﹇ᠴᠥᠯᠵᠢᠯᠲᠡ ᠶᠢᠨ ᠵᠠᠰᠠᠯᠲᠠ﹈  ᠪᠤᠭᠤᠲᠤ ᠬᠤᠲᠠ ᠶᠢᠨ ᠭᠦᠶᠠᠩ ᠰᠢᠶᠠᠨ - ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ ᠨᠣᠮᠢᠨ ᠨᠣᠭᠤᠭᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2024/5/15
                            ᠼᠠᠢ ᠳ᠋ᠦᠩ ᠮᠧᠩ      ᠠᠯᠲᠠᠨ ᠨᠠᠮᠤᠷ ᠤᠨ ᠰᠠᠶᠢᠬᠠᠨ ᠤᠯᠠᠷᠢᠯ ᠳᠤ᠂ ᠭᠦᠶᠠᠩ ᠰᠢᠶᠠᠨ ᠤ ᠬᠤᠳᠠ ᠶᠢᠨ ᠲᠣᠭᠤᠷᠢᠭ ᠤᠨ ᠬᠤᠶᠢᠲᠤ ᠰᠢᠶᠧ ᠾᠧ ᠢ ᠠᠴᠠ ᠴᠢ ᠹᠧᠨ ᠽᠢ ᠬᠦᠷᠬᠦ 10 ᠲᠦᠮᠡᠨ ᠮᠦ ᠲᠤᠷᠤᠭ ᠮᠣᠳᠣᠨ ᠤ ᠤᠢ ᠶᠢᠨ ᠲᠣᠭᠤᠷᠢᠭ ᠲᠤ ᠠᠮᠢ ᠠᠮᠢᠵᠢᠷᠠᠯ ᠢᠶᠠᠷ ᠪᠢᠯᠬᠠᠨ᠎ᠠ᠃            ᠣᠶᠢᠷ᠎ᠠ ᠶᠢᠨ ᠵᠢᠯ ᠳᠤ᠂ ᠭᠦᠶᠠᠩ ᠰᠢᠶᠠᠨ ︽ᠭᠤᠷᠪᠠᠨ ᠠᠭᠤᠯᠠ ᠬᠤᠶᠠᠷ ᠬᠤᠳᠠ︾᠎ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠠᠭᠤᠯᠠ ᠨᠢ ᠬᠥᠬᠡᠮᠳᠦᠭ ᠤᠰᠤ ᠨᠢ ᠲᠤᠩᠭᠠᠯᠠᠭ᠂ ᠤᠢ ᠰᠢᠭᠤᠢ ᠢᠭᠴᠤ ᠰᠠᠬᠤᠯᠢᠭ ᠡᠪᠡᠰᠦ ᠪᠡᠯᠴᠢᠭᠡᠷ ᠥᠩ ᠰᠢᠮᠡᠯᠢᠭ᠂ ᠠᠵᠤ ᠦᠢᠯᠡᠰ ᠢ ᠬᠥᠭᠵᠢᠭᠦᠯᠵᠦ ᠠᠷᠠᠳ ᠲᠤ ᠠᠰᠢᠭ ᠬᠦᠷᠲᠡᠭᠡᠬᠦ᠂ ᠡᠶ᠎ᠡ ᠵᠣᠬᠢᠴᠠᠩᠭᠤᠢ ᠪᠠᠷ ᠬᠠᠮᠲᠤ ᠪᠠᠷ ᠣᠷᠣᠰᠢᠬᠤ︾ ᠬᠠᠷᠠᠯᠲᠠ ᠶᠢ ᠲᠣᠭᠲᠠᠭᠠᠵᠤ᠂ ︽ᠤᠢ ᠰᠢᠭᠤᠢ ᠎ ᠶᠢ ᠨᠡᠮᠡᠭᠳᠡᠭᠦᠯᠦᠨ ᠨᠣᠭᠤᠭᠠᠷᠠᠭᠤᠯᠤᠯᠲᠠ ᠶᠢ ᠥᠷᠭᠡᠳᠬᠡᠬᠦ᠂ ᠦᠯᠡᠳᠡᠭᠡᠯ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠬᠤᠪᠢᠰᠤᠭᠴᠢ ᠬᠡᠮᠵᠢᠭᠳᠡᠬᠦᠨ ᠢᠶᠠᠷ ᠰᠡᠷᠭᠡᠶᠢᠯᠡᠨ ᠡᠵᠡᠮᠳᠡᠬᠦ᠂ ᠶᠡᠷᠦᠩᠬᠡᠢ ᠬᠡᠮᠵᠢᠶ᠎ᠡ ᠶᠢ ᠠᠮᠢᠳᠤᠯᠢᠭ ᠠᠰᠢᠭᠯᠠᠬᠤ︾ ᠠᠷᠭ᠎ᠠ ᠬᠡᠮᠵᠢᠶ᠎ᠡ ᠶᠢ ᠠᠪᠴᠤ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠤᠢ ᠰᠢᠭᠤᠢ ᠨᠤᠲᠤᠭ ᠪᠡᠯᠴᠢᠭᠡᠷ ᠤᠨ ᠶᠠᠰᠤ ᠴᠢᠨᠠᠷ ᠢ ᠰᠠᠶᠢᠲᠤᠷ ᠳᠡᠭᠡᠭᠰᠢᠯᠡᠭᠦᠯᠭᠦ᠂ ᠤᠢ ᠰᠢᠭᠤᠢ ᠨᠤᠲᠤᠭ ᠪᠡᠯᠴᠢᠭᠡᠷ ᠤᠨ ᠠᠵᠤ ᠠᠬᠤᠢ ᠶᠢ ᠥᠨᠳᠥᠷ ᠲᠦᠪᠰᠢᠨ ᠢᠶᠠᠷ ᠬᠥᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ᠂ ᠳᠠᠯᠠᠨ ᠬᠠᠷ᠎ᠠ ᠠᠭᠤᠯᠠ ᠶᠢᠨ ᠠᠷᠤ ᠬᠤᠷᠮᠣᠢ ᠳᠤ ᠨᠣᠮᠢᠨ ᠨᠣᠭᠤᠭᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠪᠠ᠃            ᠭᠦᠶᠠᠩ ᠰᠢᠶᠠᠨ ᠪᠣᠯ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ᠂ ᠪᠤᠭᠤᠲᠤ ᠬᠤᠲᠠ ᠎ ᠠᠴᠠ ᠠᠰ ᠬᠤᠶᠢᠰᠢ 53 ᠺᠢᠯᠣᠮᠧᠲᠷ ᠵᠠᠶᠢᠲᠠᠢ ᠪᠠᠶᠢᠵᠤ᠂ ᠳᠠᠯᠠᠨ ᠬᠠᠷ᠎ᠠ ᠠᠭᠤᠯᠠ ᠶᠢᠨ ᠠᠷᠤ ᠬᠤᠷᠮᠣᠢ᠂ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠭᠠᠵᠠᠷ ᠣᠷᠣᠨ ᠳᠤ ᠰᠠᠭᠤᠷᠢᠰᠢᠵᠤ ᠪᠠᠶᠢᠳᠠᠭ᠃ ᠲᠡᠦᠬᠡᠨ ᠳᠡᠭᠡᠷ᠎ᠡ ᠭᠦᠶᠠᠩ ᠰᠢᠶᠠᠨ ᠤᠢ ᠮᠣᠳᠣ ᠢᠭᠴᠤ ᠰᠠᠬᠤᠯᠢᠭ᠂ ᠡᠪᠡᠰᠦ ᠪᠡᠯᠴᠢᠭᠡᠷ ᠥᠩ ᠰᠢᠮᠡᠯᠢᠭ ᠪᠠᠶᠢᠭᠰᠠᠨ ᠢᠶᠠᠨ ᠬᠤᠵᠢᠮ ᠨᠢ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠠᠮᠢ ᠠᠬᠤᠢ ᠶᠢᠨ ᠣᠷᠴᠢᠨ ᠨᠥᠬᠦᠴᠡᠯ ᠨᠢ ᠮᠠᠭᠤᠳᠠᠵᠤ᠂ ᠡᠭᠦᠨ ᠤ ᠤᠯᠠᠮ ᠠᠴᠠ ᠣᠷᠣᠰᠢᠨ ᠲᠣᠭᠲᠠᠨᠢᠬᠤ ᠣᠷᠴᠢᠨ ᠲᠣᠭᠤᠷᠢᠨ ᠨᠢ ᠴᠦ ᠪᠡᠷᠬᠡ ᠬᠠᠲᠠᠭᠤᠵᠢᠯᠲᠠᠢ ᠪᠣᠯᠤᠭᠰᠠᠨ ᠪᠠᠶᠢᠨ᠎ᠠ᠃ ᠰᠢᠶᠠᠨ ᠤ ᠬᠡᠪᠴᠢᠶᠡᠨ ᠳᠠᠬᠢ ᠡᠮᠦᠨ᠎ᠡ ᠬᠡᠰᠡᠭ ᠤᠨ ᠳᠠᠯᠠᠨ ᠬᠠᠷ᠎ᠠ ᠠᠭᠤᠯᠠ ᠶᠢᠨ ᠠᠭᠤᠯᠠ ᠨᠢᠷᠤᠭᠤᠳ ᠨᠢ ᠦᠶᠡᠯᠵᠡᠨ ᠰᠦᠨᠳᠡᠷᠯᠡᠵᠦ᠂ ᠳᠤᠮᠳᠠ ᠬᠡᠰᠡᠭ ᠲᠤᠨᠢ ᠲᠠᠩ ᠭᠠᠵᠠᠷ ᠰᠦᠯᠵᠢᠯᠳᠦᠨ᠂ ᠬᠤᠶᠢᠲᠤ ᠬᠡᠰᠡᠭ ᠲᠤᠨᠢ ᠳᠣᠪᠣᠴᠠᠭ ᠭᠠᠵᠠᠷ ᠥᠷᠭᠡᠨ ᠲᠠᠷᠬᠠᠵᠤ᠂ ᠭᠠᠵᠠᠷ ᠤᠨ ᠪᠠᠶᠢᠴᠠ ᠶᠢ ︽ᠳᠥᠷᠪᠡᠨ ᠬᠤᠪᠢ ᠶᠢᠨ ᠳᠣᠪᠣᠴᠠᠭ ᠲᠠᠪᠤᠨ ᠬᠤᠪᠢ ᠶᠢᠨ ᠠᠭᠤᠯᠠ᠂ ᠵᠥᠪᠭᠡᠨ ᠨᠢᠭᠡ ᠬᠤᠪᠢ ᠶᠢᠨ ᠲᠠᠩ ᠭᠠᠵᠠᠷ︾ ᠬᠡᠮᠡᠨ ᠳᠦᠷᠰᠦᠯᠡᠵᠦ᠂ ︽ᠠᠷᠪᠠᠨ ᠵᠢᠯ ᠳᠤ ᠶᠢᠰᠦᠨ ᠵᠢᠯ ᠨᠢ ᠭᠠᠩᠳᠠᠵᠤ᠂ ᠵᠢᠯ ᠵᠢᠯ ᠬᠠᠪᠤᠷ ᠲᠠᠭᠠᠨ ᠭᠠᠩᠳᠠᠬᠤ︾᠎ ᠨᠢ ᠬᠡᠪ ᠤᠨ ᠪᠠᠶᠢᠳᠠᠯ ᠪᠣᠯᠤᠭᠰᠠᠨ ᠪᠠᠶᠢᠨ᠎ᠠ᠃            ᠠᠮᠢ ᠠᠬᠤᠢ ᠬᠡᠪᠡᠷᠡᠭ ᠣᠷᠴᠢᠨ ᠨᠥᠬᠦᠴᠡᠯ ᠢ ᠬᠤᠪᠢᠷᠠᠭᠤᠯᠬᠤ ᠶᠢᠨ ᠲᠥᠯᠥᠭᠡ᠂ ᠭᠦᠶᠠᠩ ᠰᠢᠶᠠᠨ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠡᠯᠪᠡᠭ ᠳᠡᠯᠪᠡᠭ ᠭᠠᠵᠠᠷ ᠰᠢᠷᠣᠢ ᠶᠢᠨ ᠡᠬᠢ ᠪᠠᠶᠠᠯᠢᠭ ᠲᠤ ᠲᠦᠰᠢᠭᠯᠡᠨ ︽ᠣᠶ ᠰᠢᠭᠤᠢ ᠶᠢ ᠨᠡᠮᠡᠭᠳᠡᠭᠦᠯᠦᠨ ᠨᠣᠭᠤᠭᠠᠷᠠᠭᠤᠯᠤᠯᠲᠠ ᠶᠢ ᠥᠷᠭᠡᠳᠬᠡᠬᠦ︾᠎ ᠶᠢ ᠪᠡᠶᠡᠯᠡᠭᠦᠯᠵᠡᠢ᠃ 2016 ᠣᠨ ᠠᠴᠠ ᠨᠠᠭᠠᠰᠢ᠂ ᠲᠠᠷᠢᠶᠠᠯᠠᠬᠤ ᠶᠢ ᠵᠣᠭᠰᠣᠭᠠᠵᠤ ᠤᠢ ᠮᠣᠳᠣ ᠡᠪᠡᠰᠦ ᠪᠡᠯᠴᠢᠭᠡᠷ ᠢ ᠰᠡᠷᠭᠦᠭᠡᠬᠦ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠠᠭᠤᠯᠠᠷᠬᠠᠭ ᠣᠷᠣᠨ ᠤ ᠠᠮᠢ ᠠᠬᠤᠢ ᠶᠢ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠵᠡᠷᠭᠡ ᠣᠶ ᠰᠢᠭᠤᠢ ᠡᠪᠡᠰᠦ ᠪᠡᠯᠴᠢᠭᠡᠷ ᠤᠨ ᠢᠨᠵᠧᠨᠧᠷᠢᠩ ᠢ ᠨᠡᠶᠢᠲᠡ 185 ᠲᠦᠮᠡᠨ ᠮᠦ ᠪᠡᠶᠡᠯᠡᠭᠦᠯᠵᠦ᠂ ᠡᠭᠦᠨ ᠳᠤ ᠰᠢᠨ᠎ᠡ ᠨᠢᠭᠡᠨ ᠡᠭᠡᠯᠵᠢ ᠎ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ 139.13 ᠲᠦᠮᠡᠨ ᠮᠦ ᠭᠤᠣᠯᠳᠠᠯᠭ᠎ᠠ ᠲᠠᠢ ᠪᠡᠶᠡᠯᠡᠭᠦᠯᠵᠦ᠂ ᠪᠤᠭᠤᠲᠤ ᠬᠤᠲᠠ ᠶᠢᠨ ᠶᠡᠷᠦᠩᠬᠡᠢ ᠡᠭᠦᠷᠭᠡ ᠶᠢᠨ 91.3%᠎ ᠶᠢ ᠡᠵᠡᠯᠡᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠡᠭᠦᠷᠭᠡ ᠶᠢᠨ 31.2%᠎ ᠢ ᠡᠵᠡᠯᠡᠵᠦ᠂ ᠢᠨᠵᠧᠨᠧᠷᠢᠩ ᠤᠨ ᠶᠡᠷᠦᠩᠬᠡᠢ ᠡᠭᠦᠷᠭᠡ ᠶᠢᠨ ᠬᠡᠮᠵᠢᠶ᠎ᠡ ᠵᠢᠴᠢ ᠪᠦᠲᠦᠭᠡᠨ ᠪᠠᠶᠢᠭᠤᠯᠤᠭᠰᠠᠨ ᠬᠤᠶᠠᠷ ᠬᠡᠰᠡᠭ ᠰᠠᠯᠬᠢ ᠬᠠᠯᠬᠠᠯᠠᠬᠤ ᠠᠮᠢ ᠠᠬᠤᠢ ᠶᠢᠨ ᠣᠶ ᠶᠢᠨ ᠲᠠᠯᠠᠪᠠᠶ ᠨᠢ ᠲᠣᠰ ᠲᠣᠰ ᠪᠦᠭᠦ ᠤᠯᠤᠰ ᠤᠨ ᠬᠤᠰᠢᠭᠤ ᠰᠢᠶᠠᠨ ᠲᠣᠭᠤᠷᠢᠭ ᠤᠨ ᠲᠡᠷᠢᠭᠦᠨ ᠳᠤ ᠵᠢᠭᠰᠠᠭᠠᠭᠳᠠᠪᠠ᠃ ᠤᠯᠤᠰ ᠤᠨ ᠭᠠᠵᠠᠷ ᠰᠢᠷᠣᠢ ᠶᠢᠨ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠭᠦᠶᠠᠩ ᠰᠢᠶᠠᠨ ᠤ ᠣᠶ ᠰᠢᠭᠤᠢ ᠶᠢᠨ ᠲᠠᠯᠠᠪᠠᠶ 77.4 ᠲᠦᠮᠡᠨ ᠮᠦ᠂ ᠨᠤᠲᠤᠭ ᠪᠡᠯᠴᠢᠭᠡᠷ ᠤᠨ ᠳᠠᠯᠠᠪᠠᠢ 318 ᠲᠦᠮᠡᠨ ᠮᠦ᠂ ᠨᠤᠭᠤ ᠭᠠᠵᠠᠷ ᠤᠨ ᠳᠠᠯᠠᠪᠠᠢ 9.3 ᠲᠦᠮᠡᠨ ᠮᠦ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠠᠵᠤ ᠠᠬᠤᠶᠢᠯᠠᠯ ᠤᠨ 0.8 ᠲᠦᠮᠡ ᠭᠠᠷᠤᠢ ᠮᠦ ᠠᠮᠢ ᠠᠬᠤᠢ ᠶᠢ ᠰᠡᠷᠭᠦᠭᠡᠨ ᠵᠠᠰᠠᠪᠠ᠃ ᠥᠩᠭᠡᠷᠡᠭᠰᠡᠨ ᠳᠤ ᠵᠤᠨ ᠨᠠᠮᠤᠷ ᠲᠠᠭᠠᠨ ᠵᠢᠭᠠᠬᠠᠨ ᠡᠪᠡᠰᠦ ᠲᠠᠢ᠂ ᠡᠪᠦᠯ ᠬᠠᠪᠤᠷ ᠨᠡᠶᠢᠳᠡᠮ ᠡᠯᠡᠰᠦ ᠰᠢᠷᠣᠢ ᠲᠠᠢ ᠪᠠᠶᠢᠭᠰᠠᠨ ᠠᠴᠠ ᠤᠳᠦ ᠳᠥᠷᠪᠡᠨ ᠤᠯᠠᠷᠢᠯ ᠢᠶᠠᠷ ᠢᠶᠠᠨ ᠨᠣᠭᠤᠭᠠᠷᠠᠵᠤ᠂ ᠨᠢᠳᠦ ᠠᠯᠳᠠᠮ᠎ᠠ ᠤᠢ ᠲᠠᠢ ᠪᠣᠯᠵᠠᠢ᠃            ᠭᠦᠶᠠᠩ ᠰᠢᠶᠠᠨ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ᠂ ᠡᠳ᠋ ᠤᠨ ᠵᠠᠰᠠᠭ ᠠᠴᠠ ᠨᠥᠬᠦᠪᠦᠷᠢ ᠥᠭᠴᠦ ᠣᠶᠢᠵᠢᠭᠤᠯᠬᠤ᠂ ᠲᠥᠪ ᠤᠨ ᠡᠳ᠋ ᠤᠨ ᠵᠠᠰᠠᠭ ᠤᠨ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠵᠡᠷᠭᠡ ᠠᠮᠢ ᠠᠬᠤᠢ ᠶᠢᠨ ᠢᠨᠵᠧᠨᠧᠷᠢᠩ ᠳᠤ ᠲᠦᠰᠢᠭᠯᠡᠨ᠂ ᠡᠵᠡᠭᠦᠢ ᠲᠠᠩ ᠬᠤᠪᠠᠭ᠋ᠠᠢ ᠠᠭᠤᠯᠠ᠂ ᠲᠠᠴᠢᠷᠳᠠᠭᠰᠠᠨ ᠣᠶᠢᠲᠤ ᠭᠠᠵᠠᠷ᠂ ᠠᠭᠤᠷᠬᠠᠢ ᠶᠢᠨ ᠠᠵᠤ ᠠᠬᠤᠶᠢᠯᠠᠯ᠂ ᠦᠵᠡᠮᠵᠢ ᠶᠢᠨ ᠣᠷᠣᠨ ᠤ ᠡᠷᠭᠢᠨ ᠲᠣᠭᠤᠷᠢᠨ ᠵᠡᠷᠭᠡ ᠣᠶᠢᠵᠢᠭᠤᠯᠬᠤ ᠳᠤ ᠲᠣᠬᠢᠷᠠᠮᠵᠢᠲᠠᠢ ᠣᠷᠣᠨ ᠪᠦᠰᠡ ᠳᠤ ᠴᠢᠨᠠᠷ ᠰᠠᠶᠢᠲᠠᠢ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠲᠣᠷᠤᠭ ᠮᠣᠳᠣ ᠪᠠ ᠪᠤᠳᠠ ᠮᠣᠳᠣ ᠶᠢ ᠤᠶᠠᠯᠳᠤᠭᠤᠯᠤᠭᠰᠠᠨ᠂ ᠮᠣᠳᠣᠨ ᠤ ᠲᠥᠷᠥᠯ ᠣᠯᠠᠨ ᠶᠠᠩᠵᠤ ᠶᠢᠨ᠂ ᠥᠩᠭᠡ ᠦᠵᠡᠮᠵᠢ ᠭᠤᠶᠢᠳᠠ ᠰᠠᠶᠢᠬᠠᠨ ᠣᠶ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠪᠦᠷᠢᠯᠳᠦᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠣᠶ ᠰᠢᠭᠤᠢ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠡᠮᠵᠢᠶ᠎ᠡ ᠶᠢ ᠨᠡᠮᠡᠭᠳᠡᠭᠦᠯᠪᠡ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠬᠠᠮᠠᠭᠠᠯᠠᠯᠲᠠ ᠶᠢᠨ ᠣᠷᠣᠨ ᠪᠦᠰᠡ ᠳᠤ ᠬᠥᠮᠥᠨ ᠤ ᠬᠦᠴᠦ ᠪᠠᠷ ᠪᠢᠲᠡᠭᠦᠮᠵᠢᠯᠡᠨ ᠣᠶᠢᠵᠢᠭᠤᠯᠬᠤ ᠂ ᠨᠥᠬᠦᠵᠦ ᠳᠠᠷᠢᠵᠤ ᠰᠡᠷᠭᠦᠭᠡᠬᠦ᠂ ᠠᠮᠢᠳᠤ ᠪᠣᠳᠠᠰ ᠤᠨ ᠰᠡᠷᠭᠡᠶᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠠᠪᠴᠤ᠂ 6 ᠲᠦᠮᠡᠨ ᠮᠦ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ᠂ ᠬᠥᠮᠥᠨ ᠤ ᠬᠦᠴᠦ ᠪᠠᠷ 6.1 ᠲᠦᠮᠡᠨ ᠮᠦ ᠡᠪᠡᠰᠦ ᠳᠠᠷᠢᠵᠤ᠂ 35 ᠲᠦᠮᠡᠨ ᠮᠦ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠪᠡᠶᠡᠯᠡᠭᠦᠯᠵᠡᠢ᠃ 2022 ᠣᠨ ᠳᠤ᠂ ᠲᠤᠰ ᠰᠢᠶᠠᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠪᠦᠷᠬᠦᠴᠡ 45%᠎ ᠳᠤ ᠬᠦᠷᠴᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠲᠠᠰᠤᠷᠠᠯᠳᠠ ᠦᠭᠡᠢ ᠨᠡᠮᠡᠭᠳᠡᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠨᠥᠬᠦᠴᠡᠯ ᠪᠦᠲᠦᠮᠵᠢᠲᠡᠢ ᠰᠠᠶᠢᠵᠢᠷᠠᠪᠠ᠃            ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠨᠣᠭᠤᠭᠠᠷᠠᠭᠤᠯᠤᠯᠲᠠ ᠶᠢ ᠬᠠᠮᠠᠭᠠᠯᠠᠨ᠎ᠠ᠃ ᠭᠦᠶᠠᠩ ᠰᠢᠶᠠᠨ ︽ᠬᠤᠪᠢᠰᠤᠭᠴᠢ ᠬᠡᠮᠵᠢᠭᠳᠡᠬᠦᠨ ᠢᠶᠠᠷ ᠰᠡᠷᠭᠡᠶᠢᠯᠡᠨ ᠡᠵᠡᠮᠳᠡᠬᠦ᠂ ᠪᠣᠬᠢᠷᠳᠤᠯ ᠦᠭᠡᠢ ᠬᠥᠭᠵᠢᠭᠦᠯᠬᠦ︾ ᠵᠠᠷᠴᠢᠮ ᠢ ᠢᠮᠠᠭᠲᠠ ᠪᠠᠷᠢᠮᠲᠠᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ᠂ ᠡᠬᠢ ᠪᠠᠶᠠᠯᠢᠭ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠪᠣᠬᠢᠷᠳᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠪᠠ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠠᠯ᠎ᠠ ᠪᠠᠷ᠂ ︽ᠰᠡᠷᠭᠡᠶᠢᠯᠡᠬᠦ︾ ᠪᠠ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠰᠠᠶᠢᠲᠤᠷ ᠵᠣᠯᠭᠠᠭᠤᠯᠵᠤ᠂ ᠪᠦᠭᠦ ᠰᠢᠶᠠᠨ ᠤ ᠬᠡᠪᠴᠢᠶᠡᠨ ᠳᠤ ᠰᠢᠶᠠᠨ ᠪᠠᠯᠭᠠᠰᠤ ᠲᠣᠰᠬᠤᠨ ᠭᠤᠷᠪᠠᠨ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠵᠠᠷᠯᠠᠨ ᠨᠡᠶᠢᠲᠡᠯᠡᠬᠦ ᠫᠠᠶᠢᠰᠠ ᠶᠢ 89 ᠭᠠᠷᠭᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠣᠭᠤᠷᠢᠭ ᠢ 9 ᠵᠠᠭᠠᠭᠯᠠᠨ ᠲᠣᠭᠲᠠᠭᠠᠵᠤ᠂ 11 ᠸᠢᠳᠢᠤ᠋ ᠬᠢᠨᠠᠨ ᠡᠵᠡᠮᠰᠢᠯ ᠢ ᠬᠡᠷᠡᠭᠯᠡᠨ ᠭᠠᠵᠠᠷ ᠳᠡᠭᠡᠷᠡᠬᠢ ᠲᠣᠭᠤᠷᠢᠨ ᠬᠠᠮᠠᠭᠠᠯᠠᠯᠲᠠ ᠳᠤ ᠬᠠᠮᠵᠢᠯᠴᠠᠨ᠂ ᠬᠠᠮᠵᠢᠯᠴᠠᠨ ᠠᠵᠢᠯᠯᠠᠬᠤ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠰᠡᠷᠭᠡᠶᠢᠯᠡᠯᠲᠡ ᠶᠢ ᠬᠦᠴᠦᠯᠡᠨ ᠪᠠᠲᠤᠯᠠᠵᠠᠢ᠃            ᠭᠤᠷᠪᠠᠨ ᠬᠤᠪᠢ ᠶᠢᠨ ᠣᠶᠢᠵᠢᠭᠤᠯᠤᠯᠲᠠ ᠳᠣᠯᠣᠭᠠᠨ ᠬᠤᠪᠢ ᠶᠢᠨ ᠬᠠᠮᠠᠭᠠᠯᠠᠯᠲᠠ ᠭᠡᠳᠡᠭ᠃ ᠭᠦᠶᠠᠩ ᠰᠢᠶᠠᠨ ᠤ ᠬᠢᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠬᠠᠮᠢᠶᠠᠷᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠣᠶ ᠰᠢᠭᠤᠢ ᠶᠢ ᠱᠠᠯᠠᠪᠳᠠᠭᠤᠯᠤᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢᠨ ᠬᠤᠯᠪᠤᠭᠠᠯᠠᠨ ᠬᠥᠳᠡᠯᠦᠯᠴᠡᠬᠦ᠂ ᠬᠢᠨᠠᠨ ᠬᠠᠮᠢᠶᠠᠷᠴᠤ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠵᠡᠷᠭᠡ 5 ᠵᠦᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠡᠵᠡᠮᠳᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ᠤᠯᠤᠰ ᠤᠨ ᠲᠠᠰ ᠤᠨ ᠨᠤᠲᠤᠭ ᠪᠡᠯᠴᠢᠭᠡᠷ ᠤᠨ ᠬᠥᠨᠥᠭᠡᠯ ᠲᠠᠢ ᠠᠮᠢᠳᠤ ᠪᠣᠳᠠᠰ ᠢ ᠬᠢᠨᠠᠨ ᠬᠡᠮᠵᠢᠬᠦ ᠴᠡᠭ ᠢ 17 ᠪᠠᠶᠢᠭᠤᠯᠵᠤ᠂ ᠬᠡᠭᠡᠷ᠎ᠡ ᠶᠢᠨ ᠠᠮᠢᠲᠠᠨ ᠎ ᠤ ᠬᠢᠵᠢᠭ ᠤᠨ ᠰᠤᠷᠪᠤᠯᠵᠢ ᠬᠢᠵᠢᠭ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠰᠠᠶᠢᠲᠤᠷ ᠠᠳᠬᠤᠵᠤ᠂ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠵᠡᠷᠭᠡ ᠬᠦᠨᠳᠦ ᠶᠡᠭᠡ ᠣᠶ ᠰᠢᠭᠤᠢ ᠨᠤᠲᠤᠭ ᠪᠡᠯᠴᠢᠭᠡᠷ ᠲᠤ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠡ᠃            ᠭᠦᠶᠠᠩ ᠰᠢᠶᠠᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ︽ᠶᠡᠷᠦᠩᠬᠡᠢ ᠬᠡᠮᠵᠢᠶ᠎ᠡ ᠶᠢ ᠠᠮᠢᠳᠤᠯᠢᠭ ᠠᠰᠢᠭᠯᠠᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ᠂ ᠵᠦᠢ ᠵᠣᠬᠢᠰᠲᠠᠢ ᠠᠰᠢᠭᠯᠠᠬᠤ ᠶᠢ ᠪᠠᠷᠢᠮᠲᠠᠯᠠᠵᠤ᠂ ᠭᠦᠶᠠᠩ ᠤᠨ ᠠᠭᠤᠯᠠᠷᠬᠠᠭ ᠣᠷᠣᠨ ᠰᠢᠭᠤᠶᠢᠲᠤ ᠣᠷᠣᠨ ᠡᠯᠡᠰᠦᠷᠬᠡᠭ ᠣᠷᠣᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠠᠰᠢᠭᠯᠠᠬᠤ ᠳᠠᠪᠠᠭᠤᠯᠢᠭ ᠢ ᠠᠬᠢᠭᠤᠯᠵᠤ᠂ ᠪᠣᠬᠢᠷᠳᠤᠯ ᠦᠭᠡᠢ ᠎ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠪᠡ᠃ ᠤᠷᠢᠳ ᠬᠤᠵᠢᠳ ᠨᠣᠭᠤᠭᠠᠷᠠᠭᠤᠯᠤᠯᠲᠠ ᠶᠢᠨ ᠺᠤᠮᠫᠠᠨᠢ ᠪᠠ ᠣᠶ ᠰᠢᠭᠤᠢ ᠶᠢᠨ ᠣᠶᠢᠵᠢᠭᠤᠯᠤᠯᠲᠠ ᠶᠢᠨ 6 ᠬᠤᠷᠰᠢᠶ᠎ᠠ ᠶᠢ ᠣᠷᠣᠭᠤᠯᠤᠨ ᠠᠪᠴᠢᠷᠠᠵᠤ᠂ ᠲᠠᠷᠢᠶᠠᠯᠠᠬᠤ ᠡᠷᠦᠭᠡ ᠶᠢ ᠳᠠᠭᠠᠭᠤᠯᠤᠨ ᠣᠶ ᠳᠣᠲᠣᠷ᠎ᠠ ᠪᠤᠶᠤ ᠣᠶ ᠶᠢᠨ ᠬᠤᠭᠤᠷᠣᠨᠳᠤ ᠲᠤᠷᠰᠢᠯᠲᠠ ᠶᠢᠨ ᠴᠢᠨᠠᠷᠲᠠᠢ ᠪᠠᠷ 0.5 ᠲᠦᠮᠡᠨ ᠮᠦ ᠪᠠᠪᠦ᠂ 0.3 ᠲᠦᠮᠡᠨ ᠮᠦ ᠬᠤᠨᠴᠢᠷ᠂ 1.2 ᠲᠦᠮᠡᠨ ᠮᠦ ᠬᠤᠨᠢᠨ ᠵᠠᠩᠭᠤᠤ ᠳᠠᠷᠢᠪᠠ; 3 ᠲᠤᠰᠬᠠᠢ ᠬᠤᠷᠰᠢᠶ᠎ᠠ ᠶᠢ ᠵᠣᠬᠢᠶᠠᠨ ᠪᠠᠶᠢᠭᠤᠯᠵᠤ ᠨᠢᠰᠢᠩᠭᠦ ᠶᠢᠨ ᠪᠤᠳᠠ ᠮᠣᠳᠣᠨ ᠤ ᠤᠢ ᠶᠢᠨ ᠭᠤᠤᠷᠰᠤ ᠶᠢᠨ ᠦᠯᠡᠳᠡᠭᠳᠡᠯ ᠪᠣᠳᠠᠰ ᠢ ᠠᠰᠢᠭᠯᠠᠨ 12 ᠲᠦᠮᠡᠨ ᠲᠣᠨ ᠮᠥᠬᠦᠯᠢᠭ ᠪᠠ ᠤᠩᠭᠠᠷᠢᠯ ᠭᠡᠯᠪᠡᠷᠢ ᠶᠢᠨ ᠪᠣᠷᠳᠤᠭ᠎ᠠ ᠦᠶᠯᠡᠳᠪᠦᠷᠢᠯᠡᠪᠡ; ᠣᠶ ᠰᠢᠭᠤᠢ ᠨᠤᠲᠤᠭ ᠪᠡᠯᠴᠢᠭᠡᠷ ᠤᠨ ᠵᠢᠭᠤᠯᠴᠢᠯᠠᠯ ᠤᠨ ᠠᠯᠳᠠᠷᠰᠢᠯ ᠢ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠵᠢᠭᠤᠯᠴᠢᠯᠠᠯ ᠤᠨ ᠵᠢᠯ ᠤᠨ ᠭᠥᠯᠢᠶᠡᠨ ᠠᠪᠤᠭᠰᠠᠳ 20 ᠲᠦᠮᠡᠨ ᠬᠥᠮᠥᠨ ᠤᠳᠠᠭ᠎ᠠ ᠳᠤ ᠬᠦᠷᠴᠦ᠂ ᠦᠢᠯᠡᠳᠬᠦᠨ ᠤ ᠥᠷᠲᠡᠭ ᠢᠶᠠᠨ 2 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠬᠦᠴᠦᠯᠡᠨ ᠴᠢᠷᠮᠠᠶᠢᠵᠤ ᠪᠠᠶᠢᠨ᠎ᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号