ | ᠬᠥᠮᠥᠰ ᠢ ᠨᠢᠭᠡ ᠭᠡᠷ ᠤᠨ ᠬᠥᠮᠥᠨ ᠮᠡᠲᠦ ᠳᠣᠲᠣᠨᠣ ᠪᠣᠯᠭᠠᠵᠠᠢ᠃ ᠨᠢᠭᠡ ᠭᠡᠷ ᠤᠨ ᠬᠥᠮᠥᠰ ᠤᠨ ᠨᠢᠭᠡ ᠰᠢᠷᠡᠭᠡᠨ ᠤ | ᠪᠤᠳᠠᠭ᠎ᠠ ᠨᠣᠭᠤᠭ᠎ᠠ ᠢᠳᠡᠳᠡᠭ ᠢᠳᠡᠭᠡᠨ ᠤᠮᠳᠠᠭᠠᠨ ᠤ ᠰᠣᠶᠣᠯ ᠳᠤ ᠥᠭᠡᠷ᠎ᠡ ᠨᠢᠭᠡ ᠦᠨᠦᠷ ᠠᠮᠲᠠ ᠠᠭᠤᠯᠤᠭᠳᠠᠵᠤ | ᠪᠤᠢ᠃ | | ᠱᠠᠨ ᠰᠢ ᠮᠤᠵᠢ ᠶᠢᠨ ᠾᠧ ᠴᠢᠦᠢ ᠰᠢᠶᠠᠨ ᠤ ᠳᠥᠷᠪᠡᠨ ᠠᠶᠠᠭ᠎ᠠ ᠶᠢᠨ ᠵᠢᠩᠨᠡᠭᠦᠷ ᠵᠡᠷᠭᠡ ᠣᠨᠴᠠᠯᠢᠭᠲᠤ | ᠢᠳᠡᠭᠡᠨ ᠤᠮᠳᠠᠭᠠᠨ ᠨᠢ ᠪᠠᠷᠠᠭᠤᠨ ᠪᠣᠭᠤᠮᠲᠠ ᠪᠠᠷ ᠶᠠᠪᠤᠵᠤ ᠢᠷᠡᠭᠰᠡᠨ ᠬᠥᠮᠥᠰ ᠢ ᠲᠠᠭᠠᠵᠤ ᠥᠪᠥᠷ ᠮᠣᠩᠭᠤᠯ ᠤᠨ | ᠪᠠᠷᠠᠭᠤᠨ ᠬᠡᠰᠡᠭ ᠲᠤ ᠬᠦᠷᠴᠦ᠂ ᠠᠭᠠᠵᠢᠮ ᠢᠶᠠᠷ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ︽ᠵᠢᠷᠭᠤᠭᠠᠨ | ᠠᠶᠠᠭ᠎ᠠ ᠨᠠᠢᠮᠠᠨ ᠠᠶᠠᠭ᠎ᠠ︾ ᠶᠢᠨ ᠳᠠᠶᠢᠯᠠᠯᠭ᠎ᠠ ᠵᠡᠷᠭᠡ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠪᠣᠯᠵᠤ | ᠬᠤᠪᠢᠷᠠᠪᠠ᠃ | | ᠱᠠᠨ ᠰᠢ᠂ ᠱᠠᠨᠰᠢ ᠶᠢᠨ ᠬᠥᠮᠥᠰ ᠤᠨ ᠪᠠᠭ᠋ᠠᠷᠬᠠᠳᠠᠭ ᠢᠰᠬᠦᠯᠡᠩ ᠰᠢᠩᠭᠡᠨ ᠪᠤᠳᠠᠭ᠎ᠠ᠂ ᠠᠶᠠᠭᠠᠨ ᠴᠠᠷᠴᠠᠮᠠᠯ | ᠵᠡᠷᠭᠡ ᠭᠠᠵᠠᠷ ᠣᠷᠣᠨ ᠤ ᠢᠳᠡᠭᠡᠨ ᠨᠢ ᠬᠠᠲᠤᠨ ᠭᠤᠣᠯ ᠤᠨ ᠤᠷᠤᠰᠬᠠᠯ ᠤᠨ ᠴᠢᠭᠯᠡᠯ ᠢᠶᠠᠷ ᠥᠪᠥᠷ ᠮᠣᠩᠭᠤᠯ ᠤᠨ | ᠪᠠᠷᠠᠭᠤᠨ ᠬᠡᠰᠡᠭ ᠲᠤ ᠦᠨᠳᠦᠰᠦ ᠬᠠᠳᠬᠤᠵᠤ᠂ ᠠᠭᠤᠰᠤᠯᠴᠠᠨ ᠰᠢᠨᠡᠴᠢᠯᠡᠬᠦ ᠪᠠᠷ ᠳᠡᠮᠵᠢᠵᠤ᠂ ᠡᠯ᠎ᠡ ᠭᠠᠵᠠᠷ ᠤᠨ | ᠦᠨᠦᠷ ᠠᠮᠲᠠᠲᠠᠢ᠂ ᠥᠪᠡᠷ ᠥᠪᠡᠷ ᠤᠨ ᠣᠨᠴᠠᠯᠢᠭ ᠲᠠᠢ ᠢᠳᠡᠭᠡᠨ ᠪᠣᠯᠪᠠ᠃ | | ᠡᠨᠡ ᠬᠦ ᠠᠮᠲᠠᠲᠤ ᠢᠳᠡᠭᠡᠨ ᠤ ᠰᠣᠶᠣᠯ ᠢ ᠤᠯᠠᠮᠵᠢᠯᠠᠵᠤ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ | ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠶᠢᠨ ᠲᠥᠯᠥᠭᠡ᠂ ᠯᠦᠩᠺᠸᠦ ᠪᠠᠯᠭᠠᠰᠤᠨ ᠤ ᠮᠠ ᠵᠠ ᠲᠣᠰᠬᠤᠨ ᠤ | ᠨᠠᠮ ᠤᠨ ᠡᠭᠦᠷ ᠤᠨ ᠱᠦᠵᠢ ᠬᠤᠸᠠᠩ ᠵᠢᠶᠠᠨ ᠵᠢᠶᠦ᠋ᠨ ᠥᠪᠥᠷ ᠮᠣᠩᠭᠤᠯ ᠤᠨ ᠰᠧ ᠵᠢᠢ ᠰᠢᠶᠠᠩ ᠲᠠᠷᠢᠶᠠᠯᠠᠩ ᠤᠨ | ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢ ᠲᠦᠷᠦᠭᠦᠯᠡᠨ ᠪᠠᠶᠢᠭᠤᠯᠵᠤ᠂ ︽ᠵᠡᠭᠦᠨᠭᠠᠷ ᠬᠤᠰᠢᠭᠤᠨ ᠤ ᠵᠢᠷᠭᠤᠭᠠᠨ | ᠠᠶᠠᠭ᠎ᠠ ᠨᠠᠢᠮᠠᠨ ᠠᠶᠠᠭ᠎ᠠ︾ ᠶᠢᠨ ᠯᠦᠩᠺᠸᠦ ᠠᠮᠲᠠᠲᠤ ᠢᠳᠡᠭᠡᠨ ᠤ ᠭᠠᠵᠠᠷ ᠢ ᠲᠥᠯᠥᠪᠵᠢᠭᠦᠯᠦᠨ ᠪᠠᠶᠢᠭᠤᠯᠪᠠ᠃ | ᠲᠤᠬᠠᠢ ᠶᠢᠨ ᠭᠠᠵᠠᠷ ᠤᠨ30 ᠭᠠᠷᠤᠢ ᠵᠢᠯ ᠤᠨ ᠬᠤᠷᠢᠮ ᠨᠠᠶᠢᠷ ᠤᠨ ᠬᠤᠭᠤᠯᠠ ᠵᠠᠭᠤᠰᠢ ᠬᠢᠭᠰᠡᠨ ᠲᠤᠷᠰᠢᠯᠭ᠎ᠠ ᠲᠠᠢ ︽ | ᠠᠬᠠᠮᠠᠳ ᠲᠣᠭᠤᠭᠠᠴᠢᠳ︾ ᠢ ᠵᠣᠬᠢᠶᠠᠨ ᠪᠠᠶᠢᠭᠤᠯᠵᠤ ᠠᠮᠲᠠᠲᠤ ᠢᠳᠡᠭᠡᠨ ᠤ ᠪᠦᠯᠭᠦᠮ ᠪᠠᠶᠢᠭᠤᠯᠪᠠ᠃ | | ︽ᠡᠨᠡ ᠵᠢᠯ᠂ ᠪᠢᠳᠡ ᠠᠮᠲᠠᠲᠤ ᠢᠳᠡᠭᠡᠨ ᠤ ᠨᠡᠶᠢᠭᠡᠮᠯᠢᠭ ᠢ ᠪᠠᠶᠢᠭᠤᠯᠵᠤ᠂ ︿ᠵᠢᠷᠭᠤᠭᠠᠨ ᠠᠶᠠᠭ᠎ᠠ ᠨᠠᠢᠮᠠᠨ | ᠠᠶᠠᠭ᠎ᠠ﹀ ᠶᠢᠨ ᠳᠠᠶᠢᠯᠠᠯᠭ᠎ᠠ ᠶᠢᠨ ᠨᠢᠭᠡᠳᠦᠯᠲᠡᠢ ᠪᠠᠷᠢᠮᠵᠢᠶ᠎ᠠ ᠶᠢ ᠲᠣᠭᠲᠠᠭᠠᠵᠤ᠂ ᠵᠡᠭᠦᠨᠭᠠᠷ ᠬᠤᠰᠢᠭᠤᠨ ᠤ ᠣᠨᠴᠠ | ᠪᠠᠶᠢᠳᠠᠭ ᠠᠮᠲᠠᠲᠤ ᠢᠳᠡᠭᠡᠨ ᠤ ᠲᠦᠷᠦᠯ ᠲᠡᠮᠳᠡᠭ ᠶᠢ ᠪᠣᠰᠬᠠᠵᠤ᠂ ᠦᠨᠳᠦᠰᠦᠲᠡᠨ ᠤ ᠠᠭᠤᠰᠤᠯᠴᠠᠯ ᠢ ᠭᠡᠷᠡᠴᠢᠯᠡᠭᠰᠡᠨ | ᠡᠨᠡᠬᠦ ᠠᠮᠲᠠᠲᠤ ᠢᠳᠡᠭᠡᠨ ᠤ ᠰᠣᠶᠣᠯ ᠢ ᠥᠨᠢ ᠤᠳᠠᠭᠠᠨ ᠲᠡᠦᠬᠡ ᠲᠠᠢ ᠪᠣᠯᠭᠠᠨ᠎ᠠ︾ ᠭᠡᠵᠦ ᠬᠤᠸᠠᠩ ᠵᠢᠶᠠᠨ ᠵᠢᠶᠦ᠋ᠨ | ᠬᠡᠯᠡᠪᠡ᠃ | | ᠡᠳᠦᠭᠡ᠂ ︽ᠵᠢᠷᠭᠤᠭᠠᠨ ᠠᠶᠠᠭ᠎ᠠ ᠨᠠᠢᠮᠠᠨ ᠠᠶᠠᠭ᠎ᠠ︾ ᠶᠢᠨ ᠬᠤᠷᠢᠮ ᠨᠠᠶᠢᠷ ᠤᠨ ᠬᠤᠭᠤᠯᠠ ᠵᠠᠭᠤᠰᠢ ᠨᠢ | ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ | ᠰᠣᠩᠭᠤᠭᠳᠠᠵᠤ᠂ ᠲᠣᠰᠬᠤᠨ ᠤ ᠬᠠᠮᠲᠤ ᠶᠢᠨ ᠺᠤᠮᠫᠠᠨᠢ ᠨᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠵᠠᠯᠭᠠᠮᠵᠢᠯᠠᠬᠤ ᠰᠠᠭᠤᠷᠢᠨ ᠪᠣᠯᠪᠠ᠃ | | ᠵᠡᠭᠦᠨᠭᠠᠷ ᠬᠤᠰᠢᠭᠤᠨ ᠤ ᠬᠢᠨ ᠬᠠᠲᠤᠨ ᠭᠤᠣᠯ ᠤᠨ ᠰᠣᠶᠣᠯ ᠤᠨ ᠤᠳᠤᠮᠯᠠᠯ ᠢ ᠭᠦᠨ ᠠᠭᠤᠳᠠᠯᠤᠨ ᠵᠠᠳᠠᠯᠵᠤ | ᠂ ᠲᠡᠦᠬᠡ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠ ᠠᠮᠢᠳᠤᠯᠢᠭ ᠢᠶᠠᠷ ᠠᠰᠢᠭᠯᠠᠬᠤ ᠶᠢ ᠴᠢᠩᠭᠠᠳᠬᠠᠬᠤ | ᠶᠠᠪᠤᠴᠠ ᠳᠤ᠂ ᠤᠯᠠᠮᠵᠢᠯᠠᠯᠲᠤ ᠠᠶᠢᠯ ᠲᠣᠰᠬᠤᠨ ᠼᠦᠢ ᠵᠢᠶᠠ ᠵᠠᠢ ᠳᠤ ᠠᠩᠬᠠᠷᠤᠯ ᠢᠶᠠᠨ ᠬᠠᠨᠳᠤᠭᠤᠯᠪᠠ᠃ | | ᠼᠦᠢ ᠵᠢᠶᠠ ᠵᠠᠢ 1850 ᠣᠨ ᠠᠴᠠ 1860 ᠣᠨ ᠤ ᠬᠤᠭᠤᠷᠣᠨᠳᠤ ᠪᠠᠶᠢᠭᠤᠯᠤᠭᠳᠠᠵᠤ᠂ ᠬᠠᠳᠤᠨ | ᠭᠤᠣᠯ ᠤᠨ ᠡᠷᠭᠢ᠂ ᠤᠷᠳᠤ ᠴᠠᠭᠠᠨ ᠬᠡᠷᠡᠮ ᠤᠨ ᠳᠣᠣᠷ᠎ᠠ ᠪᠠᠶᠢᠷᠢᠯᠠᠵᠤ᠂ 2014 ᠣᠨ ᠳᠤ ᠭᠤᠷᠪᠠᠳᠤᠭᠠᠷ | ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠤ ᠨᠡᠷᠡᠰ ᠲᠤ ᠵᠢᠭᠰᠠᠭᠠᠭᠳᠠᠪᠠ᠃ | | ᠤᠳᠤ ᠶᠢᠨ ᠼᠦᠢ ᠵᠢᠶᠠ ᠵᠠᠢ ᠠᠭᠤᠯᠠ ᠶᠢ ᠲᠦᠰᠢᠵᠦ᠂ ᠭᠠᠵᠠᠷ ᠤᠨ ᠪᠠᠶᠢᠴᠠ ᠶᠢᠨ ᠥᠨᠳᠥᠷ ᠪᠣᠭᠤᠨᠢ ᠨᠢ | ᠵᠢᠭᠳᠡ ᠲᠡᠭᠰᠢ ᠬᠠᠷᠠᠭᠳᠠᠨ᠎ᠠ᠃ ᠰᠥᠨᠢ᠂ ᠴᠠᠶᠢᠵᠠ ᠶᠢᠨ ᠵᠥᠷᠢᠭ ᠵᠠᠮ ᠳᠡᠭᠡᠷ᠎ᠡ ᠳᠤᠷᠠᠶᠢᠭᠰᠠᠨ ᠲᠤᠬᠠᠢ ᠶᠢᠨ | ᠭᠠᠵᠠᠷ ᠤᠨ ᠪᠠᠶᠠᠷ ᠤᠨ ᠡᠳᠦᠷ᠂ ᠵᠠᠩ ᠦᠢᠯᠡ᠂ ᠦᠰᠦᠭ ᠪᠢᠴᠢᠭ ᠵᠡᠷᠭᠡ ᠰᠢᠷ᠎ᠠ ᠰᠢᠷᠣᠢ ᠶᠢᠨ ᠵᠠᠩ ᠦᠢᠯᠡ ᠶᠢᠨ | ᠬᠠᠨᠠᠨ ᠵᠢᠷᠤᠭ ᠲᠤ ᠭᠦᠨ ᠵᠤᠵᠠᠭᠠᠨ ᠠᠷᠠᠳ ᠤᠨ ᠵᠠᠩ ᠦᠢᠯᠡ ᠪᠠ ᠨᠤᠲᠤᠭ ᠤᠨ ᠠᠭᠤᠷ ᠠᠮᠢᠰᠬᠤᠯ ᠢ ᠢᠯᠡᠷᠡᠭᠦᠯᠪᠡ | ᠃ | | ᠴᠠᠶᠢᠵᠠ ᠶᠢᠨ ᠳᠣᠲᠣᠷ᠎ᠠ ᠲᠣᠰᠣᠨ ᠤ ᠦᠢᠯᠡᠳᠬᠡᠯ᠂ ᠳ᠋ᠧᠦᠹᠦ᠋ ᠶᠢᠨ ᠦᠢᠯᠡᠳᠬᠡᠯ᠂ ᠠᠷᠢᠬᠢᠨ ᠤ ᠦᠢᠯᠡᠳᠬᠡᠯ᠂ | ᠼᠤᠤ ᠶᠢᠨ ᠦᠢᠯᠡᠳᠬᠡᠯ᠂ ᠬᠤᠷᠢᠮ ᠨᠠᠶᠢᠷ ᠤᠨ ᠬᠦᠷᠢᠶᠡᠯᠡᠩ᠂ ᠰᠤᠷᠭᠠᠭᠤᠯᠢ᠂ ᠲᠡᠭᠡᠷᠮ᠎ᠡ ᠶᠢᠨ ᠭᠡᠷ᠂ ᠲᠡᠭᠡᠷᠮ᠎ᠡ ᠶᠢᠨ | ᠭᠡᠷ᠂ ᠵᠠᠩ ᠦᠶᠯᠡ ᠶᠢᠨ ᠣᠶᠢᠯᠠᠭᠠᠯᠲᠠ ᠶᠢᠨ ᠭᠡᠷ ᠵᠡᠷᠭᠡ ᠠᠳᠠᠯᠢ ᠪᠤᠰᠤ ᠭᠡᠯᠪᠡᠷᠢ ᠶᠢᠨ ᠲᠠᠷᠢᠶᠠᠯᠠᠬᠤ ᠠᠮᠢᠳᠤᠷᠠᠯ ᠤᠨ | ᠰᠣᠶᠣᠯ ᠤᠨ ᠦᠵᠡᠭᠦᠯᠦᠯᠭᠡ ᠪᠠ ᠦᠵᠡᠭᠦᠯᠭᠡ ᠶᠢᠨ ᠭᠡᠷ 30 ᠭᠠᠷᠤᠢ ᠲᠠᠰᠤᠯᠭ᠎ᠠ ᠪᠠᠶᠢᠵᠤ᠂ ᠭᠡᠷ ᠳᠣᠲᠣᠷᠠᠬᠢ | ᠯᠠ ᠶᠢᠨ ᠭᠦᠷᠥᠭ ᠢᠶᠠᠷ ᠲᠣᠰᠬᠤᠨ ᠤ ᠠᠷᠠᠳ ᠤᠨ ᠪᠥᠰ ᠨᠡᠬᠡᠬᠦ᠂ ᠠᠷᠢᠬᠢ ᠨᠡᠷᠡᠬᠦ᠂ ᠭᠤᠯᠢᠷ ᠲᠠᠯᠬᠠᠳᠠᠬᠤ᠂ ᠳ᠋ᠧᠦᠹᠦ᠋ | ᠬᠢᠬᠦ᠂ ᠲᠣᠰᠣ ᠰᠢᠬᠠᠬᠤ ᠵᠡᠷᠭᠡ ᠤᠯᠠᠮᠵᠢᠯᠠᠯᠲᠤ ᠭᠠᠷ ᠤᠷᠠᠯᠠᠯ ᠤᠨ ᠦᠢᠯᠡᠳᠬᠡᠯ ᠤᠨ ᠪᠠᠶᠢᠳᠠᠯ ᠢ ᠰᠡᠷᠭᠦᠭᠡᠭᠰᠡᠨ | ᠪᠠᠶᠢᠨ᠎ᠠ᠃ | | ᠵᠡᠭᠦᠨᠭᠠᠷ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠵᠠᠩ ᠲᠢᠶᠠᠨ ᠢ᠄ ︽ᠣᠶᠢᠷ᠎ᠠ ᠶᠢᠨ ᠵᠢᠯ ᠳᠤ᠂ ᠼᠦᠢ ᠵᠢᠶᠠ ᠵᠠᠢ ᠶᠢᠨ ᠬᠢᠨ ᠦᠵᠡᠮᠵᠢ ᠶᠢᠨ | ᠣᠷᠣᠨ ᠴᠠᠭᠠᠰᠤᠨ ᠬᠠᠶᠢᠴᠢᠯᠠᠮᠠᠯ᠂ ᠭᠤᠯᠢᠷ ᠪᠠᠷᠢᠮᠠᠯ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ | ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠭᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠠᠷᠠᠳ ᠤᠨ | ᠵᠠᠩ ᠦᠶᠯᠡ ᠶᠢᠨ ᠰᠣᠶᠣᠯ ᠢ ᠵᠢᠭᠤᠯᠴᠢᠯᠠᠯ ᠤᠨ ᠦᠢᠯᠡᠰ ᠲᠤ ᠠᠭᠤᠰᠬᠠᠨ ᠣᠷᠣᠭᠤᠯᠵᠤ᠂ ᠵᠢᠭᠤᠯᠴᠢᠯᠠᠬᠰᠠᠳ ᠲᠤ | ᠵᠡᠭᠦᠨᠭᠠᠷ ᠤᠨ ᠠᠷᠠᠳ ᠤᠨ ᠳᠤᠮᠳᠠᠬᠢ︿ᠳᠦᠷᠰᠦᠲᠦ ᠮᠠᠨᠲᠠᠤ﹀᠂ ︿ᠢᠰᠬᠦᠯᠡᠩ ᠰᠢᠩᠭᠡᠨ ᠪᠤᠳᠠᠭ᠎ᠠ﹀ᠵᠡᠷᠭᠡ ᠤᠯᠠᠮᠵᠢᠯᠠᠯᠲᠤ | ᠰᠣᠶᠣᠯ ᠤᠨ ᠦᠨᠦᠷ ᠠᠮᠲᠠ ᠶᠢ ᠪᠡᠶᠡᠴᠢᠯᠡᠨ ᠣᠶᠢᠯᠠᠭᠠᠭᠤᠯᠵᠤ᠂ ᠵᠡᠭᠦᠨᠭᠠᠷ ᠤᠨ ᠤᠯᠠᠮᠵᠢᠯᠠᠯᠲᠤ ᠰᠣᠶᠣᠯ ᠤᠨ | ᠳᠠᠮᠵᠢᠭᠤᠯᠭ᠎ᠠ ᠶᠢ ᠬᠦᠴᠦᠲᠡᠢ ᠠᠬᠢᠭᠤᠯᠪᠠ︾ ᠭᠡᠵᠦ ᠬᠡᠯᠡᠪᠡ᠃ | | ᠵᠡᠭᠦᠨᠭᠠᠷ ᠬᠤᠰᠢᠭᠤᠨ ᠤ ᠬᠢᠨ ᠬᠠᠲᠤᠨ ᠭᠤᠣᠯ ᠤᠨ ᠰᠣᠶᠣᠯ ᠪᠣᠯᠣᠨ ᠮᠠᠩᠬᠠᠨ ᠤ ᠰᠣᠶᠣᠯ ᠢ | ᠤᠶᠠᠯᠳᠤᠭᠤᠯᠵᠤ᠂ ᠯᠠᠭᠤᠰᠠ ᠲᠡᠮᠡᠭᠡᠨ ᠤ ᠬᠤᠷᠢᠮ ᠤᠨ ᠶᠣᠰᠣᠯᠠᠯ ᠤᠨ ᠪᠣᠳᠠᠲᠤ ᠦᠵᠡᠭᠳᠡᠯᠲᠦ ᠲᠣᠬᠯᠠᠯᠲᠠ᠂ ᠱᠠᠨ | ᠰᠢ ᠱᠠᠨᠰᠢ ᠥᠪᠥᠷ ᠮᠣᠩᠭᠤᠯ ᠤᠨ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ᠂ ᠨᠠᠭᠠᠳᠤᠮ ᠤᠨ ᠶᠡᠭᠡ ᠬᠤᠷᠠᠯ | ᠵᠡᠷᠭᠡ ᠠᠷᠠᠳ ᠤᠨ ᠵᠠᠩ ᠦᠶᠯᠡ ᠶᠢᠨ ᠰᠣᠶᠣᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ | ᠭᠦᠨ ᠨᠡᠪᠴᠢᠭᠦᠯᠬᠦ ᠮᠠᠶ᠋ᠢᠭ ᠤᠨ ᠪᠢᠴᠢᠯ ᠲᠣᠬᠯᠠᠯᠲᠠ ᠶᠢᠨ ᠭᠡᠯᠪᠡᠷᠢ ᠪᠠᠷ ᠪᠦᠭᠦ ᠦᠵᠡᠮᠵᠢ ᠶᠢ ᠥᠪᠡᠷᠮᠢᠴᠡ | ᠣᠨᠴᠠᠯᠢᠭᠲᠤ ᠣᠷᠣᠨ ᠨᠤᠲᠤᠭ ᠤᠨ ᠰᠣᠶᠣᠯ ᠢ ᠳᠡᠯᠭᠡᠨ ᠦᠵᠡᠭᠦᠯᠵᠦ᠂ ᠵᠢᠭᠤᠯᠴᠢᠯᠠᠬᠰᠠᠳ ᠲᠤ ᠠᠳᠡᠬᠢ | ᠰᠣᠶᠣᠯ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠵᠤ᠂ ᠬᠠᠲᠤᠨ ᠭᠤᠣᠯ ᠤᠨ ᠬᠥᠪᠡᠭᠦᠳ ᠥᠬᠢᠳ ᠤᠨ | ᠷᠣᠮᠠᠨᠲ᠋ᠢᠭ ᠬᠠᠶᠢᠷ᠎ᠠ ᠰᠡᠳᠬᠢᠯᠭᠡ ᠶᠢ ᠮᠡᠳᠡᠷᠡᠭᠦᠯᠪᠡ᠃ | | ︽ᠶᠠᠭ ᠬᠠᠲᠤᠨ ᠭᠤᠣᠯ ᠤᠨ ᠰᠣᠶᠣᠯ᠂ ᠣᠷᠳᠣ ᠴᠠᠭᠠᠨ ᠬᠡᠷᠡᠮ ᠤᠨ ᠰᠣᠶᠣᠯ ᠤᠨ ᠳᠠᠪᠬᠤᠷ | ᠨᠥᠯᠥᠭᠡ ᠠᠴᠠ ᠪᠣᠯᠵᠤ᠂ ᠵᠡᠭᠦᠨᠭᠠᠷ ᠬᠤᠰᠢᠭᠤ ᠨᠢ ᠬᠡᠳᠦᠶᠢᠪᠡᠷ ᠤᠮᠠᠷᠠᠲᠤ ᠶᠢᠨ ᠦᠨᠳᠦᠰᠦᠲᠡᠨ ᠤ ᠭᠠᠵᠠᠷ | ᠣᠷᠣᠨ ᠳᠤ ᠪᠠᠶᠢᠷᠢᠯᠠᠵᠤ ᠪᠠᠶᠢᠭ᠎ᠠ ᠪᠤᠯᠪᠠᠴᠤ ᠰᠣᠶᠣᠯ ᠤᠨ ᠲᠠᠯ᠎ᠠ ᠪᠠᠷ ᠮᠠᠰᠢ ᠬᠥᠭᠵᠢᠶᠡᠨᠲᠡᠢ ᠪᠠᠶᠢᠵᠤ᠂ ᠠᠳᠠᠯᠢ ᠪᠤᠰᠤ | ᠰᠣᠶᠣᠯ ᠤᠨ ᠰᠢᠮ᠎ᠡ ᠲᠡᠵᠢᠭᠡᠯ ᠢ ᠰᠢᠩᠭᠡᠬᠡᠨ ᠠᠪᠴᠤ᠂ ᠬᠠᠭᠤᠴᠢᠨ ᠢᠶᠠᠨ ᠪᠠᠷᠢᠮᠲᠠᠯᠠᠬᠤ ᠦᠭᠡᠢ ᠪᠤᠰᠤᠳ ᠤᠨ | ᠰᠣᠶᠣᠯ ᠢ ᠭᠠᠳᠠᠭᠤᠷᠴᠢᠯᠠᠬᠤ ᠦᠭᠡᠢ ᠰᠣᠶᠣᠯ ᠤᠨ ᠬᠡᠪ ᠰᠤᠷᠲᠠᠯ ᠢᠶᠠᠷ ᠦᠷᠭᠦᠯᠵᠢ︿ᠬᠡᠪ ᠰᠤᠷᠲᠠᠯ ᠤᠨ ᠬᠤᠰᠢᠭᠤᠴᠢ﹀ | ᠪᠣᠯᠵᠤ ᠪᠠᠶᠢᠳᠠᠭ︾ ᠭᠡᠵᠦ ᠬᠠᠨ ᠶᠠᠨ ᠬᠡᠯᠡᠪᠡ᠃ | | ᠰᠣᠶᠣᠯ ᠤᠰᠤ ᠮᠡᠲᠦ᠂ ᠪᠤᠶᠠᠨ ᠦᠢᠯᠡᠳᠴᠦ ᠠᠰᠢᠭ ᠬᠦᠷᠲᠡᠭᠡᠳᠡᠭ᠃ ᠳᠣᠯᠭᠢᠶᠠᠯᠠᠨ ᠤᠷᠤᠰᠬᠤ ᠬᠠᠳᠤᠨ | ᠭᠤᠣᠯ ᠥᠨᠳᠥᠷ ᠰᠦᠷᠯᠢᠭ ᠤᠷᠳᠤ ᠴᠠᠭᠠᠨ ᠬᠡᠷᠡᠮ ᠲᠠᠢ ᠭᠦᠨ ᠵᠤᠯᠭᠤᠵᠤ᠂ ᠠᠳᠡᠬᠢ ᠬᠥᠷᠥᠰᠥ ᠰᠢᠷᠣᠢ ᠶᠢ | ᠬᠤᠷᠮᠣᠶᠢᠯᠠᠪᠠ᠃ ᠵᠡᠭᠦᠨᠭᠠᠷ ᠬᠤᠰᠢᠭᠤ ᠨᠡᠩ ᠠᠭᠤᠳᠠᠮᠴᠢ᠂ ᠢᠲᠡᠭᠡᠯ ᠲᠡᠭᠦᠯᠳᠡᠷ ᠰᠣᠶᠣᠯ ᠤᠨ ᠴᠤᠭ ᠵᠢᠪᠬᠤᠭ᠎ᠠ ᠪᠠᠷ | ᠬᠡᠬᠦᠳᠡᠭ ᠴᠡᠭᠡᠵᠢ ᠪᠠᠨ ᠳᠡᠯᠭᠡᠨ᠂ ᠲᠣᠮᠣ ᠠᠯᠬᠤᠮ ᠢᠶᠠᠷ ᠰᠢᠨ᠎ᠡ ᠠᠶᠠᠨ ᠳᠤ ᠮᠣᠷᠳᠠᠬᠤ ᠪᠣᠯᠣᠨ᠎ᠠ᠃ | | |