| | ᠭᠤᠣ ᠮᠢᠨ ᠨᠠ | ᠨᠠᠮᠤᠷ ᠤᠨ ᠠᠭᠤᠷ ᠤᠯᠠᠮ ᠥᠳᠬᠡᠷᠡᠨ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠳ᠋ᠦᠩᠹᠧᠩ ᠣᠶ | ᠰᠢᠭᠤᠢ ᠶᠢᠨ ᠲᠠᠯᠠᠪᠠᠶ ᠶᠢᠨ ᠭᠦᠶᠯᠡᠰᠦᠨ ᠮᠣᠳᠣᠳ ︽ᠠᠯᠲᠠᠨ ᠰᠢᠷᠭᠠᠯ︾ ᠥᠩᠭᠡ ᠪᠠᠷ ᠰᠣᠯᠢᠭᠳᠠᠵᠤ᠂ | ᠰᠢᠷᠠᠯᠠᠭᠰᠠᠨ ᠨᠠᠪᠴᠢᠰ ᠨᠢ ᠨᠠᠷᠠᠨ ᠤ ᠭᠡᠷᠡᠯ ᠳᠤ ᠭᠢᠯᠲᠠᠭᠠᠨᠠᠵᠤ ᠬᠠᠷᠠᠭᠳᠠᠨ᠎ᠠ᠃ ᠡᠨᠡ ᠬᠦ ᠦᠷᠭᠦᠯᠵᠢᠯᠡᠭᠰᠡᠨ ᠣᠶᠢᠲᠤ | ᠭᠠᠵᠠᠷ ᠨᠢ ᠲᠦᠴᠢᠦᠸᠠᠨ ᠰᠢᠶᠠᠨ ᠤ ᠠᠲᠠᠷ ᠭᠠᠵᠠᠷ ᠤᠨ ᠨᠣᠭᠤᠭᠠᠨ ᠪᠦᠷᠢᠳᠦ ᠪᠣᠯᠤᠭᠰᠠᠨ ᠭᠠᠶᠢᠬᠠᠮᠰᠢᠭ ᠢ | ᠭᠡᠷᠡᠴᠢᠯᠡᠵᠦ᠂ ᠨᠡᠩ ᠴᠤ ᠪᠦᠭᠦ ᠤᠯᠤᠰ ᠤᠨ ᠡᠯᠡᠰᠦ ᠶᠢ ᠵᠠᠰᠠᠵᠤ ᠡᠯᠡᠰᠦᠷᠬᠡᠭᠵᠢᠯ ᠢ ᠰᠡᠷᠭᠡᠶᠢᠯᠡᠭᠰᠡᠨ ᠲᠡᠷᠢᠭᠦᠨ ᠤ | ᠬᠤᠪᠢ ᠬᠥᠮᠥᠨ᠂ ᠲᠦᠴᠢᠦᠸᠠᠨ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠣᠶᠢᠵᠢᠭᠤᠯᠤᠯᠲᠠ ᠶᠢᠨ ᠲᠠᠰᠤᠭ ᠤᠨ ᠳᠠᠷᠤᠭ᠎ᠠ ᠭᠧᠦ ᠬᠤᠢ ᠶᠠᠨ ᠤ 20 ᠭᠠᠷᠤᠢ ᠵᠢᠯ ᠤᠨ ᠪᠠᠷᠢᠮᠲᠠᠯᠠᠯ ᠪᠠ ᠬᠦᠰᠡᠯ | ᠮᠥᠷᠥᠭᠡᠳᠦᠯ ᠢ ᠠᠴᠢᠶᠠᠯᠠᠵᠤ ᠪᠠᠶᠢᠭ᠎ᠠ ᠪᠢᠯᠡ᠃ | | 2000 ᠣᠨ ᠳᠤ ᠵᠠᠯᠠᠨ ᠠᠶᠢᠯ ᠤᠨ ᠤᠢ ᠰᠢᠭᠤᠢ ᠶᠢᠨ ᠰᠤᠷᠭᠠᠭᠤᠯᠢ ᠠᠴᠠ ᠲᠡᠭᠦᠰᠦᠭᠰᠡᠨ ᠭᠧᠦ ᠬᠤᠢ ᠶᠠᠨ | ᠬᠡᠬᠦᠳᠡᠭ ᠳᠦᠭᠦᠷᠡᠩ ᠬᠦᠰᠡᠯ ᠮᠥᠷᠥᠭᠡᠳᠦᠯ ᠢ ᠡᠪᠦᠷᠯᠡᠨ ᠲᠦᠴᠢᠦᠸᠠᠨ ᠰᠢᠶᠠᠨ ᠳᠤ ᠬᠦᠷᠴᠦ᠂ ᠲᠦᠴᠢᠦᠸᠠᠨ ᠰᠢᠶᠠᠨ | ᠤ ᠤᠢ ᠰᠢᠭᠤᠢ ᠶᠢᠨ ᠠᠵᠢᠯᠯᠠᠬᠤ ᠦᠷᠳᠡᠭᠡ ᠳᠤ ᠠᠵᠢᠯᠯᠠᠪᠠ᠃ ᠣᠢ ᠰᠢᠭᠤᠢ ᠶᠢᠨ ᠥᠷᠲᠡᠭᠡ ᠭᠡᠵᠦ᠂ | ᠦᠨᠡᠨ ᠳᠡᠭᠡᠨ ᠨᠢᠭᠡ ᠯᠡ ᠲᠠᠰᠤᠯᠭ᠎ᠠ ᠪᠣᠭᠤᠨᠢᠬᠠᠨ ᠰᠢᠷᠣᠢ ᠶᠢᠨ ᠪᠠᠶᠢᠰᠢᠩ ᠪᠠᠶᠢᠭᠰᠠᠨ ᠶᠤᠮ᠃ ᠲᠤᠬᠠᠢ ᠶᠢᠨ ᠦᠶ᠎ᠡ | ᠳᠤ ᠲᠦᠴᠢᠦᠸᠠᠨ ᠰᠢᠶᠠᠨ ᠤ ᠬᠥᠷᠥᠰᠥ ᠰᠢᠷᠣᠢ ᠶᠢᠨ ᠡᠯᠡᠰᠦᠷᠬᠡᠭᠵᠢᠯ ᠵᠢᠴᠢ ᠨᠢᠭᠤᠭᠳᠠᠮᠠᠯ ᠡᠯᠡᠰᠦᠷᠬᠡᠭᠵᠢᠯ ᠤᠨ | ᠲᠠᠯᠠᠪᠠᠢ ᠪᠦᠭᠦ ᠰᠢᠶᠠᠨ ᠤ ᠶᠡᠷᠦᠩᠬᠡᠢ ᠭᠠᠵᠠᠷ ᠰᠢᠷᠣᠢ ᠶᠢᠨ ᠲᠠᠯᠠᠪᠠᠢ ᠶᠢᠨ 50 % ᠠᠴᠠ ᠳᠡᠭᠡᠭᠰᠢ ᠶᠢ ᠡᠵᠡᠯᠡᠵᠦ | ᠪᠠᠶᠢᠪᠠ᠃ ᠣᠢ ᠰᠢᠭᠤᠢ ᠶᠢᠨ ᠥᠷᠲᠡᠭᠡᠨ ᠤ ᠡᠭᠦᠳᠡᠨ ᠳᠤ ᠵᠣᠭᠰᠣᠵᠤ ᠠᠯᠤᠰ ᠢ ᠪᠠᠷᠠᠯᠠᠬᠤ ᠳᠤ ᠬᠤᠪᠠᠭ᠋ᠠᠢ ᠠᠭᠤᠯᠠ | ᠯᠡ ᠬᠠᠷᠠᠭᠳᠠᠵᠤ ᠪᠠᠶᠢᠯ᠎ᠠ᠃ ᠡᠨᠡ ᠦᠶ᠎ᠡ ᠳᠤ 22 ᠨᠠᠰᠤᠲᠠᠢ ᠭᠧᠦ ᠬᠤᠢ ᠶᠠᠨ᠂ ᠮᠣᠳᠣ ᠳᠠᠷᠢᠬᠤ ᠠᠴᠠ ᠨᠠᠩ | ᠴᠢᠬᠤᠯᠠ ᠨᠢ ᠡᠯᠡᠰᠦ ᠶᠢ ᠵᠠᠰᠠᠬᠤ ᠶᠠᠪᠤᠳᠠᠯ ᠪᠣᠯᠣᠨ᠎ᠠ ᠭᠡᠳᠡᠭ ᠢ ᠰᠡᠷᠡᠵᠦ ᠮᠡᠳᠡᠭᠡᠳ ᠤᠷᠢ ᠵᠠᠯᠠᠭᠤ ᠶᠢᠨ ᠬᠦᠴᠦᠨ | ᠴᠢᠳᠠᠯ ᠢᠶᠠᠨ ᠰᠢᠪᠬᠠᠵᠤ ᠥᠷᠭᠡᠨ ᠠᠭᠤᠳᠠᠮ ᠠᠭᠤᠯᠠ ᠲᠠᠯ᠎ᠠ ᠪᠠᠨ ᠨᠣᠭᠤᠭᠠᠷᠠᠭᠤᠯᠤᠨ᠎ᠠ ᠭᠡᠵᠦ ᠵᠣᠷᠢᠭ ᠰᠢᠭᠤᠳᠴᠠᠢ᠃ | | | ᠭᠧᠦ ᠬᠤᠢ ᠶᠠᠨ ᠤ ᠠᠯᠪᠠᠨ ᠭᠡᠷ ᠲᠤ ᠣᠷᠣᠬᠤ ᠳᠤ ᠰᠢᠷᠡᠭᠡᠨ ᠳᠡᠭᠡᠷ᠎ᠡ ᠨᠢ ᠬᠤᠶᠠᠷ ᠵᠤᠵᠠᠭᠠᠨ ᠲᠤᠰᠬᠠᠢ | ᠮᠡᠷᠭᠡᠵᠢᠯ ᠤᠨ ᠨᠣᠮ ᠲᠠᠯᠪᠢᠭᠠᠰᠤᠲᠠᠢ ᠪᠠᠶᠢᠯ᠎ᠠ᠃ ᠡᠨᠡ ᠪᠣᠯ ᠲᠡᠭᠦᠨ ᠤ ᠠᠵᠢᠯ ᠤᠨ ᠴᠢᠯᠦᠭᠡ ᠪᠠᠷ ᠢᠶᠠᠨ ᠰᠤᠷᠤᠯᠴᠠᠵᠤ | ᠡᠮᠬᠢᠳᠬᠡᠭᠰᠡᠨ︽ᠡᠯᠡᠰᠦ ᠶᠢ ᠵᠠᠰᠠᠵᠤ ᠣᠶᠢᠵᠢᠭᠤᠯᠤᠭᠰᠠᠨ ᠨᠢᠭᠤᠴᠠ ᠳᠡᠪᠲᠡᠷ︾ ᠪᠣᠯᠣᠨ᠎ᠠ᠃ ᠨᠣᠮ ᠤᠨ ᠥᠨᠴᠥᠭ | ᠨᠢ ᠠᠯᠢ ᠡᠷᠲᠡ ᠡᠯᠡᠭᠳᠡᠵᠦ᠂ ᠨᠣᠮ ᠳᠡᠭᠡᠷ᠎ᠡ ᠳᠦᠭᠦᠷᠲᠡᠯ᠎ᠡ ᠵᠡᠭᠦᠯᠲᠡ ᠬᠠᠳᠠᠵᠠᠢ᠃ ᠭᠧᠦ ᠬᠤᠢ ᠶᠠᠨ ᠠᠵᠢᠯ ᠤᠨ | ᠳᠤᠮᠳᠠ ᠪᠠᠨ ᠲᠤᠷᠰᠢᠯᠭ᠎ᠠ ᠪᠠᠨ ᠳ᠋ᠦᠩᠨᠡᠬᠦ ᠪᠠ ᠰᠤᠳᠤᠯᠤᠨ ᠰᠦᠪᠡᠭᠴᠢᠯᠡᠬᠦ ᠳᠡᠭᠡᠨ ᠴᠢᠳᠠᠮᠠᠭᠠᠢ ᠪᠠᠶᠢᠵᠤ᠂ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠡᠯᠡᠰᠦ ᠶᠢ ᠵᠠᠰᠠᠵᠤ ᠡᠯᠡᠰᠦᠷᠬᠡᠭᠵᠢᠯ ᠢ ᠰᠡᠷᠭᠡᠶᠢᠯᠡᠬᠦ᠂ ᠠᠮᠢ ᠠᠬᠤᠢ ᠶᠢ | ᠰᠠᠶᠢᠵᠢᠷᠠᠭᠤᠯᠬᠤ ᠠᠷᠭ᠎ᠠ ᠶᠢ ᠰᠦᠪᠡᠭᠴᠢᠯᠡᠵᠦ᠂ ᠪᠦᠲᠦᠮᠵᠢᠲᠡᠶ ᠵᠠᠰᠠᠬᠤ ᠠᠷᠭ᠎ᠠ ᠵᠠᠮ ᠢ ᠡᠷᠢᠵᠦ ᠣᠯᠬᠤ ᠶᠢᠨ | ᠲᠥᠯᠥᠭᠡ ᠣᠶᠢᠵᠢᠭᠤᠯᠤᠯᠲᠠ ᠶᠢᠨ ᠡᠷᠦᠭᠡ ᠠᠴᠠ ᠰᠤᠷᠤᠯᠴᠠᠬᠰᠠᠨ ᠪᠥᠭᠡᠳ ᠭᠠᠳᠠᠨ᠎ᠠ ᠣᠷᠣᠨ ᠤ ᠠᠵᠢᠯ | ᠨᠢᠭᠡᠲᠡᠨ ᠠᠴᠠ ᠲᠡᠷᠢᠭᠦᠨ ᠤ ᠨᠡᠶᠢᠲᠡᠯᠢᠭ ᠠᠷᠭ᠎ᠠ ᠬᠢᠳᠡᠯ ᠢ ᠰᠤᠷᠤᠯᠴᠠᠬᠰᠠᠨ ᠪᠠᠶᠢᠨ᠎ᠠ᠃ ᠨᠢᠭᠡ ᠵᠢᠯ ᠤᠨ ᠬᠠᠭᠠᠰ ᠵᠢᠯ | ᠭᠠᠷᠤᠢ ᠳᠤᠨᠢ ᠲᠡᠷᠡ ᠪᠦᠭᠦ ᠰᠢᠶᠠᠨ ᠤ 9 ᠰᠢᠶᠠᠩ ᠪᠠᠯᠭᠠᠰᠤᠨ ᠤ ᠣᠶᠢᠵᠢᠭᠤᠯᠤᠯᠲᠠ ᠶᠢᠨ ᠭᠠᠵᠠᠷ ᠢᠶᠠᠷ ᠶᠠᠪᠤᠭᠰᠠᠨ | ᠪᠢᠯᠡ᠃ | | ᠬᠠᠪᠤᠷ ᠤᠨ ᠤᠯᠠᠷᠢᠯ ᠪᠣᠯ ᠣᠶ ᠰᠢᠭᠤᠢ ᠶᠢᠨ ᠠᠵᠢᠯᠲᠠᠳ ᠤᠨ ᠬᠠᠮᠤᠭ ᠤᠨ ᠶᠠᠭᠠᠷᠠᠯᠲᠠᠢ ᠤᠯᠠᠷᠢᠯ ᠪᠣᠯᠣᠨ᠎ᠠ᠃ | ᠭᠧᠦ ᠬᠤᠢ ᠶᠠᠨ ᠡᠳᠦᠷ ᠨᠢ ᠬᠥᠳᠡᠭᠡ ᠪᠠᠭᠤᠵᠤ ᠲᠤᠬᠠᠢ ᠶᠢᠨ ᠭᠠᠵᠠᠷ ᠲᠤ ᠪᠣᠳᠠᠲᠠᠢ ᠪᠠᠶᠢᠴᠠᠭᠠᠯᠲᠠ ᠬᠢᠵᠦ᠂ | ᠣᠶᠢᠵᠢᠭᠤᠯᠬᠤ ᠮᠣᠳᠣᠨ ᠤ ᠲᠥᠷᠥᠯ ᠢ ᠵᠦᠢ ᠵᠣᠬᠢᠰᠲᠠᠢ ᠲᠥᠯᠥᠪᠵᠢᠭᠦᠯᠵᠦ᠂ ᠠᠳᠠᠯᠢ ᠪᠤᠰᠤ ᠨᠥᠬᠦᠴᠡᠯ᠂ ᠠᠳᠠᠯᠢ | ᠪᠤᠰᠤ ᠭᠠᠵᠠᠷ ᠣᠷᠣᠨ ᠳᠤ ᠶᠠᠮᠠᠷ ᠮᠣᠳᠣ ᠳᠠᠷᠢᠵᠤ ᠣᠶᠢᠵᠢᠭᠤᠯᠬᠤ ᠲᠤᠬᠠᠢ ᠲᠣᠬᠢᠷᠠᠮᠵᠢᠲᠠᠢ ᠰᠠᠨᠠᠭᠤᠯᠭ᠎ᠠ ᠳᠤᠷᠠᠳᠴᠤ᠂ | ᠣᠷᠣᠢ ᠬᠠᠷᠢᠵᠤ ᠢᠷᠡᠮᠡᠭᠴᠡ ᠬᠡᠷᠡᠭᠵᠢᠭᠦᠯᠦᠭᠦᠰᠢᠲᠡᠢ ᠠᠵᠢᠯ ᠤᠨ ᠲᠥᠯᠥᠪᠯᠡᠭᠡ ᠪᠠᠨ ᠨᠠᠶᠢᠷᠠᠭᠤᠯᠤᠨ ᠪᠢᠴᠢᠳᠡᠭ᠃ | | ︽ᠵᠢᠱᠢᠶᠡᠯᠡᠪᠡᠯ ᠪᠢᠳᠡ ︿ᠰᠢᠷᠭᠤᠯᠵᠢ ᠶᠢᠨ ᠣᠶ﹀ ᠶᠢᠨ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ | ᠶᠢᠨ ᠲᠥᠷᠥᠯ ᠵᠦᠢᠯ ᠤᠨ ᠳᠣᠲᠣᠷ᠎ᠠ ᠠᠴᠠ ᠰᠣᠩᠭᠤᠭᠰᠠᠨ ᠮᠣᠳᠣᠨ ᠤ ᠲᠥᠷᠥᠯ ᠵᠦᠢᠯ ᠨᠢ ᠳᠠᠷᠤᠢ ᠭᠦᠶᠯᠡᠰᠦᠨ | ᠮᠣᠳᠣ ᠪᠣᠯᠣᠨ᠎ᠠ᠂ ᠡᠲᠡᠭᠡᠷ ᠮᠣᠳᠣᠨ ᠤ ᠦᠨᠳᠦᠰᠦ ᠶᠢᠨ ᠰᠢᠰᠲ᠋ᠧᠮ ᠨᠢ ᠨᠡᠯᠢᠶᠡᠳ ᠬᠥᠭᠵᠢᠵᠦ᠂ ᠡᠯᠡᠰᠦ ᠶᠢ | ᠲᠣᠭᠲᠠᠪᠤᠷᠢᠵᠢᠭᠤᠯᠬᠤ ᠴᠢᠳᠠᠪᠤᠷᠢ ᠪᠠᠷ ᠴᠢᠩᠭ᠎ᠠ ᠪᠠᠶᠢᠳᠠᠭ︾᠃ 2021 ᠣᠨ ᠤ 4 ᠰᠠᠷ᠎ᠠ ᠶᠢᠨ ᠡᠬᠢ ᠪᠠᠷ᠂ | ᠲᠦᠴᠢᠦᠸᠠᠨ ᠰᠢᠶᠠᠨ ᠤ ᠠᠩᠬᠠᠳᠠᠭᠴᠢ ︽ᠰᠢᠷᠭᠤᠯᠵᠢ ᠶᠢᠨ ᠣᠶ︾ ᠶᠢᠨ ᠲᠥᠷᠥᠯ ᠵᠦᠢᠯ ᠵᠢᠴᠢ ᠲᠦᠴᠢᠦᠸᠠᠨ | ᠰᠢᠶᠠᠨ ᠤ 100 ᠲᠦᠮᠡᠨ ᠭᠦᠶᠯᠡᠰᠦ ᠶᠢᠨ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ ᠶᠢᠨ ᠲᠥᠷᠥᠯ ᠵᠦᠢᠯ | ᠳ᠋ᠦᠩᠹᠧᠩ ᠣᠶ ᠰᠢᠭᠤᠢ ᠶᠢᠨ ᠲᠠᠯᠠᠪᠠᠶ ᠳᠤ ᠨᠤᠲᠤᠭᠰᠢᠪᠠ᠃ 3 ᠵᠢᠯ ᠤᠨ ᠨᠠᠷᠢᠨ ᠨᠢᠮᠪᠠᠢ ᠬᠠᠮᠢᠶᠠᠷᠤᠯᠲᠠ | ᠬᠠᠮᠠᠭᠠᠯᠠᠯᠲᠠ ᠪᠠᠷ ᠳᠡᠮᠵᠢᠨ ᠣᠲᠣ ᠡᠨᠡ ᠬᠡᠰᠡᠭ ᠭᠦᠶᠯᠡᠰᠦᠨ ᠣᠶ ᠨᠢ ᠤᠰᠤᠨ ᠤ ᠡᠬᠢ ᠰᠤᠷᠪᠤᠯᠵᠢ ᠶᠢ ᠬᠠᠳᠠᠭᠠᠯᠠᠵᠤ | ᠂ ᠰᠠᠯᠬᠢ ᠡᠯᠡᠰᠦ ᠶᠢ ᠬᠠᠯᠬᠠᠯᠠᠭᠰᠠᠨ ᠢᠶᠠᠷ ᠪᠠᠷᠠᠬᠤ ᠦᠭᠡᠢ ᠪᠠᠰᠠ ᠭᠦᠶᠯᠡᠰᠦᠨ ᠮᠣᠳᠣᠨ ᠳᠡᠭᠡᠷ᠎ᠡ ᠬᠠᠪᠲᠠᠭᠠᠢ | ᠭᠦᠶᠯᠡᠰᠦ ᠰᠠᠭᠤᠵᠤ᠂ ᠣᠶ ᠶᠢᠨ ᠬᠤᠷᠮᠣᠢ ᠳᠤ ᠪᠠᠰᠠ ᠡᠮ ᠤᠨ ᠮᠠᠲ᠋ᠧᠷᠢᠶᠠᠯ ᠬᠠᠪᠰᠤᠷᠭᠠᠨ ᠳᠠᠷᠢᠭᠰᠠᠨ ᠢᠶᠠᠷ | ᠣᠶᠢᠵᠢᠭᠤᠯᠤᠭᠰᠠᠨ ᠠᠴᠠ ᠪᠣᠯᠤᠭᠰᠠᠨ ᠠᠵᠤ ᠠᠬᠤᠢ ᠶᠢᠨ ᠦᠷ᠎ᠡ ᠠᠰᠢᠭ ᠢ ᠤᠯᠠᠮ ᠨᠢᠭᠡ ᠠᠯᠬᠤᠮ ᠢᠯᠡᠷᠡᠭᠦᠯᠦᠭᠰᠡᠨ | ᠪᠠᠶᠢᠨ᠎ᠠ᠃ | | ᠲᠦᠴᠢᠦᠸᠠᠨ ᠰᠢᠶᠠᠨ ᠤ ᠪᠦᠲᠦᠨ ᠪᠤᠯᠠᠭ ᠪᠠᠯᠭᠠᠰᠤᠨ ᠤ ᠪᠠᠷᠠᠭᠤᠨ ᠲᠠᠯ᠎ᠠ ᠳᠤ ᠪᠠᠶᠢᠭ᠎ᠠ ᠡᠮᠲᠦ ᠶᠢᠨ ᠠᠭᠤᠯᠠ | ᠥᠩᠭᠡᠷᠡᠭᠰᠡᠨ ᠳᠤ ᠬᠦᠨᠳᠦ ᠨᠣᠴᠢᠲᠠᠢ ᠴᠦᠯᠯᠡᠷᠭᠡᠭᠵᠢᠵᠡᠢ᠃ ᠬᠠᠪᠤᠷ ᠨᠠᠮᠤᠷ ᠤᠨ ᠤᠯᠠᠷᠢᠯ ᠳᠤ ᠳᠣᠬᠰᠢᠨ ᠰᠠᠯᠬᠢ | ᠰᠢᠷ᠎ᠠ ᠡᠯᠡᠰᠦ ᠶᠢ ᠬᠡᠶᠢᠰᠬᠡᠨ ᠰᠢᠶᠠᠨ ᠬᠤᠲᠠ ᠶᠢ ᠳᠠᠭᠠᠷᠢᠨ᠎ᠠ᠃ 13 ᠵᠢᠯ ᠤᠨ ᠡᠮᠦᠨ᠎ᠡ ᠠᠮᠢ ᠠᠬᠤᠢ ᠶᠢ ᠬᠠᠮᠠᠭᠠᠯᠠᠵᠤ | ᠰᠠᠯᠬᠢ ᠶᠢ ᠰᠡᠷᠭᠡᠶᠢᠯᠡᠨ ᠡᠯᠡᠰᠦ ᠶᠢ ᠵᠠᠰᠠᠬᠤ ᠶᠢᠨ ᠲᠥᠯᠥᠭᠡ᠂ ᠭᠧᠦ ᠬᠤᠢ ᠶᠠᠨ ᠰᠢᠩ ᠴᠢᠤᠸᠠᠨ ᠣᠶ ᠰᠢᠭᠤᠢ ᠶᠢᠨ | ᠲᠠᠯᠠᠪᠠᠶ ᠶᠢᠨ ᠬᠢᠵᠠᠭᠠᠷᠲᠤ ᠺᠤᠮᠫᠠᠨᠢ ᠶᠢᠨ 120 ᠭᠠᠷᠤᠢ ᠠᠵᠢᠯᠲᠠᠨ ᠠᠵᠢᠯᠴᠢᠨ ᠢ ᠳᠠᠭᠠᠭᠤᠯᠤᠨ ᠱᠢ ᡁᠢ ᠱᠠᠨ ᠳᠤ | ᠢᠳᠡᠪᠬᠢᠲᠡᠢ ᠠᠵᠢᠯᠯᠠᠪᠠ᠃ | | ︽2010 ᠣᠨ ᠠᠴᠠ ᠡᠬᠢᠯᠡᠨ ᠪᠢᠳᠡ 10 ᠵᠢᠯ ᠤᠨ ᠬᠤᠭᠤᠴᠠᠭ᠎ᠠ ᠶᠢ ᠬᠡᠷᠡᠭᠰᠡᠵᠦ᠂ 1000 ᠭᠠᠷᠤᠢ ᠮᠦ | ᠮᠣᠳᠣ ᠳᠠᠷᠢᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 7000 ᠲᠦᠮᠡᠨ ᠲᠥᠭᠦᠷᠢᠭ ᠲᠤ | ᠬᠦᠷᠴᠦ᠂ ᠣᠲᠣ ᠪᠤᠯᠬᠤ ᠳᠤ ᠨᠢᠭᠡᠨᠲᠡ ᠣᠶᠢᠵᠢᠭᠰᠠᠨ ᠦᠷ᠎ᠡ ᠳ᠋ᠦᠩ ᠳᠤ ᠬᠦᠷᠴᠡᠢ︾ ᠭᠡᠵᠦ ᠰᠢᠩ ᠴᠢᠤᠸᠠᠨ ᠣᠶ | ᠰᠢᠭᠤᠢ ᠶᠢᠨ ᠲᠠᠯᠠᠪᠠᠶ ᠶᠢᠨ ᠬᠢᠵᠠᠭᠠᠷᠲᠤ ᠺᠤᠮᠫᠠᠨᠢ ᠶᠢᠨ ᠮᠡᠷᠭᠡᠵᠢᠯᠲᠡᠨ ᠰᠦᠨ ᠪᠠᠢ ᠵᠥᠩ ᠨᠢᠳᠦᠨ ᠡᠮᠦᠨᠡᠬᠢ ᠤᠢ ᠶᠢ | ᠵᠢᠭᠠᠵᠤ ᠣᠮᠣᠭᠰᠢᠯᠲᠠᠢ ᠬᠡᠯᠡᠨ᠎ᠡ᠃ ᠲᠡᠷᠡ᠂ ᠭᠧᠦ ᠬᠤᠶ ᠶᠠᠨ ᠠᠵᠢᠯᠲᠠᠨ ᠠᠵᠢᠯᠴᠢᠨ ᠢ ᠵᠢᠯᠣᠭᠤᠳᠤᠨ ᠴᠢᠯᠠᠭᠤᠨ | ᠠᠭᠤᠯᠠᠨ ᠳᠡᠭᠡᠷ᠎ᠡ ᠣᠶᠢᠵᠢᠭᠤᠯᠤᠯᠲᠠ ᠶᠢᠨ ᠲᠦᠪᠰᠢᠨ ᠤ ᠭᠤᠤ ᠶᠢ 21 ᠲᠦᠮᠡᠨ ᠤᠷᠲᠤ ᠳᠥᠷᠪᠡᠯᠵᠢᠨ ᠮᠧᠲᠷ | ᠮᠠᠯᠲᠠᠭᠰᠠᠨ ᠪᠥᠭᠡᠳ︿ᠬᠥᠷᠥᠰᠥ ᠰᠢᠷᠣᠢ ᠶᠢ ᠰᠢᠯᠵᠢᠭᠦᠯᠦᠨ ᠲᠡᠵᠢᠭᠡᠬᠦ᠂ ᠪᠦᠷᠬᠦᠪᠴᠢ ᠶᠢ ᠪᠦᠲᠡᠭᠡᠨ ᠳᠤᠯᠠᠭᠠᠨ ᠢ | ᠬᠠᠮᠠᠭᠠᠯᠠᠬᠤ᠂ ᠳᠤᠰᠤᠯᠭᠠᠨ ᠤᠰᠤᠯᠠᠵᠤ ᠤᠰᠤ ᠬᠠᠩᠭᠠᠬᠤ᠂ ᠮᠣᠳᠣ ᠶᠢ ᠲᠤᠯᠭᠠᠭᠤᠷᠢᠯᠠᠨ ᠪᠠᠬᠢᠵᠢᠭᠦᠯᠬᠦ﹀ ᠰᠢᠨᠵᠢᠯᠡᠬᠦ | ᠤᠬᠠᠭᠠᠨᠴᠢ ᠲᠥᠰᠥᠯ ᠢ ᠬᠡᠷᠡᠭᠵᠢᠭᠦᠯᠵᠦ᠂ ᠲᠤᠬᠠᠢ ᠶᠢᠨ ᠵᠢᠯ ᠤᠨ ᠡᠳᠡᠭᠡᠷᠡᠯᠲᠡ ᠶᠢᠨ ᠨᠣᠷᠮ᠎ᠠ 90% ᠶᠢ ᠳᠠᠪᠠᠭᠰᠠᠨ | ᠭᠠᠶᠢᠬᠠᠮᠰᠢᠭ ᠢ ᠡᠭᠦᠳᠴᠡᠢ ᠭᠡᠨ᠎ᠡ᠃ | | ᠣᠶᠢᠷ᠎ᠠ ᠶᠢᠨ ᠵᠢᠯ ᠳᠤ᠂ ᠤᠯᠤᠰ ᠤᠨ ᠭᠤᠣᠯᠳᠠᠯᠭ᠎ᠠ ᠲᠠᠢ ᠣᠶᠢᠵᠢᠭᠤᠯᠤᠯᠲᠠ ᠶᠢᠨ ᠲᠥᠷᠥᠯ ᠵᠦᠢᠯ ᠤᠨ | ᠨᠡᠮᠡᠭᠳᠡᠬᠦ ᠶᠢ ᠳᠠᠭᠠᠯᠳᠤᠨ ᠳ᠋ᠦᠩᠨᠡᠬᠦ ᠳᠡᠭᠡᠨ ᠴᠢᠳᠠᠮᠠᠭᠠᠢ ᠭᠧᠦ ᠬᠤᠢ ᠶᠠᠨ ᠥᠩᠭᠡᠷᠡᠭᠰᠡᠨ ᠤ ᠠᠮᠵᠢᠯᠲᠠ ᠶᠢᠨ | ᠲᠤᠷᠰᠢᠯᠭ᠎ᠠ ᠪᠠᠨ ᠦᠷᠭᠦᠯᠵᠢᠯᠡᠨ ᠠᠭᠤᠳᠠᠯᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠪᠡ᠃ ᠣᠳᠣᠬᠠᠨ ᠤ | ᠲᠦᠴᠢᠦᠸᠠᠨ ᠰᠢᠶᠠᠨ ᠤ ᠣᠶᠢᠵᠢᠭᠤᠯᠬᠤ ᠳᠤ ᠬᠦᠴᠢᠷ᠂ ᠡᠬᠢ ᠪᠠᠶᠠᠯᠢᠭ ᠪᠠᠭ᠎ᠠ᠂ ᠥᠪᠡᠷ ᠤᠨ ᠥᠷᠲᠡᠭ ᠥᠨᠳᠥᠷ | ᠵᠡᠷᠭᠡ ᠠᠳᠠᠯᠢ ᠪᠤᠰᠤ ᠬᠦᠴᠢᠷᠳᠡᠯ ᠢ ᠦᠨᠳᠦᠰᠦᠯᠡᠨ ᠲᠡᠷᠡ ᠰᠢᠶᠠᠩ ᠪᠠᠯᠭᠠᠰᠤᠨ ᠤ ᠣᠶ ᠰᠢᠭᠤᠢ ᠶᠢᠨ ᠥᠷᠲᠡᠭᠡᠨ ᠤ | ᠳᠠᠷᠤᠭ᠎ᠠ᠂ ᠣᠶᠢᠵᠢᠭᠤᠯᠤᠯᠲᠠ ᠶᠢᠨ ᠡᠷᠦᠭᠡ ᠲᠠᠢ ᠶᠠᠷᠢᠯᠴᠠᠵᠤ᠂ ᠪᠦᠭᠦ ᠰᠢᠶᠠᠨ ᠤ ᠭᠠᠵᠠᠷ ᠰᠢᠷᠣᠢ ᠶᠢᠨ ᠡᠬᠢ | ᠪᠠᠶᠠᠯᠢᠭ ᠪᠠ ᠣᠶ ᠮᠣᠳᠣᠨ ᠤ ᠡᠬᠢ ᠪᠠᠶᠠᠯᠢᠭ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶᠢᠵᠢᠭᠤᠯᠵᠤ | ᠨᠣᠭᠤᠭᠠᠷᠠᠭᠤᠯᠬᠤ ᠲᠥᠯᠦᠪᠵᠢᠭᠦᠯᠭᠡ ᠶᠢ ᠨᠠᠷᠢᠨ ᠨᠢᠮᠪᠠᠢ᠂ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠤᠯᠤᠰ ᠤᠨ ᠣᠶ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠪᠦᠭᠦ ᠰᠢᠶᠠᠨ | ᠤ ᠠᠮᠢ ᠠᠬᠤᠢ ︽︿ᠠᠷᠪᠠᠨ ᠭᠤᠷᠪᠠᠳᠤᠭᠠᠷ ᠲᠠᠪᠤᠨ ᠵᠢᠯ﹀ ᠠᠴᠠ ᠨᠠᠭᠠᠰᠢ᠂ ᠮᠠᠨ ᠤ ᠰᠢᠶᠠᠨ ᠬᠥᠮᠥᠨ ᠤ ᠬᠦᠴᠦ ᠪᠠᠷ | ᠣᠶᠢᠵᠢᠭᠤᠯᠬᠤ ᠪᠠ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ ︿ᠤᠮᠠᠷᠠᠲᠤ ᠶᠢᠨ ᠭᠤᠷᠪᠠᠨ ᠣᠷᠣᠨ﹀ ᠤ | ᠲᠠᠪᠤᠳᠤᠭᠠᠷ ᠬᠤᠭᠤᠴᠠᠭᠠᠨ ᠤ ᠢᠨᠵᠧᠨᠧᠷᠢᠩ ᠢ ᠨᠡᠶᠢᠳᠡ 18 ᠲᠦᠮᠡᠨ ᠮᠦ ᠪᠡᠶᠡᠯᠡᠭᠦᠯᠵᠦ᠂ ᠬᠡᠭᠡᠷ᠎ᠡ ᠶᠢᠨ ᠭᠦᠢᠯᠡᠰᠦ᠂ | ᠬᠠᠷᠭᠠᠨ᠎ᠠ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ ᠵᠢᠭᠠᠷᠲᠤ ᠨᠠᠷᠠᠰᠤ ᠵᠡᠷᠭᠡ ᠶᠢ ᠰᠣᠩᠭᠤᠵᠤ ᠡᠯᠡᠰᠦ ᠶᠢ ᠵᠠᠰᠠᠬᠤ | ᠮᠣᠳᠣᠨ ᠤ ᠲᠦᠷᠦᠯ ᠪᠤᠯᠭᠠᠵᠤ᠂ ᠪᠦᠭᠦ ᠰᠢᠶᠠᠨ ᠤ ᠤᠢ ᠰᠢᠭᠤᠢ ᠶᠢᠨ ᠪᠦᠷᠬᠦᠴᠡ ᠶᠢᠨ ᠨᠤᠷᠮ᠎ᠠ 2015 | ᠣᠨ ᠠᠴᠠ 2023 ᠣᠨ ᠪᠤᠯᠲᠠᠯ᠎ᠠ ᠵᠠᠭᠤᠨ ᠤ ᠬᠠᠷᠢᠴᠠᠯ ᠢᠶᠠᠷ 1.78 ᠬᠤᠪᠢ ᠳᠡᠭᠡᠭᠰᠢᠯᠡᠵᠦ᠂ ᠬᠤᠷᠴᠢᠨ ᠤ | ᠡᠯᠡᠰᠦᠷᠬᠡᠭ ᠭᠠᠵᠠᠷ ᠤᠨ ᠤᠮᠠᠷᠠᠰᠢ ᠥᠷᠭᠡᠵᠢᠬᠦ ᠶᠢ ᠪᠦᠲᠦᠮᠵᠢᠲᠡᠢ ᠬᠤᠷᠢᠭᠯᠠᠪᠠ︾ ᠭᠡᠵᠦ ᠭᠧᠦ ᠬᠤᠢ ᠶᠠᠨ | ᠲᠦᠴᠢᠦᠸᠠᠨ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢᠨ ᠲᠤᠬᠠᠢ | ᠶᠠᠷᠢᠵᠤ ᠭᠠᠷᠤᠯ᠎ᠠ᠃ ᠲᠦᠴᠢᠦᠸᠠᠨ ᠰᠢᠶᠠᠨ ᠤᠷᠢᠳ ᠬᠤᠵᠢᠳ︽ᠪᠦᠭᠦ ᠤᠯᠤᠰ ᠤᠨ ᠨᠣᠭᠤᠭᠠᠷᠠᠭᠤᠯᠤᠯᠲᠠ ᠶᠢᠨ | ᠲᠡᠷᠢᠭᠦᠨ ᠤ ᠬᠠᠮᠲᠤ ᠨᠡᠶᠢᠲᠡ︾᠂ ︽ᠪᠦᠭᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠨᠡᠶᠢᠲᠡ︾ ᠵᠡᠷᠭᠡ ᠢᠷᠠᠭᠤ ᠠᠯᠳᠠᠷ ᠢ ᠭᠦᠷᠳᠡᠪᠡ᠃ | ᠡᠨᠡ ᠬᠦ ᠠᠮᠢ ᠠᠬᠤᠢ ᠶᠢᠨ ᠬᠠᠷᠢᠭᠤᠯᠲᠠ ᠶᠢᠨ ᠬᠠᠭᠤᠳᠠᠰᠤᠨ ᠳᠡᠭᠡᠷ᠎ᠡ ᠭᠧᠦ ᠬᠤᠢ ᠶᠠᠨ ᠤ ᠬᠥᠯᠥᠰᠦ ᠰᠢᠩᠭᠡᠵᠦ | ᠪᠠᠶᠢᠯ᠎ᠠ᠃ 2010 ᠣᠨ ᠠᠴᠠ ᠤᠳᠤ ᠪᠤᠯᠲᠠᠯ᠎ᠠ ᠭᠧᠦ ᠬᠤᠢ ᠶᠠᠨ ᠬᠠᠮᠲᠤ ᠠᠵᠢᠯᠯᠠᠭᠰᠠᠳ ᠲᠠᠢ ᠪᠠᠨ ᠲᠦᠴᠢᠦᠸᠠᠨ | ᠰᠢᠶᠠᠨ ᠤ ᠲᠠᠷᠢᠶᠠᠯᠠᠬᠤ ᠪᠠᠨ ᠵᠣᠭᠰᠣᠭᠠᠵᠤ ᠮᠣᠳᠣ ᠲᠠᠷᠢᠬᠤ ᠢᠨᠵᠧᠨᠧᠷᠢᠩ᠂ ︽ᠤᠮᠠᠷᠠᠲᠤ ᠶᠢᠨ ᠭᠤᠷᠪᠠᠨ ᠣᠷᠣᠨ︾ | ᠤ ᠬᠠᠯᠬᠠᠪᠴᠢ ᠤᠢ ᠶᠢᠨ ᠢᠨᠵᠧᠨᠧᠷᠢᠩ ᠵᠡᠷᠭᠡ ᠤᠯᠤᠰ ᠤᠨ ᠭᠤᠣᠯᠳᠠᠯᠭ᠎ᠠ ᠲᠠᠢ ᠤᠢ ᠰᠢᠭᠤᠢ ᠶᠢᠨ ᠲᠦᠷᠦᠯ ᠵᠦᠢᠯ | ᠢ ᠨᠡᠶᠢᠲᠡ 40 ᠭᠠᠷᠤᠢ ᠲᠦᠮᠡᠨ ᠮᠦ ᠰᠢᠯᠭᠠᠨ ᠠᠪᠴᠤ᠂ ᠡᠨᠡ ᠬᠦ ᠭᠠᠵᠠᠷ ᠰᠢᠷᠣᠢ ᠶᠢᠨ ᠡᠳᠦᠷ ᠢᠷᠡᠬᠦᠶ᠎ᠡ ᠰᠢᠨᠡᠳᠦᠨ | ᠬᠤᠪᠢᠷᠠᠬᠤ ᠶᠢ ᠭᠡᠷᠡᠴᠢᠯᠡᠭᠰᠡᠨ ᠶᠤᠮ᠃ | | ᠭᠧᠦ ᠬᠤᠢ ᠶᠠᠨ 20 ᠭᠠᠷᠤᠢ ᠵᠢᠯ ᠤᠨ ᠡᠯᠡᠰᠦ ᠵᠠᠰᠠᠵᠤ ᠨᠣᠭᠤᠭᠠᠷᠠᠭᠤᠯᠤᠭᠰᠠᠨ ᠵᠠᠮ ᠢᠶᠠᠨ | ᠡᠷᠭᠢᠴᠡᠭᠦᠯᠬᠦ ᠳᠡᠭᠡᠨ᠄ ︽ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠨᠣᠮᠢᠨ ᠨᠣᠭᠤᠭᠠᠨ ᠥᠩᠭᠡ ᠪᠣᠯ ᠨᠢᠭᠡᠨ ᠬᠤᠪᠢ | ᠬᠠᠷᠢᠭᠤᠴᠠᠯᠭ᠎ᠠ ᠮᠥᠷᠲᠡᠭᠡᠨ ᠨᠢᠭᠡᠨ ᠬᠤᠪᠢ ᠬᠦᠰᠡᠯ ᠡᠷᠡᠮᠡᠯᠵᠡᠯ ᠮᠥᠨ᠂ ᠪᠢ ᠡᠬᠡ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠥᠪᠡᠷ ᠤᠨ ᠤᠶᠤᠨ ᠤᠬᠠᠭᠠᠨ ᠬᠦᠴᠦᠨ | ᠴᠢᠳᠠᠯ ᠢᠶᠠᠨ ᠡᠷᠭᠦᠨ᠎ᠡ︾ ᠭᠡᠵᠦ ᠣᠮᠤᠭ ᠵᠣᠷᠢᠭ ᠪᠠᠳᠠᠷᠠᠩᠭᠤᠢ ᠬᠡᠯᠡᠯ᠎ᠡ᠃ | | |