﹇ᠴᠥᠯᠵᠢᠯᠲᠡ ᠶᠢᠨ ᠵᠠᠰᠠᠯᠲᠠ﹈ ᠠᠮᠢ ᠠᠬᠤᠢ ᠠᠴᠠ ᠠᠰᠢᠭ ᠬᠦᠷᠲᠡᠵᠦ ᠮᠠᠯᠴᠢᠨ ᠲᠠᠷᠢᠶᠠᠴᠢᠨ ︽ᠨᠣᠭᠤᠭᠠᠨ ᠪᠠᠩᠬᠢ︾᠎ ᠲᠠᠢ ᠪᠣᠯᠪᠠ
ᠨᠡᠶᠢᠲᠡᠯᠡᠭᠰᠡᠨ ᠴᠠᠭ᠄
2024/5/15
            ᠡᠾᠦᠸᠧ ᠰᠢᠶᠣᠣ ᠵᠩ      - ᠣᠷᠳᠣᠰ ᠬᠤᠲᠠ ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠠᠶ ᠶᠢᠨ ᠵᠠᠭᠪᠤᠷ ᠢᠶᠠᠷ ᠲᠠᠮᠵᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠬᠡᠪᠴᠢᠶᠡᠵᠢᠭᠦᠯᠦᠨ ᠠᠬᠢᠭᠤᠯᠵᠤ ᠪᠠᠶᠢᠨ᠎ᠠ                        ᠭᠦᠪᠡᠭᠡ ᠬᠢᠵᠠᠭᠠᠷ ᠦᠭᠡᠢ ᠦᠷᠭᠦᠯᠵᠢᠯᠡᠬᠦ ᠪᠤᠷᠭᠠᠰᠤ ᠪᠠ ᠬᠠᠷᠭᠠᠨ᠎ᠠ ᠶᠢᠨ ᠣᠢ ᠬᠠᠷᠠᠭ᠎ᠠ ᠴᠢᠯᠡᠭᠡᠨ ᠬᠥᠬᠡᠷᠡᠵᠦ ᠂ ᠣᠢ ᠶᠢᠨ ᠭᠦᠨ ᠵᠦᠭ ᠳᠣᠲᠣᠭᠰᠢᠯᠠᠪᠠᠯ ︽ᠵᠧᠦ ᡁᠢ ᠵᠥᠩ ᠤᠨ ᠭᠡᠷ ᠪᠦᠯᠢ ᠶᠢᠨ ᠣᠶ ᠰᠢᠭᠤᠢ ᠶᠢᠨ ᠲᠠᠯᠠᠪᠠᠶ︾ ᠭᠡᠬᠦ ᠫᠠᠶᠢᠰᠠ ᠬᠠᠷᠠᠭᠠᠨ ᠳᠤ ᠲᠣᠳᠣᠷᠠᠯ᠎ᠠ᠃            ︽ᠥᠩᠭᠡᠷᠡᠭᠡᠭᠰᠡᠨ ᠳᠤ ᠡᠨᠡ ᠬᠠᠪᠢ ᠪᠠᠷ ᠪᠦᠷ ᠡᠯᠡᠰᠦ ᠪᠠᠶᠢᠵᠤ᠂ ᠬᠥᠮᠥᠰ ᠣᠷᠣᠰᠢᠨ ᠲᠣᠭᠲᠠᠨᠢᠬᠤ ᠶᠢᠨ ᠠᠷᠭ᠎ᠠ ᠦᠭᠡᠢ ᠪᠣᠯᠣᠭᠠᠳ ᠨᠡᠭᠦᠵᠦ ᠶᠠᠪᠤᠪᠠ᠃ ᠣᠲᠣ ᠣᠶ ᠮᠣᠳᠣ ᠢᠭᠴᠤᠷᠠᠨ ᠨᠢᠴᠦᠭᠦᠨ ᠡᠯᠡᠰᠦ ᠬᠠᠷᠠᠭᠳᠠᠬᠤ ᠦᠭᠡᠢ ᠪᠣᠯᠴᠢᠬᠠᠯ᠎ᠠ᠂ ᠮᠠᠨ ᠤ ᠪᠦᠭᠦ ᠭᠡᠷ ᠤᠨ ᠠᠮᠢᠳᠤᠷᠠᠯ ᠴᠤ ᠡᠨᠡ ᠬᠡᠰᠡᠭ ᠣᠶ ᠪᠠᠨ ᠲᠦᠰᠢᠵᠦ ᠪᠠᠶᠢᠨ᠎ᠠ︾ ᠭᠡᠵᠦ ᠵᠧᠦ ᡁᠢ ᠵᠦᠩ ᠶᠠᠷᠢᠨ᠎ᠠ᠃ ᠲᠡᠷᠡ ᠲᠤᠬᠠᠢ ᠶᠢᠨ ᠵᠢᠯ ᠳᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢᠶᠠᠨ ᠬᠤᠪᠢᠷᠠᠭᠤᠯᠬᠤ ᠶᠢᠨ ᠲᠥᠯᠥᠭᠡ 30 ᠭᠠᠷᠤᠢ ᠲᠦᠮᠡᠨ ᠮᠦ ᠪᠤᠲᠠᠯᠢᠭ ᠮᠣᠳᠣ ᠲᠠᠷᠢᠵᠤ ᠣᠶᠢᠵᠢᠭᠤᠯᠤᠭᠰᠠᠨ ᠠᠴᠠ ᠤᠳᠤ ᠨᠢᠭᠡᠨᠲᠡ ᠨᠢᠭᠡ ᠭᠡᠷ ᠤᠨ ᠬᠥᠮᠥᠰ ᠤᠨ ︽ᠨᠣᠭᠤᠭᠠᠨ ᠪᠠᠩᠬᠢ︾ ᠪᠣᠯᠴᠢᠬᠠᠵᠠᠢ᠃            ᠵᠧᠦ ᡁᠢ ᠵᠦᠩ ᠡᠨᠡ ᠵᠢᠯ 54 ᠨᠠᠰᠤᠲᠠᠢ᠂ ᠣᠷᠳᠣᠰ ᠬᠤᠳᠠ ᠶᠢᠨ ᠲᠠᠯᠠᠳ ᠬᠤᠰᠢᠭᠤᠨ ᠤ ᠵᠦᠩ ᠾᠧ ᠰᠢ ᠪᠠᠯᠭᠠᠰᠤ ᠶᠢᠨ ᠭᠤᠸᠠᠨ ᠵᠢᠩ ᠲᠣᠰᠬᠤᠨ ᠤ ᠲᠠᠷᠢᠶᠠᠴᠢᠨ ᠶᠤᠮ᠃ ᠭᠤᠸᠠᠨ ᠵᠢᠩ ᠲᠣᠰᠬᠤᠨ ᠬᠥᠪᠴᠢ ᠶᠢᠨ ᠡᠯᠡᠰᠦᠨ ᠤ ᠡᠮᠦᠨ᠎ᠡ ᠵᠠᠬ᠎ᠠ ᠳᠤ ᠪᠠᠶᠢᠷᠢᠯᠠᠵᠤ᠂ ᠥᠩᠭᠡᠷᠡᠭᠰᠡᠨ ᠳᠤ ᠵᠢᠯ ᠳᠠᠷᠠᠭᠠᠯᠠᠨ ᠡᠯᠡᠰᠦᠨ ᠰᠢᠭᠤᠷᠭ᠎ᠠ ᠳᠤ ᠳᠠᠭᠠᠷᠢᠬᠳᠠᠵᠤ ᠪᠠᠶᠢᠭᠰᠠᠨ ᠤ ᠳᠡᠭᠡᠷ᠎ᠡ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯ ᠮᠠᠯᠵᠢᠭᠰᠠᠨ ᠠᠴᠠ ᠨᠤᠲᠤᠭ ᠪᠡᠯᠴᠢᠭᠡᠷ ᠨᠢ ᠬᠦᠨᠳᠦ ᠨᠣᠴᠢᠲᠠᠢ ᠡᠯᠡᠰᠦᠷᠬᠡᠭᠵᠢᠪᠡ᠃ 2008 ᠣᠨ ᠠᠴᠠ ᠡᠬᠢᠯᠡᠨ ᠵᠧᠦ ᡁᠢ ᠵᠥᠩ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠳᠤ ᠲᠦᠰᠢᠭᠯᠡᠨ ᠲᠣᠰᠬᠤᠨ ᠳᠠᠭᠠᠨ ᠬᠠᠮᠤᠭ ᠤᠨ ᠲᠦᠷᠦᠭᠦᠨ ᠳᠤ ᠠᠲᠠᠷ ᠭᠠᠵᠠᠷ ᠢ ᠳᠠᠭᠠᠭᠠᠴᠢᠯᠠᠨ ᠮᠣᠳᠣ ᠲᠠᠷᠢᠵᠤ ᠣᠶᠢᠵᠢᠭᠤᠯᠪᠠ᠃ ᠲᠤᠷᠰᠢᠯᠭ᠎ᠠ ᠬᠤᠷᠠᠮᠳᠤᠭᠤᠯᠤᠭᠰᠠᠨ ᠤ ᠳᠠᠷᠠᠭ᠎ᠠ᠂ ᠲᠡᠷᠡ ᠲᠣᠰᠬᠤᠨ ᠤ ᠠᠷᠠᠳ ᠢ ᠳᠠᠭᠠᠭᠤᠯᠤᠨ ᠠᠷᠪᠠᠨ ᠬᠡᠳᠦᠨ ᠵᠢᠯ ᠴᠢᠷᠮᠠᠶᠢᠨ ᠠᠵᠢᠯᠯᠠᠵᠤ᠂ ᠬᠥᠪᠴᠢ ᠶᠢᠨ ᠡᠯᠡᠰᠦᠨ ᠤ ᠬᠥᠪᠡᠭᠡᠨ ᠳᠠᠬᠢ ᠡᠯᠡᠰᠦᠷᠬᠡᠭ ᠭᠠᠵᠠᠷ᠂ ᠠᠲᠠᠷ ᠭᠠᠵᠠᠷ ᠢ ᠢᠳᠡᠭ ᠢᠳᠡᠭ ᠢᠶᠠᠷ ᠨᠣᠭᠤᠭᠠᠷᠠᠭᠤᠯᠤᠭᠰᠠᠨ ᠪᠠᠶᠢᠨ᠎ᠠ᠃            2019 ᠣᠨ ᠳᠤ ᠣᠷᠳᠣᠰ ᠬᠤᠲᠠ ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠠᠮᠢ ᠠᠬᠤᠢ ᠶᠢᠨ ᠵᠠᠰᠠᠯᠲᠠ ᠶᠢᠨ ᠵᠠᠭᠪᠤᠷ ᠢ ᠭᠠᠷᠭᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠤᠷᠲᠤ ᠬᠤᠭᠤᠴᠠᠭ᠎ᠠ ᠣᠷᠣᠯᠴᠠᠬᠰᠠᠨ ᠮᠠᠯᠴᠢᠨ ᠲᠠᠷᠢᠶᠠᠴᠢᠳ ᠲᠤ ᠠᠪᠴᠤ ᠬᠡᠯᠡᠪᠡᠯ ᠡᠨᠡ ᠨᠢ ᠯᠤᠲᠤ ᠶᠡᠭᠡ ᠠᠰᠢᠭᠲᠠᠢ ᠲᠥᠷᠥ ᠶᠢᠨ ᠪᠣᠳᠣᠯᠭ᠎ᠠ ᠪᠤᠯᠬᠤ ᠨᠢ ᠳᠠᠮᠵᠢᠭ ᠦᠭᠡᠢ᠃ ︽ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠣᠯ ᠥᠩᠭᠡᠷᠡᠭᠰᠡᠨ ᠤ ᠠᠮᠢ ᠠᠬᠤᠢ ᠶᠢ ᠰᠡᠷᠭᠦᠭᠡᠨ ᠵᠠᠰᠠᠬᠤ ᠴᠢᠬᠤᠯᠠ ᠠᠷᠭ᠎ᠠ ᠵᠠᠮ ᠪᠣᠯᠣᠨ᠎ᠠ᠂ ᠭᠡᠪᠡᠴᠦ ᠶᠠᠪᠤᠴᠠ ᠨᠢ ᠪᠤᠳᠤᠯᠢᠶᠠᠨᠲᠠᠢ᠂ ᠮᠠᠯᠴᠢᠨ ᠲᠠᠷᠢᠶᠠᠴᠢᠨ ᠤ ᠭᠥᠯᠢᠶᠡᠨ ᠠᠪᠬᠤ ᠬᠡᠮᠵᠢᠶ᠎ᠡ ᠠᠨᠠᠢ᠂ ᠵᠠᠰᠠᠯᠲᠠ ᠶᠢᠨ ᠦᠷ᠎ᠡ ᠪᠦᠲᠦᠮᠵᠢ ᠢᠯᠡᠷᠬᠡᠢ ᠪᠢᠰᠢ ᠶᠤᠮ᠃ ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠠᠢ ᠶᠢᠨ ᠵᠠᠭᠪᠤᠷ ᠲᠤ ᠬᠤᠪᠢ ᠬᠥᠮᠥᠨ ᠤ ᠳᠠᠭᠠᠭᠠᠴᠢᠯᠠᠯᠲᠠ ᠪᠠᠷ ᠥᠩᠭᠡᠷᠡᠭᠰᠡᠨ ᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠭᠡᠯᠪᠡᠷᠢ ᠶᠢ ᠣᠷᠣᠯᠠᠭᠤᠯᠵᠤ ᠂ ᠬᠢᠷᠢ ᠭᠡᠮ ᠲᠠᠢ ᠮᠥᠷᠲᠡᠭᠡᠨ ᠡᠯᠡᠰᠦ ᠶᠢ ᠨᠢ ᠵᠠᠰᠠᠭᠰᠠᠨ ᠰᠠᠭᠤᠷᠢ ᠲᠠᠢ ᠨᠤᠲᠤᠭ ᠪᠡᠯᠴᠢᠭᠡᠷ ᠢ ᠡᠷᠦᠭᠡ ᠶᠢᠨ ᠡᠵᠡᠨ ᠤ ᠨᠡᠷ᠎ᠡ ᠪᠠᠷ ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠠᠢ ᠭᠡᠵᠦ ᠨᠡᠷᠡᠯᠡᠵᠦ᠂ ᠮᠠᠯᠴᠢᠨ ᠲᠠᠷᠢᠶᠠᠴᠢᠨ ᠢ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠰᠢᠭᠤᠳ ᠳᠠᠭᠠᠭᠠᠴᠢᠯᠠᠭᠴᠢ ᠪᠤᠯᠭᠠᠬᠤ ᠶᠢᠨ ᠬᠠᠮᠲᠤ ᠬᠠᠷᠠᠭᠠᠯᠵᠠᠭᠰᠠᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠣᠯᠭᠤᠪᠠ︾ ᠭᠡᠵᠦ ᠲᠠᠯᠠᠳ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠶᠠᠨ ᠵᠢᠶᠠᠨ ᠭᠦᠸᠧ ᠲᠠᠨᠢᠯᠴᠠᠭᠤᠯᠤᠨ᠎ᠠ᠃            2019 ᠣᠨ ᠳᠤ ᠣᠷᠳᠣᠰ ᠬᠤᠲᠠ ᠪᠦᠭᠦ ᠬᠤᠲᠠ ᠶᠢᠨ ᠨᠢᠭᠡᠳᠦᠭᠡᠷ ᠪᠦᠯᠦᠭ ᠤᠨ 7 ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠠᠶ ᠶᠢ ᠰᠢᠯᠭᠠᠷᠠᠭᠤᠯᠤᠨ ᠭᠠᠷᠭᠠᠵᠤ᠂ ᠵᠧᠦ ᡁᠢ ᠵᠥᠩ ᠢ ᠪᠠᠭᠲᠠᠭᠠᠭᠰᠠᠨ 5 ᠡᠷᠦᠭᠡ ᠎ ᠨᠢ ᠭᠤᠸᠠᠨ ᠵᠢᠩ ᠲᠣᠰᠬᠤᠨ ᠤ ᠬᠢ ᠪᠠᠶᠢᠪᠠ᠃ ᠤᠳᠤ ᠭᠤᠸᠠᠨ ᠵᠢᠩ ᠲᠣᠰᠬᠤᠨ ᠤ 20 ᠡᠷᠦᠭᠡ ᠶᠢᠨ ᠬᠢᠨ ᠭᠡᠷ ᠪᠦᠯᠢ ᠶᠢᠨ ᠤᠢ ᠰᠢᠭᠤᠢ ᠶᠢᠨ ᠲᠠᠯᠠᠪᠠᠢ ᠲᠠᠢ ᠪᠣᠯᠵᠠᠢ᠃            ︽ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠳᠤ ᠭᠡᠷ ᠪᠦᠯᠢ ᠎ ᠶᠢᠨ ᠣᠶ ᠰᠢᠭᠤᠢ ᠶᠢᠨ ᠲᠠᠯᠠᠪᠠᠶ ᠶᠢ ᠡᠩ ᠲᠡᠷᠢᠭᠦᠨ ᠳᠤ ᠪᠣᠳᠣᠯᠬᠢᠯᠠᠳᠠᠭ ᠪᠣᠯᠬᠤᠷ ᠵᠢᠯ ᠪᠦᠷᠢ ᠤᠯᠤᠰ ᠤᠨ ᠨᠡᠶᠢᠲᠡ ᠎ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠶᠢ ᠬᠦᠷᠲᠡᠵᠦ᠂ ᠪᠤᠷᠭᠠᠰᠤ ᠪᠠᠨ ᠬᠠᠳᠤᠵᠤ ᠵᠠᠰᠠᠪᠠᠯ ᠪᠠᠰᠠ ᠣᠶ ᠰᠢᠭᠤᠢ ᠎ ᠶᠢᠨ ᠠᠷᠠᠴᠢᠯᠠᠨ ᠪᠣᠶᠢᠵᠢᠭᠤᠯᠬᠤ ᠨᠥᠬᠦᠪᠦᠷᠢ ᠶᠢ ᠣᠯᠵᠤ ᠪᠣᠯᠣᠨ᠎ᠠ᠃ ᠣᠶ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠪᠠᠰᠠ ᠰᠦᠢᠳᠬᠡᠯ ᠬᠤᠷᠢᠶᠠᠬᠤ ᠦᠭᠡᠢ ᠪᠠᠷ ᠲᠷᠠᠺᠲ᠋ᠣᠷ᠂ ᠬᠠᠳᠤᠵᠤ ᠤᠰᠤᠯᠠᠬᠤ ᠮᠠᠰᠢᠨ ᠵᠡᠷᠭᠡ ᠲᠣᠮᠣ ᠭᠡᠯᠪᠡᠷᠢ ᠶᠢᠨ ᠲᠥᠬᠦᠭᠡᠷᠦᠮᠵᠢ ᠲᠣᠬᠢᠷᠠᠭᠤᠯᠵᠤ᠂ ᠪᠠᠶᠢᠳᠠᠯ ᠢᠶᠠᠷ ᠠᠨᠠᠢ ᠣᠶ ᠰᠢᠭᠤᠢ ᠨᠤᠲᠤᠭ ᠪᠡᠯᠴᠢᠭᠡᠷ ᠎ ᠢ ᠵᠠᠰᠠᠵᠤ ᠰᠠᠶᠢᠵᠢᠷᠠᠭᠤᠯᠪᠠ᠃ ᠥᠩᠭᠡᠷᠡᠭᠰᠡᠨ ᠳᠤ ᠮᠣᠳᠣ ᠲᠠᠷᠢᠬᠤ ᠳᠤ ᠥᠪᠡᠷ ᠢᠶᠠᠨ ᠵᠣᠭᠤᠰ ᠭᠠᠷᠭᠠᠳᠠᠭ ᠪᠠᠶᠢᠭᠰᠠᠨ᠂ ᠣᠳᠣ ᠵᠠᠰᠠᠭ ᠤᠨ ᠣᠷᠳᠣᠨ ᠠᠴᠠ ᠨᠥᠬᠦᠪᠦᠷᠢ ᠥᠭᠴᠦ ᠪᠠᠶᠢᠨ᠎ᠠ︾ ᠭᠡᠵᠦ ᠵᠧᠦ ᡁᠢ ᠵᠦᠩ ᠰᠡᠳᠬᠢᠯ ᠳᠦᠭᠦᠷᠡᠩ ᠬᠡᠯᠡᠨ᠎ᠡ᠃            ᠣᠶᠢᠯᠠᠭᠠᠭᠰᠠᠨ ᠢᠶᠠᠷ᠂ ᠲᠤᠬᠠᠢ ᠶᠢᠨ ᠭᠠᠵᠠᠷ ᠤᠨ ᠲᠠᠷᠢᠶᠠᠴᠢᠳ ᠵᠢᠯ ᠪᠦᠷᠢ ᠶᠢᠨ ᠰᠡᠯᠭᠦᠨ ᠬᠠᠳᠤᠭᠰᠠᠨ ᠪᠤᠷᠭᠠᠰᠤ ᠪᠠᠨ ᠬᠡᠰᠡᠭ ᠬᠡᠰᠡᠭ ᠪᠣᠯᠭᠠᠨ ᠬᠡᠷᠴᠢᠭᠰᠡᠨ ᠤ ᠳᠠᠷᠠᠭ᠎ᠠ ᠴᠢᠨᠠᠷ ᠰᠠᠶᠢᠲᠠᠢ ᠪᠤᠷᠭᠠᠰᠤᠨ ᠴᠢᠬᠢ ᠪᠠᠷ ᠰᠢᠨᠵᠢᠶᠠᠩ ᠂ ᠲᠥᠪᠡᠳ᠂ ᠬᠥᠬᠡᠨᠠᠭᠤᠷ ᠵᠡᠷᠭᠡ ᠭᠠᠵᠠᠷ ᠲᠤ ᠬᠤᠳᠠᠯᠳᠤᠵᠤ ᠪᠤᠢ᠃ ᠤᠳᠤ ᠭᠤᠸᠠᠨ ᠵᠢᠩ ᠲᠣᠰᠬᠤᠨ ᠨᠢᠭᠡᠨᠲᠡ ᠡᠷᠭᠢᠨ ᠲᠣᠭᠤᠷᠢᠨ ᠤ ᠭᠠᠵᠠᠷ ᠣᠷᠣᠨ ᠪᠣᠯᠣᠨ ᠢ ᠯᠢ ᠡᠬᠢ ᠪᠠᠶᠠᠯᠢᠭ ᠤᠨ ᠪᠦᠯᠦᠭᠯᠡᠯ ᠤᠨ ᠴᠦᠯᠯᠡᠷᠭᠡᠭᠵᠢᠯ ᠢ ᠵᠠᠰᠠᠬᠤ ᠴᠢᠬᠢ ᠬᠠᠩᠭᠠᠬᠤ ᠰᠠᠭᠤᠷᠢᠨ ᠪᠣᠯᠵᠤ᠂ ᠪᠤᠷᠭᠠᠰᠤ ᠬᠠᠳᠤᠬᠤ ᠤᠯᠠᠷᠢᠯ ᠬᠦᠷᠴᠦ ᠢᠷᠡᠭᠰᠡᠭᠡᠷ ᠵᠧᠦ ᡁᠢ ᠵᠥᠩ ᠳᠥᠴᠢ ᠲᠠᠪᠢᠨ ᠠᠵᠢᠯᠴᠢᠨ ᠢ ᠳᠠᠭᠠᠭᠤᠯᠤᠨ ᠥᠪᠡᠷ ᠤᠨ ᠣᠶᠢᠲᠤ ᠭᠠᠵᠠᠷ ᠤᠨ ᠢᠶᠠᠨ ᠪᠤᠷᠭᠠᠰᠤ ᠶᠢ ᠬᠠᠳᠤᠵᠤ ᠪᠠᠷᠠᠭᠰᠠᠨ ᠤ ᠳᠠᠷᠠᠭ᠎ᠠ ᠪᠤᠰᠤᠳ ᠡᠷᠦᠭᠡ ᠶᠢᠨ ᠪᠤᠷᠭᠠᠰᠤᠨ ᠤᠢ ᠶᠢ ᠳᠠᠭᠠᠭᠠᠴᠢᠯᠠᠨ ᠬᠠᠳᠤᠵᠤ᠂ ᠵᠢᠯ ᠤᠨ ᠪᠤᠷᠭᠠᠰᠤᠨ ᠴᠢᠬᠢ ᠬᠤᠳᠠᠯᠳᠤᠭᠰᠠᠨ ᠤᠷᠤᠯᠭ᠎ᠠ ᠨᠢ ᠳᠠᠷᠤᠢ ᠭᠤᠴᠢ ᠳᠥᠴᠢᠨ ᠲᠦᠮᠡᠨ ᠲᠥᠭᠦᠷᠢᠭ ᠲᠤ ᠬᠦᠷᠴᠦ ᠪᠠᠶᠢᠨ᠎ᠠ᠃            ᠠᠮᠢ ᠠᠬᠤᠢ ᠰᠠᠶᠢᠵᠢᠷᠠᠵᠤ᠂ ᠦᠬᠡᠷ ᠬᠤᠨᠢ ᠶᠢᠨ ᠡᠪᠡᠰᠦ ᠪᠣᠷᠳᠤᠭ᠎ᠠ ᠳᠤ ᠵᠣᠪᠠᠭ᠋ᠤ ᠤᠴᠢᠷ ᠦᠭᠡᠢ ᠪᠣᠯᠵᠤ᠂ ᠦᠷ᠎ᠡ ᠠᠰᠢᠭ ᠴᠤ ᠠᠶᠠᠨᠳᠠᠭᠠᠨ ᠳᠡᠭᠡᠭᠰᠢᠯᠡᠭᠰᠡᠨ ᠠᠵᠢ᠃ ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠠᠢ ᠎ ᠳᠠᠭᠠᠨ ᠲᠦᠰᠢᠭᠯᠡᠨ ᠴᠥᠭᠡᠨ ᠪᠤᠰᠤ ᠡᠷᠦᠭᠡ ᠶᠢᠨ ᠬᠢᠨ ᠪᠦᠷ ᠮᠠᠯ ᠠᠵᠤ ᠠᠬᠤᠢ ᠪᠠ ᠠᠵᠤ ᠠᠬᠤᠢ ᠶᠢᠨ ᠤᠢ ᠶᠢᠨ ᠲᠠᠷᠢᠮᠠᠯ ᠢ ᠬᠥᠭᠵᠢᠭᠦᠯᠦᠭᠰᠡᠨ ᠪᠢᠯᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ᠂ ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠠᠢ ᠶᠢᠨ ᠠᠮᠢ ᠠᠬᠤᠢ ᠶᠢᠨ ᠵᠠᠰᠠᠯᠲᠠ ᠶᠢᠨ ᠵᠠᠭᠪᠤᠷ ᠨᠢ ᠮᠠᠯᠴᠢᠨ ᠲᠠᠷᠢᠶᠠᠴᠢᠨ ᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠭᠴᠢ ᠪᠠ ᠰᠢᠭᠤᠳ ᠠᠰᠢᠭ ᠭᠦᠷᠲᠡᠭᠴᠢ ᠪᠤᠯᠭᠠᠵᠤ᠂ ᠪᠣᠳᠠᠲᠤ ᠦᠷ᠎ᠡ ᠠᠰᠢᠭ ᠣᠯᠭᠤᠯ᠎ᠠ᠃            ᠠᠮᠢ ᠠᠬᠤᠢ ᠪᠠᠷ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠨᠡᠶᠢᠲᠡᠯᠡᠭᠳᠡᠮᠡᠭᠴᠡ ᠬᠢᠵᠠᠭᠠᠷᠯᠠᠰᠢ ᠦᠭᠡᠢ ᠠᠮᠢᠵᠢᠷᠠᠯ ᠤᠨ ᠬᠦᠴᠦᠨ ᠢ ᠬᠥᠭᠵᠢᠭᠡᠪᠡ᠃ ᠮᠠᠯᠵᠢᠬᠤ ᠲᠠᠷᠢᠶᠠᠯᠠᠬᠤ ᠡᠷᠦᠭᠡ ᠨᠦᠭᠦᠳ ᠬᠤᠶᠢᠨ᠎ᠠ ᠬᠤᠶᠢᠨ᠎ᠠ ᠎ ᠠᠴᠠ ᠪᠠᠨ ᠡᠯᠡᠰᠦ ᠶᠢ ᠵᠠᠰᠠᠵᠤ ᠣᠶ ᠮᠣᠳᠣ ᠲᠠᠷᠢᠬᠤ ᠠᠵᠢᠯ ᠳᠤ ᠤᠷᠤᠯᠴᠠᠵᠤ᠂ ᠣᠷᠳᠣᠰ ᠤᠨ ᠡᠬᠡ ᠭᠠᠵᠠᠷ ᠲᠤ ᠭᠡᠷ ᠪᠦᠯᠢ ᠪᠠᠷ ᠨᠢᠭᠡᠴᠢ ᠪᠤᠯᠭᠠᠬᠰᠠᠨ ᠠᠮᠢ ᠠᠬᠤᠢ ᠶᠢ ᠰᠡᠷᠭᠦᠭᠡᠨ ᠵᠠᠰᠠᠬᠤ ᠶᠢ ᠬᠡᠪᠴᠢᠶᠡᠵᠢᠭᠦᠯᠦᠨ ᠠᠬᠢᠭᠤᠯᠵᠤ ᠡᠬᠢᠯᠡᠪᠡ᠃ ᠤᠳᠤ ᠣᠷᠳᠣᠰ ᠬᠤᠳᠠ ᠳᠤ 500 ᠭᠡᠷ ᠪᠦᠯᠢ ᠶᠢᠨ ᠣᠶ ᠰᠢᠭᠤᠢ ︵ᠡᠪᠡᠰᠦ︶᠎ ᠶᠢᠨ ᠲᠠᠯᠠᠪᠡᠢ ᠲᠠᠢ ᠪᠣᠯᠵᠤ᠂ ᠠᠮᠢ ᠠᠬᠤᠢ ᠶᠢᠨ ᠪᠦᠷᠬᠦᠴᠡ ᠶᠢᠨ ᠶᠡᠷᠦᠩᠬᠡᠢ ᠲᠠᠯᠠᠪᠠᠶ ᠨᠢ 200 ᠲᠦᠮᠡᠨ ᠮᠦ ᠶᠢ ᠳᠠᠪᠠᠪᠠ᠃            ᠥᠩᠭᠡᠷᠡᠭᠰᠡᠨ ᠳᠤ ᠠᠮᠢ ᠠᠬᠤᠢ ᠮᠠᠭᠤᠳᠠᠭᠠᠳ ᠬᠠᠷᠢᠬᠤ ᠶᠢᠨ ᠠᠷᠭ᠎ᠠ ᠦᠭᠡᠢ ᠪᠠᠶᠢᠭᠰᠠᠨ ᠨᠤᠲᠤᠭ ᠣᠳᠣ ᠬᠥᠮᠥᠨ ᠪᠦᠭᠦᠨ ᠤ ᠬᠦᠰᠡᠵᠦ ᠮᠥᠷᠥᠭᠡᠳᠦᠭᠰᠡᠨ ᠡᠷᠳᠡᠨᠢ ᠶᠢᠨ ᠣᠷᠣᠨ ᠪᠣᠯᠵᠤ᠂ ᠥᠩᠭᠡᠷᠡᠭᠰᠡᠨ ᠤ ᠮᠠᠯᠴᠢᠨ ᠲᠠᠷᠢᠶᠠᠴᠢᠳ ᠤᠳᠤ ᠠᠮᠢ ᠠᠬᠤᠢ ᠶᠢᠨ ᠪᠦᠲᠦᠭᠡᠨ ᠪᠠᠶᠢᠭᠤᠯᠤᠭᠴᠢ ᠪᠠ ᠠᠰᠢᠭ ᠭᠦᠷᠲᠡᠭᠴᠢ ᠪᠣᠯᠪᠠ᠃ ᠭᠡᠷ ᠪᠦᠯᠢ ᠎ ᠶᠢᠨ ᠣᠶ ᠰᠢᠭᠤᠢ ︵ᠡᠪᠡᠰᠦ︶᠎ ᠶᠢᠨ ᠲᠠᠯᠠᠪᠠᠶ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠠᠮᠢ ᠠᠬᠤᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠠᠬᠢᠭᠤᠯᠵᠤ᠂ ᠠᠮᠢ ᠠᠬᠤᠢ᠂ ᠦᠢᠯᠡᠳᠪᠦᠷᠢᠯᠡᠯ ᠪᠠ ᠠᠮᠢᠳᠤᠷᠠᠯ ᠤᠨ ᠬᠠᠮᠤᠭ ᠤᠨ ᠰᠠᠶᠢᠨ ᠲᠡᠩᠴᠡᠭᠦᠷᠢ ᠶᠢᠨ ᠴᠡᠭ ᠪᠣᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠤ ᠣᠷᠳᠣᠰ ᠤᠨ ᠦᠢᠯᠡᠳᠦᠯᠭᠡ ᠶᠢ ᠠᠮᠵᠢᠯᠲᠠ ᠲᠠᠢ ᠪᠤᠶ ᠪᠤᠯᠭᠠᠬᠰᠠᠨ ᠪᠠᠶᠢᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号